2023 ᠣᠨ ᠤ ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠡᠷᠡᠭᠯᠡᠭᠡᠨ ᠤ ᠲᠦᠭᠦᠬᠡᠢ ᠨᠡᠭᠦᠷᠡᠰᠦ ᠠᠳᠠᠯᠢ ᠬᠤᠭᠤᠴᠠᠭᠠᠨ ᠤ ᠬᠢ ᠠᠴᠠ 122.1% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2024/1/12
    2023 ᠣᠨ ᠳᠤ᠂ ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 1722.72 ᠲᠦᠮᠡᠨ ᠲᠣᠨ ᠨᠡᠭᠦᠷᠡᠰᠦ ᠬᠡᠷᠡᠭᠯᠡᠵᠦ᠂ ᠠᠳᠠᠯᠢ ᠬᠤᠭᠤᠴᠠᠭᠠᠨ ᠤ ᠬᠢ ᠠᠴᠠ 122.1% ᠪᠠᠷ ᠨᠡᠮᠡᠭᠳᠡᠪᠡ᠃ ᠠᠵᠢᠯ ᠲᠥᠷᠥᠯ ᠢᠶᠠᠷ ᠬᠤᠪᠢᠶᠠᠪᠠᠯ᠂ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ ᠤᠨ ᠲᠦᠭᠦᠬᠡᠢ ᠨᠡᠭᠦᠷᠡᠰᠦᠨ ᠤ ᠬᠡᠷᠡᠭᠯᠡᠭᠡ 621.08 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 816%  ᠪᠠᠷ ᠨᠡᠮᠡᠭᠳᠡᠪᠡ︔ ᠦᠢᠯᠡᠳᠬᠦ ᠦᠢᠯᠡᠰ ᠤᠨ ᠲᠦᠭᠦᠬᠡᠢ ᠨᠡᠭᠦᠷᠡᠰᠦᠨ ᠤ ᠬᠡᠷᠡᠭᠯᠡᠭᠡ 3.98 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 37.5% ᠪᠠᠷ ᠪᠠᠭᠤᠷᠠᠪᠠ︔ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠲᠦᠭᠦᠬᠡᠢ ᠨᠡᠭᠦᠷᠡᠰᠦᠨ ᠤ ᠬᠡᠷᠡᠭᠯᠡᠭᠡ 1097.65 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 56.5% ᠪᠠᠷ ᠨᠡᠮᠡᠭᠳᠡᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ