ᠲᠣᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶ᠎ᠠ ᠶᠢᠨ 85 ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/17
   1 ᠰᠠᠷ᠎ᠠ ᠶᠢᠨ 15 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶ᠎ᠠ ᠶᠢᠨ 85 ᠤᠳᠠᠭᠠᠨ ᠤ ᠬᠤᠷᠠᠯ ᠬᠤᠷᠠᠯᠳᠤᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠪᠣᠯᠤᠨ ᠲᠥᠪ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠤᠯᠢᠵᠢᠯ ᠡᠵᠡᠩᠨᠡᠯᠲᠡ ᠶᠢᠨ ᠣᠷᠴᠢᠨ ᠲᠣᠭᠤᠷᠢᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠡᠬᠦᠷᠬᠡᠯᠡᠯᠳᠠᠢ ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ ᠴᠠᠭᠠᠵᠠ ᠶᠢᠨ ᠲᠡᠮᠦᠷ ᠴᠡᠷᠢᠭ ᠢ ᠳᠠᠪᠲᠠᠨ ᠪᠣᠯᠪᠠᠰᠤᠷᠠᠭᠤᠯᠵᠤ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳ᠋ᠦᠩᠱᠧᠩ ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠳ᠋ᠦ᠋ ᠬᠤᠢ ᠯᠢᠶᠠᠩ ᠤᠨ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠵᠢᠯᠤᠭᠤᠳᠬᠤ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠰᠬᠠᠢ ᠲᠣᠭᠤᠷᠢᠨ ᠪᠠᠶᠢᠴᠠᠭᠠᠯᠲᠠ ᠶᠢᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠬᠤ ᠶᠢ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠣᠷᠭᠠᠨᠢᠭ ᠠᠴᠢᠶᠠᠯᠠᠪᠤᠷᠢ ᠪᠣᠯᠭᠠᠵᠤ᠂ ᠠᠵᠢᠯ ᠤᠨ ᠲᠤᠰᠬᠠᠢ ᠠᠩᠬᠢ ᠪᠠᠶᠢᠭᠤᠯᠵᠤ᠂ ᠠᠬᠢᠭᠤᠯᠬᠤ ᠲᠥᠰᠦᠯ᠂ ᠬᠠᠷᠢᠭᠤᠴᠠᠯᠭ᠎ᠠ ᠶᠢᠨ ᠨᠠᠷᠢᠨ ᠲᠠᠩᠰᠠ ᠪᠣᠯᠤᠨ ᠲᠦᠷᠦᠯ ᠵᠦᠢᠯ ᠤᠨ ᠨᠠᠷᠢᠨ ᠲᠠᠩᠰᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠪᠣᠳᠠᠲᠠᠢ ᠠᠵᠢᠯᠯᠠᠵᠤ᠂ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ᠂ ᠭᠤᠣᠯᠳᠠᠯᠭ᠎ᠠ ᠲᠠᠢ ᠲᠦᠷᠦᠯ ᠵᠤᠶᠢᠯ ᠢ ᠰᠠᠶᠢᠲᠤᠷ ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ︽ᠠᠰᠠᠭᠤᠳᠠᠯ ᠢ ᠰᠢᠢᠳᠪᠤᠷᠢᠯᠡᠬᠦ ᠰᠡᠳᠬᠢᠬᠦᠶ︾ ᠪᠠᠷ ᠠᠷᠠᠳ ᠤᠨ ᠠᠮᠢᠳᠤᠷᠠᠯ ᠢ ᠠᠳᠬᠤᠬᠤ ᠶᠢ ᠪᠠᠷᠢᠮᠲᠠᠯᠠᠵᠤ᠂ ︽ᠳᠤᠯᠠᠭᠠᠨ ᠢᠨᠵᠧᠨᠧᠷᠢᠩ︾ ᠪᠣᠯᠤᠨ ᠬᠤᠳᠠ ᠶᠢ ᠰᠢᠨᠡᠳᠬᠡᠬᠦ ᠠᠵᠢᠯᠯᠠᠭ᠎ᠠ ᠶᠢ ᠪᠦᠬᠦ ᠲᠠᠯ᠎ᠠ ᠪᠠᠷ ᠰᠠᠶᠢᠲᠤᠷ ᠬᠡᠷᠡᠭᠵᠢᠭᠦᠯᠵᠦ᠂ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠤᠯᠠᠨ ᠲᠦᠮᠡᠨ ᠤ ᠲᠤᠰᠬᠠᠭᠰᠠᠨ ᠡᠯ᠎ᠡ ᠲᠦᠷᠦᠯ ᠤᠨ ᠳᠤᠯᠠᠭᠠᠯᠠᠭ᠎ᠠ ᠶᠢᠨ ᠠᠰᠠᠭᠤᠳᠠᠯ ᠢ ᠲᠡᠷᠡ ᠳᠠᠷᠤᠢ ᠳᠤᠨᠢ ᠬᠦᠯᠢᠶᠡᠨ ᠠᠪᠴᠤ  ᠰᠠᠶᠢᠲᠤᠷ ᠰᠢᠢᠳᠪᠦᠷᠢᠯᠡᠵᠦ᠂ ᠳᠤᠯᠠᠭᠠᠯᠠᠭ᠎ᠠ᠂ ᠤᠰᠤ᠂ ᠴᠠᠬᠢᠯᠭᠠᠨ᠂ ᠬᠡᠢ ᠬᠠᠩᠭᠠᠬᠤ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃   ᠬᠤᠷᠠᠯ ᠠᠴᠠ ᠪᠠᠰᠠ ︽2024 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠂ ︽2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ︵ᠲᠥᠰᠦᠯ︶ ᠶᠢᠨ ᠮᠡᠳᠡᠭᠦᠯᠦᠯᠲᠡ︾᠂ ︽2023 ᠣᠨ ᠤ ᠲᠥᠰᠦᠪ ᠢ ᠭᠦᠢᠴᠡᠳᠬᠡᠭᠰᠡᠨ ᠪᠠᠶᠢᠳᠠᠯ ᠪᠠ 2024 ᠣᠨ ᠤ ᠲᠥᠰᠦᠪ ︵ᠲᠥᠰᠦᠯ︶ ᠤᠨ ᠮᠡᠳᠡᠭᠦᠯᠦᠯᠲᠡ︾ ᠪᠠ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠤᠨ ᠬᠢᠨᠠᠨ ᠵᠥᠪᠯᠡᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ