ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2024 ᠣᠨ ᠤ 3 ᠳ᠋ᠤᠭᠠᠷ ᠤᠳᠠᠭᠠᠨ ᠤ ᠬᠤᠷᠠᠯ ᠵᠢᠴᠢ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠤᠷᠤᠯᠴᠠᠨ ᠰᠤᠳᠤᠯᠵᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/17
    1 ᠰᠠᠷ᠎ᠠ ᠶᠢᠨ 15 ᠤ ᠡᠳᠦᠷ᠂ ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2024 ᠣᠨ ᠤ 3 ᠳ᠋ᠤᠭᠠᠷ ᠤᠳᠠᠭᠠᠨ ᠤ ᠬᠤᠷᠠᠯ ᠵᠢᠴᠢ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠤᠷᠤᠯᠴᠠᠨ ᠰᠤᠳᠤᠯᠵᠤ ᠶᠠᠷᠢᠯᠴᠠᠬᠤ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠨ ᠲᠤᠤ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠬᠤᠯᠪᠣᠭᠳᠠᠯ ᠪᠦᠬᠦᠢ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠲᠦᠷᠢᠮ︾ ᠵᠡᠷᠭᠡ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠳᠡᠭᠡᠷ᠎ᠡ᠂ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠠᠷ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠤᠳᠤᠯᠤᠨ ᠶᠠᠷᠢᠯᠴᠠᠬᠤ ᠭᠤᠣᠯ ᠰᠡᠳᠦᠪ ᠤᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃    ᠬᠤᠷᠠᠯ ᠠᠴᠠ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠳ᠋ᠦ᠋ ᠬᠤᠢ ᠯᠢᠶᠠᠩ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠵᠢᠯᠤᠭᠤᠳᠬᠤ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠰᠬᠠᠢ ᠲᠣᠭᠤᠷᠢᠨ ᠪᠠᠶᠢᠴᠠᠭᠠᠯᠲᠠ ᠶᠢᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠨᠠᠶᠢᠳᠠᠪᠤᠷᠢᠵᠢᠭᠤᠯᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠲᠤᠰᠬᠠᠢ ᠠᠩᠬᠢ ᠶᠢ ᠵᠣᠬᠢᠶᠠᠨ ᠪᠠᠶᠢᠭᠤᠯᠵᠤ᠂ ᠬᠡᠷᠡᠭᠵᠢᠭᠦᠯᠬᠦ ᠲᠥᠰᠦᠯ᠂ ᠡᠭᠦᠷᠭᠡ ᠶᠢᠨ ᠨᠠᠷᠢᠨ ᠲᠠᠩᠰᠠ ᠶᠢᠨ ᠡᠬᠡ ᠲᠠᠩᠰᠠ ᠶᠢ ᠲᠣᠭᠲᠠᠭᠠᠵᠤ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠲᠤᠯᠠᠭᠠᠨ ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠤᠭᠤᠮᠳᠠ ᠰᠢᠪᠲᠤᠯᠬᠤ︾᠂ ᠴᠢᠯᠥᠭᠡᠲᠦ ᠠᠷᠠᠯᠵᠢᠶᠠᠨ ᠤ ᠲᠤᠭᠤᠷᠢᠭ ᠢ ᠡᠭᠦᠳᠦᠨ ᠪᠠᠶᠢᠭᠤᠯᠬᠤ ᠵᠡᠷᠭᠡ ᠡᠯ᠎ᠡ ᠵᠦᠢᠯ ᠤᠨ ᠠᠵᠢᠯ ᠳᠤ ᠰᠢᠨ᠎ᠡ ᠰᠢᠪᠲᠤᠯᠤᠯᠲᠠ ᠲᠠᠢ ᠪᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠢ ᠰᠣᠨᠣᠰᠤᠭᠰᠠᠨ ᠪᠥᠭᠡᠳ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠬᠠᠷᠭᠤᠭᠤᠯᠤᠨ ᠪᠠᠶᠢᠴᠠᠭᠠᠭᠰᠠᠨ ᠮᠠᠲ᠋ᠧᠷᠢᠶᠠᠯ ᠢ ᠬᠢᠨᠠᠨ ᠵᠥᠪᠯᠡᠵᠦ᠂ ᠭᠤᠣᠯ ᠰᠡᠳᠦᠪ ᠪᠣᠯᠤᠨ ᠪᠣᠳᠠᠲᠠᠢ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠰᠡᠳᠬᠢᠯ ᠤᠨ ᠦᠭᠡ ᠪᠠᠨ ᠭᠦᠨᠵᠡᠭᠡᠢ ᠶᠠᠷᠢᠯᠴᠠᠵᠤ᠂ ᠠᠰᠠᠭᠤᠳᠠᠯ ᠢ ᠨᠠᠷᠢᠨ ᠬᠢᠨᠠᠮᠠᠭᠠᠢ ᠪᠠᠶᠢᠴᠠᠭᠠᠨ ᠳᠡᠯᠭᠡᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠥᠷᠨᠢᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠰᠠᠶᠢᠲᠤᠷ ᠠᠳᠬᠤᠵᠤ᠂ ᠡᠯ᠎ᠡ ᠵᠦᠢᠯ ᠤᠨ ᠡᠮᠦᠨ᠎ᠠ ᠬᠤᠭᠤᠴᠠᠭᠠᠨ ᠤ ᠪᠡᠯᠡᠳᠬᠡᠯ ᠠᠵᠢᠯ ᠢ ᠭᠦᠢᠴᠡᠳ ᠰᠠᠶᠢᠲᠤᠷ ᠬᠢᠵᠦ᠂ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠢᠨᠠᠷ ᠰᠠᠶᠢᠲᠠᠢ ᠬᠤᠷᠠᠯᠳᠤᠭᠤᠯᠬᠤ ᠳᠤ ᠦᠵᠡᠯ ᠰᠠᠨᠠᠭᠠᠨ ᠤ ᠰᠠᠭᠤᠷᠢ ᠶᠢ ᠪᠠᠲᠤ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ