ᠭᠤᠤ ᠢ ᠳ᠋ᠦᠩ ᠬᠠᠨᠳᠠᠢ ᠪᠠᠯᠭᠠᠰᠤᠨ ᠤ ᠤᠳᠤᠷᠢᠳᠬᠤ ᠪᠠᠭ ᠤᠨ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠤᠷᠤᠯᠴᠠᠨ ᠵᠢᠭᠠᠨ ᠵᠢᠯᠤᠭᠤᠳᠪᠠ
ᠨᠡᠶᠢᠲᠡᠯᠡᠭᠰᠡᠨ ᠴᠠᠭ᠄
2024/1/17
    1 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠬᠠᠨᠳᠠᠢ ᠪᠠᠯᠭᠠᠰᠤᠨ ᠤ ᠤᠳᠤᠷᠢᠳᠬᠤ ᠪᠠᠭ ᠤᠨ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠪᠠ᠃    ᠬᠤᠷᠠᠯ ᠠᠴᠠ ᠬᠤᠯᠪᠣᠭᠳᠠᠯ ᠪᠦᠬᠦᠢ ᠪᠠᠶᠢᠳᠠᠯ ᠢ ᠮᠡᠳᠡᠭᠳᠡᠵᠦ᠂ ᠬᠠᠨᠳᠠᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢᠦ ᠱᠢ ᠸᠧᠨ ᠪᠠᠯᠭᠠᠰᠤᠨ ᠤ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ  ᠪᠠᠶᠢᠴᠠᠭᠠᠯᠳᠠ ᠬᠢᠪᠠ᠃ ᠤᠳᠤᠷᠢᠳᠬᠤ ᠪᠠᠭ ᠤᠨ ᠪᠦᠷᠢᠯᠳᠦᠬᠦᠨ ᠨᠡᠷ ᠨᠢᠭᠡᠳ ᠨᠢᠭᠡ ᠪᠠᠷ ᠬᠠᠷᠢᠴᠠᠭᠤᠯᠤᠨ ᠪᠠᠶᠢᠴᠠᠭᠠᠬᠤ ᠶᠢᠨ ᠬᠠᠮᠲᠤ ᠬᠠᠷᠢᠯᠴᠠᠨ ᠰᠢᠬᠦᠮᠵᠢᠯᠡᠯᠳᠠ ᠬᠢᠪᠠ᠃    ᠭᠤᠤ ᠢ ᠳ᠋ᠦᠩ᠂ ᠡᠨᠡ ᠤᠳᠠᠭ᠎ᠠ ᠶᠢᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠨᠢ ᠭᠤᠣᠯ ᠰᠡᠳᠦᠪ ᠤᠨ ᠲᠣᠭᠤᠷᠢᠨ ᠳᠤ᠂ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠠᠯᠬᠤᠮ ᠳᠠᠷᠠᠭ᠎ᠠ ᠶᠢ ᠵᠢᠷᠤᠮᠵᠢᠭᠤᠯᠵᠤ᠂ ᠦᠵᠡᠯ ᠰᠠᠨᠠᠭ᠎ᠠ ᠪᠠᠨ ᠨᠢᠭᠡᠳᠬᠡᠬᠦ᠂ ᠪᠦᠯᠬᠦᠮᠳᠡᠯ ᠢᠶᠠᠨ ᠴᠢᠩᠭᠠᠳᠬᠠᠬᠤ᠂ ᠡᠷᠴᠢ ᠵᠣᠷᠢᠭ ᠢᠶᠠᠨ ᠬᠥᠪᠴᠢᠯᠡᠬᠦ ᠵᠣᠷᠢᠯᠭ᠎ᠠ ᠳᠠᠭᠠᠨ ᠬᠦᠷᠴᠡᠢ᠃ ᠲᠡᠷᠡ᠂ ᠣᠨᠣᠯ ᠤᠨ ᠰᠤᠷᠤᠯᠴᠠᠯᠭ᠎ᠠ ᠶᠢᠨ ᠲᠠᠯ᠎ᠠ ᠪᠠᠷ ᠳᠠᠬᠢᠨ ᠳᠠᠷᠤᠯᠲᠠ ᠥᠭᠴᠦ᠂ ᠭᠤᠤᠯ ᠰᠡᠳᠦᠪᠲᠦ ᠬᠥᠮᠦᠵᠢᠯ ᠤᠨ ᠳᠤᠮᠳᠠ ᠰᠤᠷᠤᠯᠴᠠᠭᠰᠠᠨ ᠲᠥᠷᠥᠭᠳᠡᠯ᠂ ᠦᠵᠡᠯ ᠰᠠᠨᠠᠭᠠᠨ ᠤ ᠣᠯᠤᠯᠲᠠ᠂ ᠦᠢᠯᠡᠳᠦᠯᠭᠡ ᠶᠢᠨ ᠣᠯᠤᠯᠲᠠ ᠪᠠᠨ  ᠠᠵᠢᠯ ᠢᠶᠠᠨ ᠲᠥᠯᠥᠪᠵᠢᠭᠦᠯᠬᠦ ᠰᠡᠳᠬᠢᠴᠡ᠂ ᠠᠵᠢᠯ ᠢᠶᠠᠨ ᠠᠬᠢᠭᠤᠯᠬᠤ ᠠᠷᠭ᠎ᠠ ᠬᠡᠮᠵᠢᠶ᠎ᠡ᠂ ᠠᠵᠢᠯ ᠢᠶᠠᠨ ᠰᠠᠶᠢᠲᠤᠷ ᠬᠢᠬᠦ ᠴᠢᠳᠠᠪᠤᠷᠢ ᠪᠣᠯᠭᠠᠨ ᠲᠠᠰᠤᠷᠠᠯᠲᠠ ᠦᠭᠡᠢ ᠬᠤᠪᠢᠷᠠᠭᠤᠯᠬᠤ ᠬᠡᠷᠡᠭᠲᠡᠶ ᠭᠡᠵᠡᠶ᠃ ᠤᠳᠤᠷᠢᠳᠬᠤ ᠪᠠᠭ ᠤᠨ ᠪᠠᠶᠢᠭᠤᠯᠤᠯᠲᠠ ᠶᠢᠨ ᠲᠠᠯ᠎ᠠ ᠪᠠᠷ ᠳᠠᠬᠢᠨᠲᠠ ᠬᠦᠴᠦᠯᠡᠵᠦ᠂ ᠲᠤᠰ ᠤᠳᠠᠭ᠎ᠠ ᠶᠢᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠤᠳᠤᠷᠢᠳᠬᠤ ᠪᠠᠭ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂︽ᠨᠢᠭᠡᠳᠦᠭᠡᠷ ᠵᠥᠪᠯᠡᠬᠦ ᠰᠡᠳᠦᠪ︾ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠷᠠᠳᠴᠢᠯᠠᠯ ᠲᠥᠪᠯᠡᠷᠡᠯ ᠤᠨ ᠶᠣᠰᠣ ᠶᠢ ᠴᠢᠩᠭ᠎ᠠ ᠨᠠᠶᠢᠳᠠᠪᠤᠷᠢᠵᠢᠭᠤᠯᠵᠤ᠂︽ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠬᠤ︾ ᠴᠢᠬᠤᠯᠠ ᠦᠢᠯᠡᠳᠦᠯ ᠢ ᠦᠨᠡᠨ ᠬᠦ ᠰᠠᠶᠢᠲᠤᠷ ᠪᠠᠳᠠᠷᠠᠭᠤᠯᠬᠤ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠲᠠᠬᠢᠨᠳᠠ ᠴᠢᠩᠭᠠᠳᠬᠠᠵᠤ᠂ ᠠᠰᠠᠭᠤᠳᠠᠯ ᠪᠠ ᠬᠠᠷᠠᠯᠲᠠ ᠶᠢᠨ ᠬᠤᠤᠰ ᠲᠠᠪᠬᠤᠷᠭ᠎ᠠ ᠪᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ︽ᠣᠳᠣᠬᠠᠨ ᠳᠤ ᠥᠭᠡᠷᠡᠴᠢᠯᠡᠬᠦ︾ ᠪᠠ ︽ᠣᠷᠳᠣ ᠬᠤᠭᠤᠴᠠᠭ᠎ᠠ ᠪᠠᠷ ᠪᠠᠶᠢᠭᠤᠯᠬᠤ︾ ᠶᠢ ᠤᠶᠠᠯᠳᠤᠭᠤᠯᠬᠤ ᠶᠢ ᠪᠠᠷᠢᠮᠲᠠᠯᠠᠵᠤ᠂ ᠵᠤᠶᠢᠯ ᠳᠠᠷᠠᠭᠠᠯᠠᠨ ᠵᠠᠳᠠᠯᠤᠨ ᠮᠠᠭᠠᠳᠯᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠠᠰᠠᠭᠤᠳᠠᠯ ᠤᠨ ᠡᠬᠡ ᠲᠠᠩᠰᠠ ᠪᠠᠶᠢᠭᠤᠯᠵᠤ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ ᠭᠦᠨᠵᠡᠭᠡᠶᠢᠷᠡᠭᠦᠯᠦᠨ ᠥᠷᠭᠡᠳᠬᠡᠬᠦ ᠬᠡᠷᠡᠭᠲᠡᠶ᠃ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠳᠠᠬᠢᠨᠲᠠ ᠬᠦᠴᠦᠨ ᠢᠶᠠᠨ ᠲᠥᠪᠯᠡᠷᠡᠭᠦᠯᠵᠦ᠂ ᠬᠤᠳᠠ ᠶᠢᠨ ᠲᠡᠭᠦᠷᠭᠡ ᠶᠢᠨ ᠬᠤᠳᠠ ᠶᠢᠨ ᠬᠡᠯᠪᠡᠷᠢ ᠶᠢᠨ ᠤᠨᠴᠠᠯᠢᠭᠳᠤ ᠲᠠᠷᠢᠶᠠᠯᠠᠩ ᠮᠠᠯ ᠠᠵᠤ ᠠᠬᠤᠢ ᠶᠢ ᠪᠠᠶᠢᠭᠤᠯᠵᠤ᠂ ᠨᠤᠤᠯᠤᠭᠤᠷ ᠨᠡᠬᠡᠮᠡᠯ ᠤᠨ ᠠᠵᠤ ᠦᠢᠯᠡᠰ ᠤᠨ ᠨᠥᠯᠥᠭᠡᠯᠡᠬᠦ ᠬᠦᠴᠦᠨ ᠢ ᠥᠷᠭᠡᠳᠬᠡᠵᠦ᠂ ᠢᠳᠡᠭᠡᠨ ᠡᠳ᠋ᠰᠢᠭᠦᠯᠬᠦ ᠦᠢᠯᠡᠰ ᠤᠨ ᠲᠡᠰ ᠳᠡᠪᠰᠢᠬᠦ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠡᠭ ᠢᠶᠠᠷ ᠨᠠᠶᠢᠳᠠᠮ ᠢ ᠲᠠᠶᠢᠴᠢᠯᠠᠵᠤ᠂ ᠡᠨᠧᠷᠭᠢ ᠶᠢᠨ ᠠᠵᠤ ᠦᠢᠯᠡᠰ ᠤᠨ ᠤᠯᠠᠨ ᠡᠰᠢᠲᠦ ᠬᠥᠭᠵᠢᠯᠲᠡ ᠶᠢ ᠠᠬᠢᠭᠤᠯᠬᠤ ᠬᠡᠷᠡᠭᠲᠡᠢ᠃ ᠤᠯᠠᠨ ᠲᠦᠮᠡᠨ ᠳᠤ ᠦᠢᠯᠡᠴᠢᠯᠡᠬᠦ ᠲᠠᠯ᠎ᠠ ᠪᠠᠷ ᠲᠠᠬᠢᠨ ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠵᠤ᠂ ᠤᠯᠠᠨ ᠲᠦᠮᠡᠨ ᠤ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠰᠠᠶᠢᠲᠤᠷ ᠠᠳᠬᠤᠵᠤ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠠᠶᠤᠯᠭᠦᠢ ᠦᠢᠯᠡᠳᠪᠦᠷᠢᠯᠡᠯ ᠢ ᠬᠠᠨᠳᠤᠯᠭᠠᠳᠤ ᠴᠢᠨᠠᠷᠳᠠᠢ ᠪᠠᠷ ᠰᠡᠷᠭᠡᠶᠢᠯᠡᠬᠦ ᠠᠷᠭ᠎ᠠ ᠬᠡᠮᠵᠢᠶ᠎ᠡ ᠶᠢ ᠠᠪᠬᠤ ᠬᠡᠷᠡᠭᠲᠡᠢ᠃ ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠨ᠂ ᠬᠥᠭᠵᠢᠯᠲᠡ ᠶᠢ ᠠᠬᠢᠭᠤᠯᠵᠤ᠂ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠢ ᠲᠠᠰᠤᠷᠠᠯᠲᠠ ᠦᠭᠡᠢ ᠰᠠᠶᠢᠲᠤᠷ ᠬᠢᠬᠦ ᠬᠡᠷᠡᠭᠲᠡᠶ ᠬᠡᠵᠤ ᠵᠢᠭᠠᠵᠤ ᠭᠠᠷᠭᠠᠪᠠ᠃    ᠲᠣᠭᠤᠷᠢᠭ ᠤᠨ ᠤᠳᠤᠷᠢᠳᠤᠯᠭ᠎ᠠ ᠳ᠋ᠦ᠋ ᠵᠢᠢ ᠺᠤᠸᠠᠨ ᠣᠷᠣᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ