ᠬᠠᠨ ᠲᠤᠤ ᠪᠤᠷᠵᠠᠩᠨᠠᠭᠤᠷ ᠪᠠᠯᠭᠠᠰᠤᠨ ᠤ ᠤᠳᠤᠷᠢᠳᠬᠤ ᠪᠠᠭ ᠤᠨ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/1/18
    1 ᠰᠠᠷ᠎ᠠ ᠶᠢᠨ 16 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠬᠠᠨ ᠲᠤᠤ ᠪᠤᠷᠵᠠᠩᠨᠠᠭᠤᠷ ᠪᠠᠯᠭᠠᠰᠤᠨ ᠤ ᠤᠳᠤᠷᠢᠳᠬᠤ ᠪᠠᠭ ᠤᠨ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠪᠠ᠃    ᠬᠤᠷᠠᠯ ᠠᠴᠠ ᠬᠤᠯᠪᠣᠭᠳᠠᠯ ᠪᠦᠬᠦᠢ ᠪᠠᠶᠢᠳᠠᠯ ᠢ ᠮᠡᠳᠡᠭᠳᠡᠵᠦ᠂ ᠪᠤᠷᠵᠠᠩᠨᠠᠭᠤᠷ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠰᠢᠦᠢ ᠳ᠋ᠥᠸᠧ ᠢ ᠪᠠᠯᠭᠠᠰᠤᠨ ᠤ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠪᠠ᠃ ᠤᠳᠤᠷᠢᠳᠬᠤ ᠪᠠᠭ ᠤᠨ ᠪᠦᠷᠢᠯᠳᠦᠬᠦᠨ ᠨᠡᠷ ᠨᠢᠭᠡᠳ ᠨᠢᠭᠡ ᠪᠠᠷ ᠬᠠᠷᠢᠴᠠᠭᠤᠯᠤᠨ ᠪᠠᠶᠢᠴᠠᠭᠠᠬᠤ ᠶᠢᠨ ᠬᠠᠮᠲᠤ ᠬᠠᠷᠢᠯᠴᠠᠨ ᠰᠢᠬᠦᠮᠵᠢᠯᠠᠯᠳᠠ ᠬᠢᠪᠠ᠃    ᠬᠠᠨ ᠲᠤᠤ᠂ ᠡᠨᠡ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠤᠯᠠᠨ ᠢᠶᠠᠷ ᠢᠶᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠭᠦᠢᠴᠡᠳ ᠪᠡᠯᠡᠳᠬᠡᠨ᠂ ᠥᠪᠡᠷ ᠢ ᠪᠠᠨ ᠭᠦᠨᠵᠡᠭᠡᠢ ᠵᠠᠳᠠᠯᠤᠨ ᠰᠢᠨᠵᠢᠯᠡᠵᠦ᠂ ᠦᠨᠡᠨ ᠰᠡᠳᠬᠢᠯ ᠢᠶᠠᠷ ᠢᠶᠠᠨ ᠬᠠᠷᠢᠯᠴᠠᠨ ᠰᠢᠬᠦᠮᠵᠢᠯᠡᠯᠳᠠ ᠬᠢᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠨᠢ ᠬᠠᠨᠳᠤᠯᠭᠠᠲᠤ ᠴᠢᠨᠠᠷ ᠢᠶᠠᠷ ᠴᠢᠩᠭ᠎ᠠ ᠪᠠᠶᠢᠵᠤ᠂ ᠦᠵᠡᠯ ᠰᠠᠨᠠᠭ᠎ᠠ ᠪᠠᠨ ᠨᠢᠭᠡᠳᠬᠡᠬᠦ᠂ ᠲᠠᠨᠢᠯᠲᠠ ᠪᠠᠨ ᠭᠦᠨᠵᠡᠭᠡᠶᠢᠷᠡᠭᠦᠯᠬᠦ᠂ ᠪᠦᠯᠬᠦᠮᠳᠡᠯ ᠢ ᠴᠢᠩᠭᠠᠳᠬᠠᠬᠤ ᠦᠷ᠎ᠡ ᠪᠦᠲᠦᠮᠵᠢ ᠳᠤ ᠬᠦᠷᠴᠡᠢ ᠬᠡᠵᠤ ᠵᠢᠭᠠᠵᠤ ᠭᠠᠷᠭᠠᠪᠠ᠃ ᠲᠡᠷᠡ᠂ ᠤᠯᠤᠰ ᠲᠥᠷᠥ ᠶᠢᠨ ᠵᠣᠭᠰᠣᠴᠠ ᠪᠠᠨ ᠲᠠᠬᠢᠨᠳᠠ ᠳᠡᠭᠡᠭᠰᠢᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠤᠱᠯᠠᠭᠤᠯᠵᠤ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ ᠬᠢᠬᠦ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠨᠢᠭᠡ ᠴᠣᠭᠴᠠᠵᠢᠭᠤᠯᠤᠨ ᠠᠬᠢᠭᠤᠯᠵᠤ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠬᠤ᠂ ᠦᠢᠯᠡᠳᠦᠯᠭᠡ ᠶᠢ ᠵᠢᠯᠣᠭᠤᠳᠬᠤ᠂ ᠠᠵᠢᠯ ᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠶ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠲᠠᠬᠢᠨᠳᠠ ᠳᠡᠭᠡᠭᠰᠢᠯᠡᠭᠦᠯᠵᠦ᠂ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠨᠠᠮ ᠤᠨ ᠬᠤᠷᠢᠶᠠᠨ ᠤ ᠱᠦᠵᠢ ᠶᠢᠨ ᠨᠢᠭᠡᠳᠦᠭᠡᠷ ᠬᠠᠷᠢᠭᠤᠴᠠᠯᠭ᠎ᠠ᠂ ᠤᠳᠤᠷᠢᠳᠬᠤ ᠪᠠᠭ ᠤᠨ ᠪᠦᠷᠢᠯᠳᠦᠬᠦᠨ ᠤ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠪᠣᠳᠠᠲᠠᠶᠢᠵᠢᠭᠤᠯᠵᠤ᠂ ᠬᠠᠷᠢᠭᠤᠴᠠᠯᠭ᠎ᠠ ᠪᠠ ᠠᠰᠠᠭᠤᠳᠠᠯ ᠢ ᠣᠨᠣᠪᠴᠢᠲᠠᠢ ᠡᠷᠢᠵᠦ᠂ ᠴᠡᠭᠴᠡᠯᠡᠨ ᠰᠠᠶᠢᠵᠢᠷᠠᠭᠤᠯᠬᠤ ᠴᠢᠭᠯᠡᠯ ᠢᠶᠠᠨ ᠲᠣᠳᠣᠷᠬᠠᠶᠢᠯᠠᠵᠤ᠂ ᠨᠠᠮ ᠤᠨ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠣᠷᠭᠠᠨᠢᠭ ᠢᠶᠠᠷ ᠵᠣᠯᠭᠠᠭᠤᠯᠵᠤ᠂ ᠬᠠᠮᠵᠢᠯᠴᠠᠨ ᠬᠠᠮᠲᠤᠷᠠᠯᠴᠠᠬᠤ ᠶᠢ ᠦᠨᠡᠨᠬᠦ ᠠᠬᠢᠭᠤᠯᠬᠤ ᠬᠡᠷᠡᠭᠲᠡᠢ᠃ ᠲᠤᠭᠤᠷᠢᠭ ᠤᠨ ᠪᠠᠶᠢᠳᠠᠯ ᠬᠤᠲᠠ ᠶᠢᠨ ᠪᠠᠶᠢᠳᠠᠯ ᠲᠠᠢ ᠤᠶᠠᠯᠳᠤᠭᠤᠯᠬᠤ ᠶᠢ ᠲᠠᠬᠢᠨᠳᠠ ᠨᠢᠭᠲᠠᠷᠠᠭᠤᠯᠵᠤ᠂ ᠭᠤᠤᠯ ᠰᠡᠳᠦᠪᠲᠦ ᠬᠥᠮᠦᠵᠢᠯ ᠢ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠳᠤᠷ ᠬᠢᠬᠦ᠂ ᠬᠤᠲᠠ ᠶᠢᠨ ᠨᠠᠮ ᠤᠨ ᠬᠤᠷᠢᠶᠠᠨ ᠤ ︽ᠭᠤᠷᠪᠠᠨ ᠳᠦᠷᠪᠡ︾ ᠶᠢᠨ ᠠᠵᠢᠯ ᠤᠨ ᠡᠭᠦᠷᠭᠡ ᠪᠣᠯᠤᠨ ᠲᠤᠭᠤᠷᠢᠭ ᠤᠨ ᠨᠠᠮ ᠤᠨ ᠬᠤᠷᠢᠶᠠᠨ ᠤ ︽ᠭᠤᠷᠪᠠᠨ ᠲᠤᠭᠤᠷᠢᠭ ᠳᠥᠷᠪᠡᠨ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠯᠤᠭ᠎ᠠ ᠤᠶᠠᠯᠳᠤᠭᠤᠯᠬᠤ ᠶᠢ ᠪᠠᠷᠢᠮᠲᠠᠯᠠᠵᠤ᠂ ᠪᠠᠯᠭᠠᠰᠤ ᠲᠣᠰᠬᠤᠨ ᠤ ᠪᠣᠳᠠᠲᠤ ᠪᠠᠶᠢᠳᠠᠯ ᠳᠤ ᠰᠠᠭᠤᠷᠢᠯᠠᠵᠤ᠂ ᠬᠥᠳᠡᠭᠡ ᠲᠣᠰᠬᠤᠨ ᠤ ᠠᠵᠤ ᠦᠢᠯᠡᠰ ᠤᠨ ᠲᠦᠯᠦᠪᠵᠢᠭᠦᠯᠭᠡ᠂ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠦᠢᠯᠡᠳᠪᠦᠷᠢᠯᠡᠯ ᠤᠨ ᠴᠢᠨᠠᠷᠲᠠᠶ ᠢᠵᠢ ᠪᠦᠷᠢᠯᠳᠦᠬᠦᠯᠦᠭᠰᠡᠨ ᠦᠢᠯᠡᠴᠢᠯᠡᠭᠡᠨ ᠤ ᠦᠢᠯᠡᠰ ᠤᠨ ᠬᠥᠭᠵᠢᠯᠲᠡ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠡᠯ᠎ᠡ ᠵᠦᠢᠯ ᠤᠨ ᠠᠵᠢᠯ ᠢ ᠲᠠᠬᠢᠨᠳᠠ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠶ᠃ ᠠᠰᠠᠭᠤᠳᠠᠯ ᠢ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠲᠠᠬᠢᠨᠳᠠ ᠶᠢ ᠬᠦᠴᠦᠯᠡᠵᠦ᠂ ︽ᠣᠳᠣᠬᠠᠨ ᠳᠤ ᠥᠭᠡᠷᠡᠴᠢᠯᠡᠬᠦ︾ ᠪᠠ ︽ᠣᠷᠳᠣ ᠬᠤᠭᠤᠴᠠᠭ᠎ᠠ ᠪᠠᠷ ᠪᠠᠶᠢᠭᠤᠯᠬᠤ︾ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠠᠷᠢᠴᠠᠭᠤᠯᠤᠨ ᠪᠠᠶᠢᠴᠠᠭᠠᠬᠤ ᠪᠠ ᠬᠠᠷᠢᠯᠴᠠᠨ ᠰᠢᠭᠦᠮᠵᠢᠯᠡᠬᠦ ᠳᠤ ᠵᠢᠭᠠᠵᠤ ᠭᠠᠷᠭᠠᠭᠰᠠᠨ ᠠᠰᠠᠭᠤᠳᠠᠯ ᠳᠤ ᠴᠢᠭᠯᠡᠭᠦᠯᠦᠨ᠂ ᠵᠦᠢᠯ ᠳᠠᠷᠠᠭᠠᠯᠠᠨ ᠵᠠᠳᠠᠯᠤᠨ ᠰᠤᠳᠤᠯᠵᠤ ᠮᠠᠭᠠᠳᠯᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠨᠠᠷᠢᠨ ᠲᠠᠩᠰᠠ  ᠶᠢᠨ ᠡᠬᠡ ᠲᠠᠩᠰᠠ ᠶᠢ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠡᠷᠡᠰ ᠠᠬᠢᠭᠤᠯᠤᠨ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠨᠠᠷ ᠰᠠᠶᠢᠲᠠᠶ ᠬᠥᠭᠵᠢᠯᠲᠡ ᠶᠢ ᠦᠨᠡᠨ ᠬᠦ ᠠᠬᠢᠭᠤᠯᠬᠤ ᠬᠡᠷᠡᠭᠲᠡᠶ ᠬᠡᠵᠡᠢ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ