ᠳ᠋ᠦᠩᠱᠧᠩ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠲᠤᠮᠦ ᠶᠠᠪᠤᠳᠠᠯ ᠤᠨ ᠲᠡᠮᠳᠡᠭᠳᠡᠯ — 2023 ᠤᠨ ᠤ10 ᠳ᠋ᠤᠭᠠᠷ ᠰᠠᠷ᠎ᠠ
ᠨᠡᠶᠢᠲᠡᠯᠡᠭᠰᠡᠨ ᠴᠠᠭ᠄
2024/1/2
    10 ᠰᠠᠷ᠎ᠠ ᠶᠢᠨ 8 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠲᠤᠰᠬᠠᠶ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠲᠠᠷᠬᠠᠢ ᠨᠡᠬᠦᠷᠡᠰᠦ ᠲᠦᠯᠡᠬᠦ ᠦᠵᠡᠭᠳᠠᠯ ᠢ ᠵᠠᠰᠠᠬᠤ ᠠᠵᠢᠯ ᠢ ᠰᠤᠳᠤᠯᠤᠨ ᠲᠣᠬᠢᠷᠠᠭᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠬᠢᠬᠦ ᠳᠤ ᠳᠠᠬᠢᠨ ᠪᠠᠶᠢᠷᠢᠯᠠᠭᠤᠯᠤᠯᠲᠠ ᠬᠢᠵᠤ ᠲᠠᠬᠢᠨ  ᠠᠬᠢᠭᠤᠯᠪᠠ᠃ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃    10 ᠰᠠᠷ᠎ᠠ ᠶᠢᠨ 8 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 16 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    10 ᠰᠠᠷ᠎ᠠ ᠶᠢᠨ 9 ᠤ ᠡᠳᠦᠷ ᠠᠴᠠ 10 ᠤ ᠡᠳᠦᠷ ᠪᠣᠯᠲᠠᠯ᠎ᠠ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠵᠢᠴᠢ ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠬᠤᠶᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ ᠰᠦᠨ ᠴᠢᠩ ᠵᠢᠴᠢ ᠪᠤᠰᠤᠳ ᠪᠦᠷᠢᠯᠳᠦᠬᠦᠨ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠥᠬᠦᠶ ᠤᠳᠤᠷᠢᠳᠤᠯᠭ᠎ᠠ ᠨᠠᠷ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃    10 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠭᠤᠤᠯ ᠰᠡᠳᠦᠪᠲᠦ ᠬᠥᠮᠦᠵᠢᠯ ᠤᠨ ᠭᠤᠷᠪᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠰᠦᠨ ᠴᠢᠩ ᠨᠡᠷ ᠳ᠋ᠦᠩᠱᠧᠩ ᠳᠤ ᠭᠦᠨᠵᠡᠭᠡᠶᠢᠷᠡᠵᠦ᠂ ᠭᠤᠤᠯ ᠰᠡᠳᠦᠪᠲᠦ ᠬᠥᠮᠦᠵᠢᠯ ᠪᠣᠯᠤᠨ ᠣᠯᠠᠨ ᠲᠦᠮᠡᠨ ᠤ ᠰᠤᠷᠭᠠᠨ ᠬᠦᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠵᠡᠷᠭᠡ ᠬᠠᠮᠢᠶ᠎ᠠ ᠪᠦᠬᠦᠢ ᠠᠵᠢᠯ ᠢ ᠬᠢᠨᠠᠨ ᠵᠢᠯᠣᠭᠤᠳᠴᠤ ᠪᠠᠶᠢᠴᠠᠭᠠᠨ ᠰᠤᠳᠤᠯᠪᠠ᠃ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠵᠢᠴᠢ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠬᠠᠮᠲᠤ ᠪᠠᠶᠢᠴᠠᠭᠠᠨ ᠰᠤᠳᠤᠯᠤᠯᠲᠠ ᠬᠢᠪᠡ᠃    10 ᠰᠠᠷ᠎ᠠ ᠶᠢᠨ 16 ᠤ ᠡᠳᠦᠷ᠂ ᠤᠷᠳᠤᠰ ᠤᠨ ᠲᠡᠭᠡᠳᠤ ᠰᠢᠨ᠎ᠠ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠤᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠡᠭ ᠲᠤᠭᠤᠷᠢᠭ ᠤᠨ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ 74 ᠳ᠋ᠤᠭᠡᠷ ᠤᠳᠠᠭ᠎ᠠ ᠶᠢᠨ ᠪᠠᠶᠢᠡᠭᠭᠤ ᠶᠢᠨ ᠬᠤᠷᠢᠶ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃    10 ᠰᠠᠷ᠎ᠠ ᠶᠢᠨ 17 ᠤ ᠡᠳᠦᠷ ᠠᠴᠠ 18 ᠤ ᠡᠳᠦᠷ ᠪᠣᠯᠲᠠᠯ᠎ᠠ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ  ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠪᠦᠯᠬᠦᠮ ᠳᠠᠭᠠᠭᠤᠯᠤᠨ ᠪᠡᠭᠡᠵᠢᠩ ᠳᠤ ᠬᠦᠷᠴᠦ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠪᠠ᠃ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠤᠨ ᠬᠤᠯᠪᠤᠭᠠᠯ ᠪᠦᠬᠦᠢ ᠤᠳᠤᠷᠢᠳᠤᠯᠭ᠎ᠠ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠠᠮᠲᠤ ᠰᠢᠨᠵᠢᠯᠡᠨ ᠪᠠᠶᠢᠴᠠᠭᠠᠪᠠ᠃    10 ᠰᠠᠷ᠎ᠠ ᠶᠢᠨ 21 ᠤ ᠡᠳᠦᠷ᠂ ᠤᠷᠳᠤᠰ ᠬᠤᠳᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠨ᠂ ᠬᠤᠳᠠ ᠶᠢᠨ ᠲᠡᠳ᠋ ᠲᠠᠷᠤᠭ᠎ᠠ ᠪᠠᠷ ᠨᠡᠷ᠎ᠡ ᠲᠤᠷᠠᠳᠤᠬᠳᠠᠬᠴᠢ ᠬᠤᠸᠠ ᠷᠦᠢ ᠹᠸᠡᠭ ᠤᠷᠢᠳ ᠬᠤᠵᠢᠳ ᠳ᠋ᠦᠡᠭᠱᠸᠡᠭ ᠲᠤᠭᠤᠷᠢᠭ ᠤᠨ ᠸᠠᠨ ᠳ᠋ᠠ ᠠᠭᠤᠳᠠᠮ ᠲᠠᠯᠠᠪᠠᠢ᠂ ᠢ ᠬᠤᠤ ᠹᠦ᠋ ᠤᠷᠤᠨ ᠰᠠᠭᠤᠴᠠ ᠶᠢᠨ ᠰᠠᠭᠤᠭᠠᠯᠢ ᠲᠤᠭᠤᠷᠢᠭ ᠤᠨ ᠲᠦᠷᠦᠯ ᠵᠦᠢᠯ᠂ ᠰᠢᠨ ᠱᠸᠡᠭ ᠪᠠᠶᠢᠭᠠᠯᠢ ᠶᠢᠨ ᠰᠢᠳᠠᠮᠠᠬᠠᠢ ᠬᠡᠢ ᠶᠢᠨ ᠺᠤᠮᠫᠠᠨᠢ᠂ ᠰᠠᠯᠠᠭ᠎ᠠ ᠬᠤᠶᠠᠳᠤᠭᠠᠷ ᠨᠡᠭᠦᠷᠡᠰᠤᠨ ᠠᠭᠤᠷᠬᠠᠢ ᠵᠡᠷᠭᠡ ᠭᠠᠵᠠᠷ ᠢᠶᠠᠷ ᠭᠦᠨᠵᠡᠭᠡᠶᠢᠷᠡᠨ ᠠᠶᠤᠯᠭᠦᠢ ᠦᠢᠯᠡᠳᠪᠤᠷᠢᠯᠠᠯ ᠤᠨ ᠠᠵᠢᠯ ᠢ ᠪᠠᠶᠢᠴᠠᠭᠠᠵᠤ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶᠠᠨ ᠤ ᠲᠡᠳ᠋ ᠱᠦᠵᠢ᠂ ᠲᠤᠭᠤᠷᠢᠭ ᠤᠨ ᠲᠠᠷᠤᠭ᠎ᠠ ᠬᠠᠨ ᠲᠤᠤ ᠬᠠᠮᠳᠤ ᠪᠠᠶᠢᠴᠠᠭᠠᠪᠠ᠃    10 ᠰᠠᠷ᠎ᠠ ᠶᠢᠨ 22 ᠤᠨ ᠡᠳᠤᠷ᠂ ᠤᠷᠳᠤᠰ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠢᠯᠠᠩ ᠤᠨ ᠱᠦᠵᠢ᠂ ᠡᠷᠬᠢᠯᠡᠭᠴᠢ ᠵᠠᠩ ᠵᠠᠨ ᠯᠢᠨ ᠤᠷᠢᠳ ᠬᠤᠵᠢᠳ ᠢ ᠯᠢ ᠢ ᠳ᠋ᠤᠤ ᠶᠢᠨ 10GW ᠡᠯᠡᠰᠤ ᠬᠠᠭᠤᠷᠠᠢ ᠭᠤᠪᠢ ᠭᠠᠵᠠᠷ ᠤᠷᠤᠨ ᠤ ᠦᠨᠳᠦᠷ ᠪᠦᠳᠦᠮᠵᠢᠳᠤ ᠲᠤᠰᠬᠠᠢ ᠭᠡᠷᠡᠭᠯᠡᠭᠡᠨ ᠤ ᠭᠡᠷᠡᠯ ᠴᠡᠨᠡᠭ ᠤᠨ ᠲᠤᠨᠤᠭ ᠤᠨ ᠲᠦᠷᠦᠯ ᠵᠦᠢᠯ᠂ ᠸᠧᠢ ᠪᠠᠩ ᠶᠢᠨ ᠢᠤᠢ ᠹᠦ᠋ ᠪᠠᠷᠢᠯᠭ᠎ᠠ ᠶᠢᠨ ᠭᠠᠵᠠᠷ᠂ ᠢ ᠲᠠᠢ ᠲᠠᠯ᠎ᠠ ᠶᠢᠨ ᠬᠤᠭᠤᠯᠠᠢ ᠨᠡᠭᠦᠷᠡᠰᠦᠨ ᠠᠭᠤᠷᠬᠠᠢ ᠳᠤ ᠭᠦᠨᠵᠡᠭᠡᠶᠢᠷᠡᠨ ᠠᠶᠤᠯᠬᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠵᠤ᠂ ᠤᠷᠳᠤᠰ ᠤᠨ ᠲᠡᠭᠡᠳᠤ ᠰᠢᠨ᠎ᠠ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠤᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ᠂ ᠳ᠋ᠦᠡᠭᠱᠸᠡᠭ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠵᠢᠢ ᠫᠢᠩ ᠬᠠᠮᠳᠤ ᠪᠠᠷ ᠪᠠᠶᠢᠴᠠᠭᠠᠪᠠ᠃    10 ᠰᠠᠷ᠎ᠠ ᠶᠢᠨ 23 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠭᠤᠤᠯᠳᠠᠯᠭᠠᠳᠤ ᠠᠵᠢᠯ ᠢ ᠲᠣᠬᠢᠷᠠᠭᠤᠯᠤᠨ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠲᠦᠷᠦᠭᠦᠤ ᠭᠤᠷᠪᠠᠨ ᠤᠯᠠᠷᠢᠯ ᠤᠨ ᠠᠵᠤ ᠠᠬᠤᠶ ᠶᠢᠨ ᠠᠵᠢᠯᠯᠠᠭᠠᠨ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ᠂ ᠥᠷᠢ ᠰᠢᠷᠢ ᠶᠢ ᠢᠯᠭᠠᠷᠠᠭᠤᠯᠬᠤ᠂ ᠠᠶᠤᠯᠭᠦᠶ ᠦᠢᠯᠡᠳᠪᠦᠷᠢᠯᠡᠯ ᠪᠠ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠲᠤᠰᠬᠠᠶ ᠴᠡᠭᠴᠡᠯᠡᠨ ᠵᠠᠰᠠᠯᠲᠠ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠮᠢᠢᠶ᠎ᠠ ᠪᠥᠬᠦᠶ ᠠᠵᠢᠯ ᠢ ᠰᠠᠶᠢᠲᠤᠷ ᠬᠢᠬᠦ ᠲᠤᠬᠠᠶ ᠪᠥᠬᠦ ᠲᠠᠯ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠲᠣᠭᠤᠷᠢᠭ ᠤᠨ ᠬᠤᠯᠪᠣᠭᠳᠠᠯ ᠪᠦᠬᠦᠢ ᠤᠳᠤᠷᠢᠳᠤᠯᠭ᠎ᠠ ᠵᠢᠴᠢ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠯᠠᠭᠠᠳᠠᠳ ᠬᠤᠷᠠᠯ ᠳᠤ ᠣᠷᠣᠯᠴᠠᠪᠠ᠃    10 ᠰᠠᠷ᠎ᠠ ᠶᠢᠨ 23 ᠤ ᠡᠳᠦᠷ ᠠᠴᠠ 24 ᠤ ᠡᠳᠦᠷ ᠪᠣᠯᠲᠠᠯ᠎ᠠ᠂ ᠲᠤᠭᠤᠷᠢᠭ ᠤᠨ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠭᠤᠷᠪᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠶᠢ ᠡᠷᠭᠢᠯᠡᠪᠡ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠵᠢᠢ ᠫᠢᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠰᠤᠷᠤᠯᠴᠠᠯᠭ᠎ᠠ ᠳᠤ ᠣᠷᠣᠯᠴᠠᠪᠠ᠃    10 ᠰᠠᠷ᠎ᠠ ᠶᠢᠨ 25 ᠤ ᠡᠳᠤᠷ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶ᠎ᠠ ᠶᠢᠨ ᠲᠡᠳ᠋ ᠱᠦᠵᠢ᠂ ᠲᠤᠭᠤᠷᠢᠭ ᠤᠨ ᠲᠠᠷᠤᠭ᠎ᠠ ᠬᠠᠨ ᠲᠤᠤ᠂ ᠱᠠᠩᠬᠠᠢ ᠶᠢᠨ ᠴᠢᠦ᠋ᠩ ᠢᠦᠢ ᠬᠦᠷᠦᠩᠭᠡ ᠶᠢᠨ ᠬᠡᠷᠡᠭ ᠮᠡᠳᠡᠭᠴᠢᠳ ᠤᠨ ᠲᠠᠷᠤᠭ᠎ᠠ ᠨᠠᠷ ᠲᠠᠢ ᠶᠠᠷᠢᠯᠴᠠᠪᠠ᠃ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠶᠠᠷᠢᠯᠴᠠᠬᠤ ᠬᠤᠷᠠᠯ ᠳᠤ ᠣᠷᠣᠯᠴᠠᠪᠠ᠃    ᠣᠶᠢᠷ᠎ᠠ ᠳᠤ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠪᠥᠬᠦ ᠲᠣᠭᠤᠷᠢᠭ ᠤᠨ ᠠᠯᠪᠠᠨ ᠬᠡᠷ ᠤᠨ ᠠᠵᠢᠯ ᠳᠤ ᠴᠣᠬᠤᠯᠠᠪᠤᠷᠢ ᠦᠭᠴᠦ᠄ ᠠᠯᠪᠠᠨ ᠬᠡᠷ ᠪᠣᠯ ᠪᠠᠶᠢᠭᠤᠯᠭ᠎ᠠ ᠶᠢᠨ ᠠᠵᠢᠯᠯᠠᠭᠠᠨ ᠤ ᠲᠥᠪ᠂ ᠵᠠᠰᠠᠭ ᠤᠨ ᠵᠠᠷᠯᠢᠭ ᠤᠨ ᠰᠠᠭᠠᠳ ᠥᠬᠡᠶ ᠶᠠᠪᠤᠭᠳᠠᠬᠤ ᠶᠢᠨ ᠵᠠᠩᠭᠢᠯᠠᠭ᠎ᠠ᠂ ᠡᠯ᠎ᠡ ᠲᠠᠯ᠎ᠠ ᠶᠢ ᠵᠣᠬᠢᠴᠠᠭᠤᠯᠬᠤ ᠬᠤᠯᠪᠣᠭᠠᠰᠤ ᠮᠥᠨ᠂ ᠬᠠᠷᠢᠭᠤᠴᠠᠯᠭ᠎ᠠ ᠬᠦᠨᠳᠦ᠂ ᠡᠭᠦᠷᠭᠡ ᠬᠠᠲᠠᠭᠤ ᠪᠡᠷᠬᠡ ᠶᠤᠮ ᠬᠡᠵᠡᠢ᠃    10 ᠰᠠᠷ᠎ᠠ ᠶᠢᠨ 26 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ᠂ ᠲᠣᠭᠤᠷᠢᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠡᠷᠬᠢᠯᠡᠭᠴᠢ ᠬᠠᠨ ᠲᠤᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠭᠡᠰᠢᠭᠦᠳ ᠤᠨ ᠬᠤᠷᠠᠯ ᠢ ᠡᠷᠭᠢᠯᠡᠨ ᠬᠤᠷᠠᠯᠳᠤᠭᠤᠯᠪᠠ᠃    10 ᠰᠠᠷ᠎ᠠ ᠶᠢᠨ 26 ᠤ ᠡᠳᠦᠷ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠣᠯᠤᠨ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠠᠮᠲᠤᠷᠠᠨ ᠬᠢᠨᠠᠯᠲᠠ ᠲᠠᠯᠪᠢᠵᠤ ᠪᠦᠯᠦᠭᠵᠢᠯ ᠰᠤᠷᠭᠠᠭᠤᠯᠢ ᠡᠷᠬᠢᠯᠡᠭᠰᠡᠨ ᠪᠠ ᠰᠤᠷᠭᠠᠨ ᠬᠥᠮᠦᠵᠢᠯ ᠤᠨ ᠡᠬᠢ ᠪᠠᠶᠠᠯᠢᠭ ᠢ ᠲᠣᠬᠢᠷᠠᠭᠤᠯᠤᠭᠰᠠᠨ ᠪᠠᠶᠢᠳᠠᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠶ ᠫᠢᠩ ᠬᠤᠷᠠᠯ ᠳᠤ ᠣᠷᠣᠯᠴᠠᠪᠠ᠃    10 ᠰᠠᠷ᠎ᠠ ᠶᠢᠨ 25 ᠤ ᠡᠳᠦᠷ ᠠᠴᠠ 27 ᠤ ᠡᠳᠦᠷ ᠪᠣᠯᠲᠠᠯ᠎ᠠ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ  ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠪᠦᠯᠬᠦᠮ ᠳᠠᠭᠠᠭᠤᠯᠤᠨ ᠪᠡᠭᠡᠵᠢᠩ ᠳᠤ ᠬᠦᠷᠴᠦ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠪᠠ᠃    10 ᠰᠠᠷ᠎ᠠ ᠶᠢᠨ 28 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠨᠠᠮ ᠤᠨ ᠠᠵᠢᠯ ᠤᠨ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠨᠠᠮ ᠤᠨ ᠠᠵᠢᠯ ᠤᠨ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠠᠩ ᠫᠧᠩ ᠴᠧᠩ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ᠂ ᠳ᠋ᠦᠩ ᠹᠧᠩ ᠯᠢᠦ ᠵᠧᠦ ᠮᠠᠰᠢᠨ ᠲᠡᠷᠭᠡᠨ ᠤ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ ᠰᠢᠤᠸᠠᠨ ᠶᠢᠩ᠂ ᠳ᠋ᠦᠩ ᠹᠧᠩ ᠯᠢᠦ ᠮᠠᠰᠢᠨ ᠲᠡᠷᠭᠡᠨ ᠤ ᠣᠷᠳᠣᠰ ᠤᠨ ᠴᠧᠩ ᠯᠦᠩ ᠰᠢᠨ᠎ᠡ ᠡᠨᠧᠷᠭᠢ ᠶᠢᠨ ᠠᠵᠤ ᠦᠢᠯᠡᠰ ᠤᠨ ᠰᠠᠭᠤᠷᠢᠨ ᠭᠠᠵᠠᠷ ᠤᠨ ᠡᠬᠢᠯᠡᠯᠲᠡ ᠶᠢᠨ ᠶᠣᠰᠣᠯᠠᠯ ᠵᠢᠴᠢ 300 ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠡᠷᠭᠡ ᠲᠤᠰᠢᠶᠠᠬᠤ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    10 ᠰᠠᠷ᠎ᠠ ᠶᠢᠨ 30 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠳᠠᠯᠳᠤᠭᠠᠨ ᠤ ᠶᠡᠷᠦᠩᠬᠡᠶᠢᠯᠡᠭᠰᠡᠨ ᠠᠰᠠᠷ ᠤᠨ ᠭᠠᠯ ᠢ ᠰᠡᠷᠬᠡᠶᠢᠯᠡᠬᠦ ᠠᠮᠤᠷ ᠲᠦᠪᠰᠢᠨ᠂ ᠨᠡᠭᠦᠷᠡᠰᠦᠨ ᠠᠭᠤᠷᠬᠠᠶ ᠶᠢᠨ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠠᠵᠢᠯ ᠢ ᠰᠤᠳᠤᠯᠤᠨ ᠲᠣᠬᠢᠷᠠᠭᠤᠯᠵᠤ᠂ ᠰᠢᠢᠳᠪᠦᠷᠢᠯᠡᠬᠦ ᠴᠢᠬᠤᠯᠠᠲᠠᠶ ᠠᠰᠠᠭᠤᠳᠠᠯ ᠳᠤ ᠴᠢᠭᠯᠡᠭᠦᠯᠦᠨ ᠨᠢᠭᠡᠳ ᠨᠢᠭᠡ ᠪᠠᠷ ᠵᠠᠳᠠᠯᠤᠨ ᠰᠤᠳᠤᠯᠤᠭᠰᠠᠨ ᠪᠥᠭᠡᠳ ᠠᠵᠢᠯ ᠤᠨ ᠰᠡᠳᠬᠢᠴᠡ ᠪᠠ ᠰᠢᠢᠳᠪᠦᠷᠢᠯᠡᠬᠦ ᠲᠥᠰᠦᠯ ᠢ ᠳᠤᠷᠠᠳᠤᠨ ᠭᠠᠷᠭᠠᠪᠠ᠃ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ  ᠬᠠᠷᠢᠭᠤᠴᠠᠯᠭᠠᠳᠠᠳ ᠬᠠᠮᠲᠤ ᠣᠷᠣᠯᠴᠠᠪᠠ᠃    10 ᠰᠠᠷ᠎ᠠ ᠶᠢᠨ 30 ᠤ ᠡᠳᠦᠷ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠶ ᠫᠢᠩ ᠳᠤᠭᠤᠶᠢᠯᠠᠩ ᠳᠠᠭᠠᠭᠤᠯᠤᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ ᠲᠦᠪᠰᠢᠨ ᠤ ᠪᠠᠶᠢᠴᠠᠭᠠᠯᠲᠠ ᠬᠢᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ