ᠲᠠᠪᠤᠳᠤᠭᠠᠷ ᠪᠦᠯᠦᠭ ᠲᠤᠭᠤᠷᠢᠭ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠶᠢ ᠨᠡᠶᠢᠲᠡᠯᠡᠬᠦ ᠲᠤᠬᠠᠶ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/1/20
          ᠳ᠋ᠦᠩᠱᠧᠩ ᠵᠠᠰᠠᠭ ᠲᠠᠷᠬᠠᠭᠠᠭᠰᠠᠨ ﹇2023﹈ 33 ᠳ᠋ᠤᠭᠠᠷ ᠲᠣᠭᠠᠲᠤ    ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂  ᠰᠢᠭᠤᠳ ᠬᠠᠷᠢᠶ᠎ᠠ ᠨᠢᠭᠡᠴᠡ ᠳᠤ᠄    ᠪᠣᠳᠠᠰ ᠤᠨ ᠪᠤᠰᠤ ᠰᠣᠶᠣᠯ ᠤᠨ ᠥᠪ ᠢ ᠪᠦᠲᠦᠮᠵᠢᠲᠡᠶ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠢᠨ ᠲᠥᠯᠥᠭᠡ᠂ ︽ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠦᠷᠦ ᠲᠠᠷᠬᠠᠭᠠᠭᠰᠠᠨ ﹇2005﹈ 42 ᠳ᠋ᠤᠭᠠᠷ ᠲᠣᠭᠠᠲᠤ︶ ᠂ ︽ᠮᠠᠨ ᠤ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠴᠢᠩᠭᠠᠳᠬᠠᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠦᠷᠦ ᠠᠯᠪᠠᠨ ᠲᠠᠷᠬᠠᠭᠠᠭᠰᠠᠨ ﹇2005﹈ 18 ᠳ᠋ᠤᠭᠠᠷ ᠲᠣᠭᠠᠲᠤ︶᠂ ︽ᠣᠷᠳᠣᠰ ᠬᠤᠳᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠢ ᠮᠡᠳᠡᠭᠦᠯᠵᠦ ᠦᠨᠡᠯᠡᠨ ᠲᠣᠭᠲᠠᠭᠠᠬᠤ ᠵᠡᠷᠭᠡ ᠭᠤᠷᠪᠠᠨ ᠠᠷᠭ᠎ᠠ ᠶᠢ ᠨᠡᠶᠢᠲᠡᠯᠡᠬᠦ ᠲᠤᠬᠠᠢ ᠣᠷᠳᠣᠰ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠤᠷᠳᠤᠰ ᠵᠠᠰᠠᠭ ᠲᠠᠷᠬᠠᠭᠠᠭᠰᠠᠨ ﹇2011﹈ 67 ᠳ᠋ᠤᠭᠠᠷ ᠲᠣᠭᠠᠲᠤ︶ ᠵᠡᠷᠭᠡ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠨ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠪᠥᠬᠦ ᠲᠤᠭᠤᠷᠢᠭ ᠤᠨ ᠣᠲᠣ ᠪᠠᠶᠢᠭ᠎ᠠ ᠤᠯᠠᠮᠵᠢᠯᠠᠭᠴᠢ ᠳᠤ ᠪᠥᠬᠦ ᠲᠠᠯ᠎ᠠ ᠶᠢᠨ᠂ ᠭᠦᠨᠵᠡᠭᠡᠶ᠂ ᠨᠠᠷᠢᠨ ᠨᠢᠮᠪᠠᠶ ᠪᠠᠶᠢᠴᠠᠭᠠᠯᠲᠠ ᠬᠢᠬᠦ ᠶᠢᠨ ᠬᠠᠮᠲᠤ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠠᠴᠠ ᠬᠠᠮᠲᠤ ᠪᠠᠷ ᠦᠨᠡᠯᠡᠬᠦ ᠪᠠᠷ ᠲᠠᠮᠵᠢᠨ᠂ ᠦ᠋ ᠴᠦᠨ ᠸᠧᠨ ᠵᠡᠷᠭᠡ 16 ᠬᠥᠮᠦᠨ ᠢ ᠳ᠋ᠦᠩᠱᠧᠩ ᠲᠣᠭᠤᠷᠢᠭ ᠤᠨ ᠲᠠᠪᠤᠳᠤᠭᠠᠷ ᠪᠦᠯᠦᠭ ᠲᠤᠭᠤᠷᠢᠭ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠪᠣᠯᠭᠠᠬᠤ ᠪᠠᠷ ᠲᠣᠭᠲᠠᠪᠠ᠃   ᠳᠠᠭᠠᠯᠳᠤᠭᠤᠯᠤᠯ᠄ ᠲᠠᠪᠤᠳᠤᠭᠠᠷ ᠪᠦᠯᠦᠭ ᠲᠤᠭᠤᠷᠢᠭ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠶᠢᠨ ᠨᠡᠷᠡᠰ                              ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                                              2023 ᠣᠨ ᠤ 10 ᠰᠠᠷ᠎ᠠ ᠶᠢᠨ 8 ᠤ ᠡᠳᠦᠷ
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ