ᠳ᠋ᠦᠩᠱᠧᠩ ᠲᠣᠭᠤᠷᠢᠭ ᠤᠨ 2023 ᠣᠨ ᠤ ᠡᠪᠦᠯ ᠤᠨ ᠤᠯᠠᠷᠢᠯ ᠤᠨ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠠᠵᠢᠯᠯᠠᠭᠠᠨ ᠤ ᠲᠦᠰᠦᠯ ᠢ ᠳᠠᠷᠤᠮᠠᠯᠯᠠᠨ ᠳᠠᠷᠬᠠᠭᠠᠬᠤ ᠳᠤᠬᠠᠢ ᠤᠷᠳᠤᠰ ᠬᠤᠳᠠ ᠶᠢᠨ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/1/20
ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠳᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠠᠷᠠᠳ ᠤᠨ ᠪᠦᠯᠬᠦᠮ᠂ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠢᠭᠤᠳ ᠬᠠᠮᠵᠢᠯᠴᠠᠨ ᠬᠠᠮᠢᠶᠠᠷᠬᠤ ᠰᠠᠯᠠᠭ᠎ᠠ ᠮᠥᠴᠢᠷ ᠲᠤ᠄       ︽ᠳ᠋ᠦᠩᠱᠧᠩ ᠲᠣᠭᠤᠷᠢᠭ ᠤᠨ 2023 ᠣᠨ ᠤ ᠡᠪᠦᠯ ᠤᠨ ᠤᠯᠠᠷᠢᠯ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ  ᠠᠵᠢᠯᠯᠠᠭᠠᠨ ᠤ ᠲᠥᠰᠥᠯ︾ ᠢ ᠰᠤᠳᠤᠯᠤᠨ ᠶᠠᠷᠢᠯᠴᠠᠭᠰᠠᠨ ᠤ ᠳᠠᠷᠠᠭ᠎ᠠ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠢ ᠠᠳᠬᠤᠵᠤ ᠲᠤᠤᠱᠯᠠᠭᠤᠯᠤᠨ ᠨᠠᠶᠢᠳᠠᠪᠤᠷᠢᠵᠢᠭᠤᠯᠳᠤᠭᠠᠢ︕                            ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                         2023 ᠣᠨ ᠤ 12 ᠰᠠᠷ᠎ᠠ ᠶᠢᠨ 7 ᠤ ᠡᠳᠦᠷ                ᠳ᠋ᠦᠩᠱᠧᠩ ᠲᠣᠭᠤᠷᠢᠭ ᠤᠨ 2023 ᠣᠨ ᠤ ᠡᠪᠦᠯ ᠤᠨ ᠤᠯᠠᠷᠢᠯ ᠤᠨ                 ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭᠠᠨ ᠤ ᠲᠥᠰᠥᠯ       ᠳᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠳᠤᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠶᠠᠰᠤ ᠴᠢᠨᠠᠷ ᠪᠠ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠰᠢᠨ᠎ᠡ ᠨᠢᠭᠡ ᠡᠭᠡᠯᠵᠢ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠥᠷᠨᠢᠯᠲᠡ ᠶᠢ ᠪᠣᠶ ᠪᠣᠯᠭᠠᠵᠤ᠂ ᠳ᠋ᠦᠩᠱᠧᠩ ᠲᠣᠭᠤᠷᠢᠭ ᠤᠨ 2024 ᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠳᠤ ᠪᠠᠲᠤ ᠪᠠᠬᠢ ᠰᠠᠭᠤᠷᠢ ᠳᠠᠯᠪᠢᠨ᠂ ᠪᠥᠬᠦ ᠳᠤᠭᠤᠷᠢᠭ ᠤᠨ ᠡᠪᠦᠯ ᠤᠨ ᠤᠯᠠᠷᠢᠯ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠤᠰᠬᠠᠢ ᠠᠵᠢᠯᠯᠠᠭ᠎ᠠ ᠶᠢ ᠰᠠᠶᠢᠲᠤᠷ ᠦᠷᠨᠢᠬᠦᠯᠬᠦ ᠶᠢᠨ ᠲᠤᠰᠠᠳᠠ᠂ ᠣᠨᠴᠣᠭᠤᠶᠢᠯᠠᠨ ᠲᠣᠰ ᠲᠥᠰᠥᠯ ᠢ ᠲᠣᠭᠲᠠᠭᠠᠪᠠ᠃       ᠨᠢᠭᠡ᠂ ᠴᠠᠭ ᠤᠨ ᠲᠣᠬᠢᠷᠠᠭᠤᠯᠤᠯᠲᠠ       2023 ᠣᠨ ᠤ 12 ᠰᠠᠷ᠎ᠠ ᠶᠢᠨ 1 ᠤ ᠡᠳᠦᠷ  — 2024 ᠣᠨ ᠤ 3 ᠰᠠᠷ᠎ᠠ ᠶᠢᠨ 1 ᠤ ᠡᠳᠦᠷ ᠪᠣᠯᠲᠠᠯ᠎ᠠ᠃       ᠬᠤᠶᠠᠷ᠂ ᠶᠡᠷᠦᠩᠬᠡᠢ ᠬᠠᠷᠠᠯᠲᠠ       ᠠᠵᠢᠯᠯᠠᠭᠠᠨ ᠤ ᠬᠤᠭᠤᠴᠠᠭᠠᠨ ᠳᠤ ᠠᠳᠠᠭ ᠲᠤ ᠪᠠᠨ 20 ᠲᠥᠷᠥᠯ ᠵᠦᠢᠯ ᠢ ᠲᠥᠯᠥᠪᠯᠡᠵᠦ᠂ ᠵᠦᠪᠳᠡᠯᠴᠡᠬᠦ ᠲᠦᠷᠦᠯ ᠵᠦᠢᠯ ᠢ ᠰᠢᠨ᠎ᠡ ᠪᠠᠷ 20 ᠨᠡᠮᠡᠭᠳᠡᠬᠦᠯᠵᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 10 ᠲᠥᠷᠥᠯ ᠵᠦᠢᠯ ᠢ ᠭᠡᠷ᠎ᠡ ᠲᠣᠭᠲᠠᠬᠤ ᠶᠢ ᠪᠡᠶᠡᠯᠡᠭᠦᠯᠦᠨ᠎ᠡ᠃       ᠭᠤᠷᠪᠠ᠂ ᠪᠣᠳᠠᠲᠠᠢ ᠠᠷᠭ᠎ᠠ ᠬᠡᠮᠵᠢᠶ᠎ᠡ       ︵ᠨᠢᠭᠡ︶ ᠭᠤᠣᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠠᠩᠬᠠᠷᠴᠤ᠂ ᠨᠠᠷᠢᠯᠢᠭ ᠣᠨᠣᠴᠠᠲᠠᠢ ᠪᠠᠷ ᠬᠤᠳᠠᠯᠳᠤᠭᠠᠴᠢᠨ ᠤᠷᠢᠬᠤ ᠶᠢ ᠥᠷᠨᠢᠭᠦᠯᠦᠨ᠎ᠡ       ᠡᠯ᠎ᠡ ᠬᠤᠳᠠᠯᠳᠤᠭᠠᠴᠢᠨ ᠤᠷᠢᠬᠤ ᠡᠬᠦᠷᠬᠡᠳᠤ ᠨᠢᠭᠡᠴᠡ ᠨᠢ ᠲᠣᠰ ᠪᠡᠶ᠎ᠡ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠭᠤᠣᠯ ᠰᠢᠪᠲᠤᠯᠤᠯᠲᠠ ᠶᠢᠨ ᠴᠢᠭᠯᠡᠯ ᠢ ᠣᠨᠢᠯᠠᠵᠤ᠂ ᠳᠤᠭᠤᠷᠢᠭ ᠤᠨ ᠠᠵᠤ ᠦᠢᠯᠡᠰ ᠯᠦᠭᠡ ᠶᠢᠨ ᠳᠤᠬᠢᠷᠠᠯᠴᠠᠭᠠᠨ ᠤ ᠬᠡᠮᠵᠢᠶ᠎ᠡ ᠪᠠᠷ ᠥᠨᠳᠥᠷ᠂ ᠬᠡᠯᠬᠢᠶ᠎ᠡ ᠶᠢᠨ ᠤᠷᠳᠤᠳᠬᠠᠯ ᠴᠢᠨᠠᠷ ᠢᠶᠠᠷ ᠴᠢᠩᠭ᠎ᠠ ᠠᠵᠤ ᠠᠬᠤᠶᠢᠯᠠᠯ ᠪᠠ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠢ᠃ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠬᠢᠴᠢᠯᠠᠯᠳᠠ ᠪᠠ ᠰᠢᠨᠵᠢᠯᠡᠬᠦ ᠤᠬᠠᠭᠠᠨ ᠮᠡᠷᠬᠡᠵᠢᠯ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ ᠨᠢ ᠰᠢᠨ᠎ᠡ ᠮᠠᠲ᠋ᠧᠷᠢᠶᠠᠯ᠂ ᠲᠣᠨᠤᠭ ᠲᠥᠬᠦᠭᠡᠷᠦᠮᠵᠢ ᠦᠢᠯᠡᠳᠬᠦ᠂ ᠡᠨᠧᠷᠭᠢ ᠬᠠᠳᠠᠭᠠᠯᠠᠬᠤ ᠠᠵᠤ ᠦᠢᠯᠡᠰ ᠵᠡᠷᠭᠡ ᠭᠡᠷ᠎ᠡ ᠲᠣᠭᠲᠠᠬᠤ ᠪᠠᠷ ᠪᠠᠶᠢᠭ᠎ᠠ 6 ᠲᠥᠷᠥᠯ ᠵᠦᠢᠯ ᠢ ᠬᠠᠩᠭᠠᠬᠤ ᠶᠢ ᠬᠠᠷᠢᠭᠤᠴᠠᠨ᠎ᠠ︔ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠠᠯᠪᠠᠨ ᠭᠡᠷ᠂ ᠲᠣᠮᠣ ᠳ᠋ᠠᠶᠢᠲ᠋ᠠ ᠶᠢᠨ ᠲᠥᠪ ᠠᠴᠠ ᠡᠭᠦᠯᠡᠨ ᠪᠣᠳᠣᠯᠲᠠ᠂ ᠮᠡᠳᠡᠭᠡ ᠵᠠᠩᠭᠢ ᠶᠢᠨ ᠮᠡᠷᠭᠡᠵᠢᠯ᠂ ᠲᠣᠭᠠᠴᠢᠯᠠᠭᠰᠠᠨ ᠠᠵᠤ ᠠᠬᠤᠢ ᠶᠢᠨ ᠲᠥᠷᠥᠯ ᠵᠦᠢᠯ ᠵᠡᠷᠭᠡ ᠭᠡᠷ᠎ᠡ ᠲᠣᠭᠲᠠᠬᠤ ᠪᠠᠷ ᠪᠠᠶᠢᠭ᠎ᠠ 2 ᠲᠥᠷᠥᠯ ᠵᠦᠢᠯ ᠢ ᠬᠠᠩᠭᠠᠨ᠎ᠠ︔ ᠬᠥᠩᠭᠡᠨ ᠠᠵᠤ ᠦᠢᠯᠡᠳᠪᠦᠷᠢ ᠨᠡᠬᠡᠮᠡᠯ ᠤᠨ ᠠᠵᠤ ᠦᠢᠯᠡᠰ ᠤᠨ ᠠᠯᠪᠠᠨ ᠭᠡᠷ᠂ ᠠᠵᠤ ᠦᠢᠯᠡᠳᠪᠦᠷᠢ ᠮᠡᠳᠡᠭᠡ ᠵᠠᠩᠬᠢᠴᠢᠯᠠᠯᠳᠠ ᠪᠠ ᠰᠢᠨᠵᠢᠯᠡᠬᠦ ᠤᠬᠠᠭᠠᠨ ᠮᠡᠷᠬᠡᠵᠢᠯ ᠤᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠠᠴᠠ ᠨᠤᠤᠯᠤᠭᠤᠷ ᠤᠨ ᠨᠡᠬᠡᠮᠡᠯ᠂ ᠬᠤᠪᠴᠠᠰᠤᠨ ᠤ ᠵᠢᠷᠤᠭ ᠲᠥᠯᠥᠪᠯᠡᠭᠡ ᠵᠡᠷᠭᠡ ᠭᠡᠷ᠎ᠡ ᠲᠣᠭᠲᠠᠬᠤ ᠪᠠᠷ ᠪᠠᠶᠢᠭ᠎ᠠ 3 ᠲᠥᠷᠥᠯ ᠵᠦᠢᠯ ᠢ ᠬᠠᠩᠭᠠᠨ᠎ᠠ︔ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠠᠵᠤ ᠠᠬᠤᠶᠢᠯᠠᠯ ᠤᠨ ᠲᠥᠷᠥᠯ ᠵᠦᠢᠯ ᠤᠨ ᠪᠡᠯᠡ ᠲᠣᠬᠢᠷᠠᠭᠤᠯᠭ᠎ᠠ ᠶᠢᠨ ᠵᠢᠭᠡᠯᠡᠯᠭᠡ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠡᠷᠭᠡ ᠭᠡᠷ᠎ᠡ ᠲᠣᠭᠲᠠᠬᠤ ᠪᠠᠷ ᠪᠠᠶᠢᠭ᠎ᠠ 4 ᠲᠦᠷᠦᠯ ᠵᠦᠢᠯ ᠢ ᠬᠠᠩᠭᠠᠨ᠎ᠠ︔ ᠬᠠᠨᠳᠠᠢ ᠪᠠᠯᠭᠠᠰᠤ᠂ ᠲᠦᠩᠴᠤᠸᠠᠨ ᠪᠠᠯᠭᠠᠰᠤ᠂ ᠪᠤᠷᠵᠠᠩᠨᠠᠭᠤᠷ ᠪᠠᠯᠭᠠᠰᠤ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠨᠢᠲᠤᠯᠵᠤ ᠡᠳ᠋ᠰᠢᠭᠦᠯᠬᠦ᠂ ᠵᠢᠮᠢᠰ ᠨᠣᠭᠤᠭ᠎ᠠ ᠦᠢᠯᠡᠳᠪᠦᠷᠢᠯᠡᠬᠦ᠂ ᠡᠳ᠋ᠰᠢᠭᠦᠯᠬᠦ ᠵᠢᠴᠢ ᠦᠵᠡᠭᠦᠯᠦᠯᠭᠡ ᠶᠢᠨ ᠲᠠᠷᠢᠶᠠᠯᠠᠩ ᠵᠡᠷᠭᠡ ᠭᠡᠷ᠎ᠡ ᠲᠣᠭᠲᠠᠬᠤ ᠪᠠᠷ ᠪᠠᠶᠢᠭ᠎ᠠ 4 ᠲᠥᠷᠥᠯ ᠵᠦᠢᠯ ᠢ ᠬᠠᠩᠭᠠᠨ᠎ᠠ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠡᠷᠡᠭᠦᠯ ᠮᠡᠨᠳᠦ ᠶᠢᠨ ᠠᠵᠤ ᠦᠢᠯᠡᠰ᠂ ᠳᠡᠭᠡᠳᠦ ᠲᠠᠰ ᠤᠨ ᠡᠷᠡᠬᠦᠯᠵᠢᠯ ᠪᠡᠶ᠎ᠡ ᠰᠤᠪᠢᠯᠠᠯᠲᠠ᠂ ᠡᠮᠴᠢᠯᠡᠭᠡ ᠰᠤᠪᠢᠯᠠᠯᠲᠠ ᠶᠢ ᠠᠭᠤᠰᠤᠯᠴᠠᠭᠤᠯᠬᠤ ᠵᠡᠷᠭᠡ ᠭᠡᠷ᠎ᠡ ᠲᠣᠭᠲᠠᠬᠤ ᠪᠠᠷ ᠪᠠᠶᠢᠭ᠎ᠠ 4 ᠲᠥᠷᠥᠯ ᠵᠦᠢᠯ ᠢ ᠬᠠᠩᠭᠠᠨ᠎ᠠ︔ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠠᠴᠠ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ᠂ ᠵᠣᠴᠢᠳ ᠤᠨ ᠪᠠᠭᠤᠳᠠᠯ ᠢᠳᠡᠭᠡᠨ ᠤᠮᠳᠠᠭᠠᠨ᠂ ᠰᠣᠶᠣᠯ ᠵᠢᠭᠤᠯᠴᠢᠯᠠᠯ ᠵᠡᠷᠭᠡ ᠭᠡᠷ᠎ᠡ ᠲᠣᠭᠲᠠᠬᠤ ᠪᠠᠷ ᠪᠠᠶᠢᠭ᠎ᠠ 4 ᠲᠦᠷᠦᠯ ᠵᠦᠢᠯ ᠢ ᠬᠠᠩᠭᠠᠨ᠎ᠠ᠃       ︵ᠬᠤᠶᠠᠷ︶ ᠬᠡᠯᠬᠢᠶᠡᠨ ᠤ ᠳᠠᠷᠤᠭ᠎ᠠ ᠭᠠᠳᠠᠭᠰᠢ ᠭᠠᠷᠴᠤ ᠬᠤᠳᠠᠯᠳᠤᠭᠠᠴᠢᠨ ᠤᠷᠢᠵᠤ᠂ ᠠᠵᠤ ᠦᠢᠯᠡᠰ ᠤᠨ ᠲᠥᠪᠯᠡᠷᠡᠯ ᠢ ᠠᠬᠢᠭᠤᠯᠤᠨ᠎ᠠ       ︽ᠳ᠋ᠦᠩᠱᠧᠩ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠬᠡᠷᠡᠭᠵᠢᠭᠦᠯᠬᠦ ᠲᠥᠰᠥᠯ︾ ︵ᠳ᠋ᠦᠩᠱᠧᠩ ᠨᠠᠮ ᠠᠯᠪᠠᠨ ᠳᠠᠷᠬᠠᠭᠠᠬᠤ ﹇2022﹈ 25 ᠳ᠋ᠤᠭᠠᠷ ᠲᠣᠭᠠᠲᠤ︶ ᠵᠢᠴᠢ ︽ᠳ᠋ᠦᠩᠱᠧᠩ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠤᠷᠪᠠᠨ ᠵᠢᠯ ︵2023 ︱ 2025 ᠣᠨ︶ ᠤᠨ ᠠᠵᠢᠯᠯᠠᠭᠠᠨ ᠤ ᠲᠥᠰᠥᠯ︾ ︵ᠳ᠋ᠦᠩᠱᠧᠩ ᠨᠠᠮ ᠠᠯᠪᠠᠨ ᠥᠰᠥᠭ ﹇2023﹈ 9 ᠳ᠋ᠤᠬᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠡᠯ᠎ᠡ ᠬᠡᠯᠬᠢᠶᠡᠨ ᠤ ᠳᠠᠷᠤᠭ᠎ᠠ ᠠᠷᠪᠠᠨ ᠳᠥᠷᠪᠡᠨ ᠵᠦᠢᠯ ᠤᠨ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠭᠠᠳᠠᠭᠰᠢ ᠭᠠᠷᠴᠤ ᠬᠤᠳᠠᠯᠳᠤᠭᠠᠴᠢᠨ ᠤᠷᠢᠬᠤ ᠠᠵᠢᠯ ᠢ ᠦᠷᠨᠢᠬᠦᠯᠦᠨ᠎ᠡ᠃ ᠨᠢᠭᠡ ᠳᠤ  ᠵᠢᠩ ᠤᠣ᠂ ᠶᠢᠨ ᠯᠦᠩ᠂ ᠵᠦᠩ ᠴᠧ᠂ ᠴᠢ ᠷᠦ᠋ᠢ᠂ ᠢ ᠳ᠋ᠣᠣ᠂ ᠵᠢᠦᠢ ᠳ᠋ᠢᠩ ᠵᠡᠷᠭᠡ ᠳᠤᠯᠤᠭᠠᠶᠢᠯᠠᠭᠴᠢ ᠠᠵᠤ ᠠᠬᠤᠶᠢᠯᠠᠯ ᠳᠤ ᠲᠦᠰᠢᠭᠯᠡᠵᠦ᠂ ᠳ᠋ᠦᠩᠱᠧᠩ ᠲᠣᠭᠤᠷᠢᠭ ᠤᠨ ᠠᠵᠤ ᠦᠢᠯᠡᠰ ᠤᠨ ᠭᠠᠵᠠᠷ ᠤᠨ ᠵᠢᠷᠤᠭ ᠶᠤᠰᠤᠭᠠᠷ ᠪᠡᠭᠡᠵᠢᠩ᠂ ᠵᠧᠵᠢᠶᠠᠩ᠂ ᠠᠨᠾᠦ᠋ᠢ᠂ ᠭᠤᠸᠠᠩᠳᠦ᠋ᠩ᠂ ᠯᠢᠶᠣᠤᠨᠢᠩ ᠵᠡᠷᠭᠡ ᠭᠠᠵᠠᠷ ᠲᠤ ᠬᠦᠷᠴᠦ ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ ︽ᠬᠡᠯᠬᠢᠶ᠎ᠡ ᠪᠠᠷ ᠳᠠᠶᠢᠴᠢᠯᠠᠬᠤ᠂ ᠢᠵᠢ ᠪᠦᠷᠢᠳᠦᠭᠦᠯᠦᠨ ᠳᠠᠭᠠᠬᠤ᠂ ᠰᠦᠷᠦᠭᠵᠢᠨ ᠬᠥᠭᠵᠢᠬᠦ︾ ᠠᠵᠤ ᠦᠢᠯᠡᠰ ᠤᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠨᠠᠪᠲᠠᠷᠡᠭᠦᠯᠵᠦ᠂ ᠬᠠᠩᠭᠠᠯᠭ᠎ᠠ ᠶᠢᠨ ᠬᠡᠯᠬᠢᠶ᠎ᠡ ᠶᠢ ᠰᠢᠯᠤᠭᠤᠳᠬᠠᠨ᠎ᠠ᠃ ᠬᠤᠶᠠᠷ ᠲᠤ ᠳᠡᠯᠡᠬᠡᠢ ᠶᠢᠨ ᠲᠠᠰ ᠤᠨ ᠨᠤᠤᠯᠤᠭᠤᠷ ᠤᠨ ᠠᠵᠤ ᠦᠢᠯᠡᠰ ᠢ ᠪᠣᠶ ᠪᠣᠯᠭᠠᠬᠤ ᠶᠢᠨ ᠲᠣᠭᠤᠷᠢᠨ ᠳᠤ᠂ ᠨᠤᠤᠯᠤᠭᠤᠷ ᠢ ᠬᠤᠷᠢᠶᠠᠨ ᠬᠠᠳᠠᠭᠠᠯᠠᠬᠤ᠂ ᠨᠤᠤᠯᠤᠭᠤᠷ ᠤᠨ ᠰᠢᠨ᠎ᠡ ᠮᠠᠲ᠋ᠧᠷᠢᠶᠠᠯ ᠢ ᠰᠤᠳᠤᠯᠤᠨ ᠨᠡᠭᠡᠭᠡᠬᠦ᠂ ᠨᠤᠤᠯᠤᠭᠤᠷ ᠤᠨ ᠰᠡᠮᠡᠳᠡᠰᠦ ᠶᠢ ᠣᠶᠤᠨᠴᠢ ᠪᠠᠷ ᠦᠢᠯᠡᠳᠬᠦ᠂ ᠨᠤᠤᠯᠤᠭᠤᠷ ᠤᠨ ᠤᠤᠭᠠᠯ ᠡᠭᠦᠳᠦᠯᠲᠡ ᠶᠢᠨ ᠵᠢᠷᠤᠭ ᠲᠥᠯᠥᠪᠯᠡᠭᠡ ᠵᠢᠴᠢ ᠨᠤᠤᠯᠤᠭᠤᠷ ᠤᠨ ᠬᠤᠳᠠᠯᠳᠤᠨ ᠠᠪᠤᠭᠴᠢ ᠶᠢᠨ ᠲᠠᠪᠴᠠᠩ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠬᠤᠳᠠᠯᠳᠤᠭᠠᠴᠢᠨ ᠤᠷᠢᠬᠤ ᠠᠵᠢᠯ ᠢ ᠥᠷᠨᠢᠭᠦᠯᠦᠨ᠎ᠡ᠃ ᠵᠧᠵᠢᠶᠠᠩ᠂ ᠵᠢᠶᠠᠩᠰᠤ᠂ ᠱᠠᠨᠰᠢ ᠵᠢᠴᠢ ᠡᠷᠬᠢᠨ ᠲᠣᠭᠤᠷᠢᠨ ᠤ ᠪᠤᠭᠤᠲᠤ᠂ ᠤᠯᠠᠭᠠᠨᠬᠠᠳᠠ᠂ ᠨᠢᠩᠰᠢᠶᠠ ᠶᠢᠨ ᠯᠢᠩ ᠦ᠋ ᠵᠡᠷᠭᠡ ᠭᠠᠵᠠᠷ ᠤᠨ ᠨᠡᠬᠡᠮᠡᠯ ᠬᠤᠪᠴᠠᠰᠤᠨ ᠤ ᠠᠵᠤ ᠦᠢᠯᠡᠰ ᠤᠨ ᠪᠦᠯᠦᠭᠯᠡᠯ ᠳᠤ ᠬᠦᠷᠴᠦ ᠬᠤᠳᠠᠯᠳᠤᠭᠠᠴᠢᠨ ᠤᠷᠢᠬᠤ ᠠᠵᠢᠯᠯᠠᠭ᠎ᠠ ᠦᠷᠨᠢᠬᠦᠯᠦᠨ᠎ᠡ᠃ ᠭᠤᠷᠪᠠ ᠳᠤ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠣᠭᠤᠷᠢᠨ ᠳᠤ ᠬᠤᠳᠠᠯᠳᠤᠭᠠᠴᠢᠨ ᠤᠷᠢᠬᠤ ᠠᠵᠢᠯ ᠢ ᠥᠷᠨᠢᠭᠦᠯᠦᠨ᠎ᠡ᠃ ᠠᠷᠠᠯᠵᠢᠶ᠎ᠠ ᠬᠤᠳᠠᠯᠳᠤᠭ᠎ᠠ᠂ ᠣᠳᠣ ᠦᠶ᠎ᠡ ᠶᠢᠨ ᠪᠠᠷᠠᠭᠠᠨ ᠤ ᠭᠦᠢᠯᠭᠡᠭᠡ᠂ ᠬᠤᠳᠠᠯᠳᠤᠭᠠᠨ ᠤ ᠶᠠᠪᠤᠳᠠᠯ ᠤᠨ ᠴᠤᠭᠯᠠᠭᠠᠨ ᠦᠵᠡᠰᠬᠦᠯᠡᠩ ᠪᠠ ᠡᠮ ᠡᠮᠨᠡᠯᠭᠡ ᠡᠷᠡᠬᠦᠯᠵᠢᠯ ᠤᠨ ᠰᠤᠪᠢᠯᠠᠯᠲᠠ ᠶᠢᠨ ᠲᠦᠷᠪᠡᠨ ᠭᠤᠣᠯᠳᠠᠯᠭ᠎ᠠ ᠶᠢ ᠳᠣᠪᠤᠶᠢᠯᠭᠠᠵᠤ᠂ ᠡᠯ᠎ᠡ ᠲᠥᠷᠥᠯ ᠤᠨ ᠳᠡᠭᠡᠳᠦ ᠰᠤᠷᠭᠠᠭᠤᠯᠢ᠂ ᠣᠯᠠᠨ ᠤᠯᠤᠰ ᠤᠨ ᠬᠤᠳᠠᠯᠳᠤᠭᠠᠴᠢᠳ ᠤᠨ ᠡᠪᠯᠡᠯ᠂ ᠳᠤᠮᠳᠠᠳᠤ ᠤᠯᠤᠰ ᠤᠨ ᠣᠯᠠᠨ ᠤᠯᠤᠰ ᠤᠨ ᠦᠵᠡᠰᠬᠦᠯᠡᠩ ᠤᠨ ᠲᠥᠪ ᠤᠨ ᠪᠦᠯᠦᠭᠯᠡᠯ᠂ ᠸᠠᠨ ᠰᠢᠶᠠᠩ ᠪᠦᠯᠦᠭᠯᠡᠯ᠂ ᠹᠠᠩ ᠲᠧ ᠪᠦᠯᠦᠭᠯᠡᠯ ᠲᠠᠢ ᠢᠳᠡᠪᠬᠢᠲᠡᠢ ᠪᠠᠷ ᠵᠣᠯᠭᠠᠭᠤᠯᠵᠤ᠂ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠮᠠᠰᠢᠨ ᠲᠡᠷᠭᠡᠨ ᠤ ᠬᠡᠷᠡᠭᠯᠡᠭᠡ᠂ ᠬᠤᠨᠤᠭ ᠬᠤᠭᠤᠯᠠ ᠤᠮᠳᠠ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠭᠠᠳᠠᠭᠠᠳᠤ ᠠᠷᠠᠯᠵᠢᠶ᠎ᠠ ᠵᠡᠷᠭᠡ ᠠᠵᠢᠯ ᠲᠥᠷᠥᠯ ᠤᠨ ᠲᠣᠭᠤᠷᠢᠨ ᠳᠤ ᠲᠥᠷᠥᠯ ᠵᠦᠢᠯ ᠢ ᠴᠢᠮᠡᠭᠯᠡᠨ ᠤᠬᠠᠭᠠᠯᠠᠨ ᠲᠥᠯᠥᠪᠯᠡᠵᠦ᠂ ᠰᠠᠯᠪᠤᠷᠢ ᠪᠠᠭ᠎ᠠ ᠠᠩᠭᠢ ᠪᠠᠷ ᠬᠤᠳᠠᠯᠳᠤᠭᠠᠴᠢᠨ ᠤᠷᠢᠬᠤ ᠠᠵᠢᠯᠯᠠᠭ᠎ᠠ ᠶᠢ ᠥᠷᠨᠢᠭᠦᠯᠵᠦ᠂ ᠲᠠᠰ ᠳᠠᠪᠬᠤᠷᠭ᠎ᠠ ᠪᠠᠷ ᠥᠨᠳᠥᠷ᠂ ᠳᠤᠲᠠᠭᠤᠳᠠᠯ ᠢ ᠨᠥᠬᠦᠪᠦᠷᠢᠯᠡᠬᠦ᠂ ᠦᠷ᠎ᠡ ᠠᠰᠢᠭ ᠢᠶᠠᠷ ᠰᠠᠶᠢᠨ᠂ ᠳᠠᠶᠢᠴᠢᠯᠠᠯᠲᠠ ᠪᠠᠷ ᠴᠢᠩᠭ᠎ᠠ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠢ ᠣᠷᠣᠭᠤᠯᠤᠨ ᠠᠪᠴᠢᠷᠠᠬᠤ ᠪᠠᠷ ᠴᠢᠷᠮᠠᠶᠢᠨ᠎ᠠ᠃       ︵ᠭᠤᠷᠪᠠ︶ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠦᠴᠦ ᠪᠠᠨ ᠲᠥᠪᠯᠡᠷᠡᠭᠦᠯᠦᠨ᠂ ᠲᠥᠪᠯᠡᠷᠡᠭᠦᠯᠦᠨ ᠭᠠᠷ ᠤᠨ ᠥᠰᠥᠭ ᠵᠢᠷᠤᠬᠤ ᠶᠣᠰᠣᠯᠠᠯ ᠢ ᠡᠷᠭᠢᠯᠡᠨ᠎ᠡ       2024 ᠣᠨ ᠤ 1 ᠰᠠᠷ᠎ᠠ ᠶᠢᠨ ᠳᠤᠮᠳᠠᠴᠢ ᠰᠡᠬᠦᠯᠴᠢ ᠪᠠᠷ᠂ ᠡᠮᠦᠨᠡᠬᠢ ᠬᠤᠭᠤᠴᠠᠭᠠᠨ ᠤ ᠰᠣᠷᠪᠤᠯᠵᠢᠯᠠᠭ᠎ᠠ ᠵᠤᠯᠭᠠᠯᠴᠠᠭ᠎ᠠ᠂  ᠬᠤᠯᠪᠤᠭᠠᠯᠠᠨ ᠳᠠᠶᠢᠴᠢᠯᠠᠭᠰᠠᠨ ᠰᠠᠭᠤᠷᠢᠨ ᠳᠡᠬᠡᠷ᠎ᠡ᠂ ᠨᠢᠭᠡ ᠪᠦᠯᠦᠭ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠴᠢᠬᠤᠯᠠ ᠶᠡᠭᠡ ᠲᠥᠷᠥᠯ ᠵᠦᠢᠯ ᠢ ᠲᠥᠪᠯᠡᠷᠡᠭᠦᠯᠦᠨ ᠭᠡᠷ᠎ᠡ ᠲᠣᠭᠲᠠᠵᠤ᠂ ᠨᠢᠭᠡ ᠪᠦᠯᠦᠭ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠴᠢᠷᠮᠠᠶᠢᠨ ᠨᠥᠭᠡᠴᠡᠯᠡᠵᠦ᠂ ᠢᠷᠡᠬᠦ ᠵᠢᠯ ᠤᠨ ᠲᠥᠷᠥᠯ ᠵᠦᠢᠯ ᠤᠨ ᠠᠵᠢᠯ ᠡᠬᠢᠯᠡᠬᠦᠯᠬᠦ ᠳᠤ ᠰᠠᠭᠤᠷᠢ ᠳᠠᠯᠪᠢᠨ᠎ᠠ᠃      ︵ᠳᠥᠷᠪᠡ︶ ᠤᠳᠤᠷᠢᠳᠤᠯᠭ᠎ᠠ ᠠᠴᠠ ᠤᠷᠢᠳᠴᠢᠯᠠᠨ ᠵᠢᠯᠤᠭᠤᠳᠴᠤ᠂ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ  ᠪᠠᠶᠢᠭᠤᠯᠤᠨ᠎ᠠ      ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠢ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠬᠤᠳᠠᠯᠳᠤᠭᠠᠴᠢᠨ ᠤᠷᠢᠬᠤ ᠲᠥᠷᠥᠯ ᠵᠦᠢᠯ ᠳᠤ᠂ ︽ᠨᠢᠭᠡ ᠲᠥᠷᠥᠯ ᠵᠦᠢᠯ᠂ ᠨᠢᠭᠡ ᠤᠳᠤᠷᠢᠳᠤᠯᠭ᠎ᠠ᠂ ᠨᠢᠭᠡ ᠪᠦᠯᠦᠭ ᠬᠥᠮᠥᠨ᠂ ᠡᠴᠦᠰ ᠲᠤᠨᠢ ᠲᠤᠯᠲᠠᠯ᠎ᠠ ᠠᠳᠬᠤᠬᠤ︾ ᠵᠠᠷᠴᠢᠮ ᠶᠣᠰᠣᠭᠠᠷ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠤᠨ ᠰᠢᠶᠠᠨ ᠭᠠᠵᠠᠷ ᠤᠨ ᠲᠠᠰ ᠤᠨ ᠤᠳᠤᠷᠢᠳᠤᠯᠭ᠎ᠠ ᠠᠴᠠ ᠳᠠᠭᠠᠭᠠᠴᠢᠯᠠᠨ ᠪᠠᠳᠤᠯᠠᠬᠤ ᠲᠤ ᠠᠬᠢᠭᠤᠯᠤᠨ᠎ᠠ᠃ ᠳᠠᠭᠠᠭᠠᠴᠢᠯᠠᠨ ᠪᠠᠳᠤᠯᠠᠬᠤ ᠠᠵᠢᠯ ᠢ ᠲᠥᠷᠥᠯ ᠵᠦᠢᠯ ᠤᠨ ᠵᠥᠪᠳᠡᠯᠴᠡᠭᠡᠷ ᠬᠢᠬᠦ ᠬᠦᠷᠲᠡᠯ᠎ᠡ ᠦᠷᠭᠦᠯᠵᠢᠯᠡᠭᠦᠯᠵᠦ᠂ ᠬᠤᠶᠢᠰᠢ ᠪᠠᠨ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠬᠦᠷᠲᠡᠯ᠎ᠡ ᠮᠥᠷᠳᠡᠵᠦ᠂ ᠳᠠᠭᠠᠭᠠᠴᠢᠯᠠᠵᠤ ᠪᠠᠶᠢᠭ᠎ᠠ ᠤᠳᠤᠷᠢᠳᠤᠯᠭ᠎ᠠ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠳᠠᠭᠠᠭᠠᠴᠢᠯᠠᠵᠤ ᠪᠠᠶᠢᠭ᠎ᠠ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠰᠠᠷ᠎ᠠ ᠪᠦᠷᠢ ᠠᠳᠠᠭ ᠲᠠᠭᠠᠨ ᠨᠢᠭᠡ ᠤᠳᠠᠭ᠎ᠠ ᠲᠣᠬᠢᠷᠠᠭᠤᠯᠤᠨ᠎ᠠ᠃ ᠲᠥᠷᠥᠯ ᠵᠦᠢᠯ ᠤᠨ ᠬᠠᠷᠢᠭᠤᠴᠠᠯᠭᠠᠲᠤ ᠨᠢᠭᠡᠴᠡ ᠨᠢ ᠪᠣᠳᠠᠲᠠᠢ ᠬᠠᠷᠢᠭᠤᠴᠠᠯᠭ᠎ᠠ ᠶᠢ ᠡᠭᠦᠷᠭᠡᠯᠡᠵᠦ᠂ ᠲᠥᠷᠥᠯ ᠵᠦᠢᠯ ᠤᠨ ᠬᠠᠷᠢᠭᠤᠴᠠᠯᠭᠠᠲᠤ ᠤᠳᠤᠷᠢᠳᠤᠯᠭ᠎ᠠ ᠨᠢ ᠪᠣᠳᠠᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠃ ᠳᠠᠭᠠᠭᠠᠴᠢᠯᠠᠵᠤ ᠪᠠᠶᠢᠭ᠎ᠠ ᠤᠳᠤᠷᠢᠳᠤᠯᠭ᠎ᠠ ᠨᠢ ᠳᠤᠰ ᠪᠡᠶ᠎ᠡ ᠪᠠᠷ ᠢᠶᠠᠨ ᠲᠣᠬᠢᠷᠠᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠵᠤ᠂ ᠤᠷᠢᠳᠴᠢᠯᠠᠨ ᠵᠢᠯᠤᠭᠤᠳᠴᠤ᠂ ᠤᠳᠤᠷᠢᠳᠤᠯᠭ᠎ᠠ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠪᠥᠬᠦ ᠲᠠᠯ᠎ᠠ ᠶᠢᠨ ᠪᠥᠬᠦ ᠶᠠᠪᠤᠴᠠ ᠶᠢᠨ ᠵᠣᠬᠢᠶᠠᠨ ᠪᠠᠶᠢᠭᠤᠯᠵᠤ ᠵᠣᠬᠢᠴᠠᠭᠤᠯᠬᠤ ᠦᠢᠯᠡᠴᠢᠯᠡᠭᠡᠨ ᠤ ᠠᠵᠢᠯ ᠢ ᠰᠠᠶᠢᠲᠤᠷ  ᠬᠢᠨ᠎ᠡ᠃ ᠲᠥᠷᠥᠯ ᠵᠦᠢᠯ ᠤᠨ ᠬᠠᠷᠢᠭᠤᠴᠠᠯᠭᠠᠲᠤ ᠨᠢᠭᠡᠴᠡ ᠨᠢ ᠲᠥᠷᠥᠯ ᠵᠦᠢᠯ ᠢ ᠠᠬᠢᠭᠤᠯᠬᠤ ᠲᠥᠰᠥᠯ ᠢ ᠲᠤᠭᠤᠷᠪᠢᠨ ᠲᠣᠭᠲᠠᠭᠠᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠴᠢᠭ ᠢ ᠲᠣᠩᠭᠤᠷᠤᠭᠤᠯᠤᠨ ᠵᠢᠭᠰᠠᠭᠠᠵᠤ᠂ ᠪᠣᠳᠠᠲᠠᠢ ᠬᠠᠷᠢᠭᠤᠴᠠᠯᠭ᠎ᠠ ᠶᠢ  ᠨᠠᠶᠢᠳᠠᠪᠤᠷᠢᠵᠢᠭᠤᠯᠤᠨ᠎ᠠ᠃      ︵ᠲᠠᠪᠤ︶ ᠣᠷᠣᠨ ᠨᠤᠲᠤᠭ ᠤᠨ ᠣᠨᠴᠠᠯᠢᠭ ᠢ ᠳᠣᠪᠤᠶᠢᠯᠭᠠᠵᠤ᠂ ᠠᠬᠤᠢ ᠲᠠᠯᠠᠪᠠᠶ ᠳᠤ ᠬᠤᠳᠠᠯᠳᠤᠭᠠᠴᠢᠨ ᠤᠷᠢᠬᠤ ᠶᠢ ᠬᠡᠷᠡᠭᠵᠢᠭᠦᠯᠦᠨ᠎ᠡ       ᠳ᠋ᠦᠩᠱᠧᠩ ᠲᠣᠭᠤᠷᠢᠭ ᠤᠨ ᠤᠳᠤᠬᠠᠨ ᠳᠤ ᠰᠤᠯᠠ ᠪᠠᠶᠢᠭ᠎ᠠ ᠭᠠᠵᠠᠷ ᠰᠢᠷᠣᠢ᠂ ᠠᠰᠠᠷ ᠳᠠᠭᠳᠤ ᠶᠢᠨ ᠪᠦᠲᠦᠴᠡ ᠪᠠ ᠣᠨᠴᠠᠯᠢᠭ ᠢ ᠦᠨᠳᠦᠰᠦᠯᠡᠨ᠂ ᠠᠬᠤᠢ ᠲᠠᠯᠠᠪᠠᠶ ᠶᠢᠨ ᠬᠤᠳᠠᠯᠳᠤᠭᠠᠴᠢᠨ ᠤᠷᠢᠬᠤ ᠬᠡᠷᠡᠭᠴᠡᠭᠡ ᠱᠠᠭᠠᠷᠳᠠᠯᠭ᠎ᠠ ᠶᠢᠨ ᠬᠠᠩᠭᠠᠯᠭ᠎ᠠ ᠶᠢᠨ ᠨᠠᠷᠢᠨ ᠳᠠᠩᠰᠠ ᠶᠢ ᠲᠣᠭᠲᠠᠭᠠᠵᠤ᠂ ᠠᠬᠤᠢ ᠲᠠᠯᠠᠪᠠᠶ ᠶᠢᠨ ᠬᠤᠳᠠᠯᠳᠤᠭᠠᠴᠢᠨ ᠤᠷᠢᠬᠤ ᠤᠬᠠᠭᠤᠯᠭ᠎ᠠ ᠶᠢᠨ ᠳᠡᠪᠲᠡᠷ ᠢ ᠳᠠᠷᠤᠮᠠᠯᠯᠠᠨ ᠵᠣᠬᠢᠶᠠᠵᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ᠂ ᠮᠥᠩᠭᠦᠨ ᠭᠦᠢᠯᠭᠡᠭᠡ᠂ ᠰᠣᠶᠣᠯ ᠵᠢᠭᠤᠯᠴᠢᠯᠠᠯ ᠵᠡᠷᠭᠡ 10 ᠲᠥᠷᠥᠯ ᠵᠦᠢᠯ ᠢ ᠴᠢᠮᠡᠭᠯᠡᠨ ᠲᠥᠯᠥᠪᠯᠡᠵᠦ᠂ ᠬᠤᠲᠠ᠂ ᠲᠣᠭᠤᠷᠢᠭ ᠤᠨ ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠠᠵᠢᠯᠯᠠᠭ᠎ᠠ ᠲᠠᠢ ᠤᠶᠠᠯᠳᠤᠭᠤᠯᠤᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠬᠢᠭᠡᠳ ᠣᠷᠣᠨ ᠨᠤᠲᠤᠭ ᠤᠨ ᠠᠵᠤ ᠦᠢᠯᠡᠰ ᠤᠨ ᠬᠡᠯᠬᠢᠶ᠎ᠡ ᠶᠢᠨ ᠡᠬᠢ ᠪᠠᠶᠠᠯᠢᠭ ᠤᠨ ᠨᠠᠷᠢᠯᠢᠭ ᠣᠨᠣᠴᠠᠲᠠᠢ ᠪᠠᠷ ᠵᠣᠬᠢᠴᠠᠯᠳᠤᠬᠤ ᠶᠢ ᠢᠳᠡᠪᠬᠢᠲᠡᠢ ᠠᠬᠢᠭᠤᠯᠵᠤ᠂ ᠳ᠋ᠦᠩᠱᠧᠩ ᠲᠣᠭᠤᠷᠢᠭ ᠲᠤ ᠨᠠᠩ ᠣᠯᠠᠨ ᠨᠠᠩ ᠰᠠᠶᠢᠨ ᠴᠢᠨᠠᠷ ᠰᠠᠶᠢᠲᠠᠢ ᠲᠥᠷᠥᠯ ᠵᠦᠢᠯ ᠢ ᠨᠠᠷᠢᠯᠢᠭ ᠣᠨᠣᠴᠠᠲᠠᠢ ᠪᠠᠷ ᠣᠷᠣᠭᠤᠯᠤᠨ ᠠᠪᠴᠢᠷᠠᠨ᠎ᠠ᠃      ︵ᠵᠢᠷᠭᠤᠭ᠎ᠠ︶ ᠬᠤᠳᠠᠯᠳᠤᠭᠠᠴᠢᠨ ᠤᠷᠢᠬᠤ ᠡᠯᠴᠢᠨ ᠰᠠᠶᠢᠳ ᠢ ᠤᠷᠢᠨ ᠲᠣᠮᠢᠯᠠᠬᠤ ᠶᠣᠰᠣᠯᠠᠯ ᠢ ᠥᠷᠨᠢᠭᠦᠯᠵᠦ᠂ ᠬᠤᠳᠠᠯᠳᠤᠭᠠᠴᠢᠨ ᠤᠷᠢᠬᠤ ᠠᠷᠭ᠎ᠠ ᠵᠠᠮ ᠢ ᠥᠷᠭᠡᠳᠬᠡᠨ᠎ᠡ       2024 ᠣᠨ ᠤ 1 ᠰᠠᠷ᠎ᠠ ᠶᠢᠨ ᠳᠤᠮᠳᠠᠴᠢ ᠰᠡᠬᠦᠯᠴᠢ ᠪᠠᠷ ᠲᠥᠪᠯᠡᠷᠡᠭᠦᠯᠦᠨ ᠭᠡᠷ᠎ᠡ ᠲᠣᠭᠲᠠᠬᠤ ᠬᠤᠷᠠᠯ ᠳᠡᠭᠡᠷ᠎ᠡ ᠤᠷᠢᠨ ᠲᠣᠮᠢᠯᠠᠬᠤ ᠶᠣᠰᠣᠯᠠᠯ ᠶᠠᠪᠤᠭᠤᠯᠵᠤ᠂ ᠠᠵᠤ ᠠᠬᠤᠢ ᠬᠥᠭᠵᠢᠭᠰᠡᠨ᠂ ᠲᠡᠷᠢᠭᠦᠨ ᠤ ᠠᠵᠤ ᠦᠢᠯᠡᠰ ᠲᠥᠪᠯᠡᠷᠡᠭᠰᠡᠨ ᠭᠠᠵᠠᠷ ᠣᠷᠣᠨ ᠵᠢᠴᠢ ᠳ᠋ᠦᠩᠱᠧᠩ ᠲᠣᠭᠤᠷᠢᠭ ᠤᠨ ᠡᠯ᠎ᠡ ᠠᠵᠢᠯ ᠲᠥᠷᠥᠯ ᠤᠨ ᠳᠠᠭᠠᠭᠤᠯᠤᠭᠴᠢ ᠬᠥᠮᠥᠰ ᠤᠨ ᠳᠣᠲᠣᠷ᠎ᠠ ᠠᠴᠠ 10 ᠬᠤᠳᠠᠯᠳᠤᠭᠠᠴᠢᠨ ᠤᠷᠢᠬᠤ ᠡᠯᠴᠢᠨ ᠰᠠᠶᠢᠳ ᠢ ᠰᠣᠩᠭᠤᠨ ᠤᠷᠢᠵᠤ᠂ ᠳ᠋ᠦᠩᠱᠧᠩ ᠲᠣᠭᠤᠷᠢᠭ ᠢ ᠲᠥᠯᠥᠭᠡᠯᠡᠨ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ᠂ ᠪᠡᠯᠡ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ᠂ ᠭᠤᠣᠯᠳᠠᠯᠭ᠎ᠠ ᠲᠠᠢ ᠬᠥᠭᠵᠢᠭᠦᠯᠬᠦ ᠠᠵᠤ ᠦᠢᠯᠡᠰ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠢ ᠤᠬᠠᠭᠤᠯᠤᠨ ᠲᠠᠨᠢᠯᠴᠠᠭᠤᠯᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢᠨ ᠮᠡᠳᠡᠭᠡ ᠵᠠᠩᠭᠢ ᠶᠢ ᠴᠤᠭᠯᠠᠭᠤᠯᠬᠤ ᠶᠢᠨ ᠬᠠᠮᠲᠤ ᠬᠠᠩᠭᠠᠵᠤ᠂ ᠬᠠᠮᠢᠶ᠎ᠠ ᠪᠦᠬᠦᠢ ᠲᠥᠷᠥᠯ ᠵᠦᠢᠯ ᠤᠨ ᠵᠥᠪᠳᠡᠯᠴᠡᠬᠦ᠂ ᠭᠡᠷ᠎ᠡ ᠲᠣᠭᠲᠠᠬᠤ ᠵᠡᠷᠭᠡ ᠠᠵᠢᠯ ᠢ ᠬᠠᠪᠰᠤᠷᠤᠨ ᠰᠠᠶᠢᠲᠤᠷ ᠬᠢᠵᠦ᠂ ᠳ᠋ᠦᠩᠱᠧᠩ ᠲᠣᠭᠤᠷᠢᠭ ᠤᠨ ᠬᠤᠳᠠᠯᠳᠤᠭᠠᠴᠢᠨ ᠤᠷᠢᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠬᠤᠳᠠᠯᠳᠤᠭᠠᠴᠢᠨ ᠤᠷᠢᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠬᠤᠳᠠᠯᠳᠤᠭᠠᠴᠢᠨ ᠤᠷᠢᠬᠤ ᠠᠷᠭ᠎ᠠ ᠵᠠᠮ ᠢ ᠥᠷᠭᠡᠳᠬᠡᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠳ᠋ᠦᠩᠱᠧᠩ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠬᠠᠯᠠᠮᠵᠢᠯᠠᠨ ᠳᠡᠮᠵᠢᠬᠦ ᠶᠢ ᠭᠦᠢᠴᠡᠳ ᠳᠠᠶᠢᠴᠢᠯᠠᠵᠤ᠂ ᠳ᠋ᠦᠩᠱᠧᠩ ᠲᠣᠭᠤᠷᠢᠭ ᠤᠨ ᠠᠵᠤ ᠠᠬᠤᠢ ᠨᠡᠶᠢᠭᠡᠮ ᠤᠨ ᠦᠷᠭᠦᠯᠵᠢᠯᠡᠨ ᠬᠥᠭᠵᠢᠬᠦ ᠶᠢ ᠨᠠᠩ ᠰᠠᠶᠢᠲᠤᠷ ᠠᠬᠢᠭᠤᠯᠤᠨ᠎ᠠ᠃       ︵ᠳᠣᠯᠤᠭ᠎ᠠ︶ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠬᠤᠷᠠᠯᠳᠤᠭᠤᠯᠵᠤ᠂ ᠬᠤᠳᠠᠯᠳᠤᠭᠠᠴᠢᠨ ᠤᠷᠢᠬᠤ ᠰᠢᠨ᠎ᠡ ᠬᠥᠳᠡᠯᠭᠡᠬᠦ ᠬᠦᠴᠦᠨ ᠢ ᠬᠥᠭᠵᠢᠭᠡᠨ᠎ᠡ       ᠪᠦᠬᠦ ᠳᠤᠭᠤᠷᠢᠭ ᠢᠶᠠᠷ ᠢᠶᠠᠨ ᠦᠵᠡᠯ ᠰᠠᠨᠠᠭ᠎ᠠ ᠪᠠᠨ ᠴᠢᠯᠦᠭᠡᠯᠡᠵᠦ᠂ ᠰᠢᠨ᠎ᠡ ᠠᠷᠭ᠎ᠠ ᠬᠡᠯᠪᠡᠷᠢ ᠪᠠᠷ ᠬᠤᠳᠠᠯᠳᠤᠭᠠᠴᠢᠨ ᠤᠷᠢᠬᠤ ᠠᠵᠢᠯ ᠢ ᠠᠳᠬᠤᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠬᠦ ᠶᠢᠨ ᠲᠥᠯᠥᠭᠡ᠂ 2024 ᠣᠨ ᠤ 1 ᠰᠠᠷ᠎ᠠ ᠶᠢᠨ ᠳᠤᠮᠳᠠᠴᠢ ᠰᠡᠬᠦᠯᠴᠢ ᠪᠠᠷ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠬᠤᠷᠠᠯᠳᠤᠭᠤᠯᠬᠤ ᠪᠠᠷ ᠲᠥᠯᠥᠪᠯᠡᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠰᠢᠯᠭᠠᠨ ᠬᠢᠨᠠᠯᠳᠠ ᠳᠤ ᠡᠮᠦᠨ᠎ᠡ ᠳᠠᠪᠤ ᠳᠤ ᠤᠷᠤᠭᠰᠠᠨ ᠨᠢᠭᠡᠴᠡ ᠪᠠ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ 5 ᠠᠵᠢᠯᠲᠠᠨ ᠢ ᠬᠥᠬᠢᠭᠦᠯᠦᠨ ᠰᠠᠶᠢᠰᠢᠶᠠᠵᠤ᠂ ᠬᠦᠬᠢᠬᠦᠯᠦᠨ ᠰᠠᠶᠢᠰᠢᠶᠠᠬᠤ ᠪᠠᠷ ᠳᠠᠮᠵᠢᠨ ᠡᠷᠴᠢ ᠵᠣᠷᠢᠭ ᠢ ᠬᠦᠪᠴᠢᠯᠡᠵᠤ᠂ ᠰᠤᠷᠲᠠᠯ ᠢ ᠠᠬᠢᠭᠤᠯᠵᠤ᠂ ᠶᠠᠰᠤ ᠴᠢᠨᠠᠷ ᠢ ᠳᠡᠬᠡᠭᠰᠢᠯᠡᠬᠦᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠰᠢᠨ᠎ᠡ ᠥᠷᠨᠢᠯᠲᠡ ᠪᠠ ᠲᠥᠷᠥᠯ ᠵᠦᠢᠯ ᠢ ᠶᠡᠬᠡᠪᠡᠷ ᠠᠳᠬᠤᠬᠤ ᠰᠢᠨ᠎ᠡ ᠪᠠᠶᠢᠳᠠᠯ ᠢ ᠪᠤᠢ ᠪᠤᠯᠭᠠᠨ᠂ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃      ᠳᠥᠷᠪᠡ᠂ ᠠᠵᠢᠯ ᠤᠨ ᠱᠠᠭᠠᠷᠳᠠᠯᠭ᠎ᠠ       ︵ᠨᠢᠭᠡ︶ ᠦᠵᠡᠯ ᠰᠠᠨᠠᠭ᠎ᠠ ᠪᠠᠨ ᠨᠢᠬᠡᠳᠬᠡᠨ᠂ ᠲᠠᠨᠢᠯᠲᠠ ᠪᠠᠨ ᠳᠡᠬᠡᠭᠰᠢᠯᠡᠬᠦᠯᠬᠦ ᠬᠡᠷᠡᠭᠳᠡᠢ      ᠡᠪᠦᠯ ᠤᠨ ᠤᠯᠠᠷᠢᠯ ᠤᠨ ᠬᠤᠳᠠᠯᠳᠤᠭᠠᠴᠢᠨ ᠤᠷᠢᠬᠤ ᠠᠵᠢᠯᠯᠠᠭ᠎ᠠ ᠪᠣᠯ ᠳᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠡᠨᠡ ᠵᠢᠯ ᠤᠨ ᠬᠤᠳᠠᠯᠳᠤᠭᠠᠴᠢᠨ ᠤᠷᠢᠬᠤ ᠠᠵᠢᠯ ᠤᠨ ᠰᠢᠪᠲᠤᠯᠤᠯᠲᠠ ᠪᠠ ᠢᠷᠡᠬᠦ ᠵᠢᠯ ᠤᠨ ᠬᠤᠳᠠᠯᠳᠤᠭᠠᠴᠢᠨ ᠤᠷᠢᠬᠤ ᠠᠵᠢᠯ ᠤᠨ ᠡᠬᠢᠯᠡᠯᠲᠡ ᠳᠤ ᠬᠢᠭᠰᠡᠨ ᠨᠢᠬᠡᠨ ᠴᠢᠬᠤᠯᠠ ᠠᠵᠢᠯ ᠤᠨ ᠪᠠᠶᠢᠷᠢᠯᠠᠭᠤᠯᠤᠯᠲᠠ ᠪᠣᠯᠣᠨ᠎ᠠ᠂ ᠲᠣᠰ ᠲᠣᠰ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠡᠭᠦᠷᠭᠡᠯᠡᠵᠦ ᠪᠠᠶᠢᠭ᠎ᠠ ᠨᠢᠭᠡᠴᠡ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠢᠭᠡᠴᠡ ᠶᠢᠨ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠲᠦᠷᠦᠬᠦᠯᠡᠨ᠂ ᠨᠠᠷᠢᠨ ᠨᠢᠮᠪᠠᠢ ᠲᠣᠬᠢᠷᠠᠭᠤᠯᠤᠨ ᠪᠠᠶᠢᠷᠢᠯᠠᠭᠤᠯᠬᠤ ᠬᠡᠷᠡᠭᠳᠡᠢ᠃ ᠥᠨᠳᠥᠷ ᠪᠠᠷᠢᠮᠵᠢᠶ᠎ᠠ ᠲᠠᠢ ᠪᠠᠷᠢᠮᠵᠢᠶᠠᠯᠠᠵᠤ᠂ ᠥᠨᠳᠥᠷ ᠬᠦᠴᠦᠯᠡᠴᠡ ᠲᠠᠢ ᠦᠳᠲᠡᠷ ᠲᠦᠷᠭᠡᠨ ᠵᠣᠬᠢᠴᠠᠵᠤ᠂ ᠥᠨᠳᠥᠷ ᠶᠠᠰᠤ ᠴᠢᠨᠠᠷ ᠢ ᠴᠢᠷᠮᠠᠶᠢᠨ ᠬᠥᠭᠡᠭᠡᠴᠡᠯᠳᠦᠵᠦ᠂ ᠲᠤᠯᠭᠠᠮ᠎ᠠ ᠰᠡᠳᠬᠢᠯᠭᠡ᠂ ᠲᠦᠭᠰᠢᠭᠦᠷᠢᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠᠷ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠳᠤ ᠤᠷᠤᠯᠴᠠᠬᠤ ᠬᠡᠷᠡᠭᠳᠡᠢ᠃      ︵ᠬᠤᠶᠠᠷ︶ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠰᠢᠮᠳᠠᠭᠤᠯᠤᠨ ᠨᠠᠶᠢᠳᠠᠪᠤᠷᠢᠵᠢᠭᠤᠯᠬᠤ ᠬᠡᠷᠡᠭᠳᠡᠢ      ᠳ᠋ᠦᠩᠱᠧᠩ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤᠰ ᠤᠳᠠᠭᠠᠨ ᠤ ᠠᠵᠢᠯᠯᠠᠭᠠᠨ  ᠤ ᠪᠦᠬᠦ ᠲᠠᠯ᠎ᠠ ᠶᠢᠨ ᠵᠣᠬᠢᠴᠠᠭᠤᠯᠬᠤ ᠠᠵᠢᠯ ᠢ ᠬᠠᠷᠢᠭᠤᠴᠠᠵᠤ᠂ ᠡᠯ᠎ᠡ ᠠᠵᠤ ᠦᠢᠯᠡᠰ ᠤᠨ ᠬᠡᠯᠬᠢᠶ᠎ᠡ ᠶᠢᠨ ᠬᠡᠯᠬᠢᠶᠡᠨ ᠳᠠᠷᠤᠭ᠎ᠠ ᠳᠤᠰ ᠠᠵᠤ ᠦᠢᠯᠡᠰ ᠤᠨ ᠬᠡᠯᠬᠢᠶ᠎ᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠤ ᠨᠢᠭᠡᠴᠡ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠰᠠᠷ᠎ᠠ ᠳᠤ ᠨᠢᠭᠡ ᠤᠳᠠᠭ᠎ᠠ ᠲᠣᠬᠢᠷᠠᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠭᠦᠷᠭᠡ ᠶᠢ ᠡᠭᠦᠷᠭᠡᠯᠡᠵᠦ ᠪᠠᠶᠢᠭ᠎ᠠ ᠡᠯ᠎ᠡ ᠰᠠᠯᠠᠭ᠎ᠠ ᠮᠥᠴᠢᠷ ᠤᠳ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ ᠬᠤᠳᠠᠯᠳᠤᠭᠠᠴᠢᠨ ᠤᠷᠢᠬᠤ ᠠᠵᠢᠯ ᠢ ᠢᠳᠡᠪᠬᠢᠲᠡᠢ ᠥᠷᠨᠢᠭᠦᠯᠵᠦ᠂ ᠲᠥᠷᠥᠯ ᠵᠦᠢᠯ ᠤᠨ ᠮᠥᠷᠳᠡᠯᠲᠡ ᠶᠢ ᠤᠯᠠᠮ ᠨᠢᠭᠡ ᠠᠯᠬᠤᠮ ᠴᠢᠩᠭᠠᠷᠠᠭᠤᠯᠤᠨ᠂ ᠠᠵᠢᠯᠯᠠᠭ᠎ᠠ ᠳᠠᠭᠤᠰᠤᠭᠰᠠᠨ ᠤ ᠳᠠᠷᠠᠭ᠎ᠠ ᠪᠥᠬᠦ ᠲᠠᠯ᠎ᠠ ᠪᠠᠷ ᠳ᠋ᠦᠩᠨᠡᠬᠦ ᠶᠢᠨ ᠬᠠᠮᠲᠤ ᠪᠥᠬᠦ ᠳᠤᠭᠤᠷᠢᠭ ᠤᠨ ᠬᠡᠪᠴᠢᠶᠡᠨ ᠳᠤ ᠨᠡᠶᠢᠳᠡᠯᠡᠬᠦ ᠬᠡᠷᠡᠭᠳᠡᠢ᠃      ︵ᠭᠤᠷᠪᠠ︶ ᠤᠬᠠᠭᠤᠯᠭ᠎ᠠ ᠶᠢ ᠴᠢᠩᠭᠠᠳᠬᠠᠵᠤ᠂ ᠠᠭᠤᠷ ᠠᠮᠢᠰᠬᠤᠯ ᠢ ᠪᠣᠶ ᠪᠤᠯᠭᠠᠬᠤ ᠬᠡᠷᠡᠭᠳᠡᠢ      ᠰᠣᠨᠢᠨ ᠮᠡᠳᠡᠭᠡ ᠤᠬᠠᠭᠤᠯᠭ᠎ᠠ ᠶᠢᠨ ᠰᠠᠯᠠᠭ᠎ᠠ ᠮᠥᠴᠢᠷ ᠤᠳ ᠮᠠᠨ ᠤ ᠳᠤᠭᠤᠷᠢᠭ ᠤᠨ ᠡᠬᠢ ᠪᠠᠶᠠᠯᠢᠭ ᠤᠨ ᠳᠠᠪᠠᠭᠤᠯᠢᠭ᠂ ᠬᠥᠭᠵᠢᠯᠲᠡ ᠶᠢᠨ ᠣᠷᠴᠢᠨ ᠲᠣᠭᠤᠷᠢᠨ᠂ ᠬᠤᠳᠠᠯᠳᠤᠭᠠᠴᠢᠨ ᠤᠷᠢᠬᠤ ᠲᠥᠷᠥ ᠶᠢᠨ ᠪᠣᠳᠣᠯᠭ᠎ᠠ ᠵᠡᠷᠭᠡ ᠲᠠᠯ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠭᠦᠷᠭᠡ ᠶᠢ ᠡᠭᠦᠷᠭᠡᠯᠡᠵᠦ ᠪᠠᠶᠢᠭ᠎ᠠ ᠰᠠᠯᠠᠭ᠎ᠠ ᠮᠥᠴᠢᠷ ᠤᠨ ᠣᠯᠣᠭᠰᠠᠨ ᠠᠵᠢᠯ ᠤᠨ ᠦᠷ᠎ᠡ ᠪᠦᠲᠦᠭᠡᠯ ᠢ ᠢᠳᠡᠪᠬᠢᠲᠡᠢ ᠮᠡᠳᠡᠭᠡᠯᠡᠵᠦ᠂ ᠮᠠᠨ ᠤ ᠳᠤᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠳᠤ ᠬᠦᠴᠦᠨ ᠨᠡᠮᠡᠷᠢᠯᠡᠬᠦ ᠬᠡᠷᠡᠭᠳᠡᠢ᠃ᠳᠠᠭᠠᠯᠳᠤᠭᠤᠯᠤᠯ᠄ ᠳ᠋ᠦᠩᠱᠧᠩ ᠲᠣᠭᠤᠷᠢᠭ ᠤᠨ ︽ᠬᠤᠳᠠᠯᠳᠤᠭᠠᠴᠢᠨ ᠤᠷᠢᠬᠤ ᠡᠯᠴᠢᠨ ᠰᠠᠶᠢᠳ︾ ᠢ ᠤᠷᠢᠵᠤ ᠬᠡᠷᠡᠭᠯᠡᠬᠦ ᠶᠢ ᠢᠳᠡᠪᠬᠢᠲᠡᠢ ᠥᠷᠨᠢᠭᠦᠯᠬᠦ ᠲᠤᠬᠠᠢ ᠬᠡᠷᠡᠭᠵᠢᠭᠦᠯᠬᠦ ᠰᠠᠨᠠᠯ
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ