2023 ᠣᠨ ᠳᠤ ᠳ᠋ᠦᠩᠱᠧᠩ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠯᠳᠠ ᠶᠢᠨ ᠶᠡᠷᠦᠩᠬᠡᠢ ᠬᠡᠮᠵᠢᠶ᠎ᠡ 255.84 ᠳ᠋ᠦᠩᠰᠢᠭᠤᠷ ᠲᠥᠭᠦᠷᠢᠭ ᠲᠤ ᠬᠦᠷᠴᠦ᠂ ᠶᠡᠷᠦᠩᠬᠡᠢ ᠬᠡᠮᠵᠢᠶ᠎ᠡ ᠨᠢ ᠪᠦᠬᠦ ᠬᠤᠳᠠ ᠶᠢᠨ ᠨᠢᠭᠡᠳᠦᠭᠡᠷ ᠲᠤ ᠪᠠᠶᠢᠷᠢᠯᠠᠪᠠ
ᠨᠡᠶᠢᠲᠡᠯᠡᠭᠰᠡᠨ ᠴᠠᠭ᠄
2024/1/23
    2023 ᠣᠨ ᠳᠤ᠂ ᠳ᠋ᠦᠩᠱᠧᠩ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠯᠳᠠ ᠶᠢᠨ ᠶᠡᠷᠦᠩᠬᠡᠢ ᠬᠡᠮᠵᠢᠶ᠎ᠡ 255.84 ᠳ᠋ᠦᠩᠰᠢᠭᠤᠷ ᠲᠥᠭᠦᠷᠢᠭ ᠲᠤ ᠬᠦᠷᠴᠦ᠂ ᠶᠡᠷᠦᠩᠬᠡᠢ ᠬᠡᠮᠵᠢᠶ᠎ᠡ ᠨᠢ ᠪᠦᠬᠦ ᠬᠤᠳᠠ ᠶᠢᠨ ᠨᠢᠭᠡᠳᠦᠭᠡᠷ ᠲᠤ ᠪᠠᠶᠢᠷᠢᠯᠠᠵᠤ᠂ ᠠᠳᠠᠯᠢ ᠬᠤᠭᠤᠴᠠᠭᠠᠨ ᠤ ᠬᠢ ᠠᠴᠠ 9.1%  ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ 2013 ᠣᠨ ᠠᠴᠠ ᠨᠠᠰᠢᠬᠢ ᠬᠠᠮᠤᠭ ᠤᠨ ᠥᠨᠳᠥᠷ ᠬᠡᠮᠵᠢᠶᠡᠨ ᠳᠤ ᠬᠦᠷᠴᠦ᠂ ᠨᠡᠮᠡᠭᠳᠡᠯ ᠤᠨ ᠬᠤᠷᠳᠤᠴᠠ ᠨᠢ ᠪᠦᠬᠦ ᠤᠯᠤᠰ ᠤᠨ ᠬᠢ ᠠᠴᠠ 1.9 ᠵᠠᠭᠤᠨ ᠤ ᠬᠤᠪᠢ ᠥᠨᠳᠥᠷ ᠪᠣᠯᠵᠤ᠂ ᠥᠪᠡᠷᠲᠡᠭᠡᠨ ᠵᠠᠰᠠᠬᠤ ᠣᠷᠣᠨ ᠤ ᠬᠢ ᠠᠴᠠ 1 ᠵᠠᠭᠤᠨ ᠤ ᠬᠤᠪᠢ ᠥᠨᠳᠥᠷ ᠪᠣᠯᠵᠤ᠂ ᠪᠦᠬᠦ ᠬᠤᠳᠠ ᠶᠢᠨ ᠬᠢ ᠲᠠᠢ ᠲᠡᠩᠴᠡᠵᠡᠢ᠃ ᠡᠭᠦᠨ ᠳᠤ᠂ ᠬᠢᠵᠠᠭᠠᠷᠯᠠᠯ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠯᠳᠠ ᠶᠢᠨ ᠲᠤᠭ᠎ᠠ 131.89 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14% ᠪᠠᠷ ᠨᠡᠮᠡᠭᠳᠡᠪᠡ︔ ᠬᠢᠵᠠᠭᠠᠷᠯᠠᠯ ᠠᠴᠠ ᠳᠣᠷᠣᠭᠰᠢᠬᠢ ᠬᠡᠷᠡᠭᠯᠡᠭᠡᠨ ᠤ ᠡᠳ᠋ ᠤᠨ ᠵᠢᠵᠢᠭᠯᠡᠨ ᠪᠤᠷᠤᠯᠠᠭᠤᠯᠤᠯᠳᠠ ᠶᠢᠨ ᠲᠤᠭ᠎ᠠ 123.95 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.2% ᠨᠡᠮᠡᠭᠳᠡᠵᠡᠢ᠃     ᠢᠳᠡᠭᠡᠨ ᠤᠮᠳᠠᠭᠠᠨ ᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ᠲᠠᠸᠠᠷ ᠤᠨ ᠵᠢᠵᠢᠭᠯᠡᠨ ᠪᠤᠷᠤᠯᠠᠭᠤᠯᠤᠯᠳᠠ ᠠᠴᠠ ᠦᠨᠳᠦᠷ ᠪᠤᠯᠪᠠ     2023 ᠣᠨ ᠳᠤ᠂ ᠳ᠋ᠦᠩᠱᠧᠩ ᠲᠣᠭᠤᠷᠢᠭ ᠤᠨ ᠠᠵᠤ ᠠᠬᠤᠢ ᠨᠡᠶᠢᠭᠡᠮ ᠪᠦᠬᠦ ᠲᠠᠯ᠎ᠠ ᠪᠠᠷ ᠰᠡᠷᠭᠦᠵᠦ᠂ ᠬᠦᠷᠦᠯᠴᠡᠬᠦ ᠬᠡᠯᠪᠡᠷᠢ ᠶᠢᠨ ᠬᠡᠷᠡᠭᠯᠡᠭᠡᠨ ᠤ ᠬᠡᠷᠡᠭᠴᠡᠭᠡ ᠲᠠᠰᠤᠷᠠᠯᠲᠠ ᠦᠭᠡᠢ ᠨᠡᠮᠡᠭᠳᠡᠵᠦ᠂ ᠣᠨᠴᠠᠭᠠᠶᠢᠯᠠᠨ ᠰᠠᠭᠤᠭᠠᠯᠢ ᠠᠷᠠᠳ ᠤᠨ ᠭᠠᠳᠠᠭᠰᠢ ᠭᠠᠷᠴᠤ ᠵᠤᠭᠠᠴᠠᠬᠤ ᠪᠠ ᠬᠤᠷᠢᠮ ᠨᠠᠶᠢᠷ ᠵᠡᠷᠭᠡ ᠠᠵᠢᠯᠯᠠᠭ᠎ᠠ ᠣᠯᠠᠰᠢᠷᠠᠵᠤ᠂ ᠢᠳᠡᠭᠡᠨ ᠤᠮᠳᠠᠭᠠᠨ ᠤ ᠬᠡᠷᠡᠭᠯᠡᠭᠡᠨ ᠤ ᠲᠦᠷᠭᠡᠨ ᠨᠡᠮᠡᠭᠳᠡᠯ ᠢ ᠲᠠᠶᠢᠴᠢᠯᠠᠵᠠᠢ᠃ 2023 ᠣᠨ ᠳᠤ᠂ ᠳ᠋ᠦᠩᠱᠧᠩ ᠲᠣᠭᠤᠷᠢᠭ ᠤᠨ ᠬᠢᠵᠠᠭᠠᠷᠯᠠᠯ ᠠᠴᠠ ᠳᠡᠭᠡᠭᠰᠢᠬᠢ ᠢᠳᠡᠭᠡᠨ ᠤᠮᠳᠠᠭᠠᠨ ᠤ ᠣᠷᠣᠯᠭ᠎ᠠ 7.39 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 48.6% ᠪᠠᠷ ᠨᠡᠮᠡᠭᠳᠡᠵᠦ᠂ ᠢᠳᠡᠭᠡᠨ ᠤᠮᠳᠠᠭᠠᠨ ᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ᠲᠠᠸᠠᠷ ᠤᠨ ᠵᠢᠵᠢᠭᠯᠡᠨ ᠪᠤᠷᠤᠯᠠᠭᠤᠯᠤᠯᠳᠠ ᠠᠴᠠ 36.1 ᠵᠠᠭᠤᠨ ᠤ ᠬᠤᠪᠢ ᠥᠨᠳᠥᠷ ᠪᠣᠯᠵᠠᠢ᠃     ᠦᠨᠳᠦᠰᠦᠨ ᠠᠮᠢᠳᠤᠷᠠᠯ ᠤᠨ ᠬᠡᠷᠡᠭᠯᠡᠭᠡ ᠲᠣᠭᠲᠠᠭᠤᠨ ᠪᠠᠶᠢᠳᠠᠯ ᠢᠶᠠᠨ ᠪᠠᠲᠤᠯᠠᠪᠠ     2023 ᠣᠨ ᠤ ᠬᠢᠵᠠᠭᠠᠷᠯᠠᠯ ᠠᠴᠠ ᠳᠡᠭᠡᠭᠰᠢᠬᠢ ᠨᠢᠭᠡᠴᠢ ᠲᠠᠸᠠᠷ ᠤᠨ ᠬᠡᠷᠡᠭᠯᠡᠭᠡᠨ ᠤ ᠳᠣᠲᠣᠷ᠎ᠠ᠂ ᠠᠮᠤ ᠲᠣᠰᠣ᠂ ᠢᠳᠡᠭᠡᠨ ᠤ ᠲᠥᠷᠥᠯ ᠤᠨ ᠲᠠᠸᠠᠷ ᠤᠨ ᠵᠢᠵᠢᠭᠯᠡᠨ ᠪᠤᠷᠤᠯᠠᠭᠤᠯᠤᠯᠳᠠ ᠶᠢᠨ ᠲᠤᠭ᠎ᠠ ᠠᠳᠠᠯᠢ ᠬᠤᠭᠤᠴᠠᠭᠠᠨ ᠤ ᠬᠢ ᠠᠴᠠ 8.3% ᠪᠠᠷ ᠨᠡᠮᠡᠭᠳᠡᠵᠡᠢ︔ ᠬᠤᠪᠴᠠᠰᠤ ᠬᠤᠨᠠᠷ᠂ ᠱᠠᠬᠠᠢ ᠮᠠᠯᠠᠭᠠᠢ᠂ ᠨᠡᠬᠡᠮᠡᠯ ᠤᠨ ᠲᠥᠷᠥᠯ ᠤᠨ ᠲᠠᠸᠠᠷ ᠤᠨ ᠵᠢᠵᠢᠭᠯᠡᠨ ᠪᠤᠷᠤᠯᠠᠭᠤᠯᠤᠳᠠ ᠶᠢᠨ ᠲᠤᠭ᠎ᠠ ᠠᠳᠠᠯᠢ ᠬᠤᠭᠤᠴᠠᠭᠠᠨ ᠤ ᠬᠢ ᠠᠴᠠ 40.6% ᠪᠠᠷ ᠨᠡᠮᠡᠭᠳᠡᠪᠡ︔ ᠨᠣᠮ ᠰᠡᠳᠬᠦᠯ ᠤᠨ ᠲᠥᠷᠥᠯ ᠤᠨ ᠲᠠᠸᠠᠷ ᠤᠨ ᠵᠢᠵᠢᠭᠯᠡᠨ ᠪᠤᠷᠤᠯᠠᠭᠤᠯᠤᠯᠳᠠ ᠶᠢᠨ ᠲᠤᠭ᠎ᠠ ᠠᠳᠠᠯᠢ ᠬᠤᠭᠤᠴᠠᠭᠠᠨ ᠤ ᠬᠢ ᠠᠴᠠ 66.3% ᠪᠠᠷ ᠨᠡᠮᠡᠭᠳᠡᠪᠡ︔ ᠭᠡᠷ ᠤᠨ ᠴᠠᠬᠢᠯᠭᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ ᠤᠨ ᠲᠠᠸᠠᠷ ᠤᠨ ᠵᠢᠵᠢᠭᠯᠡᠨ ᠪᠤᠷᠤᠯᠠᠭᠤᠯᠤᠯᠳᠠ ᠶᠢᠨ ᠲᠤᠭ᠎ᠠ ᠠᠳᠠᠯᠢ ᠬᠤᠭᠤᠴᠠᠭᠠᠨ ᠤ ᠬᠢ ᠠᠴᠠ 34.6% ᠪᠠᠷ ᠨᠡᠮᠡᠭᠳᠡᠪᠡ᠂ ᠡᠭᠦᠨ ᠳᠤ᠂ ᠡᠨᠧᠷᠭᠢ ᠶᠢᠨ ᠠᠰᠢᠭᠯᠠᠮᠵᠢ ᠶᠢᠨ ᠲᠠᠰ ᠨᠢ 1 ᠲᠠᠰ ᠪᠠ 2 ᠲᠠᠰ ᠤᠨ ᠲᠠᠸᠠᠷ ᠤᠨ ᠵᠢᠵᠢᠭᠯᠡᠨ ᠪᠤᠷᠤᠯᠠᠭᠤᠯᠤᠯᠳᠠ ᠶᠢᠨ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 142.1% ᠪᠠᠷ ᠨᠡᠮᠡᠭᠳᠡᠪᠡ︔ ᠤᠮᠳᠠᠭᠠᠨ ᠤ ᠵᠦᠢᠯ᠂ ᠠᠯᠲᠠ ᠮᠥᠩᠭᠦ ᠰᠤᠪᠤᠳ ᠡᠷᠳᠡᠨᠢ᠂ ᠪᠡᠶ᠎ᠡ ᠶᠢᠨ ᠲᠠᠮᠢᠷ᠂ ᠵᠤᠭ᠎ᠠ ᠴᠡᠩᠭᠡᠯ ᠤᠨ ᠬᠡᠷᠡᠭᠯᠡᠭᠡᠨ ᠤ ᠵᠦᠢᠯ ᠤᠨ ᠲᠥᠷᠥᠯ ᠵᠡᠷᠭᠡ ᠲᠠᠰ ᠳᠡᠪᠰᠢᠭᠦᠯᠬᠦ ᠲᠥᠷᠥᠯ ᠤᠨ ᠲᠠᠸᠠᠷ ᠤᠨ ᠬᠡᠷᠡᠭᠴᠡᠭᠡ ᠱᠠᠭᠠᠷᠳᠠᠯᠭ᠎ᠠ ᠨᠡᠮᠡᠭᠳᠡᠵᠦ᠂ ᠲᠦᠷᠦᠭᠦᠸ ᠵᠢᠯ ᠤᠨ ᠠᠳᠠᠯᠢ ᠬᠤᠭᠤᠴᠠᠭᠠᠨ ᠤ ᠬᠢ ᠠᠴᠠ ᠲᠣᠰ ᠲᠣᠰ 14.2%᠂ 33.3%᠂ 20.8% ᠪᠠᠷ ᠨᠡᠮᠡᠭᠳᠡᠪᠡ᠃     ᠨᠥᠬᠦᠪᠦᠷᠢ ᠶᠢᠨ ᠲᠥᠷᠥ ᠶᠢᠨ ᠪᠣᠳᠣᠯᠭ᠎ᠠ ᠪᠠᠷ ᠮᠠᠰᠢᠨ ᠲᠡᠷᠭᠡᠨ ᠤ ᠪᠣᠷᠣᠯᠠᠭᠤᠯᠤᠯᠲᠠ ᠶᠢ ᠳᠠᠶᠢᠴᠢᠯᠠᠪᠠ     ᠡᠨᠡ ᠵᠢᠯ ᠠᠴᠠ ᠨᠠᠰᠢ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠮᠡᠷᠭᠡᠵᠢᠯ ᠤᠨ ᠳᠡᠰ ᠳᠠᠪᠰᠢᠯᠲᠠ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠠᠰᠤᠷᠠᠯᠲᠠ ᠦᠭᠡᠢ ᠲᠡᠭᠦᠯᠳᠡᠷᠵᠢᠯᠲᠡ᠂ ᠬᠤᠳᠠᠯᠳᠤᠨ ᠠᠪᠬᠤ ᠭᠠᠶᠢᠯᠢ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢᠨ ᠰᠡᠳᠦᠯᠲᠡ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠰᠢᠨ᠎ᠡ ᠡᠨᠧᠷᠬᠢ ᠶᠢᠨ ᠮᠠᠰᠢᠨ ᠲᠡᠷᠭᠡ ᠬᠤᠳᠠᠯᠳᠤᠨ ᠠᠪᠬᠤ ᠳᠤ ᠨᠥᠬᠦᠪᠦᠷᠢ ᠥᠭᠬᠦ ᠠᠯᠢ ᠣᠯᠠᠨ ᠲᠥᠷᠥ ᠶᠢᠨ ᠪᠣᠳᠣᠯᠭ᠎ᠠ ᠨᠡᠶᠢᠲᠡᠯᠡᠭᠰᠡᠨ ᠵᠡᠷᠭᠡ ᠬᠦᠴᠦᠨ ᠵᠦᠢᠯ ᠤᠨ ᠨᠥᠯᠥᠭᠡᠯᠡᠯ ᠵᠢᠴᠢ ᠡᠯ᠎ᠡ ᠲᠣᠮᠣ ᠨᠠᠷᠠᠲᠤ ᠲᠡᠮᠳᠡᠭᠲᠦ ᠶᠢᠨ ᠮᠠᠰᠢᠨ ᠲᠡᠷᠭᠡᠨ ᠤ ᠦᠢᠯᠡᠳᠪᠦᠷᠢ ᠶᠢᠨ  ᠬᠢᠨ ᠬᠥᠮᠥᠷᠭᠡ ᠶᠢᠨ ᠬᠠᠳᠠᠭᠠᠯᠠᠯᠲᠠ ᠪᠠᠨ ᠪᠠᠭᠠᠰᠬᠠᠬᠤ 4S ᠳᠡᠯᠭᠡᠭᠦᠷ ᠤᠨ ᠬᠤᠯᠪᠣᠭᠳᠠᠯ ᠪᠦᠬᠦᠢ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠮᠠᠰᠢᠨ ᠲᠡᠷᠭᠡᠨ ᠤ ᠠᠵᠤ ᠠᠬᠤᠶᠢᠯᠠᠯ ᠤᠨ ᠪᠣᠷᠤᠯᠠᠭᠤᠯᠭ᠎ᠠ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠮᠠᠰᠢᠨ ᠲᠡᠷᠭᠡᠨ ᠤ ᠪᠣᠷᠤᠯᠠᠭᠤᠯᠭ᠎ᠠ ᠶᠢ ᠲᠦᠷᠭᠡᠪᠴᠢᠯᠡᠨ ᠰᠡᠷᠭᠦᠭᠡᠬᠦ ᠶᠢ ᠳᠠᠶᠢᠴᠢᠯᠠᠪᠠ᠃ 2023 ᠣᠨ ᠳᠤ᠂ ᠳ᠋ᠦᠩᠱᠧᠩ ᠲᠣᠭᠤᠷᠢᠭ ᠤᠨ ᠬᠢᠵᠠᠭᠠᠷᠯᠠᠯ ᠠᠴᠠ ᠳᠡᠭᠡᠭᠰᠢᠬᠢ ᠮᠠᠰᠢᠨ ᠲᠡᠷᠭᠡᠨ ᠤ ᠵᠢᠵᠢᠭᠯᠡᠨ ᠪᠤᠷᠤᠯᠠᠭᠤᠯᠤᠯᠳᠠ  ᠶᠢᠨ ᠲᠤᠭ᠎ᠠ 79.35 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7% ᠪᠠᠷ ᠨᠡᠮᠡᠭᠳᠡᠨ᠂ ᠬᠢᠵᠠᠭᠠᠷᠯᠠᠯ ᠠᠴᠠ ᠳᠡᠭᠡᠭᠰᠢᠬᠢ ᠨᠢᠭᠡᠴᠢ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠯᠳᠠ ᠶᠢᠨ ᠲᠤᠭ᠎ᠠ 4.5 ᠵᠠᠭᠤᠨ ᠤ ᠬᠤᠪᠢ ᠨᠡᠮᠡᠭᠳᠡᠪᠡ᠃ ᠡᠭᠦᠨ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠨᠡᠮᠡᠭᠳᠡᠯ ᠤᠨ ᠬᠠᠨᠳᠤᠰᠢ ᠨᠡᠯᠢᠶᠡᠳ ᠲᠦᠷᠭᠡᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 74% ᠪᠠᠷ ᠨᠡᠮᠡᠭᠳᠡᠵᠡᠢ᠃     ᠰᠦᠯᠵᠢᠶᠡᠨ ᠳᠡᠭᠡᠷᠡᠬᠢ ᠬᠡᠷᠡᠭᠯᠡᠭᠡᠨ ᠤ ᠠᠮᠢᠵᠢᠷᠠᠯ ᠤᠨ ᠬᠦᠴᠦᠨ ᠨᠡᠮᠡᠭᠳᠡᠪᠡ     ᠰᠢᠭᠤᠳ ᠨᠡᠪᠲᠡᠷᠡᠭᠦᠯᠭᠡ ᠪᠠᠷ ᠪᠠᠷᠠᠭ᠎ᠠ ᠪᠤᠷᠤᠯᠠᠭᠤᠯᠬᠤ᠂ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠴᠤ ᠲᠣᠬᠢᠷᠠᠭᠤᠯᠤᠨ ᠬᠦᠷᠭᠡᠬᠦ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠤᠨ ᠲᠦᠷᠭᠡᠨ ᠬᠥᠭᠵᠢᠬᠦ ᠶᠢ ᠳᠠᠭᠠᠯᠳᠤᠨ᠂ ᠳ᠋ᠦᠩᠱᠧᠩ ᠲᠣᠭᠤᠷᠢᠭ ᠤᠨ ᠰᠦᠯᠵᠢᠶᠡᠨ ᠳᠡᠭᠡᠷᠡᠬᠢ ᠬᠡᠷᠡᠭᠯᠡᠭᠡᠨ ᠤ ᠠᠮᠢᠵᠢᠷᠠᠯ ᠤᠨ ᠬᠦᠴᠦᠨ ᠨᠡᠮᠡᠭᠳᠡᠪᠡ᠃ 2023 ᠣᠨ ᠳᠤ ᠳ᠋ᠦᠩᠱᠧᠩ ᠲᠣᠭᠤᠷᠢᠭ ᠤᠨ ᠬᠢᠵᠠᠭᠠᠷᠯᠠᠯ ᠠᠴᠠ ᠳᠡᠭᠡᠭᠰᠢᠬᠢ ᠰᠦᠯᠵᠢᠶ᠎ᠡ ᠪᠠᠷ ᠳᠡᠮᠵᠢᠨ ᠪᠡᠶᠡᠯᠡᠭᠦᠯᠦᠭᠰᠡᠨ ᠲᠠᠸᠠᠷ ᠤᠨ ᠵᠢᠵᠢᠭᠯᠡᠨ ᠪᠤᠷᠤᠯᠠᠭᠤᠯᠤᠯᠳᠠ ᠶᠢᠨ ᠲᠤᠭ᠎ᠠ 7.42 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26.1% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠬᠢᠵᠠᠭᠠᠷᠯᠠᠯ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠯᠳᠠ ᠶᠢᠨ ᠲᠤᠭ᠎ᠠ ᠠᠴᠠ 12.1 ᠵᠠᠭᠤᠨ ᠤ ᠬᠤᠪᠢ ᠥᠨᠳᠥᠷ ᠪᠣᠯᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ