【 ᠬᠤᠶᠠᠷ ᠬᠤᠷᠠᠯ 2024】ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2024/1/24
   1 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯ ᠦᠪᠡᠳᠡᠭᠰᠢ ᠶᠡᠭᠡ ᠪᠠᠷ ᠡᠬᠢᠯᠡᠪᠡ᠃   ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠳᠤ ᠨᠡᠶᠢᠳᠠ 190 ᠭᠡᠰᠢᠭᠦᠨ ᠲᠠᠢ᠂ ᠶᠡᠭᠡ ᠬᠤᠷᠠᠯ ᠳᠤ 173 ᠭᠡᠰᠢᠭᠦᠨ ᠣᠷᠣᠯᠴᠠᠵᠤ᠂ ᠬᠠᠤᠯᠢ ᠳᠤ ᠲᠤᠭᠳᠠᠭᠠᠭᠰᠡᠨ ᠬᠥᠮᠦᠨ ᠤ ᠲᠤᠭ᠎ᠠ ᠳᠤ ᠨᠡᠶᠢᠴᠡᠪᠡ᠃   ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠵᠢᠢ ᠫᠢᠩ ᠨᠠᠷ ᠬᠤᠷᠠᠯ ᠳᠤ ᠣᠷᠣᠯᠴᠠᠵᠤ ᠪᠠᠶᠠᠷ ᠬᠦᠷᠭᠡᠪᠡ᠃
微信图片_20240123135004.jpg
   ᠳ᠋ᠦᠩᠱᠧᠩ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠬᠠᠨ ᠶᠣᠣ ᠲᠢᠩ ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠪᠠ᠃   ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠵᠠᠩ ᠵᠢᠶᠦ᠋ᠨ ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠰᠠᠨᠠᠯ ᠳᠤᠷᠠᠳᠤᠯᠭ᠎ᠠ ᠶᠢᠨ ᠠᠵᠢᠯ ᠤᠨ ᠲᠤᠬᠠᠢ ᠮᠡᠳᠡᠭᠦᠯᠦᠯᠲᠡ ᠬᠢᠪᠠ᠃   ᠡᠬᠢᠯᠡᠯᠲᠡ ᠶᠢᠨ ᠶᠡᠭᠡ ᠬᠤᠷᠠᠯ ᠢ ᠳ᠋ᠦᠩᠱᠧᠩ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠱᠢ ᠮᠤᠤ ᠯᠢᠨ ᠡᠷᠬᠢᠯᠡᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ