ᠳ᠋ᠦᠩᠱᠧᠩ ᠲᠤᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠮᠢᠩᠭᠠᠨ ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠪᠠ
ᠨᠡᠶᠢᠲᠡᠯᠡᠭᠰᠡᠨ ᠴᠠᠭ᠄
2024/1/24
    2023 ᠣᠨ ᠳᠤ᠂ ᠳ᠋ᠦᠩᠱᠧᠩ ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠮᠢᠩᠭᠠᠨ ᠳ᠋ᠦᠩᠰᠢᠭᠤᠷ ᠤᠨ ᠪᠣᠭᠤᠮᠲᠠ ᠶᠢ ᠳᠠᠪᠠᠵᠤ᠂ 1030.51 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11% ᠪᠠᠷ ᠨᠡᠮᠡᠭᠳᠡᠪᠡ᠃ ᠨᠡᠮᠡᠭᠳᠡᠯ ᠤᠨ ᠬᠤᠷᠳᠤᠴᠠ ᠪᠦᠬᠦ ᠬᠤᠳᠠ ᠳᠤ ᠲᠡᠷᠢᠭᠦᠯᠡᠵᠦ᠂ 2012 ᠣᠨ ᠠᠴᠠ ᠨᠠᠰᠢᠬᠢ ᠰᠢᠨ᠎ᠡ ᠲᠡᠮᠳᠡᠭᠯᠡᠯ ᠢ ᠡᠭᠦᠳᠪᠡ᠃     ᠠᠵᠤ ᠦᠢᠯᠡᠰ ᠢᠶᠠᠷ ᠬᠤᠪᠢᠶᠠᠪᠠᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 2.40 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.4% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 451.59 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 576.52 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.6% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ  ᠶᠢᠨ ᠬᠠᠷᠢᠴᠠᠯ ᠨᠢ 0.23᠄ 43.82᠄ 55.95 ᠪᠤᠯᠤᠨ᠎ᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ