【 ᠬᠤᠶᠠᠷ ᠬᠤᠷᠠᠯ 2024】ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ  ᠤᠳᠠᠭᠠᠨ ᠤ ᠬᠤᠷᠠᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2024/1/25
      1 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠦᠪᠡᠳᠡᠭᠰᠢ ᠶᠡᠬᠡᠪᠡᠷ ᠡᠬᠢᠯᠡᠪᠡ᠃       ᠲᠤᠰ ᠤᠳᠠᠭᠠᠨ ᠤ  ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 191 ᠨᠡᠷ᠎ᠡ ᠪᠠᠶᠢᠵᠤ᠂ ᠶᠡᠭᠡ ᠬᠤᠷᠠᠯ ᠳᠤ 175 ᠨᠡᠷ᠎ᠡ ᠲᠦᠯᠦᠬᠡᠯᠡᠭᠴᠢ ᠤᠷᠤᠯᠴᠠᠨ᠂ ᠬᠠᠤᠯᠢ ᠳᠤ ᠲᠣᠭᠲᠠᠭᠠᠭᠰᠠᠨ ᠬᠥᠮᠥᠨ ᠤ  ᠳᠤᠭᠠᠨ ᠳᠤ ᠨᠡᠶᠢᠴᠡᠪᠡ᠃      ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠭᠤᠤ ᠢ ᠳ᠋ᠦᠩ ᠬᠤᠷᠠᠯ ᠳᠤ ᠣᠷᠣᠯᠴᠠᠪᠠ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠵᠢᠢ ᠫᠢᠩ ᠬᠤᠷᠠᠯ ᠢ ᠡᠷᠬᠢᠯᠡᠪᠡ᠃ ᠬᠠᠨ ᠲᠤᠤ᠂ ᠬᠠᠨ ᠶᠣᠣ ᠲᠢᠩ ᠵᠡᠷᠭᠡ ᠲᠡᠷᠢᠭᠦᠯᠡᠭᠴᠢᠳ ᠤᠨ ᠪᠦᠯᠬᠦᠮ ᠤᠨ ᠪᠤᠰᠤᠳ ᠪᠦᠷᠢᠯᠳᠦᠭᠦᠨ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃
640.jpg
      ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠤᠭᠤᠷᠢᠭ ᠤᠨ ᠳᠠᠷᠤᠭ᠎ᠠ ᠬᠠᠨ ᠲᠤᠤ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃ ᠳ᠋ᠦᠩᠱᠧᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ ᠳ᠋ᠦᠩᠱᠧᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠳ᠋ᠦᠩᠱᠧᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠬᠦᠯᠦᠯᠳᠡ ᠬᠢᠵᠡᠢ᠃ ᠬᠤᠷᠠᠯ ᠠᠴᠠ ᠪᠠᠰᠠ ᠳ᠋ᠦᠩᠱᠧᠩ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ᠂ ᠳ᠋ᠦᠩᠱᠧᠩ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠪᠣᠯᠣᠨ ᠪᠤᠰᠤᠳ ᠬᠤᠯᠪᠣᠭᠳᠠᠯ ᠪᠦᠬᠦᠢ ᠮᠡᠳᠡᠭᠦᠯᠦᠯᠲᠡ ᠶᠢ ᠰᠣᠨᠣᠰᠴᠠᠢ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ