| ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 24 ᠤ ᠴᠠᠭᠢᠯᠭᠠᠨ ᠮᠡᠳᠡᠭᠡ 1 ᠰᠠᠷ᠎ᠠ ᠶᠢᠨ 24 ᠤ ᠡᠳᠦᠷ ᠤᠨ 15 ᠴᠠᠭ 30 ᠮᠢᠨᠦ᠋ᠲ ᠤᠨ | ᠦᠶ᠎ᠡ ᠪᠠᠷ ᠵᠢᠶᠠᠩᠰᠢ ᠶᠢᠨ ᠰᠢᠨ ᠢᠦᠢ ᠬᠤᠲᠠ ᠶᠢᠨ ᠢᠦᠢ ᠱᠦᠢ ᠲᠣᠭᠤᠷᠢᠭ ᠤᠨ ᠵᠡᠭᠡᠯᠢ ᠳᠠᠭᠠᠤ ᠶᠢᠨ ᠨᠢᠭᠡᠨ ᠳᠡᠯᠭᠡᠭᠦᠷ ᠲᠤ ᠭᠠᠯ ᠤᠨ ᠭᠠᠮᠰᠢᠭ ᠭᠠᠷᠴᠠᠢ᠃ | ᠣᠳᠣᠬᠠᠨ ᠪᠤᠯᠲᠠᠯ᠎ᠠ 39 ᠬᠥᠮᠥᠨ ᠠᠳᠡᠵᠦ᠂ 9 ᠬᠥᠮᠥᠨ ᠰᠢᠷᠬᠠᠲᠤᠵᠤ᠂ ᠪᠠᠰᠠ ᠬᠥᠮᠥᠨ ᠬᠠᠷ᠎ᠠ ᠬᠠᠰᠢᠭᠳᠠᠵᠤ ᠪᠠᠶᠢᠨ᠎ᠠ᠃ | ᠠᠳᠡᠯ ᠡᠭᠦᠰᠦᠭᠰᠡᠨ ᠤ ᠳᠠᠷᠠᠭ᠎ᠠ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠨ ᠪᠥᠭᠡᠳ ᠴᠢᠬᠤᠯᠠ ᠵᠢᠭᠠᠪᠤᠷᠢ ᠥᠭᠴᠦ᠂ ᠵᠢᠶᠠᠩᠰᠢ ᠶᠢᠨ ᠰᠢᠨ ᠢᠦᠢ | ᠬᠤᠲᠠ ᠶᠢᠨ ᠢᠦᠢ ᠱᠦᠢ ᠲᠣᠭᠤᠷᠢᠭ ᠤᠨ ᠵᠡᠭᠡᠯᠢ ᠳᠠᠭᠠᠤ ᠶᠢᠨ ᠨᠢᠭᠡᠨ ᠳᠡᠯᠭᠡᠭᠦᠷ ᠲᠤ ᠭᠠᠯ ᠤᠨ ᠭᠠᠮᠰᠢᠭ ᠭᠠᠷᠴᠤ᠂ ᠬᠥᠮᠥᠨ ᠬᠠᠷ᠎ᠠ ᠬᠦᠨᠳᠦ ᠨᠣᠴᠢᠲᠠᠢ ᠠᠳᠡᠵᠦ | ᠰᠢᠷᠬᠠᠲᠤᠵᠠᠢ᠃ ᠰᠢᠷᠬᠠᠲᠤᠭᠰᠠᠳ ᠢ ᠪᠦᠭᠦ ᠬᠦᠴᠦ ᠪᠠᠷ ᠢᠶᠠᠨ ᠠᠪᠤᠷᠠᠨ ᠡᠮᠨᠡᠵᠦ᠂ ᠠᠳᠡᠭᠰᠡᠳ ᠤᠨ ᠭᠡᠷ ᠪᠦᠯᠢ ᠶᠢᠨ ᠬᠢᠨ ᠢ ᠲᠣᠬᠤᠨᠢᠭᠤᠯᠬᠤ ᠵᠡᠷᠭᠡ ᠠᠵᠢᠯ ᠢ | ᠲᠣᠬᠢᠲᠠᠢ ᠰᠠᠶᠢᠲᠤᠷ ᠬᠢᠬᠦ ᠬᠡᠷᠡᠭᠲᠡᠢ᠃ ᠡᠨᠡ ᠪᠣᠯ ᠣᠶᠢᠷ᠎ᠠ ᠶᠢᠨ ᠬᠤᠭᠤᠴᠠᠭᠠᠨ ᠳᠤ ᠭᠠᠷᠤᠭᠰᠠᠨ ᠠᠶᠤᠯᠭᠦᠢ ᠦᠢᠯᠡᠳᠪᠦᠷᠢᠯᠡᠯ ᠤᠨ ᠪᠠᠰᠠ ᠨᠢᠭᠡᠨ ᠬᠦᠨᠳᠦ ᠶᠡᠭᠡ | ᠠᠳᠡᠯ ᠪᠣᠯᠣᠨ᠎ᠠ᠂ ᠰᠢᠯᠲᠠᠭᠠᠨ ᠢ ᠨᠢ ᠲᠦᠷᠭᠡᠬᠡᠨ ᠪᠠᠶᠢᠴᠠᠭᠠᠨ ᠲᠣᠳᠣᠯᠠᠵᠤ᠂ ᠬᠠᠤᠯᠢ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠭᠦᠨᠵᠡᠭᠡᠢ ᠲᠤᠩᠭᠠᠨ | ᠪᠣᠳᠣᠯᠬᠢᠯᠠᠬᠤ ᠬᠡᠷᠡᠭᠲᠡᠢ ᠭᠡᠪᠡ᠃ ᠰᠢ ᠶᠢᠨ ᠫᠢᠩ᠂ ᠡᠯ᠎ᠡ ᠭᠠᠵᠠᠷ ᠣᠷᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠦᠨᠵᠡᠭᠡᠢ ᠰᠤᠷᠭᠠᠮᠵᠢ ᠠᠪᠴᠤ᠂ | ᠲᠠᠶᠢᠪᠤᠰᠢᠷᠠᠬᠤ ᠪᠤᠳᠤᠯ ᠪᠣᠯᠣᠨ ᠬᠠᠭᠤᠳᠠᠮᠴᠢ ᠰᠡᠳᠬᠢᠴᠡ ᠶᠢ ᠲᠡᠪᠴᠢᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠨᠠᠭᠰᠢᠳᠠ ᠪᠣᠳᠠᠲᠠᠶᠢᠵᠢᠭᠤᠯᠵᠤ᠂ | ᠭᠡᠮ ᠰᠣᠭᠤᠭ ᠢ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠯ᠎ᠡ ᠲᠦᠷᠦᠯ ᠤᠨ ᠠᠮᠤᠷ | ᠲᠦᠪᠰᠢᠨ ᠤ ᠠᠳᠡᠯ ᠤᠯᠠᠨ ᠡᠭᠦᠰᠬᠦ ᠦᠷᠭᠦᠯᠵᠢᠯᠡᠨ ᠡᠭᠦᠰᠬᠦ ᠬᠠᠨᠳᠤᠰᠢ ᠶᠢ ᠡᠷᠡᠰ ᠬᠤᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠪᠣᠯᠣᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ | ᠯᠢ ᠴᠢᠶᠠᠩ ᠴᠣᠬᠤᠯᠠᠪᠤᠷᠢ ᠥᠭᠴᠦ᠂ ᠬᠦᠴᠦᠨ ᠢᠶᠠᠨ ᠵᠣᠬᠢᠶᠠᠨ ᠪᠠᠶᠢᠭᠤᠯᠵᠤ ᠬᠠᠰᠢᠭᠳᠠᠭᠰᠠᠨ ᠬᠥᠮᠥᠰ ᠢ ᠲᠦᠷᠭᠡᠨ ᠡᠷᠢᠨ ᠠᠪᠤᠷᠠᠵᠤ᠂ ᠰᠢᠷᠬᠠᠲᠤᠭᠰᠠᠳ ᠢ ᠪᠦᠭᠦ | ᠬᠦᠴᠦ ᠪᠠᠷ ᠢᠶᠠᠨ ᠠᠪᠤᠷᠠᠨ ᠡᠮᠨᠡᠵᠦ᠂ ᠠᠲᠡᠯ ᠰᠢᠷᠬᠠᠲᠤᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠭᠡᠷ ᠪᠦᠯᠢ ᠶᠢᠨ ᠬᠢᠨ ᠢ ᠲᠣᠬᠤᠨᠢᠭᠤᠯᠬᠤ ᠵᠡᠷᠭᠡ | ᠬᠤᠶᠢᠲᠤᠬᠢ ᠶᠠᠪᠤᠳᠠᠯ ᠢ ᠰᠠᠶᠢᠲᠤᠷ ᠬᠢᠬᠦ ᠬᠡᠷᠡᠭᠲᠡᠢ ᠪᠥᠭᠡᠳ ᠠᠳᠡᠯ ᠤᠨ ᠰᠢᠯᠲᠠᠭᠠᠨ ᠢ ᠲᠦᠷᠭᠡᠨ ᠪᠠᠶᠢᠴᠠᠭᠠᠨ ᠲᠣᠳᠣᠯᠠᠵᠤ᠂ ᠬᠠᠤᠯᠢ ᠶᠣᠰᠣᠭᠠᠷ ᠴᠢᠩᠭ᠎ᠠ | ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠣᠶᠢᠷ᠎ᠠ ᠶᠢᠨ ᠬᠤᠭᠤᠴᠠᠭᠠᠨ ᠳᠤ ᠣᠯᠠᠨ ᠭᠠᠵᠠᠷ ᠲᠤ ᠭᠠᠯ ᠤᠨ ᠭᠠᠮᠰᠢᠭ ᠤᠨ ᠠᠳᠡᠯ ᠵᠠᠯᠭᠠᠭ᠎ᠠ ᠪᠠᠷ ᠡᠭᠦᠰᠴᠦ᠂ ᠬᠥᠮᠥᠨ | ᠬᠠᠷ᠎ᠠ ᠬᠦᠨᠳᠦ ᠨᠣᠴᠢᠲᠠᠢ ᠠᠳᠡᠵᠦ ᠰᠢᠷᠠᠭᠲᠤᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ | ᠵᠥᠪᠯᠡᠯ ᠠᠴᠠ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠱᠠᠯᠠᠪᠳᠠᠨ ᠠᠮᠤᠷ ᠲᠦᠪᠰᠢᠨ ᠤ ᠬᠠᠷᠢᠭᠤᠴᠠᠯᠭ᠎ᠠ ᠪᠣᠯᠣᠨ ᠠᠷᠭ᠎ᠠ ᠬᠡᠮᠵᠢᠶ᠎ᠡ ᠶᠢᠨ | ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠵᠤ᠂ ᠭᠤᠣᠯᠳᠠᠯᠭ᠎ᠠ ᠲᠠᠢ ᠬᠦᠷᠢᠶ᠎ᠡ᠂ ᠪᠠᠭᠤᠷᠠᠢ ᠭᠤᠭᠴᠤᠭ᠎ᠠ ᠶᠢᠨ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠨ᠂ ᠳᠠᠯᠳᠠ ᠭᠠᠵᠠᠷ᠂ ᠪᠠᠯᠠᠢ ᠣᠷᠣᠨ ᠦᠯᠡᠳᠡᠭᠡᠬᠦ ᠦᠭᠡᠢ ᠪᠠᠶᠢᠬᠤ ᠬᠡᠷᠡᠭᠲᠡᠢ ᠭᠡᠵᠦ ᠱᠠᠭᠠᠷᠳᠠᠪᠠ᠃ | ᠰᠢ ᠶᠢᠨ ᠫᠢᠩ ᠤᠨ ᠵᠢᠭᠠᠪᠤᠷᠢ ᠪᠣᠯᠣᠨ ᠯᠢ ᠴᠢᠶᠠᠩ ᠤᠨ ᠱᠠᠭᠠᠷᠳᠠᠯᠭ᠎ᠠ ᠶᠢ ᠦᠨᠳᠦᠰᠦᠯᠡᠨ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠵᠠᠩ ᠭᠦᠸᠧ ᠴᠢᠩ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠢ ᠳᠠᠭᠠᠭᠤᠯᠤᠨ ᠲᠤᠬᠠᠢ ᠶᠢᠨ ᠲᠠᠯᠠᠪᠠᠢ ᠳᠤ ᠬᠦᠷᠴᠦ ᠠᠳᠡᠯ ᠢ ᠰᠢᠢᠳᠪᠦᠷᠢᠯᠡᠬᠦ ᠠᠵᠢᠯ ᠢ ᠵᠢᠯᠣᠭᠤᠳᠪᠠ᠃ ᠵᠢᠶᠠᠩᠰᠢ ᠮᠤᠵᠢ᠂ ᠰᠢᠨ ᠢᠦᠢ ᠬᠤᠲᠠ | ᠨᠢᠭᠡᠨᠲᠡ ᠬᠦᠴᠦᠨ ᠢᠶᠠᠨ ᠵᠣᠬᠢᠶᠠᠨ ᠪᠠᠶᠢᠭᠤᠯᠵᠤ ᠠᠪᠤᠷᠠᠨ ᠲᠤᠰᠠᠯᠠᠬᠤ ᠪᠠ ᠬᠤᠶᠢᠲᠤᠬᠢ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ᠃ | ᠣᠳᠣᠬᠠᠨ ᠳᠤ᠂ ᠬᠤᠯᠪᠣᠭᠳᠠᠯ ᠪᠦᠬᠦᠢ ᠠᠵᠢᠯ ᠶᠠᠭ ᠶᠠᠪᠤᠭᠳᠠᠵᠤ ᠪᠠᠶᠢᠨ᠎ᠠ᠃ |