【 ᠬᠤᠶᠠᠷ ᠬᠤᠷᠠᠯ 2024】ᠤᠯᠤᠰ ᠲᠦᠷᠦ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠠᠮᠵᠢᠯᠳᠠ ᠲᠠᠢ ᠦᠨᠳᠤᠷᠯᠡᠪᠡ
ᠨᠡᠶᠢᠲᠡᠯᠡᠭᠰᠡᠨ ᠴᠠᠭ᠄
2024/1/26
      ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠦᠨᠳᠤᠷᠯᠡᠪᠡ᠂ ᠭᠤᠸ ᠢ ᠳ᠋ᠦᠩ᠂ ᠵᠢᠢ ᠫᠢᠩ ᠬᠤᠷᠠᠯ ᠳᠤ ᠬᠦᠷᠴᠤ ᠪᠠᠶᠠᠷ  ᠬᠦᠷᠬᠡᠨ᠂ ᠬᠠᠨ ᠶᠣᠣ ᠲᠢᠩ ᠬᠤᠷᠠᠯ ᠳᠤ ᠣᠷᠣᠯᠴᠠᠪᠠ       1 ᠰᠠᠷ᠎ᠠ ᠶᠢᠨ 25 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠬᠦᠯᠵᠤ᠂ ᠢᠯᠡᠯᠳᠡ ᠲᠠᠢ ᠪᠠᠷᠦᠨᠳᠤᠷᠯᠡᠪᠡ᠃       ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠳᠤ ᠨᠡᠶᠢᠳᠡ 190 ᠭᠡᠰᠢᠭᠦᠨ ᠲᠠᠢ᠂ ᠶᠡᠭᠡ ᠬᠤᠷᠠᠯ ᠳᠤ 166 ᠭᠡᠰᠢᠭᠦᠨ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃        ᠳᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠨ ᠶᠣᠣ ᠲᠢᠩ᠂ ᠳᠡᠳ᠋ ᠲᠡᠷᠢᠭᠦᠯᠡᠭᠴᠢ ᠱᠢ ᠮᠣᠣ ᠯᠢᠨ᠂ ᠲᠤᠶᠠᠭ᠎ᠠ᠂ ᠵᠠᠩ ᠵᠢᠶᠦ᠋ᠨ᠂ ᠸᠠᠩ ᠰᠢᠸ ᠪᠤᠯᠤᠨ ᠨᠠᠷᠢᠨ ᠪᠢᠴᠢᠭ ᠤᠨ ᠳᠠᠷᠤᠭ᠎ᠠ ᠶᠠᠩ ᠷᠦᠢ ᠯᠢ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃       ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠬᠡᠬᠡᠯᠳᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ  ᠡᠷᠬᠢᠯᠡᠭᠴᠢ ᠵᠢᠢ ᠫᠢᠩ ᠵᠡᠷᠬᠡ ᠤᠳᠤᠷᠢᠳᠤᠯᠭ᠎ᠠ ᠬᠤᠷᠠᠯ ᠳᠤ ᠣᠷᠣᠯᠴᠠᠵᠤ ᠪᠠᠶᠠᠷ ᠬᠦᠷᠭᠡᠬᠦ ᠶᠢᠨ ᠬᠠᠮᠲᠤ ᠲᠡᠷᠢᠭᠦᠯᠡᠭᠴᠢ ᠶᠢᠨ ᠲᠠᠶᠢᠰᠠᠨ ᠳᠤ ᠰᠠᠭᠠᠳᠠᠪᠠ᠃      ᠱᠢ ᠮᠣᠣ ᠯᠢᠨ ᠳᠡᠬᠦᠰᠬᠦ ᠬᠤᠷᠠᠯ ᠢ ᠡᠷᠬᠢᠯᠡᠪᠡ᠃       ᠬᠤᠷᠠᠯᠳᠤᠭᠠᠨ ᠠᠴᠠ ᠠᠷᠪᠠᠳᠤᠭᠠᠷ ᠬᠤᠭᠤᠴᠠᠭᠠᠨ ᠤ ᠭᠤᠷᠪᠠᠳᠤᠭᠠᠷ ᠤᠳᠠᠭᠠᠨ ᠤ ᠬᠤᠷᠠᠯᠳᠤᠭᠠᠨ ᠤ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠪᠠᠲᠤᠯᠠᠪᠠ︔ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ ᠶᠢ ᠪᠠᠲᠤᠯᠠᠪᠠ︔ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠤᠳᠠᠭᠠᠨ ᠤ ᠬᠤᠷᠠᠯᠳᠤᠭᠠᠨ ᠠᠴᠠ ᠨᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ᠶᠢ ᠪᠠᠲᠤᠯᠠᠪᠠ︔ ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠤ ᠤᠯᠤᠰ ᠲᠥᠷᠥ ᠶᠢᠨ ᠰᠢᠢᠳᠪᠦᠷᠢ ᠶᠢ ᠪᠠᠲᠤᠯᠠᠪᠠ︔ ᠰᠢᠯᠢᠳᠡᠭ ᠰᠠᠨᠠᠯ ᠳᠤᠷᠠᠳᠤᠯᠭ᠎ᠠ ᠪᠠ ᠰᠠᠨᠠᠯ ᠳᠤᠷᠠᠳᠤᠯᠭ᠎ᠠ ᠶᠢ ᠳᠠᠭᠠᠭᠠᠨ ᠠᠪᠴᠤ ᠰᠢᠢᠳᠪᠦᠷᠢᠯᠡᠭᠰᠡᠨ ᠲᠡᠷᠢᠭᠦᠨ ᠤ ᠨᠢᠭᠡᠴᠡ ᠶᠢ ᠰᠠᠶᠢᠰᠢᠶᠠᠨ ᠬᠥᠬᠢᠭᠦᠯᠪᠡ᠃
640 (1).jpg
      ᠬᠤᠷᠠᠯ ᠠᠴᠠ᠂ ᠤᠯᠤᠰ ᠲᠦᠷᠦ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠭᠡᠰᠢᠭᠦᠳ ᠪᠣᠯᠣᠨ ᠬᠤᠷᠠᠯ ᠳᠤ ᠣᠷᠣᠯᠴᠠᠭᠰᠠᠳ ᠤᠨ ᠬᠠᠮᠲᠤ ᠶᠢᠨ ᠴᠢᠷᠮᠠᠶᠢᠯᠭ᠎ᠠ ᠪᠠᠷ᠂ ᠡᠯ᠎ᠡ  ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠬᠤᠷᠠᠯ ᠤᠨ ᠬᠤᠭᠤᠴᠠᠭᠠᠨ ᠳᠤ᠂ ᠪᠦᠬᠦ ᠭᠡᠰᠢᠭᠦᠳ ᠬᠡᠬᠦᠳᠡᠭ ᠳᠦᠭᠦᠷᠡᠩ ᠤᠯᠤᠰ ᠲᠥᠷᠥ ᠶᠢᠨ ᠬᠠᠯᠠᠭᠤᠨ ᠰᠡᠳᠬᠢᠯᠭᠡ᠂ ᠪᠤᠳᠠᠳᠠᠢ ᠶᠢ ᠡᠷᠬᠢᠮᠯᠡᠭᠰᠡᠨ ᠠᠷᠠᠳ ᠤᠨ ᠲᠥᠯᠥᠭᠡ ᠵᠢᠳᠬᠦᠬᠦ ᠰᠡᠳᠬᠢᠯᠭᠡ ᠪᠠ ᠪᠠᠳᠤ ᠴᠢᠩᠭ᠎ᠠ ᠬᠠᠷᠢᠭᠤᠴᠠᠯᠭ᠎ᠠ ᠡᠭᠦᠷᠭᠡᠯᠡᠯ ᠢᠶᠠᠷ ᠮᠠᠨ ᠤ ᠳᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ ᠴᠢᠬᠤᠯᠠ ᠠᠰᠠᠭᠤᠳᠠᠯ ᠪᠣᠯᠣᠨ ᠠᠷᠠᠳ ᠣᠯᠠᠨ ᠤ ᠨᠡᠶᠢᠳᠡᠮ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠤᠨ ᠲᠣᠭᠤᠷᠢᠨ ᠳᠤ᠂ ᠭᠦᠨᠵᠡᠭᠡᠢ ᠵᠥᠪᠳᠡᠯᠴᠡᠨ ᠵᠠᠰᠠᠭ ᠤᠨ ᠶᠠᠪᠤᠳᠠᠯ ᠢ ᠵᠥᠪᠯᠡᠵᠦ᠂ ᠢᠳᠡᠪᠬᠢᠲᠡᠢ ᠪᠠᠷ ᠰᠠᠨᠠᠯ ᠳᠤᠷᠠᠳᠤᠯᠭ᠎ᠠ ᠭᠠᠷᠭᠠᠨ ᠠᠷᠭ᠎ᠠ ᠪᠤᠳᠤᠯᠭ᠎ᠠ ᠳᠤᠷᠠᠳᠴᠤ᠂ ᠶᠡᠭᠡ ᠲᠠᠯ᠎ᠠ ᠳᠤ ᠠᠩᠬᠠᠷᠤᠯ  ᠢᠶᠠᠨ ᠲᠦᠪᠯᠡᠷᠡᠬᠦᠯᠵᠤ᠂ ᠠᠷᠠᠳ ᠤᠨ ᠠᠮᠢᠳᠤᠷᠠᠯ ᠳᠤ ᠰᠡᠳᠬᠢᠯ ᠳᠠᠯᠪᠢᠭᠰᠠᠨ ᠤᠯᠤᠰ ᠲᠥᠷᠥ ᠶᠢᠨ ᠬᠠᠶᠢᠷ᠎ᠠ ᠰᠡᠳᠬᠢᠯᠭᠡ ᠶᠢ ᠢᠯᠡᠷᠡᠭᠦᠯᠵᠦ᠂ ᠴᠤᠭ ᠪᠠᠳᠠᠷᠠᠩᠭᠤᠢ ᠥᠭᠡᠳᠡᠯᠡᠨ ᠳᠠᠪᠰᠢᠬᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ ᠬᠤᠷᠠᠯ ᠨᠢ ᠢᠮᠠᠭᠲᠠ ᠦᠨᠡᠨ ᠢ ᠪᠠᠷᠢᠮᠲᠠᠯᠠᠨ ᠪᠤᠳᠠᠳᠠᠢ ᠶᠢ ᠡᠷᠬᠢᠮᠯᠡᠵᠤ᠂ ᠪᠦᠯᠬᠦᠮᠳᠡᠯ ᠲᠠᠢ ᠠᠷᠠᠳᠴᠢᠯᠠᠯ ᠤᠨ ᠭᠤᠣᠯ ᠬᠦᠭ ᠠᠶᠠᠰ ᠢ ᠴᠤᠤᠷᠢᠶᠠᠲᠤᠭᠤᠯᠵᠤ᠂ ᠲᠤᠭ ᠢᠶᠠᠨ ᠥᠨᠳᠥᠷ ᠮᠠᠨᠳᠤᠭᠤᠯᠤᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠬᠥᠭᠵᠢᠯᠲᠡ ᠶᠢ ᠬᠠᠮᠲᠤᠪᠠᠷ ᠡᠷᠢᠯᠬᠢᠯᠡᠭᠰᠡᠨ ᠶᠡᠭᠡ ᠬᠤᠷᠠᠯ ᠪᠣᠯᠣᠨ᠎ᠠ ᠬᠡᠵᠤ ᠵᠢᠭᠠᠵᠤ ᠭᠠᠷᠭᠠᠪᠠ᠃
640 (2).jpg
      ᠬᠤᠷᠠᠯ ᠠᠴᠠ᠂ ᠤᠯᠤᠰ ᠲᠥᠷᠥ ᠳᠤ ᠦᠨᠡᠨᠴᠢ ᠰᠢᠳᠤᠷᠭᠤ ᠪᠠᠶᠢᠬᠤ ᠪᠠᠨ ᠴᠢᠩᠭ᠎ᠠ ᠪᠠᠷᠢᠮᠳᠠᠯᠠᠨ᠂ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠯᠭ᠎ᠠ ᠶᠢ ᠴᠢᠩᠭᠠᠳᠬᠠᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭ᠎ᠠ ᠤᠯᠤᠰ ᠲᠥᠷᠥ ᠶᠢᠨ ᠰᠠᠭᠤᠷᠢ  ᠶᠢ ᠪᠠᠬᠢᠵᠢᠬᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠰᠡᠵᠢᠭ ᠢ ᠠᠯᠳᠠᠷᠭᠠᠵᠤ ᠲᠥᠭᠡᠷᠢᠭᠳᠡᠯ ᠢ ᠲᠠᠶᠢᠯᠬᠤ᠂ ᠲᠦᠷᠦ ᠶᠢᠨ ᠪᠣᠳᠣᠯᠭ᠎ᠠ ᠶᠢ ᠤᠬᠠᠭᠤᠯᠬᠤ᠂ ᠢᠲᠡᠭᠡᠯ ᠵᠣᠷᠢᠭ ᠢ ᠬᠥᠪᠴᠢᠯᠡᠬᠦ ᠠᠵᠢᠯ ᠢ ᠢᠳᠡᠪᠬᠢᠲᠡᠢ ᠰᠠᠶᠢᠲᠤᠷ ᠬᠢᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠳᠤᠭᠤᠷᠢᠭ ᠤᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠦᠨᠡᠨᠬᠦ ᠨᠢᠬᠡᠳᠬᠡᠨ᠂ ᠤᠶᠤᠨ ᠤᠬᠠᠭᠠᠨ ᠪᠠ ᠬᠦᠴᠦᠨ ᠴᠢᠳᠠᠯ ᠢᠶᠠᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠡᠭᠡᠷ᠎ᠡ ᠲᠥᠪᠯᠡᠷᠡᠭᠦᠯᠵᠦ᠂ ᠳ᠋ᠦᠩᠱᠧᠩ ᠲᠣᠭᠤᠷᠢᠭ ᠤᠨ ᠴᠤᠴᠠᠯᠲᠠ ᠦᠭᠡᠢ ᠤᠷᠤᠭᠰᠢᠯᠠᠬᠤ ᠳᠤ ᠰᠢᠨ᠎ᠡ ᠵᠠᠮ ᠢ ᠨᠡᠬᠡᠬᠡᠨ᠂ ᠡᠮᠦᠨ᠎ᠡ ᠡᠩᠨᠡᠭᠡ ᠳᠤ ᠤᠷᠤᠬᠤ ᠪᠠᠷ ᠳᠡᠮᠡᠴᠡᠬᠦ᠂ ᠦᠯᠢᠬᠡᠷ ᠳᠠᠭᠤᠷᠢᠶᠠᠯ ᠪᠣᠯᠬᠤ ᠳᠤ ᠬᠠᠮᠤᠭ ᠤᠨ ᠥᠷᠭᠡᠨ ᠳᠡᠯᠭᠡᠷ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ᠃ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠤᠨ᠂ ᠬᠤᠳᠠ ᠶᠢᠨ ᠨᠠᠮ ᠤᠨ ᠬᠤᠷᠢᠶᠠᠨ ᠤ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠪᠣᠯᠣᠨ ᠳᠤᠭᠤᠷᠢᠭ ᠤᠨ ᠨᠠᠮ ᠤᠨ ᠬᠤᠷᠢᠶᠠᠨ ᠤ ︽ᠭᠤᠷᠪᠠᠨ ᠲᠣᠭᠤᠷᠢᠭ ᠲᠦᠷᠪᠡᠨ ᠬᠤᠳᠠ︾ ᠶᠢᠨ ᠬᠠᠷᠠᠯᠲᠠ ᠱᠠᠭᠠᠷᠳᠠᠯᠭ᠎ᠠ ᠶᠢᠨ ᠲᠣᠭᠤᠷᠢᠨ ᠳᠤ᠂ ᠡᠭᠦᠷᠭᠡ ᠴᠢᠳᠠᠪᠬᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠳ᠋ᠦᠩᠱᠧᠩ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠦᠳᠡᠯᠦᠩᠬᠦᠢ ᠪᠠᠶᠢᠳᠠᠯ ᠢ ᠤᠬᠠᠭᠤᠯᠤᠨ ᠲᠠᠨᠢᠯᠴᠠᠭᠤᠯᠬᠤ ᠲᠠᠯ᠎ᠠ ᠪᠠᠷ ᠦᠯᠢᠬᠡᠷ ᠳᠠᠭᠤᠷᠢᠶᠠᠯ ᠪᠣᠯᠵᠤ᠂ ᠳ᠋ᠦᠩᠱᠧᠩ ᠢ ᠢᠷᠡᠭᠡᠳᠦᠢ ᠶᠢᠨ ᠬᠥᠭᠵᠢᠯᠲᠡ ᠶᠢᠨ ᠶᠠᠪᠤᠴᠠ ᠳᠤ ᠨᠡᠩ ᠲᠠᠲᠠᠬᠤ ᠬᠦᠴᠦᠨ ᠲᠠᠢ ᠪᠣᠯᠭᠠᠬᠤ ᠬᠡᠷᠡᠭᠲᠡᠢ︔ ᠳ᠋ᠦᠩᠱᠧᠩ ᠤᠨ ᠠᠵᠤ ᠠᠬᠤᠢ ᠨᠡᠶᠢᠭᠡᠮ ᠤᠨ ᠠᠵᠢᠯᠯᠠᠭ᠎ᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠬᠤ ᠲᠠᠯ᠎ᠠ ᠪᠠᠷ ᠦᠯᠢᠭᠡᠷ ᠳᠠᠭᠤᠷᠢᠶᠠᠯ ᠪᠣᠯᠵᠤ᠂ ᠪᠦᠬᠦ ᠲᠠᠯ᠎ᠠ ᠶᠢᠨ ᠠᠵᠢᠯ ᠳᠤ ᠥᠩᠭᠡ ᠭᠡᠷᠡᠯ ᠨᠡᠮᠡᠷᠢᠯᠡᠬᠦ ᠪᠠᠷ ᠴᠢᠷᠮᠠᠶᠢᠬᠤ ᠬᠡᠷᠡᠭᠲᠡᠢ︔ ᠳ᠋ᠦᠩᠱᠧᠩ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠠᠨᠠᠯ ᠳᠤᠷᠠᠳᠤᠯᠭ᠎ᠠ ᠭᠠᠷᠭᠠᠨ ᠠᠷᠭ᠎ᠠ ᠪᠤᠳᠤᠯᠭ᠎ᠠ ᠳᠤᠷᠠᠳᠬᠤ ᠲᠠᠯ᠎ᠠ ᠪᠠᠷ ᠦᠯᠢᠭᠡᠷ ᠳᠠᠭᠤᠷᠢᠶᠠᠯ ᠪᠣᠯᠵᠤ᠂ ᠰᠢᠨ᠎ᠡ ᠶᠢ ᠡᠬᠦᠳᠦᠭᠰᠡᠨ ᠠᠷᠭ᠎ᠠ ᠬᠡᠮᠵᠢᠶ᠎ᠡ ᠶᠢ ᠢᠯᠡᠭᠦᠬᠡᠨ ᠰᠦᠪᠡᠭᠴᠢᠯᠡᠵᠦ᠂ ᠰᠣᠳᠣ ᠮᠡᠷᠭᠡᠨ ᠦᠬᠡᠰ ᠢ ᠢᠯᠡᠭᠦᠬᠡᠨ ᠳᠤᠭᠤᠷᠪᠢᠵᠤ᠂ ᠪᠣᠳᠠᠲᠠᠢ ᠶᠢ ᠡᠷᠬᠢᠮᠯᠡᠬᠦ ᠠᠷᠭ᠎ᠠ ᠪᠣᠳᠣᠯᠭ᠎ᠠ ᠶᠢ ᠢᠯᠡᠭᠦᠬᠡᠨ ᠳᠡᠪᠰᠢᠭᠦᠯᠬᠦ ᠬᠡᠷᠡᠭᠲᠡᠢ︔ ᠣᠷᠳᠣᠰ ᠤᠨ ︽ᠳᠤᠯᠠᠭᠠᠨ ᠬᠤᠲᠠ︾ ᠶᠢᠨ ᠨᠠᠷᠠᠲᠤ ᠲᠡᠮᠳᠡᠭᠲᠦ ᠶᠢ ᠡᠬᠦᠳᠬᠦ ᠲᠠᠯ᠎ᠠ ᠪᠠᠷ ᠥᠯᠢᠭᠡᠷ ᠳᠠᠭᠤᠷᠢᠶᠠᠯ ᠪᠣᠯᠵᠤ᠂ ︽ᠤᠯᠤᠰ ᠲᠥᠷᠥ ᠶᠢᠨ ᠵᠥᠪᠯᠡᠯᠭᠡᠨ ᠢ ᠣᠶᠢᠯᠠᠭᠠᠳᠠᠭ᠂ ᠵᠥᠪᠯᠡᠵᠦ ᠴᠢᠳᠠᠳᠠᠭ᠂ ᠵᠠᠰᠠᠭ ᠤᠨ ᠶᠠᠪᠤᠳᠠᠯ ᠢ ᠵᠥᠪᠯᠡᠬᠦ ᠳᠡᠭᠡᠨ ᠴᠢᠳᠠᠮᠠᠭᠠᠢ᠂ ᠰᠠᠬᠢᠯᠭ᠎ᠠ ᠪᠠᠲᠤ ᠶᠢ ᠰᠠᠬᠢᠳᠠᠭ᠂ ᠶᠣᠰᠣ ᠳᠦᠷᠢᠮ ᠢ ᠡᠷᠬᠢᠮᠯᠡᠳᠡᠭ᠂ ᠵᠠᠩ ᠰᠤᠷᠲᠠᠯ ᠢ ᠴᠢᠬᠤᠯᠠᠴᠢᠯᠠᠳᠠᠭ︾ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠬᠤ ᠬᠡᠷᠡᠭᠲᠡᠢ︔ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠬᠤ ᠶᠢ  ᠠᠬᠢᠭᠤᠯᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠲᠠᠯ᠎ᠠ ᠪᠠᠷ ᠥᠯᠢᠭᠡᠷ ᠳᠠᠭᠤᠷᠢᠶᠠᠯ ᠪᠣᠯᠵᠤ᠂ ᠬᠤᠳᠠᠯᠳᠤᠭᠠᠴᠢᠨ ᠤᠷᠢᠬᠤ ᠰᠡᠳᠬᠢᠮᠵᠢ ᠪᠠᠨ ᠲᠠᠰᠤᠷᠠᠯᠲᠠ ᠦᠭᠡᠢ ᠰᠢᠯᠢᠳᠡᠭᠵᠢᠭᠦᠯᠦᠨ᠂ ᠣᠷᠣᠨ ᠨᠤᠲᠤᠭ ᠤᠨ ᠠᠵᠤ ᠠᠬᠤᠶᠢᠯᠠᠯ ᠤᠨ ᠳᠠᠪᠠᠭᠤᠯᠢᠭ ᠢᠶᠠᠨ ᠰᠠᠶᠢᠲᠤᠷ ᠪᠠᠳᠠᠷᠠᠭᠤᠯᠵᠤ᠂ ᠨᠠᠩ ᠣᠯᠠᠨ ᠠᠵᠤ ᠠᠬᠤᠶᠢᠯᠠᠯ ᠢ ᠲᠡᠳᠡᠨ ᠣᠷᠣᠭᠤᠯᠵᠤ᠂ ᠭᠠᠵᠠᠷ ᠣᠷᠣᠨ ᠤ ᠠᠵᠤ ᠠᠬᠤᠢ ᠶᠢᠨ ᠪᠣᠳᠠᠲᠤ ᠬᠦᠴᠦᠨ ᠢᠶᠠᠨ ᠲᠠᠰᠤᠷᠠᠯᠲᠠ ᠦᠭᠡᠢ ᠬᠥᠭᠵᠢᠭᠦᠯᠦᠨ ᠪᠤᠵᠠᠭᠠᠶᠢᠷᠠᠭᠤᠯᠬᠤ ᠬᠡᠷᠡᠭᠳᠡᠢ᠃ ᠤᠯᠠᠨ ᠲᠦᠮᠡᠨ ᠤ ᠬᠦᠰᠡᠯ ᠡᠷᠡᠮᠡᠯᠵᠡᠯ ᠪᠣᠯᠣᠨ ᠭᠤᠮᠤᠳᠠᠯ ᠱᠠᠭᠠᠷᠳᠠᠯᠭ᠎ᠠ ᠶᠢ ᠥᠷᠭᠡᠨ ᠢᠶᠠᠷ ᠦᠢᠯᠠᠭᠠᠨ᠂ ᠰᠤᠷᠭᠠᠨ ᠬᠥᠮᠦᠵᠢᠯ᠂ ᠡᠮ ᠡᠮᠨᠡᠯᠭᠡ᠂ ᠠᠵᠢᠯ ᠣᠯᠭᠤᠯᠲᠠ ᠶᠢᠨ ᠪᠠᠲᠤᠯᠠᠭ᠎ᠠ᠂ ᠠᠮᠢ ᠠᠬᠤᠢ ᠶᠢᠨ ᠪᠣᠯᠪᠠᠰᠤᠨ ᠵᠡᠷᠭᠡ ᠤᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠨᠢᠭᠲᠠ ᠠᠩᠬᠠᠷᠴᠤ᠂ ᠦᠨᠳᠦᠰᠦᠨ ᠱᠠᠲᠤᠨ ᠤ ᠵᠥᠪᠳᠡᠯᠴᠡᠭᠡ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠴᠢᠨᠠᠷ ᠰᠠᠶᠢᠲᠠᠢ ᠰᠠᠨᠠᠯ ᠳᠤᠷᠠᠳᠤᠯᠭ᠎ᠠ ᠪᠣᠯᠣᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠶᠢ  ᠳᠠᠮᠵᠢᠭᠤᠯᠵᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠳᠤ ᠬᠦᠴᠦ ᠨᠡᠮᠡᠷᠢᠯᠡᠬᠦ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠪᠠᠨ ᠴᠢᠩᠭᠠᠳᠬᠠᠨ᠂ ᠤᠯᠤᠰ ᠲᠦᠷᠦ ᠶᠢᠨ ᠡᠵᠡᠮᠳᠡᠬᠦ ᠴᠢᠳᠠᠪᠤᠷᠢ᠂ ᠪᠠᠶᠢᠴᠠᠭᠠᠨ ᠰᠤᠳᠤᠯᠬᠤ ᠴᠢᠳᠠᠪᠤᠷᠢ᠂ ᠤᠯᠠᠨ ᠲᠦᠮᠡᠨ ᠲᠠᠢ ᠬᠠᠷᠢᠯᠴᠠᠬᠤ ᠴᠢᠳᠠᠪᠤᠷᠢ᠂ ᠬᠠᠮᠲᠤᠷᠠᠨ ᠠᠵᠢᠯᠯᠠᠬᠤ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠵᠦ᠂ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠪᠤᠳᠤᠯᠭ᠎ᠠ ᠶᠢ ᠵᠥᠪᠯᠡᠬᠦ ᠶᠠᠪᠤᠴᠠ ᠳᠤ ᠰᠠᠨᠠᠭᠠᠴᠢᠯᠠᠭ᠎ᠠ ᠠᠴᠠ ᠪᠠᠨ ᠦᠭᠡ ᠬᠡᠯᠡᠵᠦ᠂ ᠢᠳᠡᠪᠬᠢᠲᠡᠢ ᠪᠠᠷ ᠠᠷᠭ᠎ᠠ ᠪᠤᠳᠤᠯᠭ᠎ᠠ ᠭᠠᠷᠭᠠᠵᠤ᠂ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠰᠢᠨ᠎ᠡ ᠴᠤᠭ ᠵᠢᠪᠬᠤᠭ᠎ᠠ ᠰᠢᠨ᠎ᠡ ᠳᠦᠷᠰᠦ ᠪᠠᠶᠢᠳᠠᠯ ᠢ ᠢᠯᠡᠷᠡᠭᠦᠯᠬᠦ ᠬᠡᠷᠡᠭᠲᠡᠢ᠃ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠶᠢᠨ ᠺᠠᠳ᠋ᠷᠴᠤᠳ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠨ᠂ ᠠᠵᠢᠯ ᠤᠨ ᠦᠷ᠎ᠡ ᠪᠦᠲᠦᠮᠵᠢ ᠪᠠ ᠠᠵᠢᠯ ᠤᠨ ᠶᠠᠰᠤ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠤᠰ ᠪᠡᠶ᠎ᠡ ᠶᠢᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠢᠶᠠᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠰᠢᠨ᠎ᠡ ᠬᠥᠭᠵᠢᠯᠲᠡ ᠶᠢ ᠠᠬᠢᠭᠤᠯᠬᠤ ᠪᠠᠷ ᠴᠢᠷᠮᠠᠶᠢᠬᠤ ᠬᠡᠷᠡᠭᠲᠡᠢ ᠬᠡᠵᠤ ᠴᠢᠬᠤᠯᠠᠴᠢᠯᠠᠪᠠ᠃       ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠢᠶᠠᠷ ᠠᠮᠵᠢᠯᠳᠠ ᠲᠠᠢ ᠳᠡᠬᠦᠰᠪᠡ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ