【 ᠬᠤᠶᠠᠷ ᠬᠤᠷᠠᠯ 2024】ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠲᠡᠭᠦᠰᠪᠡ
ᠨᠡᠶᠢᠲᠡᠯᠡᠭᠰᠡᠨ ᠴᠠᠭ᠄
2024/1/26
      ᠭᠤᠤ ᠢ ᠳ᠋ᠦᠩ     ᠬᠠᠨ ᠲᠤᠤ     ᠬᠠᠨ ᠶᠣᠣ ᠲᠢᠩ ᠨᠡᠷ ᠣᠷᠣᠯᠴᠠᠪᠠ       ᠵᠢᠢ ᠫᠢᠩ ᠲᠡᠭᠦᠰᠬᠦ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ     1 ᠰᠠᠷ᠎ᠠ ᠶᠢᠨ 25 ᠤ ᠡᠳᠤᠷ᠂ ᠤᠷᠳᠤᠰ ᠬᠤᠳᠠ ᠶᠢᠨ ᠳ᠋ᠦᠡᠭᠱᠸᠡᠭ ᠲᠤᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠡᠯ᠎ᠠ ᠵᠦᠪᠯᠡᠭᠦ ᠵᠦᠢᠯ ᠢᠶᠠᠨ ᠲᠡᠭᠦᠰ ᠠᠮᠵᠢᠯᠳᠠ ᠲᠠᠢ ᠪᠡᠶᠡᠯᠡᠭᠦᠯᠵᠤ᠂ ᠠᠮᠵᠢᠯᠳᠠ ᠲᠠᠢ ᠲᠡᠭᠦᠰᠪᠡ᠃     ᠲᠤᠰ ᠤᠳᠠᠭᠠᠨ ᠤ ᠶᠡᠭᠡ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 191 ᠬᠥᠮᠦᠨ᠂ ᠶᠡᠭᠡ ᠬᠤᠷᠠᠯ ᠳᠤ ᠣᠷᠣᠯᠴᠠᠭᠰᠠᠨ ᠲᠥᠯᠥᠭᠡᠯᠡᠭᠴᠢ 175 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃     ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠦᠢᠴᠡᠳᠬᠡᠭᠴᠢ ᠲᠡᠷᠢᠭᠦᠯᠡᠭᠴᠢ ᠭᠤᠤ ᠢ ᠳ᠋ᠦᠩ᠂ ᠵᠢᠢ ᠫᠢᠩ᠂ ᠵᠠᠩ ᠵᠧᠨ ᠫᠢᠩ᠂ ᠯᠢᠦ ᠯᠠᠨ ᠰᠢᠶᠠᠩ᠂ ᠦ᠋ ᠹᠸᠢ ᠰᠢᠶᠦ᠋ᠩ᠂ ᠸᠧᠢ ᠮᠦᠳᠠᠨ᠂ ᠪᠦᠦ ᠮᠧᠢ᠂ ᠰᠦᠨ ᠵᠢᠶᠦ᠋ᠨ᠂ ᠬᠤᠤ ᠵᠢᠩ ᠢᠦᠢ᠂ ᠶᠤᠸᠠᠨ ᠪᠥᠸᠧ᠂ ᠬᠠᠨ ᠰᠢᠶᠤᠤ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠭᠤᠣ ᠢ ᠳ᠋ᠦᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠤ ᠬᠤᠶᠠᠳᠤᠭᠠᠷ ᠪᠥᠬᠦᠳᠡ ᠬᠤᠷᠠᠯ ᠢ ᠡᠷᠬᠢᠯᠡᠵᠤ᠂ ᠵᠢᠢ ᠫᠢᠩ ᠲᠡᠬᠦᠰᠬᠦ ᠶᠡᠭᠡ ᠬᠤᠷᠠᠯ ᠢ ᠡᠷᠬᠢᠯᠡᠪᠠ᠃     ᠬᠠᠨ ᠲᠤᠤ᠂ ᠬᠠᠨ ᠶᠣᠣ ᠲᠢᠩ ᠵᠡᠷᠭᠡ ᠲᠡᠷᠢᠭᠦᠯᠡᠭᠴᠢᠳ ᠤᠨ ᠪᠦᠯᠬᠦᠮ ᠤᠨ ᠪᠤᠰᠤᠳ ᠪᠦᠷᠢᠯᠳᠦᠬᠦᠨ ᠨᠠᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃     ᠬᠤᠷᠠᠯ ᠠᠴᠠ ᠡᠮᠦᠨ᠎ᠡ᠂ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠬᠤᠶᠠᠳᠤᠭᠠᠷ ᠪᠥᠬᠦᠳᠡ ᠬᠤᠷᠠᠯ ᠬᠤᠷᠠᠯᠳᠤᠭᠤᠯᠵᠤ᠂ ᠬᠤᠷᠠᠯ ᠠᠴᠠ ᠶᠡᠷᠦᠩᠬᠡᠶ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ᠢ ᠪᠠᠲᠤᠯᠠᠭᠰᠠᠨ ᠤ ᠳᠠᠷᠠᠭ᠎ᠠ᠂ ᠨᠡᠷ᠎ᠡ ᠲᠡᠮᠳᠡᠭᠯᠡᠬᠦ ᠦᠬᠡᠢ ᠪᠠᠷ ᠰᠤᠩᠭᠤᠭᠤᠯᠢ ᠬᠢᠬᠦ ᠠᠷᠭ᠎ᠠ ᠪᠠᠷ ᠸᠠᠩ ᠰᠢᠦᠢ᠂ ᠸᠠᠩ ᠺᠦᠨ᠂ ᠷᠧᠨ ᠫᠧᠩ᠂ ᠯᠢᠦ ᠸᠧᠨ ᠪᠢᠨ᠂ ᠯᠢᠦ ᠰᠢᠶᠦ᠋ᠩ ᠸᠧᠶ᠂ ᠵᠠᠩ ᠮᠤᠤ ᠺᠤᠸᠠᠢ᠂ ᠵᠠᠩ ᠰᠢᠤᠸᠠᠢ ᠳ᠋ᠦᠩ᠂ ᠵᠣᠣ ᠬᠠᠶ ᠶᠠᠨ᠂ ᠬᠤᠤ ᠶᠢᠩ ᠴᠦᠨ ᠵᠡᠷᠭᠡ 9 ᠬᠥᠮᠦᠨ ᠢ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠢᠶᠠᠷ ᠰᠣᠩᠭᠤᠪᠠ᠃     ᠬᠤᠷᠠᠯ ᠠᠴᠠ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠳᠤ ᠬᠡᠷᠡᠭᠵᠢᠬᠦᠯᠬᠦ 10 ᠲᠦᠷᠦᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠢᠯᠧᠲ ᠦᠭᠴᠦ ᠲᠤᠭᠳᠠᠭᠠᠨ᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠳᠤ ᠬᠡᠷᠡᠭᠵᠢᠭᠦᠯᠦᠭᠰᠡᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠬᠠᠨᠤᠮᠵᠢ ᠶᠢᠨ ᠬᠡᠮᠵᠢᠶ᠎ᠠ ᠶᠢ ᠬᠡᠮᠵᠢᠨ ᠲᠤᠭᠳᠠᠭᠠᠬᠤ  ᠶᠢᠨ ᠬᠠᠮᠳᠤ ᠬᠡᠮᠵᠢᠨ ᠲᠤᠭᠳᠠᠭᠠᠭᠰᠡᠨ ᠦᠷ᠎ᠡ ᠳ᠋ᠦᠩ ᠢ ᠤᠩᠰᠢᠨ ᠨᠡᠶᠢᠲᠡᠯᠡᠪᠡ᠃     ᠪᠥᠬᠦᠳᠡ ᠬᠤᠷᠠᠯ ᠤᠨ ᠬᠤᠭᠤᠴᠠᠭᠠᠨ ᠳᠤ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠭᠤᠯᠵᠤ᠂ ᠶᠡᠷᠦᠩᠬᠡᠶ ᠪᠢᠯᠧᠲ ᠬᠢᠨᠠᠭᠴᠢ ᠶᠢᠨ ᠪᠢᠯᠧᠲ ᠪᠦᠷᠢᠳᠬᠡᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠣᠩᠭᠤᠭᠤᠯᠢ᠂ ᠪᠢᠯᠧᠲ ᠥᠭᠴᠦ ᠲᠣᠭᠲᠠᠭᠠᠭᠰᠠᠨ ᠪᠠᠶᠢᠳᠠᠯ ᠪᠠ ᠬᠠᠨᠤᠮᠵᠢ ᠶᠢᠨ ᠬᠡᠮᠵᠢᠶ᠎ᠡ ᠶᠢ ᠬᠡᠮᠵᠢᠨ ᠲᠣᠭᠲᠠᠭᠠᠭᠰᠠᠨ ᠦᠷ᠎ᠡ ᠳ᠋ᠦᠩ ᠤᠨ ᠬᠦᠴᠦᠨ ᠲᠠᠢ ᠪᠠᠶᠢᠬᠤ ᠶᠢ ᠨᠤᠲᠠᠯᠠᠪᠠ᠃
640.jpg
    ᠰᠢᠨ᠎ᠡ ᠪᠠᠷ ᠰᠣᠩᠭᠤᠭᠳᠠᠭᠰᠠᠨ ᠬᠥᠮᠦᠰ ᠦᠨᠳᠦᠰᠦᠨ ᠬᠠᠤᠯᠢ ᠳᠤ ᠲᠠᠩᠭᠠᠷᠢᠭᠯᠠᠪᠠ᠃    ᠲᠡᠭᠦᠰᠬᠦ ᠶᠡᠭᠡ ᠬᠤᠷᠠᠯ ᠳᠡᠭᠡᠷ᠎ᠡ᠂ ᠤᠷᠳᠤᠰ ᠬᠤᠳᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠤ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠶ ᠰᠢᠢᠳᠪᠦᠷᠢ᠂ ᠳ᠋ᠦᠩᠱᠧᠩ ᠲᠣᠭᠤᠷᠢᠭ ᠤᠨ 2023 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠶ ᠰᠢᠢᠳᠪᠦᠷᠢ᠂ ᠳ᠋ᠦᠩᠱᠧᠩ ᠲᠣᠭᠤᠷᠢᠭ ᠤᠨ 2023 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠭᠡᠭᠰᠡᠨ ᠪᠠᠶᠢᠳᠠᠯ ᠪᠠ 2024 ᠣᠨ ᠤ ᠡᠳ᠋ ᠤᠨ ᠵᠠᠰᠠᠭ ᠤᠨ ᠲᠥᠰᠦᠪ ᠤᠨ ᠲᠤᠬᠠᠶ ᠰᠢᠢᠳᠪᠦᠷᠢ᠂ ᠳ᠋ᠦᠩᠱᠧᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠬᠦᠯᠦᠯᠳᠠ ᠶᠢᠨ ᠲᠤᠬᠠᠶ ᠰᠢᠢᠳᠪᠦᠷᠢ᠂ ᠳ᠋ᠦᠩᠱᠧᠩ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠮᠡᠳᠡᠬᠦᠯᠦᠯᠳᠠ ᠶᠢᠨ ᠲᠤᠬᠠᠶ ᠰᠢᠢᠳᠪᠦᠷᠢ᠂ ᠳ᠋ᠦᠩᠱᠧᠩ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠬᠦᠯᠦᠯᠳᠠ ᠶᠢᠨ ᠲᠤᠬᠠᠶ ᠰᠢᠢᠳᠪᠦᠷᠢ ᠶᠢ ᠪᠠᠲᠤᠯᠠᠪᠠ᠃    ᠡᠯ᠎ᠡ ᠵᠥᠪᠯᠡᠬᠦ ᠵᠦᠢᠯ ᠢᠶᠠᠨ ᠳᠠᠭᠤᠰᠬᠠᠭᠰᠠᠨ ᠤ ᠳᠠᠷᠠᠭ᠎ᠠ ᠵᠢᠶ ᠫᠢᠩ ᠶᠠᠷᠢᠶ᠎ᠠ ᠲᠠᠯᠪᠢᠪᠠ᠃ ᠲᠡᠷᠡ᠂ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠪᠣᠯ ᠪᠦᠬᠦ ᠲᠣᠭᠤᠷᠢᠭ ᠢᠶᠠᠷ ᠢᠶᠠᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠦᠬᠦᠳᠡ ᠬᠤᠷᠠᠯ ᠵᠢᠴᠢ ᠠᠵᠤ ᠠᠬᠤᠢ ᠶᠢᠨ ᠠᠵᠢᠯ ᠤᠨ ᠬᠤᠷᠠᠯ ᠤᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠠᠶᠠᠨ ᠵᠠᠮ ᠳᠤ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠭᠰᠡᠨ ᠳ᠋ᠦᠩᠱᠧᠩ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭᠠᠨ ᠤ ᠲᠦᠢᠯ ᠤᠨ ᠴᠢᠬᠤᠯᠠ ᠬᠤᠷᠠᠯ ᠪᠣᠯᠤᠨ᠎ᠠ᠃ ᠬᠤᠷᠠᠯ ᠤᠨ ᠬᠤᠭᠤᠴᠠᠭᠠᠨ ᠳᠤ᠂ ᠪᠦᠬᠦ ᠲᠥᠯᠥᠭᠡᠯᠡᠭᠴᠢᠳ ᠢᠷᠠᠭᠤ ᠠᠯᠳᠠᠷᠲᠤ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠵᠦ᠂ ᠪᠦᠬᠦ ᠲᠠᠯ᠎ᠠ ᠶᠢᠨ ᠶᠠᠪᠤᠳᠠᠯ ᠢ ᠵᠥᠪᠯᠡᠵᠦ᠂ ᠪᠣᠳᠠᠲᠠᠢ ᠶᠢ ᠡᠷᠬᠢᠮᠯᠡᠬᠦ ᠪᠤᠳᠤᠯᠭ᠎ᠠ ᠳᠡᠪᠰᠢᠭᠦᠯᠵᠦ᠂ ᠣᠷᠭᠢᠯᠤᠮ᠎ᠠ ᠬᠠᠯᠠᠭᠤᠨ ᠤᠯᠤᠰ ᠲᠦᠷᠦ ᠶᠢᠨ ᠰᠡᠳᠬᠢᠯᠭᠡ᠂ ᠴᠤᠯᠭᠤᠷᠠᠭᠰᠡᠨ ᠴᠢᠳᠠᠪᠤᠷᠢ ᠬᠡᠪ ᠴᠢᠨᠠᠷ ᠪᠣᠯᠤᠨ ᠰᠠᠶᠢᠨ ᠰᠠᠶᠢᠬᠠᠨ ᠰᠤᠷᠲᠠᠯ ᠲᠦᠷᠢ ᠲᠥᠷᠬᠦ ᠶᠢ ᠢᠯᠡᠷᠡᠭᠦᠯᠪᠡ᠃ ᠬᠤᠷᠠᠯ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠵᠡᠷᠭᠡ ᠡᠯ᠎ᠡ ᠵᠦᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠨ᠂ ᠬᠠᠤᠯᠢ ᠶᠣᠰᠣᠭᠠᠷ ᠰᠤᠩᠭᠤᠭᠤᠯᠢ ᠬᠢᠬᠦ ᠪᠠ ᠠᠵᠢᠯᠳᠠᠨ ᠤ ᠶᠠᠪᠤᠳᠠᠯ ᠵᠡᠷᠭᠡ ᠬᠤᠯᠪᠣᠭᠳᠠᠯ ᠪᠦᠬᠦᠢ ᠵᠦᠢᠯᠡᠰ ᠢ ᠪᠢᠯᠧᠲ ᠥᠭᠴᠦ ᠲᠤᠭᠳᠠᠭᠠᠵᠤ᠂ ᠪᠦᠬᠦ ᠲᠤᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠢ ᠲᠤᠰᠬᠠᠵᠠᠢ᠃ ᠡᠨᠡ ᠤᠳᠠᠭᠠᠨ ᠤ ᠬᠤᠷᠠᠯᠳᠤᠭᠠᠨ ᠨᠢ ᠲᠤᠭ ᠢᠶᠠᠨ ᠥᠨᠳᠥᠷ ᠮᠠᠨᠳᠤᠭᠤᠯᠬᠤ ᠤᠯᠤᠰ ᠲᠥᠷᠥ ᠶᠢᠨ ᠤᠬᠠᠮᠰᠠᠷ ᠢ ᠪᠤᠢ ᠪᠣᠯᠭᠠᠵᠤ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠬᠤ ᠢᠲᠡᠭᠡᠯ ᠵᠣᠷᠢᠭ ᠢ ᠬᠥᠪᠴᠢᠯᠡᠵᠦ᠂ ᠪᠦᠯᠬᠦᠮᠳᠡᠨ ᠲᠡᠮᠡᠴᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠭᠰᠡᠨ ᠪᠠᠶᠢᠨ᠎ᠠ ᠬᠡᠵᠡᠢ᠃    ᠵᠢᠢ ᠫᠢᠩ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠭᠡ ᠬᠤᠷᠠᠯ ᠠᠴᠠ ᠭᠠᠷᠭᠠᠭᠰᠠᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠬᠠᠷᠠᠯᠲᠠ ᠪᠠᠨ ᠴᠢᠩᠭ᠎ᠠ ᠠᠳᠬᠤᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠳ᠋ᠦᠩᠱᠧᠩ ᠤᠨ ︽ᠭᠤᠷᠪᠠᠨ ᠲᠣᠭᠤᠷᠢᠭ ᠲᠦᠷᠪᠡᠨ ᠬᠤᠳᠠ︾ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠰᠢᠨ᠎ᠡ ᠠᠶᠠᠨ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠲᠡᠢ᠃ ᠨᠠᠮ ᠤᠨ ᠠᠯᠬᠤᠭ᠎ᠠ ᠶᠢ ᠳᠠᠭᠠᠵᠤ᠂ ᠠᠵᠤ ᠠᠬᠤᠢ ᠶᠢᠨ ᠲᠣᠭᠲᠠᠭᠤᠨ ᠨᠡᠮᠡᠭᠳᠡᠯ ᠪᠠ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠡᠷᠡᠰ ᠦᠢᠯᠡᠳᠦᠯᠭᠡᠵᠢᠭᠦᠯᠵᠦ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠨᠡᠩ ᠰᠠᠶᠢᠲᠤᠷ ᠬᠠᠩᠭᠠᠬᠤ ᠬᠡᠷᠡᠭᠲᠡᠢ᠃ ᠬᠠᠤᠯᠢᠵᠢᠯ ᠤᠨ ᠰᠠᠭᠤᠷᠢ ᠶᠢ ᠪᠠᠲᠤ ᠰᠠᠬᠢᠵᠤ᠂ ᠬᠠᠤᠯᠢ ᠶᠢ ᠬᠦᠨᠳᠦᠳᠬᠡᠬᠦ ᠬᠠᠤᠯᠢ ᠶᠢ ᠰᠤᠷᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠶᠠᠪᠤᠳᠠᠯ ᠢ ᠨᠡᠶᠢᠭᠡᠮ ᠳᠠᠶᠠᠭᠠᠷ ᠤᠨ ᠬᠡᠪ ᠰᠤᠷᠳᠠᠯ ᠢ ᠪᠤᠢ ᠪᠤᠯᠭᠠᠬᠤ ᠶᠢ ᠠᠬᠢᠭᠤᠯᠬᠤ ᠬᠡᠷᠡᠭᠲᠡᠢ ᠬᠡᠵᠡᠢ᠃
640 (2).jpg
     ᠵᠢᠶ ᠫᠢᠩ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠳᠥᠷᠪᠡᠨ ᠪᠠᠶᠢᠭᠤᠯᠭ᠎ᠠ︾ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠰᠢᠵᠦ᠂ ︽ᠤᠯᠤᠰ ᠲᠥᠷᠥ ᠡᠷᠡᠰ ᠪᠠᠲᠤ᠂ ᠠᠷᠠᠳ ᠲᠦᠮᠡᠨ ᠳᠤ ᠦᠢᠯᠡᠴᠢᠯᠡᠬᠦ᠂ ᠬᠠᠤᠯᠢᠵᠢᠯ ᠢ ᠡᠷᠬᠢᠮᠯᠡᠬᠦ᠂ ᠠᠷᠠᠳᠴᠢᠯᠠᠯ ᠢ ᠪᠠᠳᠠᠷᠠᠭᠤᠯᠬᠤ᠂ ᠠᠵᠢᠯᠴᠢ ᠬᠢᠴᠢᠶᠡᠩᠭᠦᠶ ᠪᠠᠷ ᠬᠠᠷᠢᠭᠤᠴᠠᠯᠭ᠎ᠠ ᠪᠠᠨ ᠬᠦᠢᠴᠡᠳᠬᠡᠬᠦ︾ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠩᠨᠡᠭᠡ ᠶᠢᠨ ᠪᠠᠷᠢᠮᠵᠢᠶ᠎ᠠ ᠱᠠᠭᠠᠷᠳᠠᠯᠭ᠎ᠠ ᠶᠢ ᠪᠠᠲᠤ ᠡᠵᠡᠮᠳᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠦᠷᠭᠦᠯᠵᠢᠯᠡᠨ ᠴᠢᠩᠭᠠᠳᠬᠠᠨ ᠰᠠᠶᠢᠵᠢᠷᠠᠭᠤᠯᠵᠤ᠂ ᠪᠥᠬᠦ ᠲᠤᠭᠤᠷᠢᠭ ᠤᠨ ᠡᠯ᠎ᠡ ᠪᠠᠯᠭᠠᠰᠤ ᠵᠡᠭᠡᠯᠢ ᠭᠤᠳᠤᠮᠵᠢ ᠠᠴᠠ ᠣᠯᠭᠤᠭᠰᠠᠨ ᠳᠠᠷᠬᠠᠨ ᠡᠭᠦᠷᠭᠡ ᠬᠠᠷᠢᠭᠤᠴᠠᠯᠭ᠎ᠠ ᠶᠢ ᠨᠠᠩ ᠰᠠᠶᠢᠲᠤᠷ ᠡᠭᠦᠷᠭᠡᠯᠡᠵᠦ᠂ ᠢᠮᠠᠭᠲᠠ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠳᠠᠷᠬᠠᠨ ᠡᠭᠦᠷᠭᠡ ᠬᠠᠷᠢᠭᠤᠴᠠᠯᠭ᠎ᠠ ᠪᠠᠨ ᠨᠠᠩ ᠰᠠᠶᠢᠲᠤᠷ ᠡᠭᠦᠷᠭᠡᠯᠡᠵᠦ᠂ ᠲᠥᠯᠥᠭᠡᠯᠡᠭᠴᠢᠳ ᠢ ᠬᠦᠨᠳᠦᠳᠬᠡᠬᠦ᠂ ᠲᠥᠯᠥᠭᠡᠯᠡᠭᠴᠢᠳ ᠲᠤ ᠲᠦᠰᠢᠭᠯᠡᠬᠦ᠂ ᠲᠥᠯᠥᠭᠡᠯᠡᠭᠴᠢᠳ ᠲᠤ ᠦᠢᠯᠡᠴᠢᠯᠡᠬᠦ ᠶᠢ ᠢᠮᠠᠭᠲᠠ ᠪᠠᠷᠢᠮᠲᠠᠯᠠᠵᠤ᠂ ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ  ᠳᠤ ᠲᠠᠰᠤᠷᠠᠯᠲᠠ ᠥᠬᠡᠶ ᠬᠠᠮᠤᠭ ᠤᠨ ᠪᠠᠲᠤ ᠴᠢᠩᠭ᠎ᠠ ᠪᠠᠲᠤᠯᠠᠭ᠎ᠠ ᠬᠠᠩᠭᠠᠵᠤ᠂ ᠨᠠᠩ ᠣᠯᠠᠨ ᠡᠰᠢᠲᠦ ᠲᠠᠪᠴᠠᠩ ᠢ ᠪᠠᠶᠢᠭᠤᠯᠵᠤ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠬᠦᠢᠴᠡᠳᠬᠡᠬᠦ ᠣᠷᠴᠢᠨ ᠲᠣᠭᠤᠷᠢᠨ ᠨᠠᠩ ᠰᠠᠶᠢᠨ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠪᠣᠳᠠᠲᠤ ᠦᠷ᠎ᠡ ᠪᠦᠲᠦᠮᠵᠢ ᠨᠠᠩ ᠴᠢᠩᠭ᠎ᠠ ᠪᠠᠶᠢᠬᠤ ᠶᠢ ᠪᠠᠲᠤᠯᠠᠵᠤ᠂ ᠪᠥᠬᠦ ᠲᠥᠯᠥᠭᠡᠯᠡᠭᠴᠢᠳ ᠠᠷᠠᠳ ᠲᠦᠮᠡᠨ ᠢ ᠲᠥᠯᠥᠭᠡᠯᠡᠨ ᠡᠷᠬᠡ ᠪᠠᠨ ᠬᠡᠷᠡᠭᠵᠢᠭᠦᠯᠬᠦ ᠢᠷᠠᠭᠤ ᠠᠯᠳᠠᠷᠲᠤ ᠡᠭᠦᠷᠭᠡ ᠪᠠᠨ ᠪᠠᠲᠤ ᠴᠡᠭᠡᠵᠢᠯᠡᠵᠦ᠂ ᠨᠠᠮ ᠤᠨ ᠬᠤᠷᠢᠶ᠎ᠠ᠂ ᠵᠠᠰᠠᠭ ᠤᠨ ᠤᠷᠳᠤᠨ ᠤᠯᠠᠨ ᠲᠦᠮᠡᠨ ᠲᠠᠢ ᠬᠠᠷᠢᠯᠴᠠᠬᠤ ᠬᠦᠬᠦᠷᠬᠡ ᠬᠤᠯᠪᠤᠭᠠᠰᠤ ᠶᠢᠨ ᠤᠶᠢᠯᠡᠳᠤᠯ ᠢ ᠬᠦᠢᠴᠡᠳ ᠪᠠᠳᠠᠷᠠᠭᠤᠯᠵᠤ᠂ ᠪᠣᠳᠠᠲᠠᠶ ᠶᠢ ᠡᠷᠬᠢᠮᠯᠡᠭᠰᠡᠨ ᠠᠷᠭ᠎ᠠ ᠪᠣᠳᠣᠯᠭ᠎ᠠ ᠢᠯᠡᠭᠦᠬᠡᠨ ᠳᠡᠪᠰᠢᠭᠦᠯᠵᠦ᠂ ᠬᠥᠭᠵᠢᠯᠲᠡ ᠳᠤ ᠠᠰᠢᠭᠳᠠᠢ ᠦᠭᠡ ᠶᠠᠷᠢᠶ᠎ᠠ ᠢᠯᠡᠭᠦᠬᠡᠨ ᠳᠡᠪᠰᠢᠭᠦᠯᠵᠦ᠂ ᠢᠳᠡᠪᠬᠢ ᠬᠦᠴᠦᠨ ᠵᠦᠢᠯ ᠢ ᠬᠠᠮᠤᠭ ᠤᠨ ᠶᠡᠭᠡ ᠬᠡᠮᠵᠢᠶ᠎ᠡ ᠪᠠᠷ ᠳᠠᠶᠢᠴᠢᠯᠠᠵᠤ᠂ ᠨᠠᠵᠠᠭᠠᠢ ᠬᠦᠴᠦᠨ ᠵᠦᠢᠯ ᠢ ᠠᠷᠢᠯᠭᠠᠵᠤ᠂ ᠪᠥᠬᠦ ᠲᠤᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠬᠤ ᠶᠢ ᠬᠦᠰᠡᠵᠦ ᠪᠠᠶᠢᠨ᠎ᠠ᠃ ︽ᠨᠢᠭᠡ ᠵᠠᠰᠠᠭ ᠤᠨ ᠣᠷᠳᠣᠨ ᠨᠢᠭᠡ ᠵᠥᠪᠯᠡᠯ ᠬᠤᠶᠠᠷ ᠬᠤᠷᠢᠶ᠎ᠠ︾ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠷᠬᠡ ᠲᠤᠰᠢᠶᠠᠯ ᠢᠶᠠᠨ ᠭᠦᠢᠴᠡᠳᠬᠡᠬᠦ ᠶᠢ ᠢᠳᠡᠪᠬᠢᠲᠡᠢ ᠳᠡᠮᠵᠢᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠵᠥᠪᠯᠡᠯᠭᠡ ᠪᠠ ᠰᠠᠨᠠᠭᠤᠯᠭ᠎ᠠ ᠶᠢ ᠨᠠᠷᠢᠨ ᠬᠢᠨᠠᠮᠠᠭᠠᠢ ᠰᠢᠢᠳᠪᠦᠷᠢᠯᠡᠵᠦ᠂ ᠶᠠᠪᠤᠳᠠᠯ ᠪᠦᠬᠦᠨ ᠳᠤ ᠬᠠᠷᠢᠭᠤ ᠥᠭᠴᠦ᠂ ᠶᠠᠪᠤᠳᠠᠯ ᠪᠦᠬᠦᠨ ᠳᠤ ᠨᠠᠶᠢᠳᠠᠪᠤᠷᠢᠵᠢᠭᠤᠯᠤᠯᠲᠠ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠪᠦᠬᠦ ᠲᠤᠭᠤᠷᠢᠭ ᠤᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠯᠤᠭ᠎ᠠ ᠶᠢᠨ ᠨᠡᠪᠲᠡᠷᠡᠯᠴᠡᠭᠡ ᠪᠠᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯ ᠢᠶᠠᠨ ᠥᠷᠨᠢᠭᠦᠯᠬᠦ ᠳᠤ ᠰᠠᠨᠠᠭᠠᠴᠢᠯᠠᠭ᠎ᠠ ᠠᠴᠠ ᠪᠠᠨ ᠨᠥᠬᠦᠴᠡᠯ ᠪᠦᠷᠢᠯᠳᠦᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠠᠷᠠᠳ ᠤᠯᠠᠨ ᠤ ᠰᠠᠨᠠᠯ ᠰᠠᠨᠠᠭᠤᠯᠭ᠎ᠠ ᠶᠢ ᠳᠠᠷᠤᠤ ᠬᠢᠴᠢᠶᠡᠩᠭᠦᠢ ᠪᠠᠷ ᠰᠣᠨᠣᠰᠴᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠪᠦᠬᠦ ᠨᠡᠶᠢᠭᠡᠮ ᠢᠶᠠᠷ ᠢᠶᠠᠨ ᠲᠥᠯᠥᠭᠡᠯᠡᠭᠴᠢ ᠶᠢ ᠬᠦᠨᠳᠦᠳᠬᠡᠬᠦ᠂ ᠲᠥᠯᠥᠭᠡᠯᠡᠭᠴᠢ ᠶᠢ ᠳᠡᠮᠵᠢᠬᠦ᠂ ᠲᠥᠯᠥᠭᠡᠯᠡᠭᠴᠢᠳ ᠲᠤ ᠦᠢᠯᠡᠴᠢᠯᠡᠬᠦ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠬᠡᠷᠡᠭᠲᠡᠢ ᠬᠡᠵᠡᠢ᠃     ᠵᠢᠢ ᠫᠢᠩ᠂ ᠰᠢᠨ᠎ᠡ ᠴᠠᠭ ᠦᠶ᠎ᠡ ᠳᠤ ᠣᠷᠣᠵᠤ᠂ ᠭᠠᠭᠴᠠ ᠬᠦ ᠴᠢᠷᠮᠠᠶᠢᠨ ᠲᠡᠮᠡᠴᠡᠪᠡᠯ ᠰᠠᠶ᠋ᠢ ᠬᠦᠰᠡᠯ ᠵᠡᠭᠦᠳᠦ ᠪᠠᠨ ᠪᠡᠶᠡᠯᠡᠭᠦᠯᠵᠦ ᠴᠢᠳᠠᠨ᠎ᠠ᠂ ᠭᠠᠭᠴᠠ ᠬᠦ ᠪᠣᠳᠠᠲᠠᠢ ᠠᠵᠢᠯᠯᠠᠪᠠᠯ ᠰᠠᠶ᠋ᠢ ᠢᠷᠡᠭᠡᠳᠦᠢ ᠶᠢ ᠣᠯᠵᠤ ᠴᠢᠳᠠᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠦᠨᠡᠨᠴᠢ ᠰᠢᠳᠤᠷᠭᠤ ᠪᠠᠷ ᠰᠢᠨ᠎ᠡ ᠶᠢ ᠡᠭᠦᠳᠴᠦ᠂ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠭᠰᠡᠨ ᠳ᠋ᠦᠩᠱᠧᠩ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠬᠦᠯᠬᠦ ᠬᠡᠷᠡᠭᠳᠠᠢ ᠬᠡᠵᠡᠢ᠃     ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠲᠡᠭᠦᠰᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ