ᠬᠡᠷ ᠤᠨ ᠠᠬᠠᠮᠠᠳ ᠠᠴᠠ ᠬᠡᠤᠬᠡᠳ ᠤᠨ ᠠᠮᠠᠷᠠᠯᠳᠠ ᠶᠢᠨ ᠬᠤᠭᠤᠴᠠᠭᠠᠨ ᠤ ᠨᠡᠶᠢᠯᠡᠭ ᠬᠡᠮ ᠤᠯᠬᠤ ᠶᠢ ᠬᠡᠷᠬᠢᠨ ᠰᠡᠷᠬᠡᠶᠢᠯᠡᠬᠦ ᠪᠤᠢ︖
ᠨᠡᠶᠢᠲᠡᠯᠡᠭᠰᠡᠨ ᠴᠠᠭ᠄
2024/1/26
      ᠡᠪᠤᠯ ᠤᠨ ᠠᠮᠠᠷᠠᠯᠳᠠ ᠬᠦᠷᠴᠤ ᠢᠷᠡᠯ᠎ᠡ᠂ ᠤᠯᠠᠩᠬᠢ ᠬᠡᠤᠬᠡᠳ ᠠᠮᠠᠷᠠᠯᠳᠠ ᠶᠢᠨ ᠬᠤᠭᠤᠴᠠᠭ᠎ᠠ ᠪᠠᠨ ᠬᠡᠷ ᠤᠨ ᠠᠬᠠᠮᠠᠳ ᠤᠨ ᠢᠶᠠᠨ ᠬᠠᠷᠠᠭᠠᠯᠵᠠᠯ ᠢᠶᠠᠷ ᠵᠢᠮ᠎ᠡ ᠶᠤᠰᠤ ᠲᠠᠢ᠂ ᠡᠮᠬᠢ ᠵᠢᠷᠦᠮ ᠲᠠᠢ ᠰᠠᠶᠢᠬᠠᠨ ᠦᠩᠬᠡᠷᠡᠬᠦᠯᠳᠡᠭ᠃ ᠬᠡᠪᠡᠴᠤ ᠵᠠᠷᠢᠮ ᠬᠡᠤᠬᠡᠳ ᠠᠮᠠᠷᠠᠯᠳᠠ ᠶᠢᠨ ᠬᠤᠭᠤᠴᠠᠭᠠᠨ ᠳᠤ ᠪᠠᠨ ᠠᠮᠢᠳᠤᠷᠠᠯ ᠤᠨ ᠠᠷᠭ᠎ᠠ ᠬᠡᠯᠪᠡᠷᠢ ᠳᠤ ᠬᠤᠪᠢᠷᠠᠯᠳᠠ ᠭᠠᠷᠬᠤ᠂ ᠡᠯᠧᠺᠲᠷᠤᠨ ᠲᠦᠬᠦᠬᠡᠷᠦᠮᠵᠢ ᠶᠢ ᠬᠡᠳᠤᠷᠡᠳᠡᠯ᠎ᠡ ᠨᠠᠭᠠᠳᠬᠤ᠂ ᠨᠡᠶᠢᠬᠡᠮ ᠤᠨ ᠬᠠᠷᠢᠯᠴᠠᠭᠠᠨ ᠤ ᠠᠵᠢᠯᠯᠠᠭ᠎ᠠ ᠪᠠᠭᠠᠰᠤᠭᠰᠠᠨ ᠵᠡᠷᠬᠡ ᠰᠢᠯᠳᠠᠭᠠᠨ ᠠᠴᠠ ᠪᠤᠯᠵᠤ ᠤᠴᠠᠭᠠᠷᠯᠠᠬᠤ᠂ ᠭᠤᠳᠤᠷᠠᠬᠤ᠂ ᠠᠯᠵᠠᠭᠤᠷᠠᠨ ᠬᠤᠶᠢᠷᠭᠤᠰᠢᠬᠤ ᠵᠡᠷᠬᠡ ᠰᠡᠳᠬᠢᠴᠡ ᠶᠢᠨ ᠪᠠᠶᠢᠳᠠᠯ ᠢᠯᠡᠷᠡᠳᠡᠭ᠃ ᠡᠶᠢᠮᠤ ᠠᠴᠠ ᠬᠡᠷ ᠤᠨ ᠠᠬᠠᠮᠠᠳ ᠠᠴᠠ ᠬᠡᠤᠬᠡᠳ  ᠤᠨ ᠢᠶᠠᠨ ᠪᠡᠶ᠎ᠡ ᠳᠤ ᠡᠳᠡᠬᠡᠷ ᠰᠡᠳᠬᠢᠴᠡ ᠶᠢᠨ ᠪᠠᠶᠢᠳᠠᠯ ᠭᠠᠷᠬᠤ ᠠᠴᠠ ᠪᠤᠯᠭᠤᠮᠵᠢᠯᠠᠪᠠᠯ ᠵᠤᠬᠢᠨ᠎ᠠ᠃      1. ᠠᠮᠠᠷᠠᠯᠳᠠ ᠶᠢᠨ ᠬᠤᠭᠤᠴᠠᠭᠠᠨ ᠳᠤ ᠠᠮᠢᠳᠤᠷᠠᠯ ᠤᠨ ᠰᠠᠶᠢᠨ ᠳᠠᠳᠬᠠᠯ ᠢ ᠪᠠᠷᠢᠮᠳᠠᠯᠠᠨ᠎ᠠ       ᠬᠡᠷ ᠤᠨ ᠠᠬᠠᠮᠠᠳ ᠬᠡᠤᠬᠡᠳ ᠲᠠᠢ ᠪᠠᠨ ᠡᠷᠳᠡ ᠤᠨᠳᠠᠬᠤ ᠪᠠ ᠡᠷᠳᠡ ᠪᠤᠰᠬᠤ ᠶᠢ ᠪᠠᠷᠢᠮᠳᠠᠯᠠᠨ᠂ ᠬᠡᠷ ᠤᠨ ᠠᠬᠠᠮᠠᠳ ᠬᠡᠤᠬᠡᠳ ᠲᠠᠢ ᠪᠠᠨ ᠤᠨᠳᠠᠬᠤ ᠠᠴᠠ ᠡᠮᠤᠨ᠎ᠡ ᠨᠤᠮ ᠤᠩᠰᠢᠬᠤ᠂ ᠰᠡᠳᠬᠢᠯ ᠤᠨ ᠦᠬᠡ ᠪᠠᠨ ᠶᠠᠷᠢᠯᠴᠠᠬᠤ ᠵᠡᠷᠬᠡ ᠰᠠᠶᠢᠬᠠᠨ ᠳᠠᠳᠬᠠᠯ ᠢ ᠪᠤᠢ ᠪᠤᠯᠭᠠᠨ᠎ᠠ᠃ ᠬᠡᠷ ᠤᠨ ᠠᠬᠠᠮᠠᠳ ᠠᠴᠠ ᠪᠠᠰᠠ ᠬᠡᠤᠬᠡᠳ ᠢᠶᠠᠨ ᠡᠳᠤᠷ ᠤᠨ ᠭᠤᠷᠪᠠᠨ ᠴᠠᠭ ᠤᠨ ᠬᠤᠭᠤᠯᠠᠨ ᠤ ᠪᠡᠯᠡᠳᠬᠡᠯ ᠠᠵᠢᠯ ᠳᠤ ᠤᠷᠤᠯᠴᠠᠭᠤᠯᠵᠤ᠂ ᠬᠡᠤᠬᠡᠳ ᠤᠨ ᠪᠡᠶ᠎ᠡ ᠪᠠᠨ ᠳᠠᠭᠠᠭᠠᠬᠤ ᠴᠢᠳᠠᠪᠤᠷᠢ ᠪᠠ ᠬᠡᠷ ᠪᠦᠯᠢ ᠶᠢᠨ ᠬᠠᠷᠢᠭᠤᠴᠠᠯᠭᠠᠳᠤ ᠰᠡᠳᠬᠢᠯᠬᠡ ᠶᠢ ᠨᠡᠮᠡᠭᠳᠡᠬᠦᠯᠦᠨ᠎ᠡ᠃      2. ᠡᠯᠧᠺᠲᠷᠤᠨ ᠲᠦᠬᠦᠬᠡᠷᠦᠮᠵᠢ ᠶᠢ ᠬᠡᠳᠤᠷᠡᠳᠡᠯ᠎ᠡ ᠨᠠᠭᠠᠳᠬᠤ ᠠᠴᠠ ᠪᠤᠯᠭᠤᠮᠵᠢᠯᠠᠨ᠎ᠠ       ᠬᠡᠷ ᠤᠨ ᠠᠬᠠᠮᠠᠳ ᠬᠡᠤᠬᠡᠳ ᠲᠠᠢ ᠪᠠᠨ ᠬᠠᠮᠳᠤ ᠪᠠᠷ ᠡᠯᠧᠺᠲᠷᠤᠨ ᠲᠦᠬᠦᠬᠡᠷᠦᠮᠵᠢ ᠶᠢ ᠬᠡᠷᠡᠭᠯᠡᠬᠦ ᠴᠠᠭ ᠢᠶᠠᠨ ᠵᠤᠬᠢᠰᠳᠠᠢ ᠳᠤᠬᠢᠷᠠᠭᠤᠯᠤᠨ᠂ ᠬᠤᠭᠤᠯᠠᠨ ᠰᠢᠷᠡᠬᠡᠨ ᠳᠡᠬᠡᠷ᠎ᠡ ᠪᠤᠶᠤ ᠬᠡᠷ ᠪᠦᠯᠢ ᠶᠢᠨ ᠬᠦᠳᠡᠯᠬᠡᠬᠡᠨ ᠬᠢᠬᠦ ᠳᠤ ᠡᠯᠧᠺᠲᠷᠤᠨ ᠲᠦᠬᠦᠬᠡᠷᠦᠮᠵᠢ ᠬᠡᠷᠡᠭᠯᠡᠬᠦ ᠶᠢ ᠡᠷᠡᠰ ᠬᠤᠷᠢᠭᠯᠠᠨ᠎ᠠ᠃ ᠡᠯᠧᠺᠲᠷᠤᠨ ᠲᠦᠬᠦᠬᠡᠷᠦᠮᠵᠢ ᠶᠢ ᠬᠡᠷᠡᠭᠯᠡᠬᠦ ᠶᠢ ᠬᠢᠵᠠᠭᠠᠷᠯᠠᠬᠤ ᠳᠤ ᠪᠠᠨ ︽ᠶᠠᠭᠤ ᠬᠢᠵᠤ ᠪᠤᠯᠬᠤ︾᠂ ︽ᠶᠠᠭᠤ ᠶᠢ ᠬᠢᠵᠤ ᠪᠤᠯᠬᠤ ᠦᠬᠡᠢ︾ ᠶᠢ ᠢᠯᠡᠬᠦᠦ ᠴᠢᠬᠤᠯᠠᠴᠢᠯᠠᠪᠠᠯ ᠵᠤᠬᠢᠨ᠎ᠠ᠃      3. ᠠᠮᠠᠷᠠᠯᠳᠠ ᠶᠢᠨ ᠬᠤᠭᠤᠴᠠᠭᠠᠨ ᠳᠤ ᠵᠦᠢ ᠵᠤᠬᠢᠰᠳᠠᠢ ᠨᠠᠭᠠᠳᠴᠤ ᠰᠤᠷᠤᠯᠴᠠᠬᠤ ᠶᠢ ᠪᠠᠷᠢᠮᠳᠠᠯᠠᠨ᠎ᠠ       ᠬᠡᠷ ᠤᠨ ᠠᠬᠠᠮᠠᠳ ᠳᠤᠭᠳᠠᠭᠰᠠᠨ ᠬᠤᠭᠤᠴᠠᠭ᠎ᠠ ᠲᠠᠢ ᠪᠠᠷ ᠵᠤᠭ᠎ᠠ ᠴᠡᠩᠬᠡᠯ ᠤᠨ ᠳᠤᠮᠳᠠ ᠬᠦᠮᠦᠵᠢᠯ ᠬᠦᠷᠳᠡᠬᠡᠬᠦ ᠬᠦᠳᠡᠯᠬᠡᠬᠡᠨ ᠢ ᠵᠤᠬᠢᠶᠠᠨ ᠪᠠᠶᠢᠭᠤᠯᠵᠤ ᠪᠤᠯᠤᠨ᠎ᠠ᠃ ᠵᠢᠱᠢᠶᠡᠯᠡᠪᠡᠯ ᠬᠡᠤᠬᠡᠳ ᠢᠶᠠᠨ ᠳᠠᠭᠠᠭᠤᠯᠤᠨ ᠰᠤᠳᠤᠯᠤᠨ ᠰᠤᠷᠤᠯᠴᠠᠬᠤ ᠠᠵᠢᠯᠯᠠᠭ᠎ᠠ ᠳᠤ ᠤᠷᠤᠯᠴᠠᠭᠤᠯᠬᠤ᠂ ᠮᠦᠽᠸᠢ ᠶᠢ ᠳᠤᠭᠤᠷᠢᠨ ᠦᠵᠡᠬᠦᠯᠬᠦ ᠪᠠᠷ ᠳᠠᠮᠵᠢᠨ ᠳᠡᠳᠡᠨ ᠤ ᠰᠤᠷᠤᠯᠴᠠᠬᠤ ᠤᠷᠮ᠎ᠠ ᠵᠤᠷᠢᠭ ᠢ ᠬᠦᠭᠵᠢᠬᠡᠨ᠎ᠡ᠃ ᠬᠡᠷ ᠤᠨ ᠠᠬᠠᠮᠠᠳ ᠰᠤᠷᠭᠠᠭᠤᠯᠢ ᠶᠢᠨ ᠱᠠᠭᠠᠷᠳᠠᠯᠭ᠎ᠠ  ᠪᠠᠷ ᠬᠡᠤᠬᠡᠳ ᠲᠤ ᠪᠠᠨ ᠪᠠᠭ᠎ᠠ ᠬᠡᠮᠵᠢᠶᠡᠨ ᠤ ᠰᠤᠷᠤᠯᠴᠠᠬᠤ ᠲᠦᠯᠦᠪᠯᠡᠭᠡ ᠳᠤᠬᠢᠷᠠᠭᠤᠯᠤᠨ᠂ ᠰᠤᠷᠤᠭᠰᠠᠨ ᠮᠡᠳᠡᠯᠬᠡ  ᠪᠠᠨ ᠪᠠᠳᠤᠳᠬᠠᠵᠤ ᠪᠤᠯᠤᠨ᠎ᠠ᠂ ᠪᠠᠰᠠ ᠳᠠᠷᠠᠭ᠎ᠠ ᠬᠤᠭᠤᠴᠠᠭᠠᠨ ᠤ ᠰᠤᠷᠤᠯᠴᠠᠬᠤ ᠠᠭᠤᠯᠭ᠎ᠠ ᠪᠠᠨ ᠵᠤᠬᠢᠬᠤ ᠬᠡᠮᠵᠢᠶ᠎ᠡ  ᠪᠠᠷ ᠤᠷᠢᠳᠴᠢᠯᠠᠨ ᠰᠤᠷᠴᠤ ᠪᠤᠯᠤᠨ᠎ᠠ᠃      4. ᠨᠡᠶᠢᠬᠡᠮ ᠤᠨ ᠬᠠᠷᠢᠯᠴᠠᠭᠠᠨ ᠳᠤ ᠢᠯᠡᠬᠦᠬᠡᠨ ᠤᠷᠤᠯᠴᠠᠭᠤᠯᠤᠨ᠎ᠠ       ᠬᠡᠷ ᠤᠨ ᠠᠬᠠᠮᠠᠳ ᠬᠡᠤᠬᠡᠳ ᠤᠨ ᠨᠡᠶᠢᠬᠡᠮ ᠳᠤᠭᠤᠷᠢᠭ ᠤᠨ ᠬᠦᠳᠡᠯᠬᠡᠬᠡᠨ ᠳᠤ ᠢᠯᠡᠬᠦᠬᠡᠨ ᠤᠷᠤᠯᠴᠠᠬᠤ ᠶᠢ ᠵᠤᠷᠢᠭᠵᠢᠭᠤᠯᠵᠤ ᠪᠤᠯᠤᠨ᠎ᠠ᠂ ᠪᠠᠰᠠ ᠦᠪᠡᠷ ᠤᠨ ᠳᠤᠷ᠎ᠠ ᠰᠤᠨᠢᠷᠬᠠᠯ ᠢᠶᠠᠨ ᠦᠨᠳᠤᠰᠤᠯᠡᠨ ᠨᠠᠶᠢᠵᠠ᠂ ᠬᠠᠮᠳᠤ ᠰᠤᠷᠤᠭᠴᠢ ᠲᠠᠢ ᠪᠠᠨ ᠴᠤᠭ ᠨᠠᠭᠠᠳᠴᠤ ᠳᠤᠭᠯᠠᠬᠤ ᠶᠢ ᠵᠤᠷᠢᠭᠵᠢᠭᠤᠯᠤᠨ᠎ᠠ᠃      5. ᠰᠡᠳᠬᠢᠴᠡ ᠶᠢᠨ ᠡᠷᠡᠬᠦᠯ ᠮᠡᠨᠳᠤ ᠶᠢ ᠠᠩᠬᠠᠷᠤᠨ᠎ᠠ       ᠳᠤᠭᠳᠠᠭᠰᠠᠨ ᠬᠤᠭᠤᠴᠠᠭ᠎ᠠ ᠲᠠᠢ ᠬᠡᠤᠬᠡᠳ ᠲᠠᠢ ᠪᠠᠨ ᠬᠠᠷᠢᠯᠴᠠᠨ᠂ ᠳᠡᠳᠡᠨ ᠤ ᠳᠤᠳᠤᠭᠠᠳᠤ ᠰᠡᠳᠬᠢᠯ ᠤᠨ ᠲᠦᠷᠦᠭᠳᠡᠯ ᠪᠠ ᠪᠤᠳᠤᠯ ᠢ ᠦᠢᠯᠠᠭᠠᠬᠤ᠂ ᠤᠷᠮ᠎ᠠ ᠰᠡᠳᠬᠢᠯᠬᠡ ᠪᠠ ᠨᠡᠶᠢᠬᠡᠮ ᠤᠨ ᠬᠠᠷᠢᠯᠴᠠᠭᠠᠨ ᠤ ᠪᠠᠶᠢᠳᠠᠯ ᠤᠨ ᠬᠤᠪᠢᠷᠠᠯᠳᠠ ᠶᠢ ᠠᠵᠢᠭᠯᠠᠨ᠎ᠠ᠃ ᠬᠡᠤᠬᠡᠳ ᠤᠨ ᠪᠡᠶ᠎ᠡ ᠳᠡᠬᠡᠷ᠎ᠡ ᠤᠷᠮ᠎ᠠ ᠰᠡᠳᠬᠢᠯ ᠤᠨ ᠳᠤᠭᠳᠠᠪᠤᠷᠢ ᠦᠬᠡᠢ ᠪᠠᠶᠢᠳᠠᠯ ᠪᠤᠶᠤ ᠦᠢᠯᠡ ᠠᠵᠢᠯᠯᠠᠭ᠎ᠠ ᠶᠢᠨ ᠬᠤᠪᠢᠷᠠᠯᠳᠠ ᠢᠯᠡᠷᠡᠪᠡᠯ ᠬᠡᠷ ᠤᠨ ᠠᠬᠠᠮᠠᠳ ᠠᠴᠠ ᠪᠠᠶᠢᠳᠠᠯ ᠢ ᠦᠢᠯᠠᠭᠠᠨ᠂ ᠢᠯᠡᠬᠦᠬᠡᠨ ᠬᠠᠷᠠᠭᠠᠯᠵᠠᠯ ᠦᠵᠡᠬᠦᠯᠦᠨ᠎ᠡ᠃
ᠢᠷᠡᠯᠲᠡ᠄ NMTV ᠰᠤᠶᠤᠯ