ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠦᠴᠦᠲᠡᠢ ᠨᠡᠮᠡᠭᠳᠡᠯ ᠤᠨ ᠬᠠᠨᠳᠤᠰᠢ ᠶᠢ ᠪᠠᠲᠤᠯᠠᠵᠤ᠂ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠶᠢᠨ ᠬᠤᠷᠳᠤᠴᠠ ᠶᠢ ᠲᠦᠷᠭᠡᠳᠬᠡᠪᠡ
ᠨᠡᠶᠢᠲᠡᠯᠡᠭᠰᠡᠨ ᠴᠠᠭ᠄
2024/1/26
    2023 ᠣᠨ ᠳᠤ᠂ ᠳ᠋ᠦᠩᠱᠧᠩ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 23.4% ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠪᠠᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 36.1% ᠪᠠᠷ ᠪᠠᠭᠤᠷᠠᠪᠠ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 16.6% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 27.6% ᠪᠠᠷ ᠨᠡᠮᠡᠭᠳᠡᠪᠡ᠃     ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠶᠢᠨ ᠬᠤᠷᠳᠤᠴᠠ ᠶᠢ ᠨᠡᠮᠡᠭᠳᠡᠬᠦᠯᠪᠡ᠃ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 234.5% ᠪᠠᠷ ᠨᠡᠮᠡᠭᠳᠡᠵᠦ᠂ 1 — 11 ᠰᠠᠷ᠎ᠠ ᠳᠤ 160.9% ᠪᠠᠷ ᠨᠡᠮᠡᠭᠳᠡᠭᠰᠡᠨ ᠰᠠᠭᠤᠷᠢᠨ ᠳᠡᠭᠡᠷ᠎ᠡ 73.6 ᠵᠠᠭᠤᠨ ᠤ ᠬᠤᠪᠢ ᠲᠦᠷᠭᠡᠳᠴᠦ᠂ ᠪᠡᠯᠡ ᠣᠷᠣᠭᠤᠯᠤᠯᠲᠠ ᠶᠢᠨ ᠨᠡᠮᠡᠭᠳᠡᠯ ᠢ 22.2 ᠵᠠᠭᠤᠨ ᠤ ᠬᠤᠪᠢ ᠳᠠᠶᠢᠴᠢᠯᠠᠪᠠ᠃ ᠡᠭᠦᠨ ᠳᠤ ᠲᠣᠨᠣᠭᠯᠠᠯ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 224% ᠪᠠᠷ ᠨᠡᠮᠡᠭᠳᠡᠵᠦ᠂ ᠪᠡᠯᠡ ᠣᠷᠣᠭᠤᠯᠤᠯᠲᠠ ᠶᠢᠨ ᠨᠡᠮᠡᠭᠳᠡᠯ ᠢ 21.1 ᠵᠠᠭᠤᠨ ᠤ ᠬᠤᠪᠢ ᠳᠠᠶᠢᠴᠢᠯᠠᠪᠠ︔ ᠬᠡᠷᠡᠭᠯᠡᠭᠡᠨ ᠤ ᠵᠦᠢᠯ ᠤᠨ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 734.3% ᠪᠠᠷ ᠨᠡᠮᠡᠭᠳᠡᠵᠦ᠂ ᠪᠡᠯᠡ ᠣᠷᠣᠭᠤᠯᠤᠯᠲᠠ ᠶᠢᠨ ᠨᠡᠮᠡᠭᠳᠡᠯ ᠢ 0.1 ᠵᠠᠭᠤᠨ ᠤ ᠬᠤᠪᠢ ᠳᠠᠶᠢᠴᠢᠯᠠᠪᠠ᠃     ᠭᠤᠤᠯᠳᠠᠯᠭ᠎ᠠ ᠲᠠᠢ ᠲᠦᠷᠦᠯ ᠵᠤᠶᠢᠯ ᠤᠨ ᠪᠡᠯᠡ ᠣᠷᠣᠭᠤᠯᠤᠯᠲᠠ ᠶᠢᠨ ᠳᠠᠶᠢᠴᠢᠯᠠᠬᠤ ᠦᠢᠯᠡᠳᠦᠯ ᠢᠯᠡᠳᠲᠡ ᠪᠣᠯᠪᠠ᠃ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 58.5% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ ᠡᠵᠡᠯᠡᠬᠦ ᠬᠤᠪᠢ ᠶᠢᠨ ᠵᠢᠩ ᠨᠢ 24.5% ᠪᠠᠶᠢᠵᠤ᠂ ᠪᠡᠯᠡ ᠣᠷᠣᠭᠤᠯᠤᠯᠲᠠ ᠶᠢᠨ ᠨᠡᠮᠡᠭᠳᠡᠯ ᠢ 11.2 ᠵᠠᠭᠤᠨ ᠤ ᠬᠤᠪᠢ ᠳᠠᠶᠢᠴᠢᠯᠠᠪᠠ᠃     ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠡᠷᠡᠭᠴᠡᠭᠡ ᠨᠡᠯᠢᠶᠡᠳ ᠳᠦᠷᠭᠡᠨ ᠰᠤᠯᠠᠯᠠᠭᠳᠠᠪᠠ᠃ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 51.5% ᠪᠠᠷ ᠨᠡᠮᠡᠭᠳᠡᠵᠦ᠂ ᠪᠡᠯᠡ ᠣᠷᠣᠭᠤᠯᠤᠯᠲᠠ ᠶᠢᠨ ᠪᠥᠬᠦ ᠲᠣᠭᠠᠨ ᠤ 49.6% ᠶᠢ ᠡᠵᠡᠯᠡᠵᠦ᠂ ᠪᠡᠯᠡ ᠣᠷᠣᠭᠤᠯᠤᠯᠲᠠ ᠶᠢᠨ ᠨᠡᠮᠡᠭᠳᠡᠯ ᠢ 20.8 ᠵᠠᠭᠤᠨ ᠤ ᠬᠤᠪᠢ ᠳᠠᠶᠢᠴᠢᠯᠠᠪᠠ᠃ ᠲᠠᠸᠠᠷ ᠤᠨ ᠭᠡᠷ ᠪᠠᠶᠢᠰᠢᠩ ᠤᠨ ᠪᠣᠷᠤᠯᠠᠭᠤᠯᠭ᠎ᠠ ᠶᠢᠨ ᠲᠠᠯᠠᠪᠠᠶ 77.42 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 89.8% ᠪᠠᠷ ᠨᠡᠮᠡᠭᠳᠡᠪᠡ︔ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠬᠡᠮᠵᠢᠶ᠎ᠡ 49.96 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 73.7% ᠪᠠᠷ ᠨᠡᠮᠡᠭᠳᠡᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ