ᠦᠢᠯᠡᠴᠢᠯᠡᠭᠡᠨ ᠤ ᠦᠢᠯᠡᠰ ᠦᠷᠭᠦᠯᠵᠢᠯᠡᠨ ᠲᠣᠭᠲᠠᠭᠤᠨ ᠢᠶᠠᠷ ᠰᠡᠷᠭᠦᠵᠦ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ ᠪᠠᠭᠤᠷᠠᠯᠲᠠ ᠶᠢᠨ ᠬᠡᠮᠵᠢᠶ᠎ᠡ ᠰᠠᠷ᠎ᠠ ᠳᠠᠷᠠᠭᠠᠯᠠᠨ ᠪᠠᠭᠠᠰᠪᠠ
ᠨᠡᠶᠢᠲᠡᠯᠡᠭᠰᠡᠨ ᠴᠠᠭ᠄
2024/1/26
    2023 ᠣᠨ ᠳᠤ᠂ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ 576.52 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 11.6% ᠪᠠᠷ ᠨᠡᠮᠡᠭᠳᠡᠨ᠂ GDP ᠳᠤ ᠡᠵᠡᠯᠡᠬᠦ ᠬᠤᠪᠢ ᠶᠢᠨ ᠵᠢᠩ ᠨᠢ 55.95% ᠳᠤ ᠬᠦᠷᠴᠦ᠂ ᠠᠵᠤ ᠠᠬᠤᠢ ᠶᠢᠨ ᠨᠡᠮᠡᠭᠳᠡᠯ ᠢ 7.5 ᠵᠠᠭᠤᠨ ᠤ ᠬᠤᠪᠢ ᠳᠠᠶᠢᠴᠢᠯᠠᠨ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 68.4% ᠳᠤ ᠬᠦᠷᠴᠡᠢ᠃     1 — 11 ᠰᠠᠷ᠎ᠠ ᠳᠤ᠂ ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 187.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.2% ᠢᠶᠠᠷ ᠪᠠᠭᠤᠷᠠᠵᠤ᠂ 1 — 10 ᠰᠠᠷ᠎ᠠ ᠶᠢᠨ  ᠬᠢ ᠠᠴᠠ 2 ᠵᠠᠭᠤᠨ ᠤ ᠬᠤᠪᠢ ᠪᠠᠭᠠᠰᠴᠠᠢ᠃ 9 ᠶᠡᠭᠡ ᠠᠵᠢᠯ ᠲᠦᠷᠦᠯ ᠤᠨ ᠳᠣᠲᠣᠷᠠᠬᠢ 8 ᠨᠢ ᠡᠶᠡᠷᠭᠦ ᠨᠡᠮᠡᠭᠳᠡᠯ ᠢ ᠪᠡᠶᠡᠯᠡᠭᠦᠯᠪᠡ᠃ ᠡᠭᠦᠨ ᠳᠤ ᠵᠠᠮ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 118.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.6% ᠪᠠᠷ ᠪᠠᠭᠤᠷᠠᠪᠠ︔ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 29.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 52.4% ᠪᠠᠷ ᠨᠡᠮᠡᠭᠳᠡᠪᠡ︔ ᠮᠡᠳᠡᠭᠡ ᠵᠠᠩᠭᠢ ᠳᠠᠮᠵᠢᠭᠤᠯᠬᠤ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 27.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.9% ᠪᠠᠷ ᠨᠡᠮᠡᠭᠳᠡᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ