ᠠᠵᠤ ᠦᠢᠯᠡᠳᠪᠦᠷᠢ ᠶᠢᠨ ᠠᠵᠤ ᠠᠬᠤᠢ ᠶᠡᠷᠦᠩᠬᠡᠢ ᠳᠡᠭᠡᠨ ᠰᠠᠶᠢᠵᠢᠷᠠᠵᠤ᠂ ᠴᠠᠬᠢᠯᠭᠠᠨ ᠢᠯᠴᠢ ᠬᠡᠢ ᠤᠰᠤᠨ ᠤ ᠦᠢᠯᠡᠰ ᠤᠨ ᠨᠡᠮᠡᠭᠳᠡᠯ ᠨᠡᠯᠢᠶᠡᠳ ᠲᠦᠷᠭᠡᠨ ᠪᠣᠯᠪᠠ
ᠨᠡᠶᠢᠲᠡᠯᠡᠭᠰᠡᠨ ᠴᠠᠭ᠄
2024/1/26
    2023 ᠣᠨ ᠳᠤ᠂ ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ  ᠬᠢ ᠠᠴᠠ 8.2% ᠢᠶᠠᠷ ᠨᠡᠮᠡᠭᠳᠡᠵᠦ᠂ ᠪᠦᠬᠦ ᠬᠤᠳᠠ ᠶᠢᠨ ᠬᠢ ᠠᠴᠠ 2.7 ᠵᠠᠭᠤᠨ ᠤ ᠬᠤᠪᠢ ᠥᠨᠳᠥᠷ ᠪᠣᠯᠵᠤ᠂ ᠨᠡᠮᠡᠭᠳᠡᠯ ᠤᠨ ᠬᠤᠷᠳᠤᠴᠠ ᠨᠢ ᠪᠦᠬᠦ ᠬᠤᠳᠠ ᠳᠤ ᠬᠤᠶᠠᠳᠤᠭᠠᠷ ᠲᠤ ᠪᠠᠶᠢᠷᠢᠯᠠᠪᠠ᠃     ᠭᠤᠷᠪᠠᠨ ᠶᠡᠭᠡ ᠲᠥᠷᠥᠯ ᠵᠦᠢᠯ ᠠᠴᠠ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 6% ᠪᠠᠷ ᠨᠡᠮᠡᠭᠳᠡᠪᠡ︔ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.7% ᠪᠠᠷ ᠪᠠᠭᠤᠷᠠᠪᠠ︔ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 38.1% ᠪᠠᠷ ᠨᠡᠮᠡᠭᠳᠡᠪᠡ᠃     ᠦᠢᠯᠡᠳᠬᠦᠨ ᠤ ᠭᠠᠷᠤᠯᠲᠠ ᠶᠢᠨ ᠬᠡᠮᠵᠢᠶ᠎ᠡ ᠠᠴᠠ ᠦᠵᠡᠪᠡᠯ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ 17 ᠲᠦᠷᠦᠯ ᠤᠨ ᠭᠤᠣᠯ ᠪᠣᠯᠬᠤ 14 ᠲᠦᠷᠦᠯ ᠤᠨ ᠦᠢᠯᠡᠳᠬᠦᠨ ᠤ ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ ᠨᠢ 82.4% ᠳᠤ ᠬᠦᠷᠴᠡᠢ᠃ ᠡᠭᠦᠨ ᠳᠤ ᠨᠡᠭᠦᠷᠡᠰᠦ 10949.23 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.6% ᠨᠡᠮᠡᠭᠳᠡᠪᠡ︔ ᠴᠠᠬᠢᠯᠭᠠᠨ ᠭᠠᠷᠭᠠᠭᠰᠠᠨ ᠬᠡᠮᠵᠢᠶ᠎ᠡ 160.97 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 71% ᠪᠠᠷ ᠨᠡᠮᠡᠭᠳᠡᠪᠡ︔ ᠮᠠᠰᠢᠨ ᠲᠡᠷᠭᠡ 105847 ᠪᠠᠶᠢᠵᠤ᠂ ᠠᠳᠠᠯᠢ ᠬᠤᠭᠤᠴᠠᠭᠠᠨ ᠤ  ᠬᠢ ᠠᠴᠠ 95.7% ᠪᠠᠷ ᠨᠡᠮᠡᠭᠳᠡᠪᠡ︔ ᠰᠢᠩᠭᠡᠨ ᠲᠠᠯᠠᠰᠲᠤ ᠳᠡᠯᠭᠡᠴᠡ 11198 ᠲᠦᠮᠡᠨ ᠬᠡᠰᠡᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 28.6%  ᠪᠠᠷ ᠨᠡᠮᠡᠭᠳᠡᠪᠡ︔ ᠬᠤᠪᠴᠠᠰᠤ ᠬᠤᠨᠠᠷ 402.79 ᠲᠦᠮᠡᠨ ᠵᠠᠬ᠎ᠠ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 7.9% ᠪᠠᠷ ᠨᠡᠮᠡᠭᠳᠡᠪᠡ︔ ᠴᠠᠭᠠᠨ ᠢᠳᠡᠭᠡᠨ 2795 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 33.7% ᠪᠠᠷ ᠨᠡᠮᠡᠭᠳᠡᠪᠡ︔ ᠨᠣᠣᠰᠣᠨ ᠨᠡᠬᠡᠮᠡᠯ 642.16 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 60.3% ᠪᠠᠷ ᠨᠡᠮᠡᠭᠳᠡᠪᠡ︔ ᠲᠠᠸᠠᠷ ᠤᠨ ᠪᠧᠲ᠋ᠤᠨ 485244.3 ᠪᠣᠰᠤᠭ᠎ᠠ ᠳᠥᠷᠪᠡᠯᠵᠢᠨ ᠮᠧᠲᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 100.7% ᠪᠠᠷ ᠨᠡᠮᠡᠭᠳᠡᠪᠡ︔ ᠴᠠᠬᠢᠯᠭᠠᠨ ᠤᠳᠠᠰᠤ 3491 ᠺᠢᠯᠣᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 193.7% ᠪᠠᠷ ᠨᠡᠮᠡᠭᠳᠡᠪᠡ︔ ᠠᠭᠤᠷᠬᠠᠢ ᠶᠢᠨ ᠲᠤᠰᠬᠠᠢ ᠬᠡᠷᠡᠭᠯᠡᠭᠡᠨ ᠤ ᠲᠥᠬᠦᠭᠡᠷᠦᠮᠵᠢ 3355 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19.1 ᠳᠠᠬᠢᠨ ᠨᠡᠮᠡᠭᠳᠡᠵᠡᠢ︔ ᠲᠦᠭᠡᠭᠡᠯ ᠤᠰᠤᠨ ᠤ ᠦᠢᠯᠡᠳᠪᠦᠷᠢᠯᠡᠯ ᠤᠨ ᠬᠡᠮᠵᠢᠶ᠎ᠡ 3259 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.4% ᠨᠡᠮᠡᠭᠳᠡᠪᠡ︔ ᠬᠥᠳᠡᠯᠭᠡᠭᠦᠷ ᠮᠠᠰᠢᠨ 49438 ᠺᠢᠯᠣᠸᠠᠲ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.6%  ᠪᠠᠷ ᠨᠡᠮᠡᠭᠳᠡᠪᠡ︔ ᠬᠢᠲᠠᠳ ᠡᠮ 235 ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 6.7% ᠪᠠᠷ ᠨᠡᠮᠡᠭᠳᠡᠪᠡ︔ ᠢᠯᠴᠢ ᠶᠢᠨ ᠬᠦᠴᠦᠨ 2360.43 ᠲᠦᠮᠡᠨ ᠵᠢᠢ ᠵᠢᠶᠣᠣ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 8.2% ᠢᠶᠠᠷ ᠨᠡᠮᠡᠭᠳᠡᠪᠡ᠃     ᠠᠵᠤ ᠠᠬᠤᠶᠢᠯᠠᠯ ᠤᠨ ᠦᠷ᠎ᠡ ᠠᠰᠢᠭ ᠠᠴᠠ ᠦᠵᠡᠪᠡᠯ᠂ 1 — 11 ᠰᠠᠷ᠎ᠠ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 841.2 ᠳ᠋ᠦᠩᠰᠢᠭᠤᠷ ᠲᠥᠭᠦᠷᠢᠭ ᠲᠤ ᠬᠦᠷᠴᠦ᠂ ᠪᠡᠶᠡᠯᠡᠭᠦᠯᠦᠭᠰᠡᠨ ᠠᠰᠢᠭ ᠬᠤᠨᠵᠢᠪᠤᠷᠢ ᠶᠢᠨ ᠶᠡᠷᠦᠩᠬᠡᠢ ᠬᠡᠮᠵᠢᠶ᠎ᠡ 242.3 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠵᠢᠯ ᠤᠨ ᠦᠢᠯᠡᠳᠬᠦᠨ ᠤ ᠪᠣᠷᠣᠯᠠᠭᠤᠯᠤᠯᠲᠠ ᠶᠢᠨ ᠨᠣᠷᠮ᠎ᠠ 100% ᠳᠤ ᠬᠥᠷᠪᠡ᠃  
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ