2023 ᠣᠨ ᠳᠤ ᠳ᠋ᠦᠩᠱᠧᠩ ᠲᠣᠭᠤᠷᠢᠭ ᠤᠨ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠣᠷᠣᠯᠭ᠎ᠠ ᠵᠠᠷᠤᠯᠭ᠎ᠠ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2024/1/26
    2023 ᠣᠨ ᠳᠤ᠂ ᠳ᠋ᠦᠩᠱᠧᠩ ᠲᠣᠭᠤᠷᠢᠭ ᠤᠨ ᠠᠵᠤ ᠠᠬᠤᠢ ᠶᠢᠨ ᠠᠵᠢᠯᠯᠠᠭᠠᠨ ᠲᠣᠭᠲᠠᠭᠤᠨ ᠤ ᠳᠤᠮᠳᠠ ᠰᠠᠶᠢᠵᠢᠷᠠᠵᠤ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠣᠷᠣᠯᠭ᠎ᠠ ᠵᠠᠷᠤᠯᠭ᠎ᠠ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠪᠡ᠃     2023 ᠣᠨ ᠳᠤ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 61019 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 4.8% ᠪᠠᠷ ᠨᠡᠮᠡᠭᠳᠡᠵᠡᠢ᠃ ᠡᠭᠦᠨ ᠳᠤ ᠴᠠᠯᠢᠩ ᠤᠨ ᠴᠢᠨᠠᠷᠲᠠᠢ ᠣᠷᠣᠯᠭ᠎ᠠ 38614 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 4.3% ᠪᠠᠷ ᠨᠡᠮᠡᠭᠳᠡᠵᠦ᠂ ᠡᠵᠡᠮᠳᠡᠵᠦ ᠪᠣᠯᠬᠤ ᠣᠷᠣᠯᠭ᠎ᠠ ᠶᠢᠨ 63.3% ᠶᠢ ᠡᠵᠡᠯᠡᠪᠡ︔ ᠡᠵᠡᠩᠨᠡᠯᠲᠡ ᠶᠢᠨ ᠴᠡᠪᠡᠷ ᠣᠷᠣᠯᠭ᠎ᠠ 9943 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 7.1% ᠪᠠᠷ ᠨᠡᠮᠡᠭᠳᠡᠵᠦ᠂ ᠡᠵᠡᠮᠳᠡᠵᠦ ᠪᠣᠯᠬᠤ ᠣᠷᠣᠯᠭ᠎ᠠ ᠶᠢᠨ 16.3%  ᠶᠢ ᠡᠵᠡᠯᠡᠪᠡ︔ ᠡᠳ᠋ ᠬᠥᠷᠥᠩᠭᠡ ᠶᠢᠨ ᠴᠡᠪᠡᠷ ᠣᠷᠣᠯᠭ᠎ᠠ 6552 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 6.4% ᠪᠠᠷ ᠨᠡᠮᠡᠭᠳᠡᠵᠦ᠂ ᠡᠵᠡᠮᠳᠡᠵᠦ ᠪᠣᠯᠬᠤ ᠣᠷᠣᠯᠭ᠎ᠠ ᠶᠢᠨ 10.7% ᠶᠢ ᠡᠵᠡᠯᠡᠪᠡ︔ ᠰᠢᠯᠵᠢᠭᠦᠯᠦᠭᠰᠡᠨ ᠴᠡᠪᠡᠷ ᠣᠷᠣᠯᠭ᠎ᠠ 5910 ᠲᠥᠭᠦᠷᠢᠭ  ᠪᠠᠶᠢᠵᠤ᠂ ᠠᠳᠠᠯᠢ ᠬᠤᠭᠤᠴᠠᠭᠠᠨ ᠤ  ᠬᠢ ᠠᠴᠠ 2.3% ᠪᠠᠷ ᠨᠡᠮᠡᠭᠳᠡᠨ᠂ ᠡᠵᠡᠮᠳᠡᠵᠦ ᠪᠣᠯᠬᠤ ᠣᠷᠣᠯᠭ᠎ᠠ ᠶᠢᠨ 9.7% ᠶᠢ ᠡᠵᠡᠯᠡᠪᠡ᠃       2023 ᠣᠨ ᠳᠤ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ 44710 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 22.0% ᠪᠠᠷ ᠨᠡᠮᠡᠭᠳᠡᠵᠡᠢ᠃ ᠡᠭᠦᠨ ᠳᠤ᠂ ᠢᠳᠡᠭᠡᠨ ᠤ ᠵᠦᠢᠯ ᠠᠷᠢᠬᠢ ᠲᠠᠮᠠᠬᠢᠨ ᠤ ᠵᠦᠢᠯ ᠤᠨ ᠵᠠᠷᠤᠯᠭ᠎ᠠ 13426 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 23.2% ᠢᠶᠠᠷ ᠨᠡᠮᠡᠭᠳᠡᠵᠦ᠂ ᠬᠡᠷᠡᠭᠯᠡᠭᠡᠨ ᠤ ᠴᠢᠨᠠᠷᠲᠠᠢ ᠵᠠᠷᠤᠯᠭ᠎ᠠ ᠶᠢᠨ 30.0% ᠶᠢ ᠡᠵᠡᠯᠡᠪᠡ︔ ᠬᠤᠪᠴᠠᠰᠤ ᠬᠤᠨᠠᠷ ᠤᠨ ᠲᠥᠷᠥᠯ ᠤᠨ ᠵᠠᠷᠤᠯᠭ᠎ᠠ 4347 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 21.5% ᠪᠠᠷ ᠨᠡᠮᠡᠭᠳᠡᠨ᠂ ᠬᠡᠷᠡᠭᠯᠡᠭᠡᠨ ᠤ ᠴᠢᠨᠠᠷᠲᠠᠢ ᠵᠠᠷᠤᠯᠭ᠎ᠠ ᠶᠢᠨ 9.7% ᠶᠢ ᠡᠵᠡᠯᠡᠪᠡ︔ ᠣᠷᠣᠨ ᠰᠠᠭᠤᠴᠠ ᠶᠢᠨ ᠲᠥᠷᠥᠯ ᠤᠨ ᠵᠠᠷᠤᠯᠭ᠎ᠠ 3789 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 19.9% ᠪᠠᠷ ᠨᠡᠮᠡᠭᠳᠡᠨ᠂ ᠬᠡᠷᠡᠭᠯᠡᠭᠡᠨ ᠤ ᠴᠢᠨᠠᠷᠲᠠᠢ ᠵᠠᠷᠤᠯᠭ᠎ᠠ ᠶᠢᠨ 8.5% ᠶᠢ ᠡᠵᠡᠯᠡᠪᠡ︔ ᠠᠮᠢᠳᠤᠷᠠᠯ ᠤᠨ ᠬᠡᠷᠡᠭᠰᠡᠯ ᠵᠢᠴᠢ ᠦᠢᠯᠡᠴᠢᠯᠡᠭᠡᠨ ᠤ ᠵᠠᠷᠤᠯᠭ᠎ᠠ 3462 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 18.8% ᠪᠠᠷ ᠨᠡᠮᠡᠭᠳᠡᠨ᠂ ᠬᠡᠷᠡᠭᠯᠡᠭᠡᠨ ᠤ ᠴᠢᠨᠠᠷᠲᠠᠢ ᠵᠠᠷᠤᠯᠭ᠎ᠠ ᠶᠢᠨ 7.7% ᠶᠢ ᠡᠵᠡᠯᠡᠪᠡ︔ ᠵᠠᠮ ᠬᠠᠷᠢᠯᠴᠠᠭ᠎ᠠ ᠴᠢᠮᠡᠭᠡ ᠬᠤᠯᠪᠣᠭ᠎ᠠ ᠶᠢᠨ ᠵᠠᠷᠤᠯᠭ᠎ᠠ 9671 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ  ᠬᠢ ᠠᠴᠠ 21.4% ᠪᠠᠷ ᠨᠡᠮᠡᠭᠳᠡᠵᠦ᠂ ᠬᠡᠷᠡᠭᠯᠡᠭᠡᠨ ᠤ ᠴᠢᠨᠠᠷᠲᠠᠢ ᠵᠠᠷᠤᠯᠭ᠎ᠠ ᠶᠢᠨ 21.6% ᠶᠢ ᠡᠵᠡᠯᠡᠪᠡ︔ ᠰᠤᠷᠭᠠᠨ ᠬᠥᠮᠦᠵᠢᠯ ᠰᠣᠶᠣᠯ ᠵᠤᠭᠠᠴᠠᠯ ᠤᠨ ᠵᠠᠷᠤᠯᠭ᠎ᠠ 5885 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 23.6% ᠪᠠᠷ ᠨᠡᠮᠡᠭᠳᠡᠨ᠂ ᠬᠡᠷᠡᠭᠯᠡᠭᠡᠨ ᠤ ᠴᠢᠨᠠᠷᠲᠠᠢ ᠵᠠᠷᠤᠯᠭ᠎ᠠ ᠶᠢᠨ 13.2% ᠢ ᠡᠵᠡᠯᠡᠪᠡ︔ ᠡᠮ ᠡᠮᠨᠡᠯᠭᠡ ᠡᠷᠡᠭᠦᠯᠵᠢᠯ ᠤᠨ ᠲᠥᠷᠥᠯ ᠤᠨ ᠵᠠᠷᠤᠯᠭ᠎ᠠ 2413 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 24.9% ᠪᠠᠷ ᠨᠡᠮᠡᠭᠳᠡᠨ᠂ ᠬᠡᠷᠡᠭᠯᠡᠭᠡᠨ ᠤ ᠴᠢᠨᠠᠷᠲᠠᠢ ᠵᠠᠷᠤᠯᠭ᠎ᠠ ᠶᠢᠨ 5.4% ᠶᠢ ᠡᠵᠡᠯᠡᠪᠡ︔ ᠪᠤᠰᠤᠳ ᠬᠡᠷᠡᠭᠯᠡᠭᠡᠨ ᠤ ᠵᠦᠢᠯ ᠪᠠ ᠦᠢᠯᠡᠴᠢᠯᠡᠭᠡᠨ ᠤ ᠲᠥᠷᠥᠯ ᠤᠨ ᠵᠠᠷᠤᠯᠭ᠎ᠠ 1717 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 19.2% ᠢᠶᠠᠷ ᠨᠡᠮᠡᠭᠳᠡᠨ᠂ ᠬᠡᠷᠡᠭᠯᠡᠭᠡᠨ ᠤ ᠴᠢᠨᠠᠷᠲᠠᠢ ᠵᠠᠷᠤᠯᠭ᠎ᠠ ᠶᠢᠨ 3.8% ᠶᠢ ᠡᠵᠡᠯᠡᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ