| | ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 25 ᠤ ᠴᠠᠭᠢᠯᠭᠠᠨ ᠮᠡᠳᠡᠭᠡ 1 ᠰᠠᠷ᠎ᠠ ᠶᠢᠨ 25 ᠤ ᠡᠳᠦᠷ᠂ ᠳᠤᠮᠳᠠᠳᠤ ᠹᠷᠠᠨᠼᠢ ᠶᠢᠨ ᠬᠠᠷᠢᠯᠴᠠᠭ᠎ᠠ | ᠪᠠᠶᠢᠭᠤᠯᠤᠭᠰᠠᠨ 60 ᠵᠢᠯ ᠤᠨ ᠣᠶ ᠶᠢᠨ ᠳᠠᠶᠢᠯᠠᠯᠭ᠎ᠠ ᠤᠯᠤᠰ ᠤᠨ ᠶᠡᠭᠡ ᠲᠢᠶᠠᠲᠷ ᠲᠤ ᠶᠠᠪᠤᠭᠳᠠᠵᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠳᠢᠤ᠋ ᠪᠠᠷ | ᠪᠠᠶᠠᠷ ᠤᠨ ᠦᠭᠡ ᠬᠡᠯᠡᠪᠡ᠃ | | | | | 1 ᠰᠠᠷ᠎ᠠ ᠶᠢᠨ 25 ᠤ ᠡᠳᠦᠷ᠂ ᠳᠤᠮᠳᠠᠳᠤ ᠹᠷᠠᠨᠼᠢ ᠶᠢᠨ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠤᠢ ᠶᠢᠨ ᠳᠠᠶᠢᠯᠠᠯᠭ᠎ᠠ ᠪᠡᠭᠡᠵᠢᠩ ᠳᠠᠬᠢ ᠤᠯᠤᠰ ᠤᠨ | ᠶᠡᠭᠡ ᠲᠢᠶᠠᠲᠷ ᠲᠤ ᠶᠠᠪᠤᠭᠳᠠᠵᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠳᠢᠤ᠋ ᠪᠠᠷ ᠪᠠᠶᠠᠷ ᠤᠨ ᠦᠭᠡ ᠬᠡᠯᠡᠪᠡ᠃ ᠰᠢᠨᠬᠤᠸᠠ ᠬᠤᠷᠢᠶ᠎ᠠ ᠶᠢᠨ | ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | | ᠰᠢ ᠶᠢᠨ ᠫᠢᠩ᠂ 60 ᠵᠢᠯ ᠤᠨ ᠡᠮᠦᠨᠡᠬᠢ ᠳᠤᠮᠳᠠᠳᠤ ᠹᠷᠠᠨᠼᠢ ᠶᠢᠨ ᠬᠠᠷᠢᠯᠴᠠᠭ᠎ᠠ ᠪᠠᠶᠢᠭᠤᠯᠤᠭᠰᠠᠨ ᠶᠠᠪᠤᠳᠠᠯ ᠪᠣᠯ ᠤᠯᠠᠨ ᠤᠯᠤᠰ ᠤᠨ ᠬᠠᠷᠢᠯᠴᠠᠭᠠᠨ ᠤ | ᠲᠡᠦᠬᠡᠨ ᠳᠠᠬᠢ ᠶᠡᠭᠡ ᠶᠠᠪᠤᠳᠠᠯ ᠪᠣᠯᠣᠨ᠎ᠠ᠃ ᠲᠡᠷᠢᠭᠦᠯᠡᠭᠴᠢ ᠮᠠᠤ ᠽᠧ ᠳ᠋ᠦᠩ ᠪᠣᠯᠣᠨ ᠳ᠋ᠧᠭᠤᠯ ᠵᠠᠩᠵᠤᠨ ᠶᠡᠷᠦ ᠪᠤᠰᠤ ᠶᠢᠨ ᠤᠶᠤᠨ ᠤᠬᠠᠭᠠᠨ ᠪᠠ ᠰᠥᠰᠥ | ᠵᠣᠷᠢᠭ ᠢᠶᠠᠷ ᠳᠤᠮᠳᠠᠳᠤ ᠥᠷᠥᠨᠡᠳᠠᠬᠢᠨ ᠤ ᠶᠠᠪᠤᠯᠴᠠᠭ᠎ᠠ ᠬᠠᠮᠲᠤᠷᠠᠯᠴᠠᠭᠠᠨ ᠤ ᠲᠣᠮᠣ ᠡᠭᠦᠳᠡ ᠶᠢ ᠨᠡᠭᠡᠭᠡᠵᠦ᠂ ᠬᠦᠢᠲᠡᠨ ᠲᠠᠶᠢᠨ ᠤ ᠳᠤᠮᠳᠠ ᠣᠷᠣᠰᠢᠵᠤ ᠪᠠᠶᠢᠭᠰᠠᠨ | ᠳᠡᠯᠡᠬᠡᠢ ᠶᠢᠷᠲᠢᠨᠴᠦ ᠳᠤ ᠬᠦᠰᠡᠯ ᠡᠷᠡᠮᠡᠯᠵᠡᠯ ᠢ ᠠᠪᠴᠢᠷᠠᠵᠤ ᠥᠭᠪᠡ᠃ 60 ᠵᠢᠯ ᠤᠨ ᠲᠤᠷᠰᠢ᠂ ᠳᠤᠮᠳᠠᠳᠤ ᠹᠷᠠᠨᠼᠢ ᠶᠢᠨ ᠬᠠᠷᠢᠯᠴᠠᠭ᠎ᠠ ᠢᠮᠠᠭᠲᠠ ᠳᠤᠮᠳᠠᠳᠤ | ᠤᠯᠤᠰ ᠪᠣᠯᠣᠨ ᠥᠷᠥᠨᠡᠳᠠᠬᠢᠨ ᠤ ᠤᠯᠤᠰ ᠤᠳ ᠤᠨ ᠬᠠᠷᠢᠯᠴᠠᠭᠠᠨ ᠤ ᠡᠮᠦᠨ᠎ᠡ ᠡᠩᠨᠡᠭᠡᠨ ᠳᠤ ᠶᠠᠪᠤᠵᠤ᠂ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠵᠢᠷᠭᠠᠯ | ᠠᠪᠴᠢᠷᠠᠵᠤ᠂ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ ᠪᠣᠯᠣᠨ ᠬᠥᠭᠵᠢᠯᠲᠡ ᠳᠤ ᠬᠤᠪᠢ ᠨᠡᠮᠡᠷᠢ ᠦᠵᠡᠭᠦᠯᠵᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠹᠷᠠᠨᠼᠢ ᠶᠢᠨ ᠬᠠᠷᠢᠯᠴᠠᠭᠠᠨ ᠤ ᠥᠪᠡᠷᠮᠢᠴᠡ ᠲᠡᠦᠬᠡ ᠨᠢ ᠪᠡᠶ᠎ᠡ ᠪᠠᠨ ᠳᠠᠭᠠᠭᠠᠵᠤ ᠡᠵᠡᠨ ᠮᠡᠳᠡᠬᠦ᠂ ᠬᠠᠷᠢᠯᠴᠠᠨ ᠣᠶᠢᠯᠠᠭᠠᠯᠴᠠᠬᠤ᠂ | ᠥᠨᠳᠥᠷ ᠲᠤ ᠵᠣᠭᠰᠣᠨ ᠠᠯᠤᠰ ᠢ ᠪᠠᠷᠠᠯᠠᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ︽ᠳᠤᠮᠳᠠᠳᠤ ᠹᠷᠠᠨᠼᠢ ᠶᠢᠨ ᠵᠣᠷᠢᠭ ᠰᠠᠨᠠᠭ᠎ᠠ︾ ᠶᠢ | ᠪᠦᠷᠢᠯᠳᠦᠭᠦᠯᠵᠡᠢ᠃ ᠰᠢᠨ᠎ᠡ ᠴᠠᠭ ᠦᠶ᠎ᠡ ᠶᠢᠨ ᠪᠠᠶᠢᠳᠠᠯ ᠲᠣᠬᠢᠶᠠᠯᠳᠤᠯ ᠤᠨ ᠡᠮᠦᠨ᠎ᠡ᠂ ᠳᠤᠮᠳᠠᠳᠤ ᠹᠷᠠᠨᠼᠢ ᠬᠠᠷᠢᠯᠴᠠᠭ᠎ᠠ ᠪᠠᠶᠢᠭᠤᠯᠤᠭᠰᠠᠨ ᠤᠭ ᠰᠠᠨᠠᠭ᠎ᠠ ᠪᠠᠨ | ᠪᠠᠷᠢᠮᠲᠠᠯᠠᠵᠤ᠂ ᠢᠷᠡᠭᠡᠳᠦᠢ ᠳᠤ ᠢᠳᠡᠪᠬᠢᠲᠡᠢ ᠬᠠᠨᠳᠤᠵᠤ᠂ ᠵᠣᠷᠢᠭᠲᠠᠢ ᠪᠠᠷ ᠵᠢᠳᠬᠦᠯ ᠴᠢᠷᠮᠠᠶᠢᠯᠭ᠎ᠠ ᠭᠠᠷᠭᠠᠪᠠᠯ ᠵᠣᠬᠢᠨ᠎ᠠ᠃ ᠬᠤᠶᠠᠷ ᠲᠠᠯ᠎ᠠ ᠪᠠᠷ ᠢᠶᠠᠨ ᠬᠤᠶᠠᠷ | ᠲᠠᠯ᠎ᠠ ᠶᠢᠨ ᠬᠠᠷᠢᠯᠴᠠᠭ᠎ᠠ ᠶᠢ ᠡᠷᠡᠰ ᠭᠤᠶᠢᠪᠢᠰᠢ ᠦᠭᠡᠢ ᠬᠥᠭᠵᠢᠭᠦᠯᠵᠦ᠂ ᠳᠤᠮᠳᠠᠳᠤ ᠹᠷᠠᠨᠼᠢ ᠶᠢᠨ ᠬᠠᠷᠢᠯᠴᠠᠭᠠᠨ ᠤ ᠲᠣᠭᠲᠠᠪᠤᠷᠢᠲᠤ ᠴᠢᠨᠠᠷ ᠢᠶᠠᠷ ᠳᠡᠯᠡᠬᠡᠢ ᠶᠢᠨ | ᠲᠣᠬᠲᠠᠭᠠᠯᠲᠤ ᠪᠤᠰᠤ ᠴᠢᠨᠠᠷ ᠢ ᠠᠷᠭᠠᠴᠠᠭᠠᠶ᠎ᠠ︔ ᠳᠤᠮᠳᠠᠳᠤ ᠹᠷᠠᠨᠼᠢ ᠶᠢᠨ ᠰᠣᠶᠣᠯ ᠵᠢᠭᠤᠯᠴᠢᠯᠠᠯ ᠤᠨ ᠣᠨ᠂ ᠫᠠᠷᠢᠰ ᠤᠨ ᠣᠯᠢᠮᠫᠢᠺ ᠤᠨ ᠲᠠᠮᠢᠷ ᠤᠨ | ᠴᠤᠭᠯᠠᠭᠠᠨ ᠢᠶᠠᠷ ᠠᠵᠠ ᠲᠣᠭᠢᠶᠠᠯ ᠪᠤᠯᠭᠠᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠥᠷᠭᠡᠳᠬᠡᠵᠦ᠂ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ | ᠠᠭᠢᠭᠤᠯᠤᠶ᠎ᠠ︔ ᠡᠷᠭᠡ ᠲᠡᠭᠰᠢ ᠡᠮᠬᠢ ᠴᠡᠭᠴᠡ ᠲᠠᠢ ᠳᠡᠯᠡᠬᠡᠢ ᠶᠢᠨ ᠤᠯᠠᠨ ᠲᠦᠢᠯᠰᠢᠷᠠᠯ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ | ᠳᠡᠯᠡᠬᠡᠶᠢᠵᠢᠯᠲᠡ ᠶᠢ ᠬᠠᠮᠲᠤ ᠪᠠᠷ ᠰᠠᠨᠠᠭᠠᠴᠢᠯᠠᠵᠤ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ᠂ ᠪᠦᠭᠦ ᠪᠥᠮᠪᠥᠷᠴᠡᠭ ᠤᠨ ᠴᠢᠨᠠᠷᠲᠠᠢ | ᠥᠷᠢᠰᠦᠯᠳᠦᠭᠡᠨ ᠢ ᠠᠷᠭᠠᠴᠠᠭᠠᠬᠤ ᠳᠤ ᠦᠷᠭᠦᠯᠵᠢᠯᠡᠨ ᠳᠤᠮᠳᠠᠳᠤ ᠹᠷᠠᠨᠼᠢ ᠶᠢᠨ ᠬᠤᠪᠢ ᠨᠡᠮᠡᠷᠢ ᠶᠢ ᠦᠵᠡᠭᠦᠯᠦᠶ᠎ᠡ︔ ᠬᠠᠷᠢᠯᠴᠠᠨ ᠠᠰᠢᠭᠲᠠᠢ ᠬᠠᠮᠲᠤ ᠪᠠᠷ ᠠᠰᠢᠭ | ᠭᠦᠷᠳᠡᠭᠦ ᠶᠢ ᠪᠠᠷᠢᠮᠲᠠᠯᠠᠵᠤ᠂ ᠤᠯᠠᠮᠵᠢᠯᠠᠯᠲᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠢᠨ ᠵᠡᠷᠭᠡ ᠪᠠᠷ ᠪᠣᠬᠢᠷᠳᠤᠯ ᠦᠭᠡᠢ ᠠᠵᠤ ᠦᠢᠯᠡᠰ᠂ ᠴᠡᠪᠡᠷ ᠡᠨᠧᠷᠭᠢ ᠵᠡᠷᠭᠡ | ᠰᠢᠨ᠎ᠡ ᠪᠠᠷ ᠮᠠᠨᠳᠤᠭᠰᠠᠨ ᠬᠦᠷᠢᠶᠡᠨ ᠤ ᠬᠠᠮᠲᠤᠷᠠᠯᠴᠠᠭᠠᠨ ᠤ ᠲᠠᠯᠳᠠ ᠬᠦᠴᠦᠨ ᠢ ᠢᠳᠡᠪᠬᠢᠲᠡᠢ ᠠᠭᠤᠳᠠᠯᠵᠤ᠂ ᠶᠡᠭᠡ ᠠᠮᠵᠢᠯᠲᠠ ᠪᠦᠲᠦᠭᠡᠯ ᠭᠠᠷᠭᠠᠬᠤ ᠶᠢ ᠪᠠᠷᠢᠮᠲᠠᠯᠠᠵᠤ᠂ | ᠨᠡᠭᠡᠭᠡᠯᠲᠡ ᠪᠠᠷ ᠬᠠᠮᠲᠤᠷᠠᠯᠴᠠᠭᠠᠨ ᠤ ᠬᠦᠴᠦᠨ ᠢ ᠨᠢᠭᠲᠠᠷᠠᠭᠤᠯᠵᠤ᠂ ᠬᠥᠭᠵᠢᠯᠲᠡ ᠶᠢᠨ ᠠᠵᠠ ᠲᠣᠭᠢᠶᠠᠯ ᠢ ᠬᠠᠮᠲᠤ ᠪᠠᠷ ᠡᠳ᠋ᠯᠡᠶ᠎ᠡ᠃ ᠳᠠᠷᠠᠭᠠᠴᠢ ᠶᠢᠨ 60 ᠵᠢᠯ ᠳᠤ | ᠬᠠᠨᠳᠤᠨ᠂ ᠳᠤᠮᠳᠠᠳᠤ ᠹᠷᠠᠨᠼᠢ ᠭᠠᠷ ᠬᠤᠯᠪᠣᠯᠴᠠᠨ ᠬᠠᠮᠲᠤᠷᠠᠯᠴᠠᠪᠠᠯ᠂ ᠯᠠᠪᠲᠠᠢ ᠭᠡᠷᠡᠯ ᠰᠠᠴᠤᠷᠠᠩᠭᠤᠢ ᠠᠮᠵᠢᠯᠲᠠ ᠶᠢ ᠳᠠᠬᠢᠨᠲᠠ ᠡᠭᠦᠳᠬᠦ ᠪᠣᠯᠣᠨ᠎ᠠ ᠭᠡᠵᠦ | ᠴᠢᠬᠤᠯᠠᠴᠢᠯᠠᠪᠠ᠃ | ᠹᠷᠠᠨᠼᠢ ᠶᠢᠨ ᠶᠡᠷᠦᠩᠬᠡᠶᠢᠯᠡᠭᠴᠢ ᠮᠠᠶᠢᠺᠷᠤᠨ ᠪᠠᠰᠠ ᠸᠢᠳᠢᠤ᠋ ᠪᠠᠷ ᠪᠠᠶᠠᠷ ᠤᠨ ᠦᠭᠡ ᠬᠡᠯᠡᠪᠡ᠃ ᠮᠠᠶᠢᠺᠷᠤᠨ᠂ 60 ᠵᠢᠯ ᠤᠨ ᠡᠮᠦᠨ᠎ᠡ᠂ ᠳ᠋ᠧᠭᠤᠯ ᠵᠠᠩᠵᠤᠨ | ᠯᠡᠭᠧᠷ ᠤᠨ ᠡᠰᠡᠷᠭᠦᠴᠡᠯᠳᠦᠯ ᠤᠨ ᠯᠣᠭᠢᠭ ᠢ ᠳᠠᠪᠠᠵᠤ᠂ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠲᠠᠢ ᠭᠠᠳᠠᠭᠠᠳᠤ ᠬᠠᠷᠢᠯᠴᠠᠭ᠎ᠠ ᠪᠠᠶᠢᠭᠤᠯᠬᠤ ᠲᠡᠦᠬᠡᠲᠦ | ᠴᠢᠨᠠᠷᠲᠠᠢ ᠲᠣᠭᠲᠠᠭᠠᠯ ᠭᠠᠷᠭᠠᠪᠠ᠃ ᠥᠨᠥᠳᠥᠷ ᠪᠢᠳᠡ 1964 ᠣᠨ ᠳᠤ ᠲᠣᠭᠲᠠᠭᠠᠭᠰᠠᠨ ᠠᠤᠭ᠎ᠠ ᠬᠠᠷᠠᠯᠲᠠ ᠶᠢᠨ ᠰᠠᠭᠤᠷᠢᠨ ᠳᠡᠭᠡᠷ᠎ᠡ ᠴᠢᠷᠮᠠᠶᠢᠭᠰᠠᠨ ᠳᠡᠭᠡᠷ᠎ᠡ ᠪᠠᠨ | ᠴᠢᠷᠮᠠᠶᠢᠵᠤ᠂ ᠬᠤᠶᠠᠷ ᠤᠯᠤᠰ ᠤᠨ ᠠᠷᠠᠳ ᠲᠦᠮᠡᠨ ᠤ ᠬᠡᠷᠡᠭᠴᠡᠭᠡ ᠶᠢ ᠬᠠᠩᠭᠠᠬᠤ ᠮᠥᠷᠲᠡᠭᠡᠨ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠳᠤ ᠠᠰᠢᠭᠲᠠᠢ | ᠬᠠᠨᠢᠲᠠᠨ ᠤ ᠬᠠᠷᠢᠯᠴᠠᠭ᠎ᠠ ᠶᠢ ᠬᠠᠮᠲᠤ ᠪᠠᠷ ᠪᠠᠶᠢᠭᠤᠯᠬᠤ ᠬᠠᠷᠢᠭᠤᠴᠠᠯᠭ᠎ᠠ ᠲᠠᠢ ᠶᠤᠮ᠃ ᠹᠷᠠᠨᠼᠢ ᠶᠢᠨ ᠬᠢᠨ ᠳᠤᠷᠠᠲᠠᠶ᠎ᠠ ᠳᠤᠮᠳᠠᠳᠤ ᠶᠢᠨ ᠲᠠᠯ᠎ᠠ ᠲᠠᠢ ᠭᠠᠷ ᠬᠤᠯᠪᠣᠯᠴᠠᠨ | ᠴᠢᠷᠮᠠᠶᠢᠵᠤ᠂ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠠᠷᠭᠠᠴᠠᠭᠠᠵᠤ᠂ ᠤᠯᠠᠨ ᠤᠯᠤᠰ ᠤᠨ ᠬᠢᠮᠤᠷᠠᠯ ᠢ ᠰᠢᠢᠳᠪᠦᠷᠢᠯᠡᠬᠦ ᠶᠢ ᠠᠬᠢᠭᠤᠯᠤᠨ᠎ᠠ᠃ 2024 | ᠣᠨ ᠪᠣᠯ ᠪᠠᠰᠠ ᠴᠤ ᠹᠷᠠᠨᠼᠢ ᠳᠤᠮᠳᠠᠳᠤ ᠶᠢᠨ ᠰᠣᠶᠣᠯ ᠵᠢᠭᠤᠯᠴᠢᠯᠠᠯ ᠤᠨ ᠣᠨ ᠪᠣᠯᠣᠨ᠎ᠠ᠂ ᠬᠤᠶᠠᠷ ᠲᠠᠯ᠎ᠠ ᠪᠠᠷ ᠢᠶᠠᠨ ᠪᠠᠶᠠᠯᠢᠭ ᠰᠠᠶᠢᠬᠠᠨ ᠠᠵᠢᠯᠯᠠᠭ᠎ᠠ ᠥᠷᠨᠢᠭᠦᠯᠬᠦ | ᠪᠣᠯᠣᠨ᠎ᠠ᠃ ᠪᠢᠳᠡ ᠡᠭᠦᠨ ᠢᠶᠠᠷ ᠠᠵᠠ ᠲᠣᠭᠢᠶᠠᠯ ᠪᠤᠯᠭᠠᠵᠤ᠂ ᠬᠤᠶᠠᠷ ᠤᠯᠤᠰ ᠤᠨ ᠠᠷᠠᠳ ᠲᠦᠮᠡᠨ ᠢᠯᠠᠩᠭᠤᠶ᠎ᠠ ᠵᠠᠯᠠᠭᠤᠴᠤᠳ ᠤᠨ ᠬᠤᠭᠤᠷᠣᠨᠳᠣᠭᠢ | ᠶᠠᠪᠤᠯᠴᠠᠭ᠎ᠠ ᠶᠢ ᠨᠢᠭᠲᠠᠷᠠᠭᠤᠯᠵᠤ᠂ ᠹᠷᠠᠨᠼᠢ ᠳᠤᠮᠳᠠᠳᠤ ᠶᠢᠨ ᠬᠠᠷᠢᠯᠴᠠᠭᠠᠨ ᠤ ᠢᠷᠡᠭᠡᠳᠦᠢ ᠳᠤ ᠨᠡᠩ ᠪᠠᠲᠤ ᠪᠠᠬᠢ ᠰᠠᠭᠤᠷᠢ ᠶᠢ ᠲᠠᠯᠪᠢᠯ᠎ᠠ ᠭᠡᠵᠦ ᠢᠯᠡᠳᠬᠡᠪᠡ᠃ | 1 ᠰᠠᠷ᠎ᠠ ᠶᠢᠨ 31 ᠤ ᠡᠳᠦᠷ᠂ ᠬᠤᠶᠠᠷ ᠤᠯᠤᠰ ᠪᠠᠰᠠ ᠫᠠᠷᠢᠰ ᠤᠨ ᠸᠧᠷᠰᠡᠢ ᠣᠷᠳᠣᠨ ᠳᠤ ᠳᠤᠮᠳᠠᠳᠤ ᠹᠷᠠᠨᠼᠢ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ | 60 ᠵᠢᠯ ᠤᠨ ᠣᠶ ᠶᠢ ᠪᠡᠯᠭᠡᠯᠡᠬᠦ ᠵᠢᠴᠢ ᠰᠣᠶᠣᠯ ᠵᠢᠭᠤᠯᠴᠢᠯᠠᠯ ᠤᠨ ᠣᠨ ᠤ ᠡᠭᠢᠯᠡᠯᠲᠡ ᠶᠢᠨ ᠠᠵᠢᠯᠯᠠᠭ᠎ᠠ ᠥᠷᠨᠢᠭᠦᠯᠵᠦ᠂ ᠬᠤᠶᠠᠷ ᠤᠯᠤᠰ ᠤᠨ ᠲᠡᠷᠢᠭᠦᠨ ᠤ | ᠸᠢᠳᠢᠤ᠋ ᠪᠠᠷ ᠬᠡᠯᠡᠭᠰᠡᠨ ᠪᠠᠶᠠᠷ ᠤᠨ ᠦᠭᠡ ᠶᠢ ᠨᠡᠪᠲᠡᠷᠡᠭᠦᠯᠬᠦ ᠪᠣᠯᠣᠨ᠎ᠠ᠃ |