︱ 2024 ᠣᠨ ᠤ 1 ᠰᠠᠷ᠎ᠠ ᠶᠢᠨ 24 ᠤ ᠡᠳᠦᠷ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ | ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠬᠠᠨ ᠲᠤᠤ | ᠲᠦᠯᠦᠭᠡᠯᠡᠭᠴᠢᠳ ᠡ᠄ | ᠤᠳᠤ ᠪᠢ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠦᠪᠯᠡᠬᠦ ᠪᠤᠯᠪᠠᠤ᠂ | ᠲᠡᠷᠡᠴᠢᠯᠡᠨ ᠲᠤᠭᠤᠷᠢᠭ ᠤᠨ ᠤᠯᠤᠰ ᠲᠦᠷᠦ ᠶᠢᠨ ᠭᠡᠰᠢᠬᠦᠳ ᠪᠠ ᠪᠤᠰᠤᠳ ᠰᠤᠯᠠ ᠤᠷᠤᠯᠴᠠᠭᠰᠠᠳ ᠰᠠᠨᠠᠯ ᠢᠶᠠᠨ ᠳᠤᠷᠠᠳᠬᠤ ᠪᠤᠯᠪᠠᠤ᠃ | ᠨᠢᠭᠡ᠂ 2023 ᠣᠨ ᠤ ᠠᠵᠢᠯ ᠤᠨ ᠡᠷᠭᠢᠴᠡᠭᠦᠯᠦᠯ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠭᠰᠠᠨ ᠡᠬᠢᠯᠡᠯᠲᠡ ᠶᠢᠨ ᠵᠢᠯ ᠮᠥᠨ᠃ | ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠵᠤ᠂ ᠪᠢᠳᠡ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠢᠮᠠᠭᠲᠠ ᠨᠢᠭᠳᠠᠷᠠᠵᠤ᠂ ᠪᠦᠬᠦ | ᠲᠤᠭᠤᠷᠢᠭ ᠢᠶᠠᠷ ᠢᠶᠠᠨ ᠨᠢᠭᠲᠠᠷᠠᠨ ᠪᠦᠯᠬᠦᠮᠳᠡᠵᠦ᠂ ᠡᠷᠴᠢ ᠵᠣᠷᠢᠭ ᠢᠶᠠᠨ ᠬᠦᠪᠴᠢᠯᠡᠨ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠪᠦᠬᠦ | ᠬᠦᠴᠦᠨ ᠢᠶᠠᠷ ᠪᠠᠬᠢᠵᠢᠭᠦᠯᠦᠨ ᠴᠢᠩᠭᠠᠳᠬᠠᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ | ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠲᠤᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ | ᠬᠤᠷᠠᠯᠳᠤᠭᠠᠨ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠪᠡ᠃ ᠨᠢᠭᠡ ᠵᠢᠯ ᠤᠨ ᠲᠤᠷᠰᠢ ᠭᠤᠣᠯᠳᠠᠭᠤ ᠳᠣᠣᠷᠠᠬᠢ ᠠᠵᠢᠯ ᠤᠳ ᠢ | ᠬᠢᠪᠡ᠄ | — ᠬᠦᠭᠵᠢᠯᠳᠡ ᠪᠠᠷ ᠲᠡᠷᠢᠬᠦᠨ ᠴᠢᠬᠤᠯᠠ ᠡᠬᠦᠷᠭᠡ ᠪᠣᠯᠭᠠᠬᠤ ᠶᠢ ᠪᠠᠷᠢᠮᠲᠠᠯᠠᠵᠤ᠂ ᠠᠵᠤ ᠠᠬᠤᠢ ᠶᠢ ᠠᠵᠢᠯᠯᠠᠭᠠᠨ ᠢ ᠲᠣᠭᠲᠠᠭᠤᠨ ᠤ ᠳᠤᠮᠳᠠ | ᠤᠷᠤᠭᠰᠢᠯᠠᠪᠠ᠃ ︽ᠮᠢᠩᠭᠠᠨ ᠳ᠋ᠦᠩᠰᠢᠭᠤᠷ ᠤᠨ ᠪᠣᠳᠠᠲᠤ ᠬᠦᠴᠦᠨ ᠲᠠᠢ ᠬᠤᠰᠢᠭᠤ ᠲᠤᠭᠤᠷᠢᠭ︾ ᠢ ᠪᠠᠶᠢᠭᠤᠯᠬᠤ ᠪᠠᠷ ᠶᠡᠷᠦᠩᠬᠡᠢ ᠬᠠᠷᠠᠯᠲᠠ ᠪᠣᠯᠭᠠᠵᠤ᠂ | ᠶᠡᠷᠦᠩᠬᠡᠶᠢᠯᠡᠭᠰᠡᠨ ᠪᠣᠳᠠᠲᠤ ᠬᠦᠴᠦᠨ ᠪᠠ ᠬᠥᠭᠵᠢᠯᠲᠡ ᠶᠢᠨ ᠴᠢᠳᠠᠪᠤᠷᠢ ᠶᠢᠨ ᠲᠠᠰ ᠢ ᠦᠷᠭᠦᠯᠵᠢᠯᠡᠨ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ | ᠲᠣᠭᠲᠠᠭᠤᠨ ᠢᠶᠠᠷ ᠬᠥᠭᠵᠢᠬᠦ᠂ ᠲᠣᠭᠲᠠᠭᠤᠨ ᠤ ᠳᠤᠮᠳᠠ ᠶᠠᠰᠤ ᠴᠢᠨᠠᠷ ᠢ ᠳᠡᠭᠡᠭᠰᠢᠯᠡᠬᠦᠯᠬᠦ᠂ ᠲᠣᠭᠲᠠᠭᠤᠨ ᠤ ᠳᠤᠮᠳᠠ ᠰᠠᠶᠢᠵᠢᠷᠠᠬᠤ ᠶᠢ ᠪᠡᠶᠡᠯᠡᠬᠦᠯᠪᠡ᠃ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠠᠩᠬ᠎ᠠ ᠤᠳᠠᠭ᠎ᠠ ᠮᠢᠩᠭᠠᠨ ᠳ᠋ᠦᠩᠰᠢᠭᠤᠷ ᠲᠥᠭᠦᠷᠢᠭ ᠤᠨ | ᠪᠣᠭᠤᠮᠲᠠ ᠶᠢ ᠳᠠᠪᠠᠨ᠂ 1030.51 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11% ᠪᠠᠷ ᠨᠡᠮᠡᠭᠳᠡᠪᠡ︔ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 8.2% ᠢᠶᠠᠷ ᠨᠡᠮᠡᠭᠳᠡᠵᠦ᠂ ᠨᠡᠮᠡᠭᠳᠡᠯ ᠤᠨ | ᠬᠤᠷᠳᠤᠴᠠ ᠨᠢ ᠪᠦᠬᠦ ᠬᠤᠳᠠ ᠳᠤ ᠬᠤᠶᠠᠳᠤᠭᠠᠷ ᠲᠤ ᠪᠠᠶᠢᠷᠢᠯᠠᠪᠠ︔ ᠲᠣᠭᠲᠠᠮᠠᠯ ᠬᠦᠷᠦᠩᠬᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 23. | 4% ᠨᠡᠮᠡᠭᠳᠡᠵᠦ᠂ 36 ᠰᠠᠷ᠎ᠠ ᠳᠠᠷᠠᠭᠠᠯᠠᠨ ᠬᠤᠶᠠᠷ ᠣᠷᠣᠨᠲᠤ ᠲᠤᠭᠠᠨ ᠤ ᠨᠡᠮᠡᠭᠳᠡᠯ ᠤᠨ ᠬᠤᠷᠳᠤᠴᠠ ᠶᠢ ᠪᠠᠳᠤᠯᠠᠪᠠ︔ ᠡᠩ ᠤᠨ ᠣᠯᠠᠨ ᠨᠡᠶᠢᠲᠡ ᠶᠢᠨ | ᠲᠥᠰᠥᠪ ᠤᠨ ᠣᠷᠣᠯᠭ᠎ᠠ ᠶᠢ 79.55 ᠳ᠋ᠦᠩᠰᠢᠭᠤᠷ ᠲᠥᠭᠦᠷᠢᠭ ︵ᠳᠡᠭᠡᠳᠦ ᠰᠢᠨ᠎ᠡ ᠮᠡᠷᠭᠡᠵᠢᠯ ᠤᠨ ᠲᠤᠭᠤᠷᠢᠭ ᠢ ᠪᠠᠭᠲᠠᠨ᠎ᠠ︶ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 3.8% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠯᠳᠠ ᠶᠢᠨ ᠶᠡᠷᠦᠩᠬᠡᠢ ᠬᠡᠮᠵᠢᠶ᠎ᠡ 255.84 | ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠶᠡᠷᠦᠩᠬᠡᠢ ᠬᠡᠮᠵᠢᠶ᠎ᠡ ᠨᠢ ᠪᠦᠬᠦ ᠬᠤᠳᠠ ᠶᠢᠨ ᠨᠢᠭᠡᠳᠦᠭᠡᠷ ᠲᠤ ᠯᠠᠪᠳᠠᠭᠤᠨ ᠪᠠᠶᠢᠷᠢᠯᠠᠵᠤ᠂ ᠠᠳᠠᠯᠢ ᠬᠤᠭᠤᠴᠠᠭᠠᠨ ᠤ | ᠬᠢ ᠠᠴᠠ 9.1% ᠪᠠᠷ ᠨᠡᠮᠡᠭᠳᠡᠨ᠂ ᠪᠥᠬᠦ ᠬᠤᠲᠠ ᠶᠢᠨ 40% ᠰᠢᠬᠠᠮ ᠢ ᠡᠵᠡᠯᠡᠪᠡ︔ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ | ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 61019 ᠲᠦᠮᠡᠨ ᠲᠥᠭᠦᠷᠢᠭ ᠲᠤ ᠬᠦᠷᠴᠦ᠂ ᠪᠥᠬᠦ ᠬᠤᠲᠠ ᠶᠢᠨ ᠨᠢᠭᠡᠳᠦᠭᠡᠷ ᠲᠤ ᠪᠠᠶᠢᠷᠢᠯᠠᠵᠤ᠂ ᠠᠳᠠᠯᠢ | ᠬᠤᠭᠤᠴᠠᠭᠠᠨ ᠤ ᠬᠢ ᠠᠴᠠ 4.8% ᠪᠠᠷ ᠨᠡᠮᠡᠭᠳᠡᠪᠡ︔ ᠪᠥᠬᠦ ᠲᠤᠭᠤᠷᠢᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠶᠢᠨ ᠦᠯᠡᠳᠡᠪᠦᠷᠢ | ᠲᠤᠭ᠎ᠠ 3531.8 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠬᠤᠲᠠ ᠶᠢᠨ 52.1% ᠶᠢ ᠡᠵᠡᠯᠡᠵᠤ᠂ ᠠᠳᠠᠯᠢ ᠬᠤᠭᠤᠴᠠᠭᠠᠨ ᠤ ᠬᠢ ᠠᠴᠠ 18.6% ᠪᠠᠷ | ᠨᠡᠮᠡᠭᠳᠡᠪᠡ︔ ᠵᠢᠭᠡᠯᠡᠯᠭᠡ ᠶᠢᠨ ᠦᠯᠡᠳᠡᠪᠦᠷᠢ ᠲᠤᠭ᠎ᠠ 2247.9 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠬᠤᠲᠠ ᠶᠢᠨ 55.2% ᠢ ᠡᠵᠡᠯᠡᠵᠦ᠂ ᠠᠳᠠᠯᠢ | ᠬᠤᠭᠤᠴᠠᠭᠠᠨ ᠤ ᠬᠢ ᠠᠴᠠ 11.8% ᠪᠠᠷ ᠨᠡᠮᠡᠭᠳᠡᠪᠡ᠃ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠨᠢ ᠪᠠᠷᠠᠭᠤᠨ ᠭᠠᠵᠠᠷ ᠤᠷᠤᠨ ᠤ ᠵᠠᠭᠤᠨ ᠬᠦᠴᠦᠷᠬᠡᠭ | ᠲᠤᠭᠤᠷᠢᠭ ᠤᠨ 12 ᠳ᠋ᠤᠭᠠᠷ ᠲᠤ ᠵᠢᠭᠰᠠᠭᠠᠭᠳᠠᠵᠤ᠂ ᠶᠡᠷᠦᠩᠬᠡᠶᠢᠯᠡᠭᠰᠡᠨ ᠪᠣᠳᠠᠲᠤ ᠬᠦᠴᠦᠨ ᠨᠢ ᠪᠥᠬᠦ ᠤᠯᠤᠰ ᠤᠨ ᠵᠠᠭᠤᠨ ᠬᠦᠴᠦᠷᠬᠡᠭ ᠲᠤᠭᠤᠷᠢᠭ ᠤᠨ 45 | ᠳ᠋ᠤᠭᠠᠷ ᠲᠤ ᠵᠢᠭᠰᠠᠭᠠᠭᠳᠠᠪᠠ᠃ | ︱ ᠲᠦᠷᠦᠯ ᠵᠦᠢᠯ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠶᠠᠰᠤ ᠴᠢᠨᠠᠷ ᠢ ᠳᠡᠭᠡᠭᠰᠢᠯᠡᠵᠤ ᠦᠷ᠎ᠡ ᠠᠰᠢᠭ | ᠨᠡᠮᠡᠭᠳᠡᠪᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠᠷ ᠬᠥᠲᠥᠯᠥᠮᠵᠢ ᠪᠣᠯᠭᠠᠵᠤ᠂ ᠲᠤᠯᠤᠭᠠᠶᠢᠯᠠᠭᠴᠢ ᠲᠥᠷᠥᠯ ᠵᠦᠢᠯ ᠢ ᠪᠣᠶᠢᠵᠢᠭᠤᠯᠬᠤ ᠪᠠᠷ | ᠲᠤᠯᠭᠠᠭᠤᠷᠢᠯᠠᠯ ᠪᠤᠯᠭᠠᠨ᠂ ᠣᠳᠣᠬᠢᠴᠢᠯᠠᠭᠰᠠᠨ ᠠᠵᠤ ᠦᠢᠯᠡᠰ ᠤᠨ ᠲᠤᠭᠳᠠᠯᠴᠠᠭ᠎ᠠ ᠶᠢ ᠲᠦᠷᠭᠡᠳᠬᠡᠨ ᠪᠠᠶᠢᠭᠤᠯᠪᠠ᠃ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠠᠵᠢᠯ ᠢᠯᠡᠷᠬᠡᠢ ᠦᠷ᠎ᠡ ᠪᠦᠲᠦᠮᠵᠢ ᠣᠯᠵᠤ᠂ ᠨᠠᠮ ᠵᠠᠰᠠᠭ ᠤᠨ ᠤᠳᠤᠷᠢᠳᠤᠯᠭ᠎ᠠ ᠪᠦᠯᠬᠦᠮ ᠳᠠᠭᠠᠭᠤᠯᠤᠨ ᠭᠠᠳᠠᠭᠰᠢ ᠭᠠᠷᠴᠤ ᠬᠤᠳᠠᠯᠳᠤᠭᠠᠴᠢᠨ | ᠤᠷᠢᠵᠤ᠂ 90 ᠤᠳᠠᠭ᠎ᠠ ᠠᠵᠤ ᠠᠬᠤᠶᠢᠯᠠᠯ ᠲᠠᠢ ᠬᠠᠷᠢᠯᠴᠠᠵᠤ᠂ ᠰᠢᠶᠠᠮᠧᠨ ᠤ ᠶᠢᠨ ᠯᠦᠩ ︵ᠣᠷᠳᠣᠰ︶ ᠬᠦᠨᠳᠦ ᠠᠴᠢᠶᠠᠨ ᠤ ᠮᠠᠰᠢᠨ ᠤ ᠶᠡᠷᠦᠩᠬᠡᠢ ᠲᠦᠪ᠂ | ᠳ᠋ᠦᠩ ᠹᠧᠩ ᠯᠢᠦ ᠵᠧᠦ ᠮᠠᠰᠢᠨ ᠲᠡᠷᠭᠡᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠰᠠᠭᠤᠷᠢᠨ ᠭᠠᠵᠠᠷ᠂ ᠯᠢ ᠱᠧᠩ ᠣᠶᠤᠨᠴᠢ ᠭᠠᠯ ᠤᠨᠲᠠᠷᠠᠭᠠᠬᠤ | ᠲᠥᠬᠦᠭᠡᠷᠦᠮᠵᠢ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ᠂ ᠠᠭᠤᠷᠬᠠᠢ ᠶᠢᠨ ᠬᠦᠪᠡᠭᠡ ᠪᠡᠯ ᠢ ᠤᠶᠤᠨᠴᠢᠯᠠᠯᠳᠠ ᠪᠠᠷ ᠠᠯᠤᠰ ᠠᠴᠠ ᠬᠡᠮᠵᠢᠬᠦ ᠵᠡᠷᠭᠡ ᠠᠵᠤ | ᠤᠶᠢᠯᠡᠳᠪᠤᠷᠢ ᠠᠵᠤ ᠤᠶᠢᠯᠡᠰ ᠤᠨ ᠰᠠᠭᠤᠷᠢᠨ ᠭᠠᠵᠠᠷ ᠤᠨ 124 ᠭᠤᠣᠯᠳᠠᠯᠭ᠎ᠠ ᠲᠠᠢ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠤᠯᠤᠰ ᠤᠨ ᠳᠣᠲᠣᠭᠠᠳᠤ ︵ | ᠣᠷᠣᠨ ᠤ ᠭᠠᠳᠠᠨᠠᠬᠢ︶ ᠶᠢᠨ ᠪᠤᠳᠠᠳᠠᠶᠢᠵᠢᠭᠤᠯᠤᠭᠰᠠᠨ ᠪᠡᠯᠡ ᠮᠦᠩᠬᠦ ᠶᠢ 62 ᠳ᠋ᠦᠩᠰᠢᠭᠤᠷ ᠲᠥᠭᠦᠷᠢᠭ᠂ 32% ᠢᠶᠠᠷ ᠨᠡᠮᠡᠭᠳᠡᠪᠡ︔ 264 ᠵᠦᠢᠯ ᠤᠨ | ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 217 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠬᠦᠯᠦᠨ᠂ 85% ᠪᠠᠷ ᠨᠡᠮᠡᠭᠳᠡᠪᠡ᠃ | ᠠᠵᠤ ᠦᠢᠯᠡᠳᠪᠦᠷᠢ ᠶᠢᠨ ᠬᠥᠭᠵᠢᠯᠲᠡ ᠶᠢᠨ ᠬᠤᠷᠳᠤᠴᠠ ᠲᠦᠷᠭᠡᠳᠴᠤ ᠡᠨᠧᠷᠬᠢ ᠤᠯᠭᠤᠵᠤ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠶᠢ ᠴᠢᠨᠠᠷ | ᠰᠠᠶᠢᠲᠠᠢ ᠪᠡᠶᠡᠯᠡᠬᠦᠯᠦᠨ᠂ ᠪᠦᠬᠦ ᠵᠢᠯ ᠳᠤ 1.15 ᠳ᠋ᠦᠩᠰᠢᠭᠤᠷ ᠲᠣᠨ ᠨᠡᠭᠦᠷᠡᠰᠦ ᠦᠢᠯᠡᠳᠪᠦᠷᠢᠯᠡᠨ ᠪᠣᠷᠣᠯᠠᠭᠤᠯᠵᠤ᠂ 160.97 ᠳ᠋ᠦᠩᠰᠢᠭᠤᠷ ᠺᠢᠯᠣᠸᠠᠲ ᠴᠠᠭ | ᠴᠠᠬᠢᠯᠭᠠᠨ ᠭᠠᠷᠭᠠᠵᠤ᠂ 14 ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠥᠭᠡᠷᠡᠴᠢᠯᠡᠯᠲᠡ ᠶᠢ ᠪᠡᠶᠡᠯᠡᠭᠦᠯᠪᠡ᠃ ᠳᠤᠮᠳᠠ ᠵᠢᠵᠢᠭ ᠨᠤᠤᠯᠤᠭᠤᠷ ᠨᠡᠬᠡᠮᠡᠯ ᠤᠨ ᠠᠵᠤ | ᠠᠬᠤᠶᠢᠯᠠᠯ ᠤᠨ ᠰᠢᠨ᠎ᠡ ᠶᠢ ᠡᠭᠦᠳᠬᠦ ᠨᠡᠪᠴᠢᠭᠦᠯᠬᠦ ᠲᠥᠪ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ︵ | ᠣᠷᠳᠣᠰ︶ ᠤᠨ ᠣᠯᠠᠨ ᠤᠯᠤᠰ ᠤᠨ ᠨᠤᠤᠰᠤ ᠨᠤᠤᠯᠤᠭᠤᠷ ᠤᠨ ᠦᠵᠡᠰᠬᠦᠯᠡᠩ ᠢ ᠴᠢᠨᠠᠷᠯᠢᠭ ᠡᠷᠬᠢᠯᠡᠨ ᠶᠠᠪᠤᠭᠳᠠᠭᠤᠯᠵᠤ᠂ ᠪᠦᠬᠦ ᠵᠢᠯ ᠳᠤ ᠨᠡᠶᠢᠲᠡ 366 ᠲᠦᠮᠡᠨ | ᠨᠤᠤᠰᠤ ᠨᠤᠤᠯᠤᠭᠤᠷ ᠤᠨ ᠪᠦᠲᠦᠭᠡᠭᠳᠡᠬᠦᠨ ᠢ ᠦᠢᠯᠡᠳᠪᠦᠷᠢᠯᠡᠨ ᠪᠣᠷᠣᠯᠠᠭᠤᠯᠪᠠ᠃ ᠰᠢᠨ᠎ᠡ ᠡᠨᠧᠷᠭᠢ ᠶᠢᠨ ᠲᠦᠷᠦᠯ ᠵᠤᠶᠢᠯ ᠢ 18 ᠬᠡᠷᠡᠭᠵᠢᠭᠦᠯᠵᠦ᠂ ᠤᠯᠤᠰ ᠤᠨ | ᠴᠠᠬᠢᠯᠭᠠᠨ᠂ ᠢᠯᠴᠢ ᠶᠢᠨ ᠴᠠᠬᠢᠯᠭᠠᠨ ᠤ ᠠᠮᠢᠳᠤᠯᠢᠭ ᠥᠭᠡᠷᠡᠴᠢᠯᠡᠯᠲᠡ ᠶᠢᠨ ᠲᠦᠷᠦᠯ ᠵᠤᠶᠢᠯ ᠢ 8 ᠲᠦᠮᠡᠨ ᠺᠢᠯᠣᠸᠠᠲ ᠲᠤᠤᠷᠵᠢᠭᠤᠯᠤᠨ ᠨᠡᠶᠢᠯᠡᠬᠦᠯᠪᠡ᠃ 280 | ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠤᠷᠤᠭᠤᠯᠤᠯᠳᠠ ᠲᠠᠢ ᠵᠢᠩ ᠤᠣ ᠭᠡᠷᠡᠯ ᠴᠡᠨᠡᠭ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ᠂ | 100 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠳᠠ ᠲᠠᠢ ᠴᠢ ᠷᠦᠢ ᠶᠢᠨ 20 ᠲᠦᠮᠡᠨ ᠰᠢᠨ᠎ᠡ ᠡᠨᠧᠷᠭᠢ ᠶᠢᠨ ᠮᠠᠰᠢᠨ ᠳᠡᠷᠭᠡᠨ ᠤ ᠲᠥᠷᠥᠯ ᠵᠦᠢᠯ᠂ 20 | ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠳᠠ ᠲᠠᠢ ᠵᠦᠵᠸᠦ ᠶᠢᠨ ᠱᠢ ᠳ᠋ᠠᠢ ᠰᠢᠨ᠎ᠡ ᠮᠠᠲ᠋ᠧᠷᠢᠶᠠᠯ ᠤᠨ ᠵᠠᠭᠤᠨ ᠮᠧᠲᠷ ᠤᠨ ᠲᠡᠰ ᠤᠨ ᠴᠠᠬᠢᠯᠭᠠᠨ ᠬᠦᠴᠦᠨ ᠤ | ᠴᠠᠬᠢᠯᠭᠠᠨ ᠭᠠᠷᠭᠠᠬᠤ ᠢᠯᠲᠠᠰᠤ ᠶᠢᠨ ᠦᠢᠯᠡᠳᠪᠦᠷᠢᠯᠡᠯ ᠤᠨ ᠲᠦᠷᠦᠯ ᠵᠦᠢᠯ ᠢ ᠤᠷᠤᠨᠰᠢᠭᠤᠯᠤᠨ ᠪᠤᠳᠠᠳᠠᠶᠢᠵᠢᠭᠤᠯᠤᠨ ᠪᠦᠳᠦᠬᠡᠨ ᠪᠠᠶᠢᠭᠤᠯᠵᠤ᠂ ᠢ ᠯᠢ ᠢ ᠳ᠋ᠣᠣ | 4GW ᠭᠡᠷᠡᠯ ᠴᠡᠨᠡᠭ ᠤᠨ ᠲᠤᠨᠤᠭ ᠲᠥᠬᠦᠭᠡᠷᠦᠮᠵᠢ᠂ ᠭᠦᠸᠧ ᠱᠧᠩ ᠯᠢ ᠬᠤᠸᠠ ᠴᠠᠬᠢᠯᠭᠠᠨ ᠵᠠᠳᠠᠯᠤᠯᠳᠠ ᠶᠢᠨ ᠤᠰᠤ ᠪᠠᠷ ᠤᠰᠤᠲᠥ᠋ᠷᠥᠭᠴᠢ ᠦᠢᠯᠡᠳᠬᠦ | ᠲᠥᠬᠦᠭᠡᠷᠦᠮᠵᠢ ᠶᠢ ᠦᠢᠯᠡᠳᠬᠦ᠂ ᠴᠢ ᠷᠦᠢ ᠶᠢᠨ 3000 ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠵᠢᠴᠢ ᠰᠤᠳᠤᠯᠭᠠᠨ ᠤ ᠬᠦᠷᠢᠶᠡᠯᠡᠩ ᠵᠡᠷᠭᠡ 20 | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠦᠷᠦᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ 44 ᠠᠵᠤ ᠦᠢᠯᠡᠳᠪᠦᠷᠢ ᠶᠢᠨ | ᠲᠦᠷᠦᠯ ᠵᠦᠢᠯ ᠢ ᠥᠷᠭᠡᠳᠬᠡᠨ ᠨᠡᠮᠡᠭᠳᠡᠭᠦᠯᠬᠦ ᠪᠠᠷ ᠵᠢᠱᠢᠵᠦ᠂ ᠲᠤᠨᠤᠭᠯᠠᠯ ᠦᠢᠯᠡᠳᠬᠦ ᠠᠵᠤ ᠦᠢᠯᠡᠰ ᠤᠨ ᠦᠢᠯᠡᠳᠬᠦᠨ ᠤ ᠶᠡᠷᠦᠩᠬᠡᠢ ᠦᠷᠳᠡᠭ ᠢ 243 | ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠵᠢᠱᠢᠵᠦ ᠪᠤᠢ᠃ ᠦᠢᠯᠡᠴᠢᠯᠡᠭᠡᠨ ᠤ ᠦᠢᠯᠡᠰ ᠤᠨ ᠬᠥᠭᠵᠢᠯᠲᠡ ᠳᠡᠰ ᠳᠡᠪᠰᠢᠨ ᠳᠡᠭᠡᠭᠰᠢᠯᠡᠵᠤ᠂ ᠸᠠᠨ ᠳ᠋ᠠ ᠬᠤᠶᠠᠳᠤᠭᠠᠷ | ᠬᠤᠭᠤᠴᠠᠭ᠎ᠠ᠂ ᠵᠢᠦ ᠴᠧᠩ ᠬᠥᠩ ᠲᠠᠯ᠎ᠠ ᠨᠤᠲᠤᠭ ᠤᠨ ᠮᠠᠩᠬᠠᠨ ᠠᠶᠠᠯᠭᠤ ᠰᠣᠶᠣᠯ ᠵᠤᠭᠠᠴᠠᠯ ᠤᠨ ᠣᠷᠣᠨ ᠵᠡᠷᠭᠡ 26 ᠠᠷᠠᠯᠵᠢᠶ᠎ᠠ ᠬᠤᠳᠠᠯᠳᠤᠭ᠎ᠠ ᠰᠣᠶᠣᠯ | ᠵᠤᠭᠠᠴᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ︽ᠳᠤᠯᠠᠭᠠᠨ ᠬᠤᠳᠠ ᠶᠢᠨ ᠤᠷᠢᠯᠭ᠎ᠠ᠂ ᠵᠤᠴᠢᠳ ᠢ ᠳ᠋ᠦᠩᠱᠧᠩ ᠳᠤ ᠢᠷᠡᠬᠦᠯᠬᠦ | ︾ ᠵᠡᠷᠭᠡ ᠬᠡᠷᠡᠭᠯᠡᠭᠡ ᠶᠢ ᠠᠬᠢᠭᠤᠯᠬᠤ ᠡᠯ᠎ᠡ ᠲᠥᠷᠥᠯ ᠤᠨ ᠠᠵᠢᠯᠯᠠᠭ᠎ᠠ ᠶᠢ 20 ᠭᠠᠷᠤᠢ ᠤᠳᠠᠭ᠎ᠠ ᠥᠷᠨᠢᠭᠦᠯᠵᠦ᠂ ᠪᠥᠬᠦ ᠵᠢᠯ ᠳᠤ 643.5 ᠲᠦᠮᠡᠨ ᠬᠥᠮᠥᠨ | ᠤᠳᠠᠭ᠎ᠠ ᠶᠢᠨ ᠵᠤᠭᠠᠴᠠᠭᠰᠠᠳ ᠢ ᠭᠥᠯᠢᠶᠡᠨ ᠠᠪᠴᠤ᠂ 43.7% ᠪᠠᠷ ᠨᠡᠮᠡᠭᠳᠡᠨ᠂ ᠵᠤᠭᠠᠴᠠᠯ ᠤᠨ ᠣᠷᠣᠯᠭ᠎ᠠ ᠶᠢ 122.9 ᠳ᠋ᠦᠩᠰᠢᠭᠤᠷ ᠲᠥᠭᠦᠷᠢᠭ ᠳᠠᠶᠢᠴᠢᠯᠠᠵᠤ | ᠂ 45% ᠪᠠᠷ ᠨᠡᠮᠡᠭᠳᠡᠪᠡ᠃ ᠥᠪᠡᠷᠲᠡᠭᠡᠨ ᠵᠠᠰᠠᠬᠤ ᠣᠷᠣᠨ ᠤ ᠰᠣᠶᠣᠯ ᠵᠤᠭᠠᠴᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠭᠤᠣᠯᠳᠠᠯᠭ᠎ᠠ ᠲᠠᠢ | ᠪᠣᠶᠢᠵᠢᠭᠤᠯᠬᠤ ᠵᠢᠱᠢᠶ᠎ᠡ ᠦᠵᠡᠭᠦᠯᠬᠦ ᠲᠤᠭᠤᠷᠢᠭ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠥᠨᠢ ᠶᠢᠨ ᠰᠣᠶᠣᠯ ᠵᠤᠭᠠᠴᠠᠯ ᠤᠨ ᠬᠡᠷᠡᠭᠯᠡᠭᠡᠨ ᠤ ᠲᠥᠪᠯᠡᠷᠡᠭᠰᠡᠨ | ᠲᠤᠭᠤᠷᠢᠭ ᠢᠶᠠᠷ ᠠᠮᠵᠢᠯᠲᠠ ᠲᠠᠢ ᠪᠠᠷ ᠰᠣᠩᠭᠤᠭᠳᠠᠪᠠ᠃ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠦᠷᠨᠢᠨ ᠬᠥᠭᠵᠢᠵᠦ᠂ ᠲᠣᠰᠬᠤᠨ ᠤ ᠬᠠᠮᠲᠤ ᠶᠢᠨ | ᠠᠵᠤ ᠠᠬᠤᠢ ᠶᠢᠨ ᠲᠥᠷᠥᠯ ᠵᠦᠢᠯ ᠢ ᠨᠡᠶᠢᠲᠡ 123 ᠬᠡᠷᠡᠭᠵᠢᠭᠦᠯᠵᠦ᠂ ᠡᠵᠡᠩᠨᠡᠯᠲᠡ ᠶᠢᠨ ᠴᠢᠨᠠᠷᠲᠠᠢ ᠶᠡᠷᠦᠩᠬᠡᠢ ᠣᠷᠣᠯᠭ᠎ᠠ 3700 ᠲᠦᠮᠡᠨ ᠲᠥᠭᠦᠷᠢᠭ ᠲᠤ | ᠬᠦᠷᠴᠦ᠂ ᠲᠠᠷᠢᠶᠠᠯᠠᠩ ᠮᠠᠯ ᠠᠵᠤ ᠠᠬᠤᠢ ᠶᠢᠨ ᠲᠤᠯᠤᠭᠠᠶᠢᠯᠠᠭᠴᠢ ᠠᠵᠤ ᠠᠬᠤᠶᠢᠯᠠᠯ ᠢ ᠰᠢᠨ᠎ᠡ ᠪᠠᠷ 10 ᠪᠤᠶᠢᠵᠢᠭᠤᠯᠵᠤ᠂ ᠮᠥᠭᠦ ᠳᠠᠷᠢᠬᠤ᠂ ᠨᠤᠤᠯᠤᠭᠤᠷ ᠤᠨ | ᠢᠮᠠᠭ᠎ᠠ ᠲᠡᠵᠢᠭᠡᠨ ᠦᠷᠡᠵᠢᠭᠦᠯᠬᠦ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠠᠴᠠ | ᠪᠡᠯᠡᠬᠡᠨ ᠨᠤᠭᠤᠭ᠎ᠠ ᠶᠢᠨ ᠲᠦᠷᠦᠯ ᠵᠤᠶᠢᠯ ᠤᠨ ᠭᠤᠣᠯᠳᠠᠯᠭ᠎ᠠ ᠲᠠᠢ ᠬᠤᠰᠢᠭᠤ ᠰᠢᠶᠠᠨ ᠢᠶᠠᠷ ᠲᠤᠭᠳᠠᠭᠠᠭᠳᠠᠵᠤ᠂ ︽ᠨᠢᠭᠡᠳᠤᠭᠡᠷ ᠠᠵᠤ ᠤᠶᠢᠯᠡᠰ ᠢ ᠳᠠᠬᠢᠨ | ᠴᠤᠭᠴᠠᠯᠠᠬᠤ︾ ᠠᠵᠢᠯ ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ᠃ | — ᠰᠢᠨ᠎ᠡ ᠶᠢ ᠡᠭᠦᠳᠬᠦ ᠪᠠᠷ ᠡᠬᠢ ᠰᠤᠷᠪᠤᠯᠵᠢ ᠪᠣᠯᠭᠠᠬᠤ ᠶᠢ ᠪᠠᠷᠢᠮᠲᠠᠯᠠᠵᠤ᠂ ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢ ᠪᠦᠲᠦᠮᠵᠢᠲᠡᠶ ᠪᠠᠷ ᠬᠦᠭᠵᠢᠬᠡᠪᠡ᠃ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠢᠮᠠᠭᠲᠠ ᠬᠥᠭᠵᠢᠯᠲᠡ ᠲᠠᠪᠰᠢᠯᠳᠠ ᠶᠢᠨ ᠬᠥᠳᠡᠯᠭᠡᠬᠦ ᠬᠦᠴᠦᠨ ᠤ ᠰᠠᠭᠤᠷᠢ᠂ ᠠᠮᠢᠵᠢᠷᠠᠯ ᠤᠨ ᠬᠦᠴᠦᠨ ᠤ ᠡᠬᠢ | ᠰᠤᠷᠪᠤᠯᠵᠢ ᠪᠣᠯᠭᠠᠵᠤ᠂ ᠥᠭᠡᠷᠡᠴᠢᠯᠡᠯᠲᠡ ᠪᠠᠷ ᠠᠮᠢᠵᠢᠷᠠᠯ ᠤᠨ ᠬᠦᠴᠦᠨ ᠢ ᠬᠥᠭᠵᠢᠭᠡᠵᠦ᠂ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠢ ᠬᠦᠭᠵᠢᠬᠡᠪᠡ᠃ ︽ | ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠪᠥᠬᠦ ᠵᠢᠯ ᠳᠤ ᠰᠢᠨᠵᠢᠯᠡᠬᠦ | ᠤᠬᠠᠭᠠᠨ ᠮᠡᠷᠭᠡᠵᠢᠯ ᠤᠨ ᠪᠡᠯᠡ ᠤᠷᠤᠭᠤᠯᠤᠯᠳᠠ ᠶᠢ 1.72 ᠳ᠋ᠦᠩᠰᠢᠭᠤᠷ ᠲᠥᠭᠦᠷᠢᠭ ᠣᠷᠣᠭᠤᠯᠤᠨ᠂ 28.9% ᠪᠠᠷ ᠨᠡᠮᠡᠭᠳᠡᠵᠤ᠂ R&D ᠶᠢᠨ ᠵᠠᠷᠤᠳᠠᠯ ᠤᠨ | ᠵᠠᠷᠤᠯᠭ᠎ᠠ ᠶᠢ 7.1 ᠳ᠋ᠦᠩᠰᠢᠭᠤᠷ ᠲᠥᠭᠦᠷᠢᠭ ᠪᠣᠯᠭᠠᠵᠤ᠂ 19 ᠠᠵᠤ ᠠᠬᠤᠶᠢᠯᠠᠯ ᠤᠨ ︽ᠭᠤᠷᠪᠠ ᠶᠢ ᠦᠬᠡᠶᠢᠰᠬᠡᠬᠦ︾ ᠶᠢ ᠪᠡᠶᠡᠯᠡᠭᠦᠯᠵᠦ᠂ ᠳᠤᠮᠳᠠᠳᠤ ᠤᠯᠤᠰ ᠤᠨ | ᠭᠠᠵᠠᠷ ᠰᠢᠨᠵᠢᠯᠡᠭᠡᠨ ᠤ ᠶᠡᠭᠡ ᠰᠤᠷᠭᠠᠭᠤᠯᠢ ᠶᠢᠨ ᠰᠤᠳᠤᠯᠭᠠᠨ ᠤ ᠬᠦᠷᠢᠶᠡᠯᠡᠩ ᠵᠡᠷᠭᠡ 10 ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠣᠷᠣᠭᠤᠯᠤᠨ | ᠠᠪᠴᠢᠷᠠᠵᠤ᠂ ᠡᠯ᠎ᠡ ᠲᠥᠷᠥᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ 122 ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠰᠤᠳᠤᠯᠤᠨ ᠨᠡᠭᠡᠭᠡᠬᠦ ᠲᠠᠪᠴᠠᠩ ᠢ 23 ᠪᠠᠶᠢᠭᠤᠯᠵᠤ᠂ ᠪᠥᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠠᠭᠤᠨ ᠬᠦᠴᠦᠷᠬᠡᠭ ᠲᠤᠭᠤᠷᠢᠭ | ᠤᠨ 24 ᠳ᠋ᠤᠭᠡᠷ ᠪᠠᠶᠢᠷᠢᠨ ᠳᠤ ᠵᠢᠭᠰᠠᠭᠠᠭᠳᠠᠪᠠ᠃ ︽ᠳ᠋ᠦᠩᠱᠧᠩ ᠳᠤ ᠴᠢᠳᠠᠪᠤᠷᠢᠲᠠᠨ ᠢ ᠴᠤᠭᠯᠠᠷᠠᠭᠤᠯᠬᠤ︾ ᠢᠨᠵᠧᠨᠧᠷᠢᠩ ᠢ ᠬᠡᠷᠡᠭᠵᠢᠭᠦᠯᠵᠦ᠂ ︽ᠲᠤᠯᠠᠭᠠᠨ | ᠬᠤᠳᠠ ᠶᠢᠨ ᠤᠷᠢᠯᠭ᠎ᠠ᠂ ᠴᠢᠳᠠᠪᠤᠷᠢᠳᠠᠨ ᠢ ᠳ᠋ᠦᠩᠱᠧᠩ ᠳᠤ ᠤᠷᠤᠭᠤᠯᠤᠨ ᠠᠪᠴᠢᠷᠠᠬᠤ︾ ᠵᠡᠷᠭᠡ ᠠᠵᠢᠯᠯᠠᠭ᠎ᠠ ᠶᠢ 23 ᠤᠳᠠᠭ᠎ᠠ ᠡᠷᠬᠢᠯᠡᠵᠦ᠂ 559 ᠳᠡᠭᠡᠳᠦ | ᠲᠡᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠪᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠬᠦᠨᠵᠡᠭᠡᠢ ᠠᠬᠢᠭᠤᠯᠵᠤ᠂ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠨᠣᠷᠮ᠎ᠠ ᠶᠢ 99% | ᠪᠣᠯᠲᠠᠯ᠎ᠠ ᠳᠡᠭᠡᠭᠰᠢᠯᠡᠬᠦᠯᠦᠨ᠂ ︽ᠨᠢᠬᠡ ᠯᠠ ᠤᠳᠠᠭ᠎ᠠ ᠳᠡᠭᠡᠷ᠎ᠡ ᠬᠦᠢᠴᠡᠳᠬᠡᠬᠦ︾ ᠵᠦᠢᠯᠡᠰ ᠢ 100% ᠪᠤᠯᠭᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ | ᠦᠷᠭᠦᠯᠵᠢᠯᠡᠨ ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠦᠷᠬᠦᠯᠵᠢᠯᠡᠨ ᠤᠷᠤᠰᠢᠵᠤ ᠪᠠᠶᠢᠭ᠎ᠠ ᠵᠠᠬ᠎ᠠ ᠳᠡᠯᠭᠡᠭᠦᠷ ᠤᠨ ᠭᠤᠣᠯ ᠴᠣᠭᠴᠠ 10 ᠲᠦᠮᠡᠨ | ᠡᠷᠦᠬᠡ ᠶᠢ ᠳᠠᠪᠠᠭᠰᠠᠨ ᠠᠩᠬᠠᠳᠠᠭᠴᠢ ᠬᠤᠰᠢᠭᠤ ᠰᠢᠶᠠᠨ ᠤ ᠱᠠᠲᠤᠨ ᠤ ᠬᠤᠲᠠ ᠪᠣᠯᠵᠤ᠂ ᠪᠥᠬᠦ ᠤᠯᠤᠰ ᠤᠨ ᠪᠡᠯᠡ ᠣᠷᠣᠭᠤᠯᠤᠯᠲᠠ ᠶᠢᠨ ᠳᠠᠯᠳᠠ ᠬᠦᠴᠦᠨ ᠤ | ᠵᠠᠭᠤᠨ ᠬᠦᠴᠦᠷᠬᠡᠭ ᠲᠤᠭᠤᠷᠢᠭ ᠤᠨ 24 ᠳ᠋ᠤᠭᠡᠷ ᠪᠠᠶᠢᠷᠢᠨ ᠳᠤ ᠵᠢᠭᠰᠠᠭᠠᠭᠳᠠᠪᠠ᠃ | — ᠨᠢᠭᠡᠳᠦᠯᠲᠡᠢ ᠲᠦᠯᠦᠪᠯᠡᠬᠦ ᠶᠢ ᠴᠢᠬᠤᠯᠠᠴᠢᠯᠠᠬᠤ ᠶᠢ ᠪᠠᠷᠢᠮᠲᠠᠯᠠᠵᠤ᠂ ᠬᠤᠳᠠ ᠬᠥᠳᠡᠭᠡ ᠶᠢᠨ ᠤᠷᠴᠢᠨ ᠨᠦᠬᠦᠴᠡᠯ ᠣᠷᠣᠰᠢᠨ ᠰᠠᠭᠤᠬᠤ ᠳᠤ ᠨᠡᠩ | ᠲᠣᠬᠢᠷᠠᠮᠵᠢᠲᠠᠢ ᠪᠤᠯᠪᠠ᠃ ᠬᠤᠲᠠ ᠶᠢᠨ ᠰᠢᠨᠡᠴᠢᠯᠡᠯᠲᠡ ᠶᠢ ᠪᠥᠬᠦ ᠲᠠᠯ᠎ᠠ ᠪᠠᠷ ᠠᠬᠢᠭᠤᠯᠵᠤ᠂ ᠬᠤᠲᠠ ᠲᠣᠭᠤᠷᠢᠭ ᠤᠨ ᠡᠷᠬᠢᠨ ᠲᠣᠭᠤᠷᠢᠨ ᠤ G210 ᠵᠡᠷᠭᠡ 3 | ᠵᠤᠷᠪᠤᠰ ᠵᠠᠮ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠦᠨ᠂ 7 ᠵᠤᠷᠪᠤᠰ ᠬᠤᠲᠠ ᠶᠢᠨ ᠶᠠᠪᠤᠳᠠᠯ ᠤᠨ ᠵᠠᠮ ᠢ ᠥᠭᠡᠷᠡᠴᠢᠯᠡᠨ | ᠰᠠᠶᠢᠵᠢᠷᠠᠭᠤᠯᠵᠤ᠂ ᠨᠡᠶᠢᠲᠡ ᠶᠢᠨ ᠴᠠᠬᠢᠯᠭᠠᠨ ᠴᠡᠨᠡᠭᠯᠡᠬᠦ ᠴᠢᠭ ᠢ ᠰᠢᠨ᠎ᠡ ᠪᠠᠷ 2727 ᠪᠠᠶᠢᠭᠤᠯᠵᠤ᠂ 49 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ | ᠰᠢᠨᠡᠳᠬᠡᠬᠦ ᠶᠢ ᠪᠡᠶᠡᠯᠡᠭᠦᠯᠪᠡ᠃ ᠬᠠᠲᠤᠨ ᠭᠤᠣᠯ ᠤᠨ ᠤᠰᠤ ᠶᠢ ᠲᠠᠲᠠᠵᠤ ᠪᠠᠴᠢᠮ ᠪᠠᠶᠢᠳᠠᠯ ᠢ ᠠᠷᠭᠠᠴᠠᠬᠤ ᠤᠰᠤ ᠬᠠᠩᠭᠠᠬᠤ ᠢᠨᠵᠧᠨᠧᠷᠢᠩ ᠢ ᠬᠡᠷᠡᠭᠵᠢᠭᠦᠯᠵᠦ᠂ | ᠤᠰᠤ ᠬᠠᠩᠭᠠᠬᠤ ᠴᠢᠳᠠᠪᠤᠷᠢ ᠶᠢ 2 ᠲᠦᠮᠡᠨ ᠲᠣᠨ ᠰᠢᠨ᠎ᠡ ᠪᠠᠷ ᠨᠡᠮᠡᠭᠳᠡᠭᠦᠯᠦᠨ᠂ ᠬᠤᠲᠠ ᠲᠣᠭᠤᠷᠢᠭ ᠤᠨ ᠤᠰᠤᠨ ᠤ ᠬᠡᠷᠡᠭᠯᠡᠭᠡ ᠶᠢ ᠬᠠᠩᠭᠠᠬᠤ ᠵᠥᠷᠢᠴᠡᠯ ᠢ | ᠪᠦᠲᠦᠮᠵᠢᠲᠡᠶ ᠨᠠᠮᠳᠠᠭᠤᠯᠪᠠ᠃ ᠨᠡᠶᠢᠭᠡᠮ ᠲᠣᠭᠤᠷᠢᠭ ᠤᠨ ᠴᠡᠴᠡᠷᠯᠢᠭ ᠪᠠ ︽ᠬᠠᠷᠮᠠᠨ︾ ᠴᠡᠴᠡᠷᠯᠢᠭ ᠢ 15 ᠪᠠᠶᠢᠭᠤᠯᠵᠤ᠂ ᠬᠥᠮᠥᠨ ᠳᠤᠮᠳᠠᠴᠢ ᠶᠢᠨ ᠴᠡᠴᠡᠷᠯᠢᠭ ᠤᠨ | ᠨᠣᠭᠤᠭᠠᠨ ᠭᠠᠵᠠᠷ ᠤᠨ ᠲᠠᠯᠠᠪᠠᠶ 18.4 ᠲᠡᠭᠰᠢ ᠳᠥᠷᠪᠡᠯᠵᠢᠨ ᠮᠧᠲᠷ ᠲᠤ ᠬᠦᠷᠴᠦ᠂ ᠬᠤᠲᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠴᠢᠨᠠᠷ ᠢ ᠤᠯᠠᠮ ᠨᠢᠭᠡ | ᠠᠯᠬᠤᠮ ᠳᠡᠭᠡᠭᠰᠢᠯᠡᠭᠦᠯᠦᠨ᠂ ᠪᠥᠬᠦ ᠤᠯᠤᠰ ᠤᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠶᠠᠰᠤ ᠴᠢᠨᠠᠷ ᠤᠨ ᠵᠠᠭᠤᠨ ᠬᠦᠴᠦᠷᠬᠡᠭ ᠲᠤᠭᠤᠷᠢᠭ ᠤᠨ 32 | ᠳ᠋ᠤᠭᠠᠷ ᠲᠤ ᠵᠢᠭᠰᠠᠭᠠᠭᠳᠠᠪᠠ᠃ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠳᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠠᠷᠠᠳ ᠲᠤ | ᠲᠥᠬᠦᠮ ᠦᠵᠡᠭᠦᠯᠬᠦ ᠨᠢᠭᠡ ᠮᠦᠴᠡ ᠶᠢᠨ ᠠᠮᠢᠳᠤᠷᠠᠯ ᠤᠨ ᠲᠤᠭᠤᠷᠢᠭ︾ ᠶᠢᠨ ᠲᠤᠷᠰᠢᠯᠲᠠ ᠶᠢᠨ ᠴᠢᠭ ᠤᠨ ᠨᠡᠶᠢᠭᠡᠮ ᠲᠣᠭᠤᠷᠢᠭ ᠢ 15 ᠪᠠᠶᠢᠭᠤᠯᠵᠤ᠂ | ᠳ᠋ᠦᠩᠱᠧᠩ ᠤᠨ 1980 ᠵᠡᠷᠭᠡ ᠣᠨᠴᠠᠯᠢᠭᠲᠤ ᠵᠡᠭᠡᠯᠢ ᠲᠣᠭᠤᠷᠢᠭ ᠢ 12 ᠪᠠᠶᠢᠭᠤᠯᠵᠤ᠂ ᠪᠦᠳᠦᠬᠡᠨ ᠪᠠᠶᠢᠭᠤᠯᠤᠯᠳᠠ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠢᠦᠢ ᠶᠢᠩ ᠨᠡᠶᠢᠭᠡᠮ ᠲᠣᠭᠤᠷᠢᠭ ᠨᠢ ᠤᠯᠤᠰ ᠤᠨ ᠲᠠᠰ ᠤᠨ ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ | ᠲᠤᠷᠰᠢᠯᠲᠠ ᠶᠢᠨ ᠴᠢᠭ ᠤᠨ ᠨᠡᠷᠡᠰ ᠲᠤ ᠤᠷᠤᠪᠠ᠃ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠤᠬᠠᠢ ᠶᠢᠨ | ᠲᠠᠯᠠᠪᠤᠷ ᠤᠨ ᠬᠤᠷᠠᠯ ᠢ ᠴᠢᠨᠠᠷᠯᠢᠭ ᠳᠠᠭᠠᠭᠠᠴᠢᠯᠠᠨ ᠡᠷᠭᠢᠯᠡᠵᠦ᠂ ︽ᠬᠥᠮᠥᠨ ᠢᠶᠠᠷ ᠦᠨᠳᠦᠰᠦ ᠪᠣᠯᠭᠠᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠭᠰᠠᠨ︾ | ᠣᠨᠴᠠᠯᠢᠭᠲᠤ ᠵᠡᠭᠡᠯᠢ ᠲᠣᠭᠤᠷᠢᠭ ᠤᠨ ᠥᠭᠡᠷᠡᠴᠢᠯᠡᠯᠲᠡ ᠶᠢᠨ ᠵᠠᠭᠪᠤᠷ ᠢ ᠥᠪᠡᠷᠲᠡᠭᠡᠨ ᠵᠠᠰᠠᠬᠤ ᠣᠷᠣᠨ ᠠᠴᠠ ᠳᠡᠭᠡᠳᠦ ᠬᠡᠮᠵᠢᠶ᠎ᠡ ᠪᠠᠷ ᠮᠡᠳᠡᠷᠡᠨ ᠵᠥᠪᠰᠢᠶᠡᠷᠡᠪᠡ᠃ | ᠤᠯᠠᠨ ᠲᠦᠮᠡᠨ ᠤ ᠲᠤᠰᠬᠠᠯ ᠶᠡᠬᠡᠲᠡᠢ ᠪᠠᠶᠢᠭ᠎ᠠ ᠤᠰᠤ᠂ ᠢᠯᠴᠢ ᠪᠠ ᠬᠡᠢ ᠬᠠᠩᠭᠠᠬᠤ᠂ ᠭᠠᠯ ᠤᠨᠲᠠᠷᠠᠭᠠᠬᠤ ᠵᠡᠷᠭᠡ ᠲᠣᠪᠣᠶᠢᠮ᠎ᠠ ᠠᠰᠠᠭᠤᠳᠠᠯ ᠤᠨ ᠲᠣᠭᠤᠷᠢᠨ ᠳᠤ᠂ | 3 ᠵᠢᠯ ᠤᠨ ᠬᠤᠭᠤᠴᠠᠭ᠎ᠠ ᠶᠢ ᠠᠰᠢᠭᠯᠠᠨ 368 ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠤᠨ ᠦᠯᠡᠳᠡᠭᠳᠡᠯ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ | ᠵᠠᠰᠠᠬᠤ ᠶᠢ ᠠᠬᠢᠭᠤᠯᠬᠤ ᠪᠠᠷ ᠲᠥᠯᠥᠪᠯᠡᠵᠦ᠂ ᠣᠳᠣᠬᠠᠨ ᠳᠤ ᠨᠢᠭᠡᠨᠲᠡ 76 ᠰᠠᠭᠤᠭᠠᠯᠢ ᠲᠣᠭᠤᠷᠢᠭ ᠤᠨ ᠪᠠᠷᠢᠯᠭ᠎ᠠ ᠶᠢ ᠪᠠᠷᠢᠵᠤ ᠳᠠᠭᠤᠰᠬᠠᠭᠠᠳ᠂ ᠨᠡᠶᠢᠳᠡ 3.7 | ᠲᠦᠮᠡᠨ ᠡᠷᠤᠭᠡ ᠳᠤ ᠠᠰᠢᠭ ᠬᠦᠷᠲᠡᠭᠡᠪᠡ᠃ ᠰᠢᠨᠵᠢᠯᠡᠭᠡ ᠮᠡᠷᠭᠡᠵᠢᠯ ᠤᠨ ᠴᠢᠳᠠᠪᠤᠷᠢᠳᠤ ᠬᠤᠲᠠ ᠶᠢᠨ ᠬᠠᠮᠢᠶᠠᠷᠤᠯᠲᠠ ᠶᠢ ᠠᠬᠢᠭᠤᠯᠵᠤ᠂ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠤᠨ᠂ ᠬᠤᠸᠠ ᠹᠦ᠋ ᠯᠢᠩ ᠰᠢᠦ᠂ ᠵᠢᠦ ᠦ᠋ ᠮᠧᠩ ᠶᠤᠸᠠᠨ ᠵᠡᠷᠭᠡ 17 | ᠤᠶᠤᠨᠴᠢᠯᠠᠭᠰᠠᠨ ᠰᠠᠭᠤᠭᠠᠯᠢ ᠲᠣᠭᠤᠷᠢᠭ ᠢ ᠪᠠᠶᠢᠭᠤᠯᠵᠤ᠂ 29 ᠤᠶᠤᠨᠴᠢᠯᠠᠭᠰᠠᠨ ᠲᠡᠷᠭᠡᠨ ᠵᠣᠭᠰᠣᠭᠠᠯ ᠢ ᠪᠠᠶᠢᠭᠤᠯᠤᠨ᠂ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠴᠢᠨᠠᠷ ᠴᠢᠨᠰᠠᠭ᠎ᠠ ᠶᠢ ᠪᠦᠲᠦᠮᠵᠢᠲᠡᠶ ᠳᠡᠭᠡᠭᠰᠢᠯᠡᠭᠦᠯᠪᠡ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠲᠣᠰᠬᠤᠨ ᠳᠤ ᠨᠡᠪᠲᠡᠷᠡᠬᠦ 5 ᠵᠤᠷᠪᠤᠰ ᠵᠠᠰᠠᠮᠠᠯ ᠵᠠᠮ ᠢ ᠵᠠᠰᠠᠵᠤ᠂ ᠬᠤᠭ ᠨᠣᠪᠰᠢ᠂ ᠪᠣᠬᠢᠷ ᠤᠰᠤ ᠶᠢ ᠬᠤᠷᠢᠶᠠᠨ | ᠴᠤᠭᠯᠠᠭᠤᠯᠵᠤ ᠰᠢᠢᠳᠪᠦᠷᠢᠯᠡᠬᠦ ᠲᠥᠬᠦᠭᠡᠷᠦᠮᠵᠢ ᠶᠢ ᠨᠡᠶᠢᠳᠡ 31 ᠪᠠᠶᠢᠭᠤᠯᠵᠤ᠂ ᠠᠶᠢᠯ ᠲᠣᠰᠬᠤᠨ ᠢ ᠴᠡᠪᠡᠷᠯᠡᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠂ ᠬᠥᠳᠡᠭᠡ | ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠬᠦᠯᠪᠡ᠃ | ︱ ᠠᠮᠢ ᠠᠬᠤᠢ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠪᠣᠬᠢᠷᠲᠤᠯ ᠦᠭᠡᠢ ᠬᠥᠭᠵᠢᠯᠲᠡ ᠢᠯᠡᠷᠬᠡᠢ ᠦᠷ᠎ᠡ ᠪᠦᠲᠦᠮᠵᠢ ᠣᠯᠪᠠ᠃ ᠬᠠᠳᠤᠨ ᠭᠤᠣᠯ ᠤᠨ | ︽ᠲᠤᠬᠤᠢ︾ ᠶᠢᠨ ᠬᠠᠮᠠᠭᠠᠯᠠᠯᠳᠠ ᠶᠢᠨ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠡᠯᠡᠰᠦᠵᠢᠭᠰᠡᠨ ᠭᠠᠵᠠᠷ | ᠰᠢᠷᠣᠢ ᠶᠢ ᠶᠡᠷᠦᠩᠬᠡᠶᠢᠯᠡᠨ ᠵᠠᠰᠠᠬᠤ᠂ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠤᠨ ᠰᠠᠶᠢᠵᠢᠷᠠᠭᠤᠯᠬᠤ ᠵᠡᠷᠭᠡ ︽ᠶᠢᠰᠦᠨ ᠶᠡᠭᠡ ᠠᠵᠢᠯᠯᠠᠭ᠎ᠠ︾ ᠶᠢ | ᠭᠦᠨᠵᠡᠭᠡᠢ ᠦᠷᠨᠢᠬᠦᠯᠪᠡ᠃ 7.9 ᠲᠦᠮᠡᠨ ᠮᠦ ᠣᠶ ᠰᠢᠭᠤᠢ ᠡᠪᠡᠰᠤ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠣᠶ | ᠰᠢᠭᠤᠢ ᠶᠢᠨ ᠪᠦᠷᠬᠦᠴᠡ ᠶᠢᠨ ᠨᠣᠷᠮ᠎ᠠ ᠪᠠ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ᠲᠣᠰ ᠲᠣᠰ 29.9% ᠪᠠ 51.8% ᠳᠤ | ᠬᠦᠷᠴᠤ᠂ ᠳᠥᠷᠪᠡᠨ ᠨᠡᠭᠦᠷᠡᠰᠦᠨ ᠠᠭᠤᠷᠬᠠᠢ ᠶᠢ ᠲᠥᠪᠯᠡᠷᠡᠭᠦᠯᠦᠨ ᠵᠠᠯᠭᠠᠯᠳᠤᠭᠤᠯᠤᠨ ᠵᠠᠰᠠᠬᠤ ᠵᠢᠱᠢᠶ᠎ᠡ ᠦᠵᠡᠭᠦᠯᠬᠦ ᠢᠨᠵᠧᠨᠧᠷᠢᠩ ᠢ ᠬᠡᠷᠡᠭᠵᠢᠭᠦᠯᠦᠨ᠂ 1728 | ᠾᠧᠺᠲ᠋ᠠᠷ ᠠᠭᠤᠷᠬᠠᠢ ᠶᠢᠨ ᠭᠠᠵᠠᠷ ᠢ ᠰᠡᠷᠭᠦᠭᠡᠨ ᠵᠠᠰᠠᠬᠤ ᠶᠢ ᠪᠡᠶᠡᠯᠡᠭᠦᠯᠵᠦ᠂ ᠪᠣᠬᠢᠷᠲᠤᠯ ᠦᠭᠡᠢ ᠠᠭᠤᠷᠬᠠᠢ ᠶᠢ ᠨᠡᠶᠢᠲᠡ 22 ᠪᠠᠶᠢᠭᠤᠯᠵᠤ ᠳᠠᠭᠤᠰᠬᠠᠪᠠ᠃ ᠬᠤᠲᠠ | ᠲᠣᠭᠤᠷᠢᠭ ᠤᠨ ᠲᠠᠷᠠᠬᠠᠢ ᠪᠠᠷ ᠨᠡᠭᠦᠷᠡᠰᠦ ᠰᠢᠳᠠᠭᠠᠬᠤ ᠶᠢ ᠴᠡᠭᠴᠡᠯᠡᠨ ᠵᠠᠰᠠᠬᠤ ᠠᠵᠢᠯ ᠢ ᠠᠬᠢᠭᠤᠯᠵᠤ᠂ 896 ᠡᠷᠦᠬᠡ ᠶᠢᠨ ᠴᠡᠪᠡᠷ ᠡᠨᠧᠷᠭᠢ ᠶᠢᠨ | ᠥᠭᠡᠷᠡᠴᠢᠯᠡᠯᠲᠡ ᠶᠢ ᠪᠡᠶᠡᠯᠡᠬᠦᠯᠦᠨ᠂ ᠠᠭᠤᠷᠬᠠᠢ ᠶᠢᠨ ᠣᠷᠣᠨ ᠤ ᠲᠣᠭᠤᠰᠣ ᠳᠡᠭᠳᠡᠬᠦ ᠶᠢ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠪᠣᠬᠢᠷᠲᠤᠯ ᠤᠨ ᠡᠬᠢ | ᠢᠷᠡᠯᠳᠡ ᠶᠢ ᠬᠢᠨᠠᠨ ᠬᠠᠮᠢᠶᠠᠷᠴᠤ ᠬᠢᠨᠠᠨ ᠬᠡᠮᠵᠢᠬᠦ ᠶᠢ ᠴᠢᠩᠭᠠᠳᠬᠠᠵᠤ᠂ ᠣᠷᠴᠢᠨ ᠲᠤᠭᠤᠷᠢᠨ ᠤ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠨᠤᠷᠮ᠎ᠠ ᠶᠢ | 85% ᠳᠤ ᠪᠠᠶᠢᠯᠭᠠᠬᠤ ᠶᠢ ᠪᠠᠲᠤᠯᠠᠪᠠ᠃ ᠤᠰᠤᠨ ᠤ ᠣᠷᠴᠢᠨ ᠤ ᠵᠠᠰᠠᠯᠲᠠ ᠶᠢ ᠦᠷᠭᠦᠯᠵᠢᠯᠡᠨ ᠴᠢᠩᠭᠠᠳᠬᠠᠵᠤ᠂ ᠬᠥᠷᠥᠰᠥ ᠰᠢᠷᠣᠢ ᠶᠢᠨ ᠬᠠᠮᠠᠭᠠᠯᠠᠯᠲᠠ ᠶᠢ | ᠶᠡᠷᠦᠩᠬᠡᠶᠢᠯᠡᠨ ᠵᠠᠰᠠᠬᠤ ᠪᠠ ᠵᠠᠪᠰᠠᠷ ᠤᠨ ᠤᠰᠤᠨ ᠤ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠢᠨᠵᠧᠨᠧᠷᠢᠩ ᠢ ᠬᠡᠷᠡᠭᠵᠢᠭᠦᠯᠦᠨ᠂ ᠰᠠᠶᠢᠨᠲ᠋ᠠᠶᠢᠵᠢ | ᠨᠠᠭᠤᠷ ᠤᠨ ᠣᠷᠣᠨ ᠤ ᠤᠰᠤᠨ ᠤ ᠴᠢᠨᠠᠷ ᠢ ᠪᠦᠲᠦᠮᠵᠢᠲᠡᠶ ᠰᠠᠶᠢᠵᠢᠷᠠᠭᠤᠯᠵᠤ᠂ ᠵᠠᠪᠰᠠᠷ ᠤᠨ ᠤᠰᠤ ᠶᠢ ᠶᠡᠷᠦᠩᠬᠡᠶᠢᠯᠡᠨ ᠠᠰᠢᠭᠯᠠᠬᠤ ᠬᠦᠴᠢᠷ ᠠᠰᠠᠭᠤᠳᠠᠯ ᠢ ᠦᠨᠡᠨ | ᠬᠦ ᠰᠢᠢᠳᠪᠤᠷᠢᠯᠡᠪᠡ᠃ ︽ᠬᠠᠶᠠᠭᠳᠠᠮᠠᠯ ᠪᠣᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠬᠠᠲᠠᠭᠤ ᠪᠡᠶᠡᠲᠦ ᠬᠠᠶᠠᠭᠳᠠᠮᠠᠯ | ᠪᠣᠳᠠᠰ ᠤᠨ ᠪᠣᠬᠢᠷᠲᠤᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠦᠷᠨᠢᠬᠦᠯᠦᠨ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠰᠢᠢᠳᠪᠦᠷᠢᠯᠡᠬᠦ 4 ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠨ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠣᠷᠮ᠎ᠠ | 85% ᠳᠤ ᠬᠦᠷᠪᠡ᠃ ᠰᠢᠨ᠎ᠡ ᠡᠨᠧᠷᠭᠢ ᠶᠢᠨ ᠡᠬᠡ ᠬᠠᠭᠤᠷᠠᠢ ᠶᠢᠨ ᠭᠠᠷᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠸᠠᠨ ᠯᠢ ᠡᠬᠡ | ᠬᠠᠭᠤᠷᠠᠢ ᠶᠢᠨ ᠭᠠᠷᠠᠮ ᠤᠨ ᠰᠢᠨ᠎ᠡ ᠡᠨᠧᠷᠭᠢ ᠶᠢᠨ ᠲᠡᠭᠡᠭᠡᠪᠦᠷᠢ ᠶᠢᠨ ᠬᠡᠮᠵᠢᠶ᠎ᠡ ᠶᠢ 259 ᠲᠦᠮᠡᠨ ᠲᠣᠨ ᠪᠡᠶᠡᠯᠡᠬᠦᠯᠦᠨ᠂ ᠵᠢᠯ ᠳᠤ 2.4 ᠲᠦᠮᠡᠨ ᠲᠣᠨ ᠨᠡᠬᠦᠷᠡᠰᠤᠨ | ᠤ ᠬᠡᠷᠡᠭᠯᠡᠯᠳᠠ ᠶᠢ ᠪᠠᠭᠠᠰᠬᠠᠪᠠ᠃ ᠡᠯ᠎ᠡ ᠲᠥᠷᠥᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ 2022 ᠣᠨ ᠠᠴᠠ ᠡᠮᠦᠨ᠎ᠡ ᠬᠠᠷᠢᠭᠤ ᠲᠤᠰᠬᠠᠭᠰᠠᠨ ᠦᠯᠡᠳᠡᠭᠡᠯ | ᠠᠰᠠᠭᠤᠳᠠᠯ ᠢ ᠰᠢᠢᠳᠪᠤᠷᠢᠯᠡᠵᠤ ᠳᠠᠭᠤᠰᠬᠠᠬᠤ ᠶᠢ ᠪᠡᠶᠡᠯᠡᠬᠦᠯᠪᠡ᠃ | ︱ ᠬᠥᠮᠥᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠦᠷᠭᠦᠯᠵᠢᠯᠡᠨ ᠨᠡᠮᠡᠭᠳᠡᠪᠡ᠃ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ ᠶᠠᠪᠤᠳᠠᠯ ᠢ ᠪᠤᠳᠠᠳᠠᠢ ᠬᠢᠵᠤ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠶᠠᠪᠤᠳᠠᠯ ᠢ ᠨᠠᠷᠢᠯᠢᠭ ᠬᠢᠵᠦ᠂ ᠠᠷᠠᠳ ᠤᠨ | ᠰᠠᠨᠠᠭᠠᠨ ᠳᠤ ᠨᠡᠶᠢᠴᠡᠭᠰᠡᠨ ᠶᠠᠪᠤᠳᠠᠯ ᠢ ᠰᠠᠶᠢᠲᠤᠷ ᠬᠢᠵᠦ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠣᠯᠣᠨ ᠠᠮᠤᠷ | ᠲᠦᠪᠰᠢᠨ ᠤ ᠲᠥᠷᠥᠭᠳᠡᠯ ᠢ ᠦᠷᠭᠦᠯᠵᠢᠯᠡᠨ ᠳᠡᠭᠡᠭᠰᠢᠯᠡᠬᠦᠯᠪᠡ᠃ ᠬᠢᠵᠠᠭᠠᠷᠲᠠᠢ ᠡᠳ᠋ ᠤᠨ ᠬᠦᠴᠦᠨ ᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ | ᠬᠡᠷᠡᠭᠯᠡᠵᠦ᠂ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ ᠡᠳ᠋ ᠤᠨ ᠵᠠᠰᠠᠭ ᠤᠨ ᠵᠠᠷᠤᠯᠭ᠎ᠠ ᠳᠠᠬᠢ ᠡᠵᠡᠯᠡᠬᠦ ᠬᠤᠪᠢ ᠶᠢᠨ ᠵᠢᠩ ᠢ 80% ᠠᠴᠠ ᠳᠡᠭᠡᠭᠰᠢ ᠪᠠᠶᠢᠯᠭᠠᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠦᠭᠴᠤ ᠲᠣᠭᠲᠠᠭᠠᠭᠰᠠᠨ 10 ᠵᠦᠢᠯ ᠤᠨ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠪᠠ ᠬᠤᠳᠠ ᠶᠢᠨ ᠱᠠᠲᠤᠨ ᠤ 8 ᠵᠦᠢᠯ ᠤᠨ ︽ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ︾ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠪᠡ᠃ | ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠵᠤ᠂ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠢ ᠰᠢᠨ᠎ᠡ ᠪᠠᠷ 6 | ᠪᠠᠶᠢᠭᠤᠯᠤᠭᠰᠠᠨ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠨᠢᠭᠡᠳᠦᠭᠡᠷ ᠳᠤᠮᠳᠠᠳᠤ ᠰᠤᠷᠭᠠᠭᠤᠯᠢ ᠪᠠ ᠠᠷᠪᠠᠨ ᠬᠤᠶᠠᠳᠤᠭᠠᠷ ᠪᠠᠭ᠎ᠠ ᠰᠤᠷᠭᠠᠭᠤᠯᠢ ᠶᠢᠨ | ᠰᠤᠷᠭᠠᠨ ᠬᠥᠮᠦᠵᠢᠯ ᠤᠨ ᠪᠦᠯᠦᠭᠯᠡᠯ ᠢ ᠰᠢᠨ᠎ᠡ ᠪᠠᠷ ᠪᠠᠶᠢᠭᠤᠯᠵᠤ᠂ ᠣᠷᠣᠨ ᠪᠦᠰᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠪᠦᠯᠬᠦᠮᠴᠢᠯᠡᠭᠰᠡᠨ | ᠰᠤᠷᠭᠠᠭᠤᠯᠢ ᠡᠷᠬᠢᠯᠡᠬᠦ ᠪᠦᠷᠬᠦᠴᠡ ᠶᠢᠨ ᠨᠤᠷᠮ᠎ᠠ ᠶᠢ 48% ᠳᠤ ᠬᠦᠷᠭᠡᠪᠡ᠃ ︽ᠲᠠᠪᠤᠨ ᠡᠩᠨᠡᠭᠡ︾ ᠶᠢᠨ ᠪᠠᠶᠢᠭᠤᠯᠤᠯᠲᠠ ᠶᠢᠨ ᠢᠨᠵᠧᠨᠧᠷᠢᠩ ᠢ ᠴᠢᠨᠠᠷ ᠰᠠᠶᠢᠲᠠᠢ | ᠠᠬᠢᠭᠤᠯᠵᠤ᠂ ᠤᠯᠤᠰ ᠤᠨ ᠲᠠᠰ ᠤᠨ ᠨᠠᠷᠠᠲᠤ ᠰᠤᠷᠭᠠᠭᠤᠯᠢ ᠶᠢᠨ ᠵᠠᠬᠢᠷᠤᠯ ᠤᠨ ᠠᠵᠢᠯᠯᠠᠬᠤ ᠲᠠᠰᠤᠭ ᠢ 2 ᠪᠠᠶᠢᠭᠤᠯᠵᠤ᠂ ᠪᠥᠬᠦ ᠤᠯᠤᠰ ᠲᠤ ᠬᠠᠨᠳᠤᠭᠤᠯᠤᠨ 486 | ᠰᠢᠯᠢᠳᠡᠭ ᠪᠠᠭᠰᠢ ᠶᠢ ᠤᠷᠢᠨ ᠣᠷᠣᠭᠤᠯᠪᠠ᠃ ︽ᠢᠨᠲ᠋ᠧᠷ ᠰᠦᠯᠵᠢᠶ᠎ᠡ + ᠴᠠᠭ ᠲᠤᠬᠠᠢ ᠳᠤᠨᠢ ᠣᠨᠣᠰᠢᠯᠠᠨ ᠡᠮᠨᠡᠬᠦ︾ ᠡᠮᠴᠢᠯᠡᠬᠡᠨ ᠤ ᠲᠤᠭᠳᠠᠯᠴᠠᠭ᠎ᠠ ᠶᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ᠂ ᠲᠤᠭᠤᠷᠢᠭ ᠤᠨ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠬᠢᠭᠡᠳ | ᠦᠨᠳᠦᠰᠦᠨ ᠱᠠᠲᠤᠨ ᠤ 19 ᠡᠮᠴᠢᠯᠡᠭᠡᠨ ᠤ ᠪᠠᠶᠢᠭᠤᠯᠤᠮᠵᠢ ᠶᠢᠨ ᠣᠷᠣᠨ ᠪᠦᠰᠡ ᠶᠢᠨ ᠨᠢᠭᠡ ᠴᠣᠭᠴᠠᠵᠢᠭᠰᠠᠨ ᠠᠵᠢᠯᠯᠠᠭᠠᠨ ᠢ ᠪᠡᠶᠡᠯᠡᠬᠦᠯᠪᠡ᠃ ᠰᠣᠶᠣᠯ ᠪᠡᠶ᠎ᠡ ᠶᠢᠨ | ᠲᠠᠮᠢᠷ ᠤᠨ ᠦᠢᠯᠡᠰ ᠤᠨ ᠴᠡᠴᠡᠭᠯᠡᠨ ᠬᠥᠭᠵᠢᠬᠦ ᠶᠢ ᠪᠥᠬᠦ ᠬᠦᠴᠦᠨ ᠢᠶᠠᠷ ᠠᠬᠢᠭᠤᠯᠵᠤ᠂ ︽ᠳᠤᠯᠠᠭᠠᠨ ᠬᠤᠳᠠ ᠶᠢᠨ ᠬᠤᠷᠭᠤᠳᠠᠯ︾ ᠵᠡᠷᠭᠡ 25 ᠤᠳᠬ᠎ᠠ | ᠤᠷᠠᠯᠢᠭ ᠤᠨ ᠰᠣᠳᠣᠨ ᠪᠦᠲᠦᠭᠡᠯ ᠢ ᠨᠠᠶᠢᠷᠠᠭᠤᠯᠤᠨ ᠵᠣᠬᠢᠶᠠᠵᠤ᠂ ᠣᠯᠠᠨ ᠲᠦᠮᠡᠨ ᠤ ᠣᠨᠴᠠᠯᠢᠭᠲᠤ ᠰᠣᠶᠣᠯ ᠤᠨ ᠠᠵᠢᠯᠯᠠᠭ᠎ᠠ ᠶᠢ 256 ᠲᠠᠯᠠᠪᠤᠷ ᠥᠷᠨᠢᠭᠦᠯᠵᠦ᠂ | ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠰᠢᠨ᠎ᠡ ᠵᠢᠯ ᠤᠨ ᠳᠠᠭᠤᠤ ᠬᠥᠭᠵᠢᠮ ᠤᠨ ᠦᠳᠡᠰᠢᠯᠡᠭᠡ ᠶᠢ ᠵᠣᠬᠢᠶᠠᠨ ᠪᠠᠶᠢᠭᠤᠯᠵᠤ᠂ ᠠᠷᠠᠳ ᠤᠨ | ᠴᠠᠭᠳᠠᠭ᠎ᠠ ᠶᠢᠨ ᠪᠠᠶᠠᠷ ᠤᠨ ᠲᠤᠰᠬᠠᠢ ᠲᠠᠯᠠᠪᠤᠷ ᠤᠨ ᠬᠠᠷᠢᠭᠤ ᠮᠡᠳᠡᠭᠦᠯᠦᠯᠲᠡ ᠶᠢᠨ ᠬᠤᠷᠠᠯ ᠪᠠ ᠶᠢᠰᠦᠳᠦᠭᠡᠷ ᠬᠤᠭᠤᠴᠠᠭᠠᠨ ᠤ ᠠᠵᠢᠯᠲᠠᠨ ᠠᠵᠢᠯᠴᠢᠨ ᠤ | ᠲᠠᠮᠢᠷ ᠤᠨ ᠴᠤᠭᠯᠠᠭᠠᠨ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠪᠥᠵᠢᠭ ᠤᠨ ᠦᠵᠡᠭᠦᠯᠦᠯᠭᠡ ᠶᠢᠨ ᠲᠣᠭᠯᠠᠯᠲᠠ ᠶᠢ ᠠᠮᠵᠢᠯᠲᠠ ᠲᠠᠢ ᠡᠷᠭᠢᠯᠡᠪᠡ᠃ | 217 ᠲᠠᠮᠢᠷᠴᠢᠨ ᠢ ᠰᠣᠩᠭᠤᠨ ᠲᠣᠮᠢᠯᠠᠵᠤ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ | ᠣᠷᠣᠯᠴᠠᠭᠤᠯᠵᠤ᠂ 39 ᠠᠯᠲᠠᠨ ᠮᠧᠳᠠᠯ᠂ 21 ᠮᠥᠩᠭᠦᠨ ᠮᠧᠳᠠᠯ᠂ 20 ᠭᠠᠤᠯᠢᠨ ᠮᠧᠳᠠᠯ ᠠᠪᠴᠤ᠂ ᠱᠠᠩᠨᠠᠯ ᠤᠨ ᠮᠧᠳᠠᠯ ᠤᠨ ᠲᠤᠭ᠎ᠠ ᠪᠥᠬᠦ ᠬᠤᠲᠠ ᠳᠤ | ᠨᠢᠭᠡᠳᠦᠭᠡᠷ ᠲᠤ ᠵᠢᠭᠰᠠᠭᠠᠭᠳᠠᠪᠠ᠃ ᠶᠢᠰᠦᠳᠦᠭᠡᠷ ᠬᠤᠭᠤᠴᠠᠭᠠᠨ ᠤ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠭᠢᠯᠡᠵᠦ᠂ ᠡᠯ᠎ᠡ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ 2000 ᠭᠠᠷᠤᠢ ᠬᠥᠮᠥᠨ ᠤᠷᠤᠯᠳᠤᠭᠠᠨ ᠳᠤ ᠤᠷᠤᠯᠴᠠᠪᠠ᠃ ᠰᠢᠨ᠎ᠡ ᠶᠢ ᠡᠭᠦᠳᠦᠨ ᠠᠳᠠᠯ ᠦᠢᠯᠡᠰ | ᠴᠣᠭᠴᠠᠯᠠᠬᠤ ᠶᠢ ᠨᠡᠪᠴᠢᠭᠦᠯᠬᠦ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ | ᠠᠵᠢᠯᠯᠠᠭ᠎ᠠ ᠶᠢ 17 ᠲᠠᠯᠠᠪᠤᠷ ᠡᠷᠭᠢᠯᠡᠵᠦ᠂ 2.8 ᠲᠦᠮᠡ ᠭᠠᠷᠤᠢ ᠠᠵᠢᠯ ᠤᠨ ᠪᠠᠶᠢᠷᠢ ᠬᠠᠩᠭᠠᠨ᠂ ᠪᠥᠬᠦ ᠵᠢᠯ ᠳᠤ 7162 ᠬᠥᠮᠥᠨ ᠳᠤ ᠰᠢᠨ᠎ᠡ ᠪᠠᠷ ᠠᠵᠢᠯ | ᠣᠯᠭᠤᠪᠠ᠃ ᠤᠷᠢᠳᠴᠢᠯᠠᠨ ᠠᠷᠭ᠎ᠠ ᠤᠬᠠᠭᠠᠨ ᠰᠦᠪᠡᠭᠴᠢᠯᠡᠬᠦ᠂ ᠤᠷᠢᠳᠴᠢᠯᠠᠨ ᠪᠠᠶᠢᠴᠠᠭᠠᠨ ᠵᠠᠰᠠᠬᠤ᠂ ᠤᠷᠢᠳᠴᠢᠯᠠᠨ ᠨᠥᠭᠡᠴᠡᠯᠡᠬᠦ ᠶᠢ ᠪᠠᠷᠢᠮᠲᠠᠯᠠᠵᠤ᠂ ᠤᠯᠠᠨ | ᠵᠢᠯ ᠤᠨ ᠲᠤᠷᠰᠢ ᠤᠯᠠᠨ ᠲᠦᠮᠡᠨ ᠤ ᠲᠤᠰᠬᠠᠯ ᠶᠡᠬᠡᠲᠡᠢ ᠪᠠᠶᠢᠭᠰᠠᠨ ᠳ᠋ᠠ ᠰᠢᠩ ᠺᠤᠮᠫᠠᠨᠢ ᠶᠢᠨ ᠳᠤᠯᠠᠭᠠᠯᠠᠭ᠎ᠠ ᠬᠠᠩᠭᠠᠬᠤ ᠠᠰᠠᠭᠤᠳᠠᠯ ᠢ ᠶᠡᠭᠡ ᠬᠦᠴᠦ ᠣᠷᠣᠭᠤᠯᠤᠨ | ᠰᠢᠢᠳᠪᠦᠷᠢᠯᠡᠪᠡ᠃ ︽ᠨᠠᠰᠤᠳᠠᠶᠢᠴᠤᠳ ᠪᠠ ᠪᠠᠭᠠᠴᠤᠳ︾ ᠤᠨ ᠦᠢᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠪᠥᠬᠦ ᠬᠤᠲᠠ ᠶᠢᠨ | ᠠᠩᠬᠠᠳᠠᠭᠴᠢ ᠠᠯᠪᠠᠨ ᠠᠴᠠ ᠪᠠᠶᠢᠭᠤᠯᠤᠭᠰᠠᠨ ᠨᠡᠶᠢᠭᠡᠮ ᠲᠣᠭᠤᠷᠢᠭ ᠤᠨ ᠰᠢᠭᠢᠳᠬᠡᠯ ᠮᠠᠶ᠋ᠢᠭ ᠤᠨ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠲᠥᠪ ᠢ | ᠪᠠᠶᠢᠭᠤᠯᠵᠤ᠂ ᠣᠯᠠᠨ ᠨᠡᠶᠢᠲᠡ ᠶᠢᠨ ᠲᠠᠯᠠᠪᠤᠷ ᠤᠨ ᠡᠬᠡ ᠨᠢᠯᠬᠠᠰ ᠤᠨ ᠥᠷᠥᠭᠡ ᠶᠢᠨ ᠲᠣᠬᠢᠷᠠᠭᠤᠯᠤᠯᠲᠠ ᠶᠢᠨ ᠨᠣᠷᠮ᠎ᠠ 100% ᠳᠤ ᠬᠦᠷᠴᠤ᠂ | ᠨᠠᠰᠤᠲᠠᠶᠢᠴᠤᠳ ᠲᠤ ᠦᠢᠯᠡᠴᠢᠯᠡᠬᠦ ᠶᠡᠷᠦᠩᠬᠡᠶᠢᠯᠡᠭᠰᠡᠨ ᠲᠥᠪ ᠪᠠ ᠨᠠᠰᠤᠲᠠᠶᠢᠴᠤᠳ ᠲᠤ ᠲᠤᠰᠠᠯᠠᠬᠤ ᠦᠢᠯᠡᠴᠢᠯᠡᠭᠡᠨ ᠤ ᠲᠠᠯᠠᠪᠤᠷ ᠭᠠᠵᠠᠷ ᠢ 12 ᠪᠠᠶᠢᠭᠤᠯᠵᠤ᠂ ︽ | ᠨᠢᠭᠡ ᠮᠦᠴᠡ ᠶᠢᠨ ᠨᠠᠰᠤᠵᠢᠯ ᠤᠨ ᠦᠢᠯᠡᠴᠢᠯᠡᠭᠡᠨ ᠤ ᠠᠮᠢᠳᠤᠷᠠᠯ ᠤᠨ ᠲᠤᠭᠤᠷᠢᠭ︾ ᠢ ᠦᠨᠳᠦᠰᠦᠨ ᠳᠡᠭᠡᠨ ᠪᠦᠷᠢᠯᠳᠦᠭᠦᠯᠵᠦ᠂ ᠥᠪᠡᠷᠲᠡᠭᠡᠨ ᠵᠠᠰᠠᠬᠤ ᠣᠷᠣᠨ ᠪᠠ | ᠤᠯᠤᠰ ᠤᠨ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠵᠢᠱᠢᠶ᠎ᠡ ᠦᠵᠡᠭᠦᠯᠬᠦ ᠲᠣᠭᠤᠷᠢᠭ ᠢᠶᠠᠷ ᠦᠨᠡᠯᠡᠭᠳᠡᠪᠡ᠃ | — ᠰᠡᠷᠭᠡᠶᠢᠯᠡᠬᠦ ᠪᠠᠷ ᠭᠤᠣᠯ ᠪᠤᠯᠭᠠᠬᠤ ᠶᠢ ᠪᠠᠷᠢᠮᠳᠠᠯᠠᠵᠤ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠨ᠎ᠠ᠃ ᠵᠠᠰᠠᠭ ᠤᠨ | ᠣᠷᠳᠣᠨ ᠤ ᠥᠷᠢ ᠥᠭᠴᠡᠭᠡ ᠶᠢ ᠢᠯᠭᠠᠷᠠᠭᠤᠯᠬᠤ ᠠᠵᠢᠯ ᠤᠨ ᠲᠠᠯ᠎ᠠ ᠪᠠᠷ ᠥᠩᠭᠡᠷᠡᠭᠰᠡᠨ ᠵᠢᠯ ᠤᠳ ᠠᠴᠠ ᠬᠠᠮᠤᠭ ᠤᠨ ᠰᠠᠶᠢᠨ ᠦᠷ᠎ᠡ ᠪᠦᠲᠦᠮᠵᠢ ᠣᠯᠪᠠ᠂ ᠮᠥᠨ | ᠴᠦ ᠥᠷᠢ ᠥᠭᠴᠡᠭᠡ ᠶᠢ ᠢᠯᠭᠠᠷᠠᠭᠤᠯᠬᠤ ᠡᠷᠴᠢᠮ ᠢᠶᠠᠷ ᠬᠠᠮᠤᠭ ᠴᠢᠩᠭ᠎ᠠ ᠨᠢᠭᠡ ᠵᠢᠯ ᠪᠣᠯᠣᠨ᠎ᠠ᠃ ᠪᠥᠬᠦ ᠵᠢᠯ ᠳᠤ ᠵᠠᠰᠠᠭ ᠤᠨ ᠣᠷᠳᠣᠨ ᠤ ᠳᠠᠯᠳᠠ ᠥᠷᠢ | ᠥᠭᠴᠡᠭᠡ ᠶᠢ 104.25 ᠳ᠋ᠦᠩᠰᠢᠭᠤᠷ ᠲᠥᠭᠦᠷᠢᠭ ᠢᠯᠭᠠᠷᠠᠭᠤᠯᠵᠤ᠂ ᠥᠷᠢ ᠥᠭᠴᠡᠭᠡ ᠶᠢᠨ ᠶᠡᠷᠦᠩᠬᠡᠢ ᠲᠤᠭ᠎ᠠ 47 ᠳ᠋ᠦᠩᠰᠢᠭᠤᠷ ᠲᠥᠭᠦᠷᠢᠭ ᠪᠠᠭᠠᠰᠴᠤ᠂ | 2021 ᠣᠨ ᠠᠴᠠ ᠨᠠᠰᠢ ᠥᠷᠢ ᠥᠭᠴᠡᠭᠡ ᠶᠢᠨ ᠵᠠᠭᠤᠨ ᠤ ᠬᠠᠷᠢᠴᠠᠯ ᠨᠡᠶᠢᠳᠡ 367 ᠪᠠᠷ ᠪᠠᠭᠤᠷᠠᠵᠤ᠂ ᠥᠷᠢ ᠥᠭᠴᠡᠭᠡ ᠶᠢᠨ ᠲᠦᠭᠰᠢᠭᠦᠷᠢ ᠶᠢᠨ ︽ᠤᠯᠠᠭᠠᠨ | ᠦᠰᠦᠭ ᠤᠨ ᠵᠡᠷᠭᠡ ᠳᠡᠰ ᠢ ᠪᠠᠭᠤᠷᠠᠭᠤᠯᠬᠤ︾ ᠶᠢ ᠯᠠᠪᠳᠠᠭᠤᠨ ᠪᠠᠲᠤᠲᠠᠢ ᠠᠯᠬᠤᠪᠠ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠬᠦ ᠬᠦᠴᠦᠨ ᠢᠶᠠᠷ | ᠰᠡᠷᠭᠡᠶᠢᠯᠡᠨ ᠠᠷᠢᠯᠭᠠᠵᠤ᠂ ᠠᠶᠤᠯ ᠲᠦᠭᠰᠢᠭᠦᠷᠢ ᠶᠡᠬᠡᠲᠡᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠳᠦᠭᠰᠢᠬᠦᠷᠢ ᠶᠢ ᠠᠷᠢᠯᠭᠠᠨ ᠦᠭᠡᠷᠡᠴᠢᠯᠡᠬᠦ ᠠᠵᠢᠯ | ᠱᠠᠲᠤ ᠦᠶ᠎ᠡ ᠶᠢᠨ ᠴᠢᠨᠠᠷᠲᠠᠢ ᠠᠬᠢᠴᠠ ᠲᠠᠢ ᠪᠣᠯᠪᠠ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ | ᠰᠢᠢᠳᠪᠤᠷᠢᠯᠡᠵᠤ᠂ ︽ᠪᠢᠳᠡ ᠠᠵᠤ ᠠᠬᠤᠶᠢᠯᠠᠯ ᠳᠤ ᠵᠠᠬᠢᠶᠠᠯᠠᠭ᠎ᠠ ᠡᠷᠢᠵᠦ ᠥᠭᠬᠦ︾ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠨᠡᠶᠢᠳᠡ 14 ᠳ᠋ᠦᠩᠰᠢᠭᠤᠷ | ᠲᠥᠭᠦᠷᠢᠭ ᠤᠨ ᠵᠠᠬᠢᠶᠠᠯᠠᠭ᠎ᠠ ᠶᠢᠨ ᠬᠠᠭᠤᠳᠠᠰᠤ ᠢ ᠳᠤᠰᠪᠠ᠃ ᠠᠶᠤᠯ ᠦᠭᠡᠢ ᠦᠢᠯᠡᠳᠪᠦᠷᠢᠯᠡᠯ ᠤᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠬᠦᠨᠳᠦ ᠶᠡᠭᠡ | ᠠᠳᠡᠯ ᠤᠨ ᠳᠠᠯᠳᠠ ᠬᠡᠮ ᠢ ᠲᠤᠰᠬᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ 2023 ᠤᠨ ᠤ ᠠᠵᠢᠯᠯᠠᠭ᠎ᠠ᠂ ᠥᠪᠡᠰᠦᠪᠡᠨ ᠪᠠᠷᠢᠭᠰᠠᠨ ᠭᠡᠷ ᠪᠠᠶᠢᠰᠢᠩ ᠪᠠ | ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠲᠤᠰᠬᠠᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠶᠤᠯ | ᠦᠭᠡᠢ ᠦᠢᠯᠡᠳᠪᠦᠷᠢᠯᠡᠯ ᠤᠨ ᠠᠵᠢᠯ ᠤᠨ ᠲᠤᠰᠬᠠᠢ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠬᠠᠮᠤᠭ ᠲᠡᠷᠢᠭᠦᠨ ᠳᠤ ᠠᠬᠢᠭᠤᠯᠵᠤ᠂ ᠪᠥᠬᠦ ᠲᠤᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ | ᠪᠤᠯᠪᠠ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠰᠠᠶᠢᠲᠤᠷ ᠪᠠᠷᠢᠮᠲᠠᠯᠠᠨ ᠬᠥᠭᠵᠢᠭᠦᠯᠵᠦ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ | ᠪᠠᠶᠢᠴᠠᠭᠠᠵᠤ ᠠᠷᠢᠯᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠭᠰᠡᠨ ᠣᠯᠠᠨ ᠲᠦᠮᠡᠨ ᠤ | ᠬᠠᠨᠤᠮᠵᠢᠳᠠᠢ ᠨᠣᠷᠮ᠎ᠠ 99% ᠠᠴᠠ ᠳᠡᠭᠡᠭᠰᠢ ᠳᠤ ᠬᠦᠷᠪᠡ᠃ ᠤᠯᠠᠨ ᠲᠦᠮᠡᠨ ᠤ ᠠᠩᠬᠠᠷᠴᠤ ᠬᠠᠯᠠᠮᠵᠢᠯᠠᠵᠤ ᠪᠠᠶᠢᠭ᠎ᠠ ᠪᠠᠴᠢᠮ ᠬᠦᠴᠢᠷ ᠵᠣᠪᠠᠭᠤᠷᠢ ᠲᠠᠢ | ᠠᠰᠠᠭᠤᠳᠠᠯ ᠳᠤ ᠠᠩᠬᠠᠷᠤᠯ ᠢᠶᠠᠨ ᠲᠦᠪᠯᠡᠷᠡᠬᠦᠯᠦᠨ᠂ ︽ᠵᠠᠭᠠᠯᠳᠤᠯᠭ᠎ᠠ ᠶᠢ ᠬᠦᠯᠢᠶᠡᠨ ᠠᠪᠤᠮᠠᠭᠴᠠ ᠰᠢᠢᠳᠪᠦᠷᠢᠯᠡᠬᠦ︾ ᠠᠵᠢᠯ ᠢ ᠯᠠᠪᠳᠠᠭᠤᠨ ᠪᠠᠲᠤᠲᠠᠢ ᠰᠠᠶᠢᠲᠤᠷ | ᠬᠢᠵᠦ᠂ ᠪᠦᠬᠦ ᠵᠢᠯ ᠳᠤ ᠡᠯ᠎ᠡ ᠲᠦᠷᠦᠯ ᠤᠨ ᠠᠵᠢᠯ ᠤᠨ ᠬᠠᠭᠤᠳᠠᠰᠤ ᠶᠢ ᠨᠡᠶᠢᠳᠡ 5.4 ᠲᠦᠮᠡᠨ ᠬᠤᠪᠢ ᠭᠦᠢᠴᠡᠳᠬᠡᠵᠦ᠂ ᠴᠤᠤᠷᠢᠶᠠᠲᠤᠭᠰᠠᠨ ᠨᠤᠷᠮ᠎ᠠ᠂ | ᠰᠢᠢᠳᠪᠦᠷᠢᠯᠡᠭᠰᠡᠨ ᠨᠤᠷᠮ᠎ᠠ᠂ ᠬᠠᠨᠤᠮᠵᠢᠲᠠᠶ ᠪᠠᠶᠢᠬᠤ ᠨᠤᠷᠮ᠎ᠠ ᠴᠥᠮ 99% ᠠᠴᠠ ᠳᠡᠭᠡᠭᠰᠢ ᠳᠤ ᠬᠦᠷᠴᠡᠢ᠃ ᠭᠡᠷ ᠪᠠᠶᠢᠰᠢᠩ ᠭᠠᠵᠠᠷ ᠬᠥᠷᠥᠩᠭᠡ ᠶᠢᠨ | ᠬᠦᠷᠢᠶᠡᠨ ᠳᠠᠬᠢ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠪᠥᠬᠦ ᠬᠦᠴᠦᠨ ᠢᠶᠠᠷ ᠰᠢᠪᠲᠤᠯᠵᠤ᠂ ᠨᠡᠶᠢᠲᠡ 43 ︽ᠬᠠᠭᠠᠰ ᠳᠤᠲᠠᠭᠤ ᠤᠷᠬᠢᠭᠰᠠᠨ︾ | ᠢᠨᠵᠧᠨᠧᠷᠢᠩ ᠤᠨ ᠲᠥᠷᠥᠯ ᠵᠦᠢᠯ ᠢ ᠰᠡᠷᠭᠦᠭᠡᠨ ᠪᠠᠶᠢᠭᠤᠯᠬᠤ ᠶᠢ ᠠᠬᠢᠭᠤᠯᠤᠨ᠂ ᠨᠡᠶᠢᠲᠡ 5.4 ᠳ᠋ᠦᠩᠰᠢᠭᠤᠷ ᠲᠥᠭᠦᠷᠢᠭ ᠤᠨ ︽ᠤᠷᠤᠨ ᠰᠠᠭᠤᠴᠠ ᠶᠢ | ᠲᠤᠭᠳᠠᠭᠰᠠᠨ ᠴᠠᠭ ᠲᠤᠨᠢ ᠳᠤᠰᠢᠶᠠᠬᠤ ᠶᠢ ᠪᠠᠳᠤᠯᠠᠬᠤ︾ ᠵᠢᠭᠡᠯᠡᠯᠭᠡ ᠶᠢ ᠲᠡᠮᠡᠴᠡᠨ ᠣᠯᠵᠤ᠂ 3880 ᠢᠵᠢ ︽ᠤᠷᠤᠨ ᠰᠠᠭᠤᠴᠠ ᠶᠢ ᠲᠤᠭᠳᠠᠭᠰᠠᠨ ᠴᠠᠭ ᠲᠤᠨᠢ | ᠳᠤᠰᠢᠶᠠᠬᠤ ᠶᠢ ᠪᠠᠳᠤᠯᠠᠬᠤ︾ ᠭᠡᠷ ᠪᠠᠶᠢᠰᠢᠩ ᠢ ᠪᠠᠶᠢᠭᠤᠯᠤᠨ ᠲᠤᠰᠢᠶᠠᠵᠤ᠂ ᠾᠧᠩ ᠳ᠋ᠡ ᠠᠰᠠᠷ ᠵᠡᠷᠭᠡ ᠲᠥᠷᠥᠯ ᠵᠦᠢᠯ ᠤᠨ ᠲᠦᠭᠰᠢᠭᠦᠷᠢ ᠶᠢ ᠪᠦᠲᠦᠮᠵᠢᠲᠡᠶ | ᠰᠡᠷᠭᠡᠶᠢᠯᠡᠪᠡ᠃ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠬᠡᠷᠡᠭ ᠤᠨ ᠡᠳ᠋ ᠬᠥᠷᠥᠩᠭᠡ ᠶᠢ ᠰᠢᠢᠳᠪᠦᠷᠢᠯᠡᠬᠦ ᠠᠵᠢᠯ ᠢ ᠭᠦᠨᠵᠡᠭᠡᠢ ᠠᠬᠢᠭᠤᠯᠵᠤ᠂ ᠬᠡᠷᠡᠭ | ᠵᠠᠷᠭᠤ ᠶᠢ ᠰᠢᠬᠦᠨ ᠳᠠᠭᠤᠰᠬᠠᠬᠤ ᠨᠤᠷᠮ᠎ᠠ 91% ᠳᠤ ᠬᠦᠷᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ | ᠵᠢᠱᠢᠶ᠎ᠡ ᠦᠵᠡᠭᠦᠯᠬᠦ ᠲᠤᠭᠤᠷᠢᠭ ᠢ ᠢᠳᠡᠪᠬᠢᠲᠡᠢ ᠪᠠᠷ ᠡᠭᠦᠳᠦᠨ ᠪᠠᠶᠢᠭᠤᠯᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ | ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ | ᠰᠤᠷᠭᠠᠯᠲᠠ ᠶᠢ ᠡᠷᠡᠰ ᠭᠤᠶᠢᠪᠢᠰᠢ ᠦᠭᠡᠢ ᠪᠠᠷ ᠠᠬᠢᠭᠤᠯᠪᠠ᠃ ᠠᠮᠤᠷ ᠠᠮᠤᠭᠤᠯᠠᠩ ᠳ᠋ᠦᠩᠱᠧᠩ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ | ᠠᠬᠢᠭᠤᠯᠵᠤ᠂ ᠪᠣᠰᠤᠭ᠎ᠠ ᠴᠣᠭᠴᠠᠲᠤ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠤᠭᠳᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ | ᠴᠠᠭᠳᠠᠭ᠎ᠠ᠂ ᠴᠠᠭᠳᠠᠭᠠᠨ ᠲᠡᠷᠭᠡ᠂ ᠴᠠᠭᠳᠠᠭᠠᠨ ᠳ᠋ᠧᠩ ᠦᠵᠡᠭᠳᠡᠬᠦ︾ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠪᠦᠬᠦ ᠬᠤᠲᠠ ᠳᠤ 24 ᠴᠠᠭ ᠤᠨ ᠵᠡᠭᠡᠯᠢ ᠶᠢᠨ | ᠴᠠᠭᠳᠠᠭᠠᠨ ᠤ ᠶᠠᠪᠤᠳᠠᠯ ᠤᠨ ᠦᠷᠲᠡᠭᠡ ᠶᠢ ᠬᠠᠮᠤᠭ ᠤᠨ ᠲᠦᠷᠦᠭᠦᠨ ᠳᠤ 7 ᠪᠠᠶᠢᠭᠤᠯᠪᠠ᠃ ᠬᠠᠤᠯᠢ ᠶᠢ ᠵᠥᠷᠢᠴᠡᠭᠰᠡᠨ ᠡᠯ᠎ᠡ ᠵᠦᠢᠯ ᠤᠨ ᠶᠠᠯᠠᠲᠤ ᠠᠵᠢᠯᠯᠠᠭ᠎ᠠ ᠳᠤ | ᠬᠦᠴᠦᠲᠡᠢ ᠴᠣᠬᠢᠯᠲᠠ ᠥᠭᠴᠦ᠂ ᠡᠷᠡᠭᠦᠦ ᠶᠢᠨ ᠬᠡᠷᠡᠭ ᠪᠠ ᠠᠮᠤᠷ ᠢ ᠬᠠᠮᠠᠭᠠᠯᠠᠬᠤ ᠴᠠᠭᠳᠠᠭᠠᠨ ᠤ ᠪᠠᠶᠢᠳᠠᠯ ᠲᠤᠰ ᠲᠤᠰ 53.9% ᠪᠠ 15.6% ᠪᠠᠷ ᠪᠠᠭᠤᠷᠠᠪᠠ | ᠃ ᠵᠠᠮ ᠬᠠᠷᠢᠯᠴᠠᠭᠠᠨ ᠤ ᠲᠦᠭᠵᠢᠷᠡᠯ ᠪᠠ ᠵᠠᠮ ᠬᠠᠷᠢᠯᠴᠠᠭᠠᠨ ᠤ ᠲᠤᠭᠳᠠᠭᠠᠯ ᠢ ᠵᠦᠷᠢᠴᠡᠭᠰᠡᠨ ᠠᠵᠢᠯᠯᠠᠭ᠎ᠠ ᠶᠢ ᠵᠠᠰᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ | ᠤᠯᠠᠨ ᠲᠦᠮᠡᠨ ᠤ ᠵᠠᠮ ᠬᠠᠷᠢᠯᠴᠠᠭᠠᠨ ᠤ ᠣᠷᠴᠢᠨ ᠨᠥᠬᠦᠴᠡᠯ ᠢ ᠪᠦᠬᠦ ᠬᠦᠴᠦᠨ ᠢᠶᠠᠷ ᠰᠠᠶᠢᠵᠢᠷᠠᠭᠤᠯᠪᠠ᠃ | — ᠪᠣᠳᠠᠲᠠᠢ ᠠᠵᠢᠯᠯᠠᠬᠤ ᠪᠠᠷ ᠰᠠᠭᠤᠷᠢ ᠪᠣᠯᠭᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠪᠠᠶᠢᠭᠤᠯᠤᠯᠲᠠ ᠪᠦᠬᠦ ᠲᠠᠯ᠎ᠠ ᠪᠠᠷ ᠴᠢᠩᠭᠠᠳᠬᠠᠭᠳᠠᠪᠠ᠃ | ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠢᠰᠦᠳᠦᠭᠡᠷ ᠲᠣᠭᠤᠷᠢᠨ | ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ | ᠶᠡᠷᠦᠩᠬᠡᠶᠢᠯᠡᠨ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ 94.6% ᠳᠤ ᠬᠥᠷᠪᠡ᠃ ︽ᠲᠠᠪᠤ ᠶᠢ ᠲᠤᠶᠢᠯᠪᠤᠷᠢᠳᠠᠢ ᠪᠠᠶᠢᠴᠠᠭᠠᠬᠤ︾ ᠠᠵᠢᠯᠯᠠᠭ᠎ᠠ ᠶᠢ ᠯᠠᠪᠳᠠᠭᠤᠨ | ᠠᠬᠢᠭᠤᠯᠵᠤ᠂ 1012 ᠾᠧᠺᠲ᠋ᠠᠷ ᠵᠦᠪᠰᠢᠶᠡᠷᠡᠭᠰᠡᠨ ᠪᠤᠯᠪᠠᠴᠤ ᠬᠠᠩᠭᠠᠭᠠᠳᠤᠢ ᠪᠠ ᠰᠤᠯᠠ ᠳᠠᠯᠪᠢᠵᠤ ᠪᠠᠶᠢᠭ᠎ᠠ ᠭᠠᠵᠠᠷ ᠰᠢᠷᠣᠢ ᠶᠢ ᠰᠢᠢᠳᠪᠦᠷᠢᠯᠡᠵᠦ᠂ 4 ︽ᠬᠠᠭᠠᠰ | ᠳᠤᠲᠠᠭᠤ ᠤᠷᠬᠢᠭᠰᠠᠨ︾ ᠪᠠᠷᠢᠯᠭ᠎ᠠ ᠶᠢᠨ ᠳ᠋ᠤᠭᠠᠷ ᠢ ᠬᠠᠰᠤᠵᠤ᠂ ᠲᠤᠨᠤᠮᠠᠯ ᠪᠡᠯᠡ ᠮᠥᠩᠭᠦ ᠶᠢ ᠲᠤᠶᠢᠯᠪᠤᠷᠢᠳᠠᠢ ᠪᠠᠶᠢᠴᠠᠭᠠᠬᠤ ᠵᠢᠴᠢ ︽ᠡᠷᠭᠢᠵᠦ ᠬᠠᠷᠠᠬᠤ︾ | ᠠᠵᠢᠯᠯᠠᠭᠠᠨ ᠢᠶᠠᠷ ᠳᠠᠮᠵᠢᠨ 1.59 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠤᠴᠠᠭᠠᠨ ᠠᠪᠤᠪᠠ᠃ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ | ᠭᠦᠨᠵᠡᠭᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠤᠭᠤᠷᠢᠭ ᠢ | ᠠᠮᠵᠢᠯᠲᠠ ᠲᠠᠢ ᠡᠬᠦᠳᠦᠨ ᠪᠠᠶᠢᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠳᠠᠯᠪᠢᠯᠳᠠ᠂ ᠤᠯᠤᠰ | ᠲᠦᠷᠦ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠳᠠᠯᠪᠢᠬᠤ ᠪᠠ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠳᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ | ᠰᠢᠢᠳᠪᠤᠷᠢᠯᠡᠨ ᠬᠠᠷᠢᠭᠤᠯᠳᠠ ᠦᠭᠬᠦᠭᠰᠡᠨ ᠨᠤᠷᠮ᠎ᠠ 100% ᠳᠤ ᠬᠦᠷᠪᠡ᠃ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠠᠰᠠᠭᠤᠳᠠᠯ ᠢ | ᠶᠡᠭᠡ ᠪᠠᠷ ᠴᠡᠭᠴᠡᠯᠡᠨ ᠵᠠᠰᠠᠵᠤ᠂ ︽ᠲᠦᠷᠪᠡᠨ ᠰᠤᠷᠲᠠᠯ︾ ᠢ ᠳᠠᠰᠤᠷᠠᠯᠳᠠ ᠦᠭᠡᠢ ᠴᠡᠭᠴᠡᠯᠡᠨ ᠵᠠᠯᠠᠷᠠᠭᠤᠯᠵᠤ᠂ ᠤᠯᠤᠰ ᠲᠦᠷᠦ ᠶᠢᠨ ᠰᠤᠷᠲᠠᠯ ᠢ ᠰᠢᠯᠢᠳᠡᠭᠵᠢᠭᠦᠯᠦᠨ᠂ | ᠠᠵᠢᠯ ᠤᠨ ᠰᠤᠷᠳᠠᠯ ᠢ ᠰᠠᠶᠢᠵᠢᠷᠠᠭᠤᠯᠪᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠭᠤᠣᠯ ᠵᠠᠭᠤᠴᠢᠯᠠᠭᠤᠷ ᠤᠨ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠤᠭᠤᠳᠬᠤ ᠦᠢᠯᠡᠳᠦᠯ ᠢ ᠪᠠᠳᠠᠷᠠᠭᠤᠯᠤᠨ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠢ | ᠪᠦᠷᠢᠯᠳᠤᠬᠦᠯᠵᠤ᠂ ︽ᠳ᠋ᠦᠩᠱᠧᠩ ᠤᠨ ᠨᠡᠶᠢᠳᠡᠯᠡᠯ︾ ᠸᠢᠴᠠᠲ ᠲᠠᠪᠴᠠᠩ ︽︿ᠲᠠᠯ᠎ᠠ ᠨᠤᠲᠤᠭ ᠤᠨ ᠡᠭᠦᠯᠡᠨ﹀ ᠬᠤᠰᠢᠭᠤ ᠰᠢᠶᠠᠨ ︵ᠬᠤᠲᠠ᠂ ᠲᠣᠭᠤᠷᠢᠭ︶ ᠤ | ᠬᠠᠮ ᠵᠠᠭᠤᠴᠢᠯᠠᠭᠤᠷ ᠤᠨ ᠸᠢᠴᠠᠲ ᠤᠨ ᠨᠥᠯᠥᠭᠡᠯᠡᠬᠦ ᠬᠦᠴᠦᠨ ᠤ ᠨᠡᠷᠡᠰ ᠤᠨ ᠵᠢᠭᠰᠠᠭᠠᠯᠲᠠ ᠶᠢᠨ ᠨᠢᠭᠡᠳᠦᠭᠡᠷ ᠲᠤ ᠵᠢᠭᠰᠠᠭᠠᠭᠳᠠᠵᠤ᠂ ᠪᠥᠬᠦ ᠤᠯᠤᠰ ᠤᠨ ᠰᠢᠶᠠᠨ ᠤ | ᠱᠠᠲᠤᠨ ᠤ ᠵᠠᠭᠤᠴᠢᠯᠠᠭᠤᠷ ᠤᠨ ᠨᠡᠷᠡᠰ ᠤᠨ ᠵᠢᠭᠰᠠᠭᠠᠯᠲᠠ ᠶᠢᠨ ᠠᠷᠪᠠᠨ ᠲᠠᠪᠤᠳᠤᠭᠠᠷ ᠲᠤ ᠵᠢᠭᠰᠠᠭᠠᠭᠳᠠᠪᠠ᠃ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ | ᠨᠠᠷᠢᠨ ᠳᠦᠷᠢᠮ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ | ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ ᠠᠷᠢᠭᠤᠨ ᠴᠢᠬᠡᠴᠢ ᠰᠣᠶᠣᠯ ᠤᠨ ᠭᠤᠣᠯ ᠰᠡᠳᠦᠪᠲᠦ ᠴᠡᠴᠡᠷᠯᠢᠭ᠂ ᠠᠷᠢᠭᠤᠨ ᠴᠢᠬᠡᠴᠢ ᠪᠠᠷ ᠵᠠᠰᠠᠭ ᠪᠠᠷᠢᠬᠤ | ᠬᠥᠮᠦᠵᠢᠯ ᠤᠨ ᠦᠵᠡᠰᠬᠦᠯᠡᠩ ᠤᠨ ᠣᠷᠳᠣᠨ ᠵᠡᠷᠭᠡ ᠰᠣᠶᠣᠯ ᠤᠨ ᠰᠠᠭᠤᠷᠢᠨ ᠭᠠᠵᠠᠷ ᠢ ᠪᠠᠶᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ | ᠠᠬᠤᠢ ᠶᠢᠨ ᠤᠷᠴᠢᠨ ᠢ ᠦᠷᠭᠦᠯᠵᠢᠯᠡᠨ ᠪᠠᠬᠢᠵᠢᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠠᠵᠢᠯ ᠤᠨ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠪᠡ᠃ | ᠡᠭᠦᠨ ᠤ ᠵᠡᠷᠭᠡᠴᠡᠭᠡ ᠪᠠᠷ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠴᠡᠷᠢᠭ ᠠᠴᠠ | ᠬᠠᠯᠠᠭᠳᠠᠭᠰᠠᠳ ᠤᠨ ᠪᠠᠳᠤᠯᠠᠭ᠎ᠠ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠭᠠᠵᠠᠷ ᠬᠥᠳᠡᠯᠦᠯᠲᠡ ᠴᠠᠭ ᠠᠭᠤᠷ᠂ ᠨᠡᠶᠢᠭᠡᠮ ᠤᠨ ᠰᠢᠨᠵᠢᠯᠡᠬᠦ ᠤᠬᠠᠭᠠᠨ᠂ ᠲᠠᠩᠰᠠ | ᠡᠪᠬᠡᠮᠡᠯ ᠲᠡᠦᠬᠡ ᠤᠶᠢᠯᠠᠯᠭ᠎ᠠ᠂ ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠶᠠᠪᠤᠳᠠᠯ ᠵᠡᠷᠭᠡ ᠠᠵᠢᠯ ᠰᠢᠨ᠎ᠡ ᠠᠮᠵᠢᠯᠲᠠ ᠣᠯᠵᠤ᠂ ᠠᠵᠢᠯᠴᠢᠨ ᠤ ᠡᠪᠯᠡᠯ᠂ ᠡᠪ ᠬᠠᠮᠲᠤ | ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠵᠡᠮᠳᠡᠭᠴᠦᠳ ᠪᠠ ᠬᠤᠶᠢᠴᠢ ᠦᠶ᠎ᠡ ᠶᠢᠨ ᠬᠢᠨ ᠢ | ᠬᠠᠯᠠᠮᠵᠢᠯᠠᠬᠤ ᠵᠡᠷᠭᠡ ᠠᠵᠢᠯ ᠰᠢᠨ᠎ᠡ ᠲᠠᠪᠰᠢᠯᠳᠠ ᠲᠠᠢ ᠪᠣᠯᠪᠠ᠃ | ᠲᠥᠯᠥᠭᠡᠯᠡᠭᠴᠢᠳ ᠠ᠋᠂ ᠬᠠᠮᠲᠤ ᠪᠠᠷ ᠶᠠᠪᠤᠵᠤ ᠥᠩᠭᠡᠷᠡᠭᠰᠡᠨ 2023 ᠣᠨ ᠢᠶᠠᠨ ᠡᠷᠭᠢᠴᠡᠭᠦᠯᠬᠦᠶ᠎ᠡ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠭᠠᠳᠠᠭᠠᠳᠤ | ᠣᠷᠴᠢᠨ ᠲᠣᠭᠤᠷᠢᠨ ᠪᠠ ᠬᠠᠲᠠᠭᠤ ᠪᠡᠷᠬᠡ ᠨᠦᠰᠡᠷ ᠬᠦᠨᠳᠦ ᠥᠭᠡᠷᠡᠴᠢᠯᠡᠯᠲᠡ ᠬᠥᠭᠵᠢᠭᠦᠯᠦᠯᠲᠡ ᠶᠢᠨ ᠡᠭᠦᠷᠭᠡ ᠶᠢᠨ ᠡᠮᠦᠨ᠎ᠡ᠂ ᠪᠢᠳᠡ ᠰᠠᠯᠬᠢ ᠪᠣᠷᠣᠭᠠᠨ ᠢ | ᠲᠤᠭᠤᠯᠵᠤ᠂ ᠡᠷᠡᠮᠡᠬᠡᠶᠢᠯᠡᠨ ᠤᠷᠤᠭᠰᠢᠯᠠᠵᠤ᠂ ᠤᠳᠤ ᠴᠠᠭ ᠲᠤ ᠦᠢᠯᠡᠴᠢᠯᠡᠬᠦ᠂ ᠠᠯᠤᠰ ᠢᠷᠡᠭᠡᠳᠦᠢ ᠳᠤ ᠠᠰᠢᠭᠲᠠᠢ ᠮᠠᠰᠢ ᠤᠯᠠᠨ ᠶᠡᠭᠡ ᠶᠠᠪᠤᠳᠠᠯ ᠢ ᠪᠦᠲᠦᠭᠡᠵᠦ᠂ | ᠠᠮᠢᠵᠢᠷᠠᠯ ᠤᠨ ᠬᠦᠴᠦᠨ ᠢ ᠬᠠᠷᠰᠢᠯᠠᠬᠤ᠂ ᠬᠥᠭᠵᠢᠯᠲᠡ ᠶᠢ ᠬᠢᠵᠠᠭᠠᠷᠯᠠᠬᠤ ᠮᠠᠰᠢ ᠤᠯᠠᠨ ᠬᠦᠴᠢᠷ ᠶᠠᠪᠤᠳᠠᠯ ᠢ ᠰᠢᠢᠳᠪᠦᠷᠢᠯᠡᠵᠦ᠂ ᠠᠷᠠᠳ ᠤᠨ ᠠᠮᠢᠳᠤᠷᠠᠯ ᠳᠤ | ᠬᠤᠯᠪᠣᠭᠳᠠᠭᠰᠠᠨ᠂ ᠠᠷᠠᠳ ᠤᠨ ᠰᠡᠳᠬᠢᠯ ᠢ ᠬᠤᠯᠪᠣᠭᠰᠠᠨ ᠮᠠᠰᠢ ᠤᠯᠠᠨ ᠪᠣᠳᠠᠲᠤ ᠶᠠᠪᠤᠳᠠᠯ ᠢ ᠪᠦᠲᠦᠭᠡᠵᠦ᠂ ᠡᠯ᠎ᠡ ᠵᠦᠢᠯ ᠤᠨ ᠠᠵᠢᠯ ᠢᠶᠠᠨ ᠲᠡᠭᠦᠰ ᠠᠮᠵᠢᠯᠲᠠ ᠲᠠᠢ | ᠪᠡᠶᠡᠯᠡᠬᠦᠯᠵᠤ᠂ ᠵᠢᠱᠢᠯᠲᠡ ᠠᠴᠠ ᠳᠠᠪᠠᠭᠰᠠᠨ᠂ ᠠᠳᠠᠯᠢ ᠬᠤᠭᠤᠴᠠᠭᠠᠨ ᠤ ᠬᠢ ᠠᠴᠠ ᠰᠢᠯᠢᠳᠡᠭ ᠰᠠᠶᠢᠨ ᠬᠢᠷᠢ ᠲᠡᠩᠴᠡᠭᠰᠡᠨ ᠬᠠᠷᠢᠭᠤᠯᠲᠠ ᠶᠢᠨ ᠬᠠᠭᠤᠳᠠᠰᠤ ᠶᠢ | ᠲᠤᠰᠢᠶᠠᠪᠠ᠃ ᠡᠳᠡᠭᠡᠷ ᠠᠮᠵᠢᠯᠳᠠ ᠶᠢ ᠤᠯᠤᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠶᠢᠨ ᠦᠷ᠎ᠡ ᠳ᠋ᠦᠩ ᠮᠥᠨ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠡᠷᠡᠰ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠲᠤᠭᠤᠷᠢᠭ ᠤᠨ ᠨᠠᠮ ᠤᠨ ᠬᠤᠷᠢᠶ᠎ᠠ ᠪᠦᠬᠦ ᠲᠤᠭᠤᠷᠢᠭ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ ᠰᠢᠷᠭᠠᠭᠤ ᠬᠠᠲᠠᠭᠤᠵᠢᠯᠲᠠᠢ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ᠂ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ | ᠳ᠋ᠦᠩᠱᠧᠩ ᠤᠨ ᠥᠭᠡᠷᠡᠴᠢᠯᠡᠯᠲᠡ ᠬᠥᠭᠵᠢᠯᠲᠡ ᠶᠢ ᠬᠠᠯᠠᠮᠵᠢᠯᠠᠭᠰᠠᠨ᠂ ᠳᠡᠮᠵᠢᠭᠰᠡᠨ᠂ ᠣᠷᠣᠯᠴᠠᠭᠰᠠᠨ ᠪᠦᠬᠦ ᠲᠤᠭᠤᠷᠢᠭ ᠤᠨ ᠠᠷᠠᠳ ᠲᠦᠮᠡᠨ ᠪᠣᠯᠣᠨ ᠡᠯ᠎ᠡ | ᠡᠲᠡᠭᠡᠳ ᠤᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠳ᠋ᠦᠩᠨᠡᠬᠦ ᠶᠢᠨ ᠵᠡᠷᠭᠡᠴᠡᠭᠡ ᠪᠠᠷ ᠪᠢᠳᠡ ᠪᠠᠰᠠ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠪᠠᠨ ᠰᠡᠷᠭᠡᠭ ᠢᠶᠠᠷ ᠲᠠᠨᠢᠵᠤ | ᠣᠯᠣᠭᠰᠠᠨ ᠪᠠᠶᠢᠨ᠎ᠠ᠃ ᠡᠭᠦᠨ ᠳᠤ ᠭᠤᠣᠯᠳᠠᠭᠤ ᠳᠣᠣᠷᠠᠬᠢ ᠬᠡᠳᠦᠨ ᠲᠠᠯ᠎ᠠ ᠪᠠᠷ ᠢᠯᠡᠷᠡᠵᠦ ᠪᠠᠶᠢᠨ᠎ᠠ᠄ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ | ᠡᠭᠦᠷᠭᠡ ᠬᠦᠨᠳᠦ ᠵᠠᠮ ᠬᠤᠯᠠ᠂ ᠰᠢᠨ᠎ᠡ ᠡᠨᠧᠷᠭᠢ ᠶᠢᠨ ᠠᠵᠤ ᠦᠢᠯᠡᠰ ᠤᠨ ᠠᠮᠢ ᠠᠬᠤᠢ ᠪᠠᠰᠠ ᠡᠨᠧᠷᠭᠢ ᠬᠠᠳᠠᠭᠠᠯᠠᠬᠤ ᠡᠬᠢᠯᠡᠯᠲᠡ ᠶᠢᠨ ᠱᠠᠲᠤᠨ ᠳᠤ ᠣᠷᠣᠰᠢᠵᠤ᠂ | ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠲᠡᠷᠢᠭᠦᠨ ᠤ ᠬᠢ ᠲᠠᠢ ᠠᠳᠠᠯᠢᠳᠬᠠᠬᠤ ᠳᠤ ᠪᠠᠰᠠ ᠵᠥᠷᠢᠶ᠎ᠡ ᠲᠠᠢ ᠪᠠᠶᠢᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠪᠡᠯᠡ ᠤᠷᠤᠭᠤᠯᠤᠯᠳᠠ ᠶᠢᠨ ᠠᠮᠢᠵᠢᠷᠠᠯ ᠤᠨ ᠬᠦᠴᠦᠨ ᠳᠤᠳᠠᠮᠠᠭ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠤᠯᠭᠠᠭᠤᠷᠢᠯᠠᠬᠤ | ᠴᠢᠳᠠᠪᠤᠷᠢ ᠥᠨᠳᠥᠷ ᠪᠢᠰᠢ᠂ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠴᠥᠭᠡᠨ ᠪᠤᠰᠤ ᠳᠤᠲᠠᠭᠤᠳᠠᠯ ᠣᠷᠣᠰᠢᠵᠤ᠂ ᠨᠢᠭᠡᠳᠦᠯᠲᠡᠢ ᠲᠦᠯᠦᠪᠯᠡᠨ | ᠬᠥᠭᠵᠢᠭᠦᠯᠬᠦ ᠪᠠ ᠠᠮᠤᠷ ᠲᠦᠪᠰᠢᠨ ᠤ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠ ᠲᠠᠢ᠂ ᠵᠠᠷᠢᠮ ᠬᠦᠷᠢᠶ᠎ᠡ ᠴᠠᠷᠠᠨ ᠳᠤ ᠪᠠᠰᠠ ᠴᠥᠭᠡᠨ ᠪᠤᠰᠤ ᠠᠶᠤᠯ | ᠲᠦᠭᠰᠢᠭᠦᠷᠢ ᠶᠢᠨ ᠭᠡᠮ ᠰᠣᠭᠤᠭ ᠣᠷᠣᠰᠢᠵᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠠᠰᠠ ᠦᠷᠭᠦᠯᠵᠢᠯᠡᠨ ᠴᠢᠩᠭᠠᠳᠬᠠᠬᠤ ᠴᠢᠬᠤᠯᠠ ᠲᠠᠢ᠂ | ᠵᠠᠷᠢᠮ ᠺᠠᠳ᠋ᠷ ᠠᠵᠢᠯᠳᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠭᠠᠷᠭᠠᠬᠤ ᠲᠠᠯ᠎ᠠ ᠪᠠᠷ ᠪᠠ ᠴᠢᠳᠠᠪᠤᠷᠢ ᠬᠡᠪ ᠴᠢᠨᠠᠷ ᠤᠨ ᠲᠠᠯ᠎ᠠ ᠪᠠᠷ ᠪᠠᠰᠠ ᠰᠢᠨ᠎ᠡ ᠴᠠᠭ ᠦᠶ᠎ᠡ ᠶᠢᠨ | ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠬᠤ ᠦᠭᠡᠢ ᠪᠠᠶᠢᠬᠤ ᠵᠡᠷᠭᠡ ᠪᠣᠯᠣᠨ᠎ᠠ᠃ ᠳᠡᠭᠡᠷᠡᠬᠢ ᠠᠰᠠᠭᠤᠳᠠᠯ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ ᠦᠨᠡᠨ ᠬᠦ ᠬᠦᠴᠦᠲᠡᠢ ᠠᠷᠭ᠎ᠠ ᠬᠡᠮᠵᠢᠶ᠎ᠡ ᠠᠪᠴᠤ ᠨᠠᠷᠢᠨ ᠬᠢᠨᠠᠮᠠᠭᠠᠢ ᠰᠢᠢᠳᠪᠦᠷᠢᠯᠡᠬᠦ ᠪᠤᠯᠤᠨ᠎ᠠ᠃ | ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ | 2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠮᠥᠨ᠂ ᠪᠠᠰᠠ ᠴᠤ ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃ ᠰᠢᠨ᠎ᠡ ᠠᠶᠠᠨ ᠳᠠᠭᠠᠨ ᠮᠣᠷᠳᠠᠬᠤ ᠳᠤ ᠪᠢᠳᠡ ᠢᠲᠡᠭᠡᠯ ᠳᠦᠭᠦᠷᠡᠩ︔ | ᠰᠢᠨ᠎ᠡ ᠥᠷᠢᠰᠦᠯᠳᠦᠭᠡᠨ ᠢ ᠤᠭᠲᠤᠬᠤᠶ᠎ᠠ᠂ ᠪᠢᠳᠡᠨ ᠴᠤᠭ ᠰᠦᠯᠳᠡ ᠪᠠᠳᠠᠷᠠᠩᠭᠤᠢ︔ ᠰᠢᠨ᠎ᠡ ᠢᠷᠡᠭᠡᠳᠦᠢ ᠪᠠᠨ ᠪᠠᠷᠠᠯᠠᠬᠤᠶ᠎ᠠ᠂ ᠪᠢᠳᠡᠨ ᠤ ᠣᠮᠤᠭ ᠵᠣᠷᠢᠭ ᠳᠡᠬᠦᠯᠳᠡᠷ᠃ | ᠪᠢᠳᠠ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠵᠤ᠂ ᠤᠷᠢᠳᠠᠪᠠᠷ ᠲᠤᠭᠳᠠᠭᠠᠵᠤ | ᠳᠠᠷᠠᠭ᠎ᠠ ᠨᠢ ᠰᠢᠪᠳᠤᠯᠤᠨ᠂ ᠬᠤᠷᠳᠤᠴᠠ ᠪᠣᠯᠣᠨ ᠶᠠᠰᠤ ᠴᠢᠨᠠᠷ᠂ ᠬᠥᠭᠵᠢᠯᠲᠡ ᠪᠣᠯᠣᠨ ᠠᠮᠤᠷ ᠲᠦᠪᠰᠢᠨ᠂ ᠬᠤᠷᠸ᠎ᠠ ᠲᠤᠭ᠎ᠠ ᠪᠠᠷᠢᠮᠲᠠ ᠪᠣᠯᠣᠨ ᠬᠤᠮᠠᠬᠢ ᠲᠥᠷᠥᠭᠳᠡᠯ | ᠂ ᠠᠵᠤ ᠠᠬᠤᠢ ᠶᠢ ᠬᠥᠭᠵᠢᠭᠦᠯᠬᠦ ᠪᠣᠯᠣᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠬᠠᠷᠢᠴᠠᠭ᠎ᠠ ᠶᠢ ᠰᠢᠨᠵᠢᠯᠡᠬᠦ ᠤᠬᠠᠭᠠᠨᠴᠢ ᠪᠠᠷ ᠵᠦᠪ ᠤᠨᠤᠪᠴᠢᠳᠠᠢ ᠡᠵᠡᠮᠳᠡᠵᠦ᠂ | ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠲᠠᠰᠤᠷᠠᠯᠲᠠ ᠦᠭᠡᠢ ᠪᠠᠬᠢᠵᠢᠭᠦᠯᠦᠨ ᠴᠢᠩᠭᠠᠳᠬᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠪᠡᠶᠡᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ | ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ | ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ᠂ ᠲᠤᠭᠤᠷᠢᠭ ᠤᠨ ᠨᠠᠮ ᠤᠨ | ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠵᠢᠴᠢ ᠪᠦᠬᠦ ᠲᠤᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠠᠭᠤᠰᠤᠯᠴᠠᠬᠤ ᠪᠠ ᠦᠢᠯᠡᠴᠢᠯᠡᠬᠦ ᠪᠠᠨ ᠲᠦᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠᠷ ᠭᠤᠣᠯ ᠱᠤᠭᠤᠮ ᠪᠣᠯᠭᠠᠵᠤ᠂ ᠬᠦᠴᠦᠨ ᠢᠶᠠᠨ ᠲᠥᠪᠯᠡᠷᠡᠭᠦᠯᠦᠨ ᠬᠤᠶᠠᠷ ᠶᠡᠭᠡ ᠶᠠᠪᠤᠳᠠᠯ ᠢ | ᠰᠠᠶᠢᠲᠤᠷ ᠬᠢᠵᠦ᠂ ᠬᠤᠲᠠ ᠶᠢᠨ ᠨᠠᠮ ᠤᠨ ᠬᠤᠷᠢᠶ᠎ᠠ ᠶᠢᠨ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠵᠤ᠂ ︽ᠠᠵᠤ ᠦᠢᠯᠡᠳᠪᠦᠷᠢ | ᠶᠢᠨ ᠬᠦᠴᠦᠷᠬᠡᠭ ᠲᠤᠭᠤᠷᠢᠭ︾ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠤ᠂ ︽ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠥᠪᠯᠡᠷᠡᠭᠰᠡᠨ | ᠲᠤᠭᠤᠷᠢᠭ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠵᠤ᠂ ︽ᠴᠢᠨᠠᠷ ᠰᠠᠶᠢᠲᠠᠢ ᠦᠢᠯᠡᠴᠢᠯᠡᠭᠡᠨ ᠤ ᠣᠷᠴᠢᠨ ᠲᠣᠭᠤᠷᠢᠨ ᠤ ᠵᠢᠱᠢᠶ᠎ᠡ ᠦᠵᠡᠭᠦᠯᠬᠦ ᠲᠤᠭᠤᠷᠢᠭ︾ ᠢ | ᠪᠥᠬᠦ ᠲᠠᠯ᠎ᠠ ᠪᠠᠷ ᠴᠣᠭᠴᠠᠯᠠᠨ ᠪᠠᠶᠢᠭᠤᠯᠵᠤ᠂ ︽ᠠᠮᠢ ᠠᠬᠤᠢ ᠶᠢᠨ ᠬᠤᠲᠠ᠂ ᠴᠢᠨᠠᠷ ᠲᠡᠰᠳᠤ ᠬᠤᠲᠠ᠂ ᠠᠮᠤᠷ ᠠᠮᠤᠭᠤᠯᠠᠩ ᠬᠤᠲᠠ᠂ ᠵᠣᠯ ᠵᠢᠷᠭᠠᠯᠲᠤ ᠬᠤᠲᠠ︾ | ᠶᠢ ᠬᠦᠴᠦᠯᠡᠨ ᠪᠦᠲᠦᠭᠡᠨ ᠪᠠᠶᠢᠭᠤᠯᠵᠤ᠂ ᠴᠤᠴᠠᠯᠲᠠ ᠦᠭᠡᠢ ᠤᠷᠤᠭᠰᠢᠯᠠᠨ ᠰᠢᠨ᠎ᠡ ᠵᠠᠮ ᠨᠡᠭᠡᠭᠡᠵᠦ᠂ ᠡᠮᠦᠨ᠎ᠡ ᠡᠩᠨᠡᠭᠡᠨ ᠳᠤ ᠤᠷᠤᠵᠤ᠂ ᠥᠯᠢᠭᠡᠷ ᠳᠠᠭᠤᠷᠢᠶᠠᠯ | ᠪᠤᠯᠬᠤ ᠪᠠᠷ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳ᠋ᠦᠩᠱᠧᠩ ᠤᠨ ᠰᠢᠨ᠎ᠡ ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠨ᠎ᠡ᠃ | | ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ | ᠥᠷᠲᠡᠭ ᠢ 6.5% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 6% ᠣᠷᠴᠢᠮ ᠨᠡᠮᠡᠭᠳᠡᠭᠦᠯᠵᠦ᠂ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 20% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 10% | ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠶᠡᠷᠦᠩᠬᠡᠶ ᠲᠤᠭ᠎ᠠ ᠶᠢ 7% ᠣᠷᠴᠢᠮ ᠨᠡᠮᠡᠭᠳᠡᠭᠦᠯᠵᠦ᠂ ᠰᠠᠭᠤᠭᠠᠯᠢ | ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠯᠦᠭᠡ ᠦᠨᠳᠦᠰᠦᠨ ᠳᠡᠭᠡᠨ ᠠᠳᠠᠯᠢ ᠪᠣᠯᠭᠠᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ᠂ ᠡᠨᠡ ᠵᠢᠯ ᠪᠢᠳᠡ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ︽ᠲᠤᠯᠭᠠᠭᠤᠷᠢᠯᠠᠬᠤ ᠬᠦᠴᠦᠨ︾ ᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠠᠵᠤ | ᠠᠬᠤᠶ ᠶᠢᠨ ᠬᠥᠭᠵᠢᠯᠲᠡ ᠶᠢᠨ ︽ᠰᠢᠨ᠎ᠡ ᠬᠥᠳᠡᠯᠭᠡᠭᠦᠷ︾ ᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ᠃ | ᠲᠥᠯᠥᠭᠡᠯᠡᠭᠴᠢᠳ ᠡ᠂ ᠪᠢᠳᠡ ᠲᠥᠷᠥᠯ ᠵᠦᠢᠯ ᠢ ᠠᠳᠬᠤᠬᠤ᠂ ᠪᠠᠯᠠ ᠣᠷᠣᠭᠤᠯᠤᠯᠲᠠ ᠶᠢ ᠠᠬᠢᠭᠤᠯᠬᠤ ᠶᠢ ᠲᠣᠪᠤᠶᠢᠮ᠎ᠠ ᠪᠠᠶᠢᠷᠢᠨ ᠳᠤ ᠲᠠᠯᠪᠢᠬᠤ ᠶᠢ | ᠪᠠᠷᠢᠮᠲᠠᠯᠠᠵᠤ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠯᠤᠭ᠎ᠠ ᠶᠢᠨ ᠲᠥᠷᠥᠯ ᠵᠦᠢᠯ ᠢ ᠣᠷᠣᠭᠤᠯᠤᠨ ᠠᠪᠴᠢᠷᠠᠬᠤ᠂ ᠨᠠᠶᠢᠳᠠᠪᠤᠷᠢᠵᠢᠭᠤᠯᠤᠨ ᠪᠥᠲᠥᠭᠡᠨ | ᠪᠠᠶᠢᠭᠤᠯᠬᠤ᠂ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠤᠯᠬᠤ ᠶᠢ ᠵᠠᠪᠰᠠᠷ ᠥᠬᠡᠶ ᠵᠣᠯᠭᠠᠭᠤᠯᠬᠤ ᠲᠣᠭᠲᠠᠴᠠ ᠶᠢ ᠪᠦᠷᠢᠯᠳᠦᠭᠦᠯᠵᠦ᠂ ᠲᠥᠷᠥᠯ ᠵᠦᠢᠯ ᠤᠨ | ᠨᠡᠮᠡᠭᠳᠡᠯ ᠢᠶᠠᠷ ᠬᠥᠭᠵᠢᠯᠲᠡ ᠶᠢᠨ ᠡᠨᠧᠷᠭᠢ ᠶᠢ ᠲᠠᠰᠤᠷᠠᠯᠲᠠ ᠥᠬᠡᠶ ᠬᠤᠷᠠᠮᠳᠤᠭᠤᠯᠤᠨ᠎ᠠ᠃ | ᠪᠦᠲᠦᠮᠵᠢᠲᠡᠶ ᠪᠡᠯᠡ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠨ᠎ᠡ᠃ ᠴᠢᠬᠤᠯᠠ ᠶᠡᠭᠡ ᠲᠥᠷᠥᠯ ᠵᠦᠢᠯ ᠤᠨ ᠪᠦᠲᠦᠮᠵᠢᠲᠡᠶ ᠪᠡᠯᠡ ᠣᠷᠣᠭᠤᠯᠤᠯᠲᠠ ᠶᠢ | ᠥᠷᠭᠡᠳᠬᠡᠬᠦ ᠳᠤᠮᠳᠠᠬᠢ ᠰᠠᠭᠤᠷᠢ ᠴᠢᠯᠠᠭᠤ᠂ ᠲᠣᠭᠲᠠᠪᠤᠷᠢᠵᠢᠭᠤᠯᠤᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ | ᠲᠤᠨᠤᠭᠯᠠᠯ ᠦᠢᠯᠡᠳᠬᠦ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠳᠠᠪᠠᠭᠤᠯᠢᠭ ᠠᠵᠤ | ᠦᠢᠯᠡᠰ ᠤᠨ ᠲᠣᠭᠤᠷᠢᠨ ᠳᠤ᠂ ᠪᠡᠯᠡ ᠣᠷᠣᠭᠤᠯᠤᠯᠲᠠ ᠶᠢᠨ ᠳᠠᠯᠳᠠ ᠬᠦᠴᠦᠨ ᠢ ᠤᠯᠠᠮ ᠨᠢᠭᠡ ᠠᠯᠬᠤᠮ ᠠᠭᠤᠳᠠᠯᠵᠤ᠂ ᠲᠦᠷᠦᠯ ᠵᠦᠢᠯ ᠤᠨ ᠶᠡᠷᠦᠩᠬᠡᠢ ᠬᠡᠮᠵᠢᠶ᠎ᠡ ᠶᠢ | ᠲᠣᠭᠲᠠᠭᠤᠨ ᠢᠶᠠᠷ ᠨᠡᠮᠡᠭᠳᠡᠬᠦᠯᠬᠦ᠂ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠤᠨ᠎ᠠ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ | ᠬᠤᠷᠳᠤᠴᠠ ᠶᠢ ᠲᠦᠷᠭᠡᠳᠬᠡᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠲᠥᠷᠥᠯ ᠵᠦᠢᠯ ᠢ ᠲᠥᠯᠥᠪᠵᠢᠭᠦᠯᠬᠦ᠂ ᠨᠥᠭᠡᠴᠡᠯᠡᠬᠦ᠂ ᠠᠵᠢᠯ ᠡᠬᠢᠯᠡᠭᠦᠯᠬᠦ᠂ | ᠠᠰᠢᠭᠯᠠᠯᠲᠠ ᠳᠤ ᠣᠷᠣᠭᠤᠯᠬᠤ ︽ᠳᠥᠷᠪᠡᠨ ᠨᠠᠷᠢᠨ ᠲᠠᠩᠰᠠ︾ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠡᠬᠢᠯᠡᠭᠦᠯᠬᠦ᠂ ᠠᠬᠢᠴᠠ ᠶᠢ ᠲᠦᠷᠬᠡᠳᠬᠡᠬᠦ᠂ | ᠠᠰᠢᠭᠯᠠᠯᠲᠠ ᠳᠤ ᠣᠷᠣᠭᠤᠯᠬᠤ ᠶᠢ ᠪᠥᠬᠦ ᠬᠦᠴᠦᠨ ᠢᠶᠠᠷ ᠢᠶᠠᠨ ᠠᠳᠬᠤᠵᠤ᠂ 50% ᠠᠴᠠ ᠳᠡᠭᠡᠭᠰᠢᠬᠢ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ︽ᠬᠠᠪᠤᠷ | ᠡᠬᠢᠯᠡᠮᠡᠭᠴᠡ ᠠᠵᠢᠯ ᠡᠬᠢᠯᠡᠭᠦᠯᠬᠦ︾ ᠪᠠᠷ ᠴᠢᠷᠮᠠᠶᠢᠵᠤ᠂ ᠪᠣᠶ ᠪᠥᠬᠦᠶ ᠲᠥᠷᠥᠯ ᠵᠦᠢᠯ ᠢ ᠳᠡᠭᠡᠷ᠎ᠡ ᠬᠠᠭᠠᠰ ᠵᠢᠯ ᠳᠤ ᠪᠦᠬᠦᠨ ᠢ ᠠᠵᠢᠯ ᠡᠬᠢᠯᠡᠭᠦᠯᠵᠦ᠂ ᠪᠥᠬᠦ ᠵᠢᠯ ᠳᠤ | 300 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠯᠠ ᠣᠷᠣᠭᠤᠯᠤᠯᠲᠠ ᠶᠢ ᠪᠡᠶᠡᠯᠡᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ | ᠱᠠᠲᠤᠨ ᠤ ᠭᠤᠤᠯᠳᠠᠯᠭ᠎ᠠ ᠲᠠᠢ ᠲᠥᠯᠥᠪᠵᠢᠭᠦᠯᠭᠡ ᠶᠢ ᠴᠢᠩᠭ᠎ᠠ ᠠᠩᠬᠠᠷᠴᠤ᠂ ᠤᠯᠤᠰ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠨᠡᠭᠡᠭᠡᠨ ᠬᠥᠭᠵᠢᠭᠦᠯᠬᠦ ᠴᠢᠨᠠᠷᠲᠠᠶ | ᠮᠥᠩᠭᠦᠨ ᠭᠦᠢᠯᠭᠡᠭᠡᠨ ᠤ ᠪᠠᠭᠠᠵᠢ ︵ᠰᠠᠭᠤᠷᠢ ᠮᠥᠩᠭᠦ︶᠂ ᠲᠤᠰᠬᠠᠶ ᠵᠢᠭᠡᠯᠡᠯᠭᠡ ᠶᠢᠨ ᠲᠡᠮᠳᠡᠭᠲᠦ ᠵᠡᠷᠭᠡ ᠪᠠᠯᠠ ᠣᠷᠣᠭᠤᠯᠤᠯᠲᠠ ᠶᠢ ᠦᠷᠬᠡᠳᠬᠡᠬᠦ ᠲᠥᠷᠥ ᠶᠢᠨ | ᠪᠣᠳᠣᠯᠭ᠎ᠠ ᠶᠢ ᠬᠦᠢᠴᠡᠳ ᠠᠰᠢᠭᠯᠠᠨ᠂ ᠨᠠᠩ ᠣᠯᠠᠨ ᠲᠥᠷᠥᠯ ᠵᠦᠢᠯ ᠢ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤᠨ ᠤ ᠲᠡᠮᠵᠢᠯᠬᠡ ᠶᠢᠨ | ᠬᠡᠪᠴᠢᠶᠡᠨ ᠳᠤ ᠣᠷᠣᠭᠤᠯᠬᠤ ᠶᠢ ᠠᠬᠢᠭᠤᠯᠤᠨ᠎ᠠ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠬᠦᠴᠦ ᠪᠠᠨ ᠬᠠᠮᠲᠤᠳᠬᠠᠨ ᠠᠬᠢᠭᠤᠯᠤᠨ᠎ᠠ᠃ ︽ᠲᠥᠷᠥᠯ ᠵᠦᠢᠯ ᠢᠶᠠᠷ ᠭᠤᠤᠯ ᠪᠤᠯᠭᠠᠵᠤ᠂ | ᠬᠤᠳᠠᠯᠳᠤᠭᠠᠴᠢᠨ ᠤᠷᠢᠬᠤ ᠶᠢ ᠲᠡᠷᠢᠬᠦᠨ ᠳᠤ ᠲᠠᠯᠪᠢᠬᠤ︾ ᠤᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ | ᠲᠤᠭᠤᠷᠢᠭ ᠤᠨ ᠨᠠᠷᠠᠲᠤ ᠲᠡᠮᠳᠡᠭᠲᠦ ᠶᠢᠨ ᠦᠢᠯᠡᠳᠦᠯ ᠪᠠ ᠴᠤᠭᠯᠠᠷᠠᠯ ᠤᠨ ᠳᠠᠪᠠᠭᠤᠯᠢᠭ ᠢ ᠭᠦᠢᠴᠡᠳ ᠰᠠᠶᠢᠲᠤᠷ ᠬᠡᠷᠡᠭᠯᠡᠵᠤ᠂ ᠵᠢᠩ ᠤᠣ᠂ ᠴᠢ ᠷᠦᠢ ᠵᠡᠷᠭᠡ | ᠲᠤᠯᠤᠭᠠᠶᠢᠯᠠᠭᠴᠢ ᠲᠥᠷᠥᠯ ᠵᠦᠢᠯ ᠤᠨ ᠳᠠᠶᠢᠴᠢᠯᠠᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠵᠢᠶᠦ᠋ᠨ ᠼᠠᠨ ᠮᠠᠰᠢᠨ ᠲᠡᠷᠭᠡᠨ ᠤ ᠰᠡᠯᠪᠢᠭ ᠲᠣᠨᠤᠭ᠂ ᠷᠦᠢ ᠴᠢᠩ | ᠤᠰᠤᠲᠥ᠋ᠷᠥᠭᠴᠢ ᠲᠦᠯᠡᠰᠢᠨ ᠳ᠋ᠢᠶᠠᠨ ᡂᠢ ᠶᠢᠨ ᠴᠤᠭᠴᠠᠯᠠᠪᠤᠷᠢ ᠵᠡᠷᠭᠡ ᠨᠢᠭᠡ ᠪᠦᠯᠦᠭ ᠢᠵᠢ ᠪᠥᠷᠢᠳᠦᠭᠰᠡᠨ ᠲᠥᠷᠥᠯ ᠵᠦᠢᠯ ᠢ ᠣᠷᠣᠭᠤᠯᠤᠨ ᠠᠪᠴᠢᠷᠠᠨ᠎ᠠ᠃ | ᠪᠡᠭᠡᠵᠢᠩ ᠲᠢᠶᠠᠨᠵᠢᠨ ᠾᠧᠪᠸᠢ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ᠂ ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ | ᠭᠤᠣᠯᠳᠠᠯᠭ᠎ᠠ ᠲᠠᠢ ᠭᠠᠵᠠᠷ ᠣᠷᠣᠨ ᠢ ᠴᠢᠩᠭ᠎ᠠ ᠠᠩᠬᠠᠷᠴᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠪᠠ ᠠᠵᠤ ᠤᠶᠢᠯᠡᠰ ᠤᠨ ᠬᠡᠯᠬᠢᠶ᠎ᠡ ᠪᠠᠷ | ᠬᠤᠳᠠᠯᠳᠤᠭᠠᠴᠢᠨ ᠤᠷᠢᠬᠤ ᠶᠢ ᠪᠠᠶᠢᠩᠭᠤᠵᠢᠭᠤᠯᠤᠨ ᠦᠷᠨᠢᠬᠦᠯᠵᠤ᠂ ᠪᠦᠬᠦ ᠵᠢᠯ ᠳᠤ ᠭᠥᠸᠧ ᠹᠦ᠋ ᠤᠰᠤᠲᠥ᠋ᠷᠥᠭᠴᠢ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶ᠎ᠡ | ᠂ ᠲᠦᠩ ᠢᠦᠢ ᠴᠠᠬᠢᠯᠭᠠᠨ ᠱᠠᠲᠤ ᠦᠢᠯᠡᠳᠬᠦ᠂ ᠺᠠᠩ ᠲᠠᠢ ᠤᠶᠤᠨᠲᠤ ᠪᠠᠭᠤᠳᠠᠯ ᠵᠡᠷᠭᠡ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 130 ᠶᠢ | ᠣᠷᠣᠭᠤᠯᠤᠨ ᠠᠪᠴᠢᠷᠠᠵᠤ᠂ ᠤᠯᠤᠰ ᠤᠨ ᠳᠣᠲᠣᠭᠠᠳᠤ ︵ᠤᠷᠤᠨ ᠤ ᠭᠠᠳᠠᠨᠠᠬᠢ︶ ᠶᠢᠨ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ 70 ᠳ᠋ᠦᠩᠰᠢᠭᠤᠷ | ᠲᠥᠭᠦᠷᠢᠭ ᠠᠴᠠ ᠳᠡᠭᠡᠭᠰᠢ ᠳᠤ ᠬᠦᠷᠬᠡᠬᠦ ᠪᠠᠷ ᠴᠢᠷᠮᠠᠶᠢᠨ᠎ᠠ᠃ ᠭᠤᠤᠯᠳᠠᠯᠭ᠎ᠠ ᠲᠠᠢ ᠲᠥᠪ ᠤᠨ ᠠᠵᠤ ᠠᠬᠤᠶᠢᠯᠠᠯ᠂ ᠪᠣᠳᠠᠲᠤ ᠬᠦᠴᠦᠨ ᠲᠠᠢ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭᠠᠨ ᠤ ᠬᠦᠷᠢᠶ᠎ᠡ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠠᠷᠠᠳ ᠤᠨ ᠬᠥᠷᠥᠩᠭᠡ ᠳᠤ | ᠬᠠᠨᠳᠤᠭᠤᠯᠤᠨ ᠭᠤᠣᠯᠳᠠᠯᠭ᠎ᠠ ᠲᠠᠢ ᠲᠥᠷᠥᠯ ᠵᠦᠢᠯ ᠤᠨ ᠨᠠᠷᠢᠨ ᠲᠠᠩᠰᠠ ᠶᠢ ᠨᠡᠶᠢᠲᠡᠯᠡᠵᠦ᠂ ᠠᠷᠠᠳ ᠤᠨ ᠬᠥᠷᠥᠩᠭᠡ ᠶᠢ ᠲᠠᠳᠠᠵᠤ ᠴᠢᠬᠤᠯᠠ ᠶᠡᠭᠡ ᠢᠨᠵᠧᠨᠧᠷᠢᠩ ᠪᠠ | ᠳᠤᠲᠠᠭᠤᠳᠠᠯ ᠢ ᠨᠥᠬᠦᠪᠥᠷᠢᠯᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ᠃ | ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠯᠤᠭ᠎ᠠ ᠨᠢᠭᠡ ᠴᠤᠭᠴᠠᠵᠢᠨ | ᠠᠭᠤᠰᠤᠯᠴᠠᠨ ᠬᠥᠭᠵᠢᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠬᠦᠴᠦᠨ ᠵᠤᠶᠢᠯ ᠤᠨ ᠪᠠᠲᠤᠯᠠᠭ᠎ᠠ᠂ ᠭᠠᠷᠳᠠᠮ ᠢ | ᠭᠦᠢᠴᠡᠳᠬᠡᠬᠦ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠪᠠ ᠨᠡᠶᠢᠭᠡᠮ ᠤᠨ ᠵᠠᠰᠠᠯᠲᠠ ᠶᠢᠨ ᠲᠠᠯ᠎ᠠ ᠪᠠᠷ ᠦᠨᠡᠨ ᠬᠦ ᠨᠢᠭᠲᠠ | ᠬᠠᠮᠵᠢᠯᠴᠠᠨ᠂ ᠬᠠᠮᠳᠤ ᠳᠤᠨᠢ ᠠᠬᠢᠭᠤᠯᠵᠤ᠂ ᠬᠠᠮᠳᠤᠷᠠᠯ ᠬᠦᠴᠦᠨ ᠢ ᠪᠦᠷᠢᠯᠳᠦᠬᠦᠯᠦᠨ᠂ ᠲᠥᠯᠥᠪᠵᠢᠭᠦᠯᠭᠡ ᠶᠢ ᠠᠭᠤᠰᠤᠯᠴᠠᠭᠤᠯᠤᠨ ᠬᠤᠯᠪᠣᠭᠠᠯᠠᠨ ᠬᠥᠳᠡᠯᠦᠯᠴᠡᠬᠦ᠂ | ᠴᠢᠳᠠᠮᠵᠢ ᠶᠢ ᠠᠭᠤᠰᠤᠯᠴᠠᠭᠤᠯᠤᠨ ᠶᠠᠰᠤ ᠴᠢᠨᠠᠷ ᠢ ᠳᠡᠭᠡᠭᠰᠢᠯᠡᠭᠦᠯᠬᠦ᠂ ᠠᠵᠤ ᠦᠢᠯᠡᠰ ᠢ ᠠᠭᠤᠰᠤᠯᠴᠠᠭᠤᠯᠤᠨ ᠬᠠᠮᠲᠤᠪᠠᠷ ᠬᠦᠭᠵᠢᠬᠦᠯᠬᠦ ᠶᠢ ᠪᠡᠶᠡᠯᠡᠭᠦᠯᠦᠨ᠎ᠡ᠃ | ᠬᠤᠲᠠ ᠶᠢᠨ ᠱᠠᠲᠤᠨ ᠠᠴᠠ ᠳᠡᠭᠡᠳᠦ ᠰᠢᠨ᠎ᠡ ᠮᠡᠷᠭᠡᠵᠢᠯ ᠤᠨ ᠲᠤᠭᠤᠷᠢᠭ ᠲᠤ ᠡᠷᠬᠡ ᠤᠯᠭᠤᠬᠤ ᠰᠢᠯᠵᠢᠯᠲᠡ ᠶᠢᠨ ᠬᠤᠭᠤᠴᠠᠭᠠᠨ ᠳᠤ᠂ ᠪᠦᠬᠦ ᠲᠠᠯ᠎ᠠ ᠳᠤ | ᠠᠩᠬᠠᠷᠤᠯ ᠢᠶᠠᠨ ᠲᠦᠪᠯᠡᠷᠡᠬᠦᠯᠦᠨ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠡᠷᠬᠡ ᠣᠯᠭᠤᠬᠤ ᠠᠵᠢᠯ ᠢ ᠤᠷᠤᠭᠰᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ | ︽ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ + ᠠᠵᠢᠯᠯᠠᠬᠤ ᠲᠤᠰᠬᠠᠶ ᠠᠩᠭᠢ︾ ᠶᠢᠨ ᠲᠣᠭᠲᠠᠴᠠ ᠶᠢ ᠪᠥᠬᠦ ᠲᠠᠯ᠎ᠠ ᠪᠠᠷ ᠲᠡᠭᠦᠯᠳᠡᠷᠵᠢᠭᠦᠯᠵᠦ᠂ ᠴᠢᠬᠤᠯᠠ | ᠶᠡᠭᠡ ᠲᠥᠷᠥᠯ ᠵᠦᠢᠯ ᠢ ᠬᠢᠨᠠᠨ ᠵᠥᠪᠰᠢᠶᠡᠷᠡᠵᠦ ᠳᠠᠭᠠᠭᠤᠯᠤᠨ ᠬᠦᠢᠴᠡᠳᠬᠡᠬᠦ᠂ ᠬᠠᠪᠰᠤᠷᠤᠨ ᠬᠦᠢᠴᠡᠳᠬᠡᠬᠦ᠂ ᠣᠷᠣᠯᠠᠨ ᠬᠦᠢᠴᠡᠳᠬᠡᠬᠦ ᠲᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠭᠠᠵᠠᠷ᠂ ᠤᠰᠤ᠂ ᠴᠠᠬᠢᠯᠭᠠᠨ᠂ ᠬᠡᠶ ᠬᠡᠷᠡᠭᠯᠡᠬᠦ ᠵᠡᠷᠭᠡ ᠬᠦᠴᠦᠨ ᠵᠤᠶᠢᠯ ᠤᠨ ᠪᠠᠲᠤᠯᠠᠭ᠎ᠠ ᠶᠢ ᠴᠢᠩᠭ᠎ᠠ ᠠᠩᠬᠠᠷᠴᠤ᠂ | ᠲᠥᠷᠥᠯ ᠵᠤᠶᠢᠯ ᠳᠤ ᠬᠠᠮᠤᠭ ᠤᠨ ᠪᠦᠷᠢᠨ ᠬᠠᠮᠤᠭ ᠤᠨ ᠰᠢᠯᠢᠳᠡᠭ ᠤᠶᠢᠯᠡᠴᠢᠯᠡᠭᠡ ᠶᠢ ᠦᠷᠭᠦᠯᠵᠢᠯᠡᠨ ᠬᠠᠩᠭᠠᠨ᠎ᠠ᠃ ︽ᠭᠤᠤᠯᠳᠠᠯᠭ᠎ᠠ ᠲᠠᠢ ᠲᠥᠷᠥᠯ ᠵᠦᠢᠯ ᠤᠨ | ᠬᠠᠮᠲᠤᠷᠠᠨ ᠬᠥᠳᠡᠯᠦᠯᠴᠡᠬᠦ ᠡᠭᠦᠯᠡᠨ ᠲᠠᠪᠴᠠᠩ︾ ᠤᠨ ᠦᠢᠯᠡᠳᠦᠯ ᠢ ᠥᠨᠳᠥᠷ ᠪᠦᠲᠦᠮᠵᠢᠲᠡᠶ ᠪᠠᠷ ᠪᠠᠳᠠᠷᠠᠭᠤᠯᠵᠤ᠂ ᠰᠢᠯᠵᠢᠮᠡᠯ ᠬᠡᠪ ᠤᠨ ᠭᠤᠤᠯᠳᠠᠯᠭ᠎ᠠ ᠲᠠᠢ ᠲᠥᠷᠥᠯ | ᠵᠦᠢᠯ ᠤᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠶᠢ ᠴᠢᠩᠭᠠᠷᠠᠭᠤᠯᠤᠨ᠂ ᠰᠢᠨᠵᠢᠯᠡᠬᠦ | ᠤᠬᠠᠭᠠᠨᠴᠢ ᠪᠠᠷ ᠨᠠᠷᠢᠯᠢᠭ ᠣᠨᠣᠴᠠᠲᠠᠶ ᠪᠠᠷ ᠦᠢᠯᠡᠴᠢᠯᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠣᠷᠣᠰᠢᠵᠤ ᠪᠠᠶᠢᠭ᠎ᠠ | ᠬᠦᠴᠢᠷᠳᠡᠯ ᠪᠠ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ ᠵᠠᠰᠠᠭ ᠪᠠᠩᠬᠢ ᠠᠵᠤ ᠠᠬᠤᠶᠢᠯᠠᠯ ᠤᠨ ᠬᠠᠮᠲᠤᠷᠠᠯᠴᠠᠭᠠᠨ ᠤ ᠬᠤᠯᠪᠣᠭᠠᠰᠤ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠡᠯᠡ ᠴᠤᠭᠯᠠᠭᠤᠯᠬᠤ ᠳᠤ ᠬᠦᠴᠢᠷᠳᠠᠢ᠂ ᠪᠡᠯᠡ ᠴᠤᠭᠯᠠᠭᠤᠯᠬᠤ ᠳᠤ ᠦᠨᠡᠲᠡᠢ ᠪᠠᠶᠢᠬᠤ | ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠨ᠎ᠡ᠃ | ᠡᠯ᠎ᠡ ᠲᠥᠷᠥᠯ ᠤᠨ ᠠᠵᠤ ᠠᠬᠤᠶᠢᠯᠠᠯ ᠳᠤ ᠠᠰᠢᠭ ᠬᠦᠷᠲᠡᠭᠡᠵᠦ ᠠᠵᠤ ᠠᠬᠤᠶᠢᠯᠠᠯ ᠢ ᠳᠤᠯᠠᠭᠠᠯᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ︽ᠪᠢ ᠠᠵᠤ ᠠᠬᠤᠶᠢᠯᠠᠯ ᠳᠤ ᠵᠠᠬᠢᠶᠠᠯᠠᠭ᠎ᠠ ᠡᠷᠢᠵᠤ ᠦᠭᠬᠦ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠠᠬᠤᠶᠢᠯᠠᠯ ᠢ | ᠬᠠᠪᠰᠤᠷᠤᠨ ᠵᠠᠬ᠎ᠠ ᠳᠡᠯᠭᠡᠭᠦᠷ ᠢ ᠥᠷᠭᠡᠳᠬᠡᠵᠦ᠂ ᠵᠠᠬᠢᠶᠠᠯᠠᠭ᠎ᠠ ᠶᠢ ᠨᠡᠮᠡᠭᠳᠡᠭᠦᠯᠦᠨ᠂ ᠪᠣᠷᠣᠯᠠᠭᠤᠯᠭ᠎ᠠ ᠶᠢᠨ ᠵᠠᠮ ᠢ ᠡᠷᠢᠵᠦ᠂ ᠠᠵᠤ ᠠᠬᠤᠶᠢᠯᠠᠯ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠤᠨ᠎ᠠ᠃ | ︵ᠬᠤᠶᠠᠷ︶ ᠠᠵᠤ ᠦᠢᠯᠡᠰ ᠤᠨ ᠲᠠᠰ ᠳᠡᠪᠰᠢᠬᠦ ︽ᠬᠥᠳᠡᠯᠭᠡᠬᠦ ᠬᠦᠴᠦᠨ︾ ᠢ ᠨᠡᠮᠡᠭᠳᠡᠬᠦᠯᠬᠦ ᠶᠢᠨ ᠲᠣᠭᠤᠷᠢᠨ ᠳᠤ᠂ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ︽ᠰᠢᠨ᠎ᠡ ᠳᠠᠪᠠᠭᠤᠯᠢᠭ︾ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ | ᠲᠥᠯᠥᠭᠡᠯᠡᠭᠴᠢᠳ ᠠ᠋᠂ ᠪᠢᠳᠡ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠡᠷᠡᠰ ᠭᠤᠶᠢᠪᠢᠰᠢ ᠦᠭᠡᠢ ᠪᠠᠷ ᠠᠬᠢᠭᠤᠯᠵᠤ᠂ ᠳᠡᠭᠡᠳᠦ ᠳᠣᠣᠷᠠᠳᠤ | ᠤᠷᠤᠰᠬᠠᠯ ᠢ ᠤᠷᠲᠤᠳᠬᠠᠬᠤ᠂ ᠵᠡᠭᠦᠨ ᠪᠠᠷᠠᠭᠤᠨ ᠬᠡᠯᠬᠢᠶ᠎ᠡ ᠶᠢ ᠢᠵᠢ ᠪᠦᠷᠢᠳᠦᠭᠦᠯᠬᠦ ᠪᠠᠷ ᠳᠠᠮᠵᠢᠭᠤᠯᠤᠨ᠂ ᠲᠤᠯᠤᠭᠠᠶᠢᠯᠠᠭᠴᠢ ᠠᠵᠤ ᠠᠬᠤᠶᠢᠯᠠᠯ ᠢ ᠤᠷᠤᠭᠤᠯᠬᠤ ᠪᠠᠷ | ᠬᠦᠴᠦᠯᠡᠨ᠂ ᠬᠤᠯᠪᠣᠭ᠎ᠠ ᠶᠢ ᠲᠥᠪᠯᠡᠷᠡᠭᠦᠯᠦᠨ᠂ ᠬᠡᠯᠬᠢᠶ᠎ᠡ ᠶᠢ ᠲᠡᠭᠦᠯᠳᠡᠷᠵᠢᠭᠦᠯᠵᠦ᠂ ᠰᠦᠷᠦᠭᠵᠢᠯ ᠢ ᠴᠣᠭᠴᠠᠯᠠᠨ ᠪᠠᠶᠢᠭᠤᠯᠵᠤ᠂ ᠪᠦᠲᠦᠴᠡ ᠪᠠᠷ ᠵᠦᠢ ᠵᠣᠬᠢᠰᠲᠠᠢ᠂ | ᠣᠨᠴᠠᠯᠢᠭ ᠢᠶᠠᠷ ᠢᠯᠡ ᠲᠣᠳᠣ ᠣᠲᠣ ᠦᠶ᠎ᠡ ᠶᠢᠨ ᠠᠵᠤ ᠦᠢᠯᠡᠰ ᠤᠨ ᠲᠤᠭᠳᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠢ ᠪᠦᠷᠢᠯᠳᠦᠬᠦᠯᠬᠦ ᠶᠢ ᠠᠬᠢᠭᠤᠯᠤᠨ᠂ ᠮᠢᠩᠭᠠᠨ ᠳ᠋ᠦᠩᠰᠢᠭᠤᠷ ᠤᠨ ᠪᠣᠳᠠᠲᠤ ᠬᠦᠴᠦᠨ ᠲᠠᠢ ᠬᠤᠰᠢᠭᠤ ᠲᠤᠭᠤᠷᠢᠭ ᠤᠨ ᠰᠠᠭᠤᠷᠢ ᠶᠢ ᠲᠠᠰᠤᠷᠠᠯᠲᠠ ᠦᠭᠡᠢ | ᠪᠠᠲᠤᠳᠬᠠᠨ ᠪᠠᠬᠢᠵᠢᠭᠦᠯᠦᠨ᠎ᠡ᠃ | ᠤᠯᠠᠮᠵᠢᠯᠠᠯᠲᠤ ᠠᠵᠤ ᠦᠢᠯᠡᠰ ᠤᠨ ᠬᠥᠭᠵᠢᠯᠲᠡ ᠶᠢᠨ ᠡᠨᠧᠷᠭᠢ ᠶᠢᠨ ᠳᠡᠰ ᠢ ᠳᠡᠭᠡᠭᠰᠢᠯᠡᠭᠦᠯᠦᠨ᠎ᠡ᠃ ᠪᠦᠬᠦ ᠬᠤᠲᠠ ᠶᠢᠨ ︽ᠳᠡᠯᠡᠬᠡᠢ ᠶᠢᠨ ᠳᠡᠰ ᠤᠨ | ᠨᠤᠤᠯᠤᠭᠤᠷ ᠤᠨ ᠠᠵᠤ ᠦᠢᠯᠡᠰ︾ ᠢ ᠪᠠᠶᠢᠭᠤᠯᠬᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠣᠯᠣᠭᠠᠶᠢᠯᠠᠨ ᠳᠠᠶᠢᠴᠢᠯᠠᠬᠤ᠂ ᠲᠥᠯᠦᠪᠵᠢᠭᠦᠯᠭᠡ ᠪᠠᠷ | ᠬᠥᠲᠥᠯᠥᠨ ᠳᠠᠭᠠᠭᠤᠯᠬᠤ᠂ ᠰᠢᠨ᠎ᠡ ᠶᠢ ᠡᠭᠦᠳᠦᠨ ᠵᠢᠱᠢᠶ᠎ᠡ ᠦᠵᠡᠭᠦᠯᠬᠦ᠂ ᠳᠤᠮᠳᠠ ᠪᠠᠭ᠎ᠠ ᠶᠢ ᠲᠡᠳᠬᠦᠬᠦ᠂ ᠲᠤᠰᠬᠠᠢ ᠮᠡᠷᠭᠡᠵᠢᠯ ᠢ ᠢᠵᠢ ᠪᠦᠷᠢᠳᠦᠭᠦᠯᠬᠦ︾ | ᠬᠥᠭᠵᠢᠯᠲᠡ ᠶᠢᠨ ᠰᠡᠳᠬᠢᠴᠡ ᠶᠢ ᠪᠠᠷᠢᠮᠲᠠᠯᠠᠵᠤ᠂ ᠨᠤᠤᠯᠤᠭᠤᠷ ᠨᠡᠬᠡᠮᠡᠯ ᠤᠨ ᠠᠵᠤ ᠦᠢᠯᠡᠰ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠬᠦᠷᠢᠶᠡᠯᠡᠩ ᠢ | ᠲᠦᠷᠭᠡᠳᠬᠡᠨ ᠪᠠᠶᠢᠭᠤᠯᠵᠤ᠂ ᠳᠤᠮᠳᠠ ᠵᠢᠵᠢᠭ ᠨᠤᠤᠯᠤᠭᠤᠷ ᠨᠡᠬᠡᠮᠡᠯ ᠤᠨ ᠠᠵᠤ ᠠᠬᠤᠶᠢᠯᠠᠯ ᠢ ᠬᠦᠷᠢᠶᠠᠯᠠᠩ ᠳᠤ ᠣᠷᠣᠵᠤ ᠬᠥᠭᠵᠢᠬᠦ ᠶᠢ ᠵᠣᠷᠢᠭᠵᠢᠭᠤᠯᠵᠤ᠂ ᠠᠵᠤ | ᠠᠬᠤᠶᠢᠯᠠᠯ ᠢ ᠬᠠᠪᠰᠤᠷᠤᠨ ᠪᠡᠯᠡ ᠲᠣᠬᠢᠷᠠᠭᠤᠯᠬᠤ ᠳᠤ ᠬᠦᠴᠢᠷ᠂ ᠠᠵᠢᠯᠴᠢᠨ ᠬᠡᠷᠡᠭᠯᠡᠬᠦ ᠳᠤ ᠬᠦᠴᠢᠷ᠂ ᠰᠢᠨ᠎ᠡ ᠶᠢ ᠡᠭᠦᠳᠬᠦ ᠳᠤ ᠬᠦᠴᠢᠷ᠂ ᠪᠣᠷᠣᠯᠠᠭᠤᠯᠬᠤ ᠳᠤ | ᠬᠦᠴᠢᠷ ᠵᠡᠷᠭᠡ ᠠᠰᠠᠭᠤᠳᠠᠯ ᠢ ᠰᠢᠢᠳᠪᠦᠷᠢᠯᠡᠵᠦ᠂ ᠲᠦᠭᠦᠬᠡᠢ ᠮᠠᠲ᠋ᠧᠷᠢᠶᠠᠯ ᠡᠳ᠋ᠰᠢᠭᠦᠯᠬᠦ᠂ ᠰᠤᠳᠤᠯᠤᠨ ᠨᠡᠭᠡᠭᠡᠵᠦ ᠵᠢᠷᠤᠭᠯᠠᠨ ᠲᠥᠯᠥᠪᠯᠡᠬᠦ᠂ ᠦᠢᠯᠡᠳᠪᠦᠷᠢᠯᠡᠵᠦ | ᠪᠣᠷᠣᠯᠠᠭᠤᠯᠬᠤ᠂ ᠲᠥᠪᠯᠡᠷᠡᠭᠦᠯᠵᠦ ᠲᠠᠷᠬᠠᠭᠠᠬᠤ ᠠᠷᠠᠯᠵᠢᠶ᠎ᠠ ᠶᠢ ᠨᠢᠭᠡ ᠴᠣᠭᠴᠠᠵᠢᠭᠤᠯᠤᠭᠰᠠᠨ ᠵᠠᠭᠤᠨ ᠳ᠋ᠦᠩᠰᠢᠭᠤᠷ ᠲᠠᠰ ᠤᠨ ᠨᠤᠤᠯᠤᠭᠤᠷ ᠤᠨ ᠠᠵᠤ ᠦᠢᠯᠡᠰ ᠤᠨ | ᠰᠦᠷᠦᠭᠵᠢᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠨᠤᠤᠯᠤᠭᠤᠷ ᠨᠡᠬᠡᠮᠡᠯ ᠤᠨ ᠠᠵᠤ ᠦᠢᠯᠡᠰ ᠤᠨ ᠠᠮᠢ ᠠᠬᠤᠢ ᠶᠢᠨ ᠬᠦᠷᠢᠶ᠎ᠡ ᠴᠠᠷᠠᠭ᠎ᠠ ᠶᠢ ᠪᠠᠶᠢᠭᠤᠯᠤᠨ᠎ᠠ᠃ | ᠡᠨᠧᠷᠭᠢ ᠶᠢᠨ ᠠᠮᠤᠷ ᠲᠦᠪᠰᠢᠨ ᠲᠣᠭᠲᠠᠭᠤᠨ ᠬᠠᠩᠭᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠶᠧᠦ ᠹᠠᠩ ᠬᠤᠤ ᠠᠭᠤᠷᠬᠠᠢ ᠶᠢᠨ ᠬᠤᠳᠳᠤᠭ ᠵᠢᠴᠢ ᠨᠡᠭᠦᠷᠡᠰᠦ | ᠰᠢᠯᠢᠬᠦ ᠦᠢᠯᠡᠳᠪᠦᠷᠢ ᠶᠢᠨ ᠲᠥᠷᠥᠯ ᠵᠦᠢᠯ ᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ᠂ ᠴᠢᠨᠠᠷ ᠰᠠᠶᠢᠲᠠᠶ ᠨᠡᠭᠦᠷᠡᠰᠦᠨ ᠤ ᠦᠢᠯᠡᠳᠪᠦᠷᠢᠯᠡᠯ ᠤᠨ | ᠴᠢᠳᠠᠪᠤᠷᠢ ᠶᠢ ᠦᠷᠭᠦᠯᠵᠢᠯᠡᠨ ᠪᠠᠳᠠᠷᠠᠭᠤᠯᠵᠤ᠂ ᠨᠡᠭᠦᠷᠡᠰᠦᠨ ᠤ ᠦᠢᠯᠡᠳᠪᠦᠷᠢᠯᠡᠯ ᠲᠡᠭᠡᠭᠡᠪᠦᠷᠢ ᠪᠣᠷᠣᠯᠠᠭᠤᠯᠭ᠎ᠠ ᠶᠢ ᠵᠣᠯᠭᠠᠭᠤᠯᠬᠤ ᠶᠢ ᠦᠨᠡᠨᠬᠦ ᠴᠢᠩᠭᠠᠳᠬᠠᠵᠤ᠂ ᠪᠦᠬᠦ | ᠵᠢᠯ ᠤᠨ ᠨᠡᠭᠦᠷᠡᠰᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢᠨ ᠬᠡᠮᠵᠢᠶ᠎ᠡ ᠶᠢ 1.1 ᠳ᠋ᠦᠩᠰᠢᠭᠤᠷ ᠲᠣᠨ ᠠᠴᠠ ᠳᠡᠭᠡᠭᠰᠢ ᠪᠠᠶᠢᠯᠭᠠᠨ᠎ᠠ᠃ ᠨᠡᠭᠦᠷᠡᠰᠦᠨ ᠴᠢᠯᠠᠭᠤ ᠶᠢ | ᠶᠡᠷᠦᠩᠬᠡᠶᠢᠯᠡᠨ ᠠᠰᠢᠭᠯᠠᠬᠤ᠂ ᠨᠡᠭᠦᠷᠡᠰᠦᠨ ᠠᠭᠤᠷᠬᠠᠶ ᠶᠢ ᠨᠡᠭᠡᠭᠡᠨ ᠮᠠᠯᠲᠠᠬᠤ ᠪᠣᠬᠢᠷᠲᠤᠯ ᠦᠭᠡᠢ ᠪᠠᠷ ᠰᠠᠯᠭᠠᠬᠤ ᠵᠡᠷᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ 17 ᠨᠡᠭᠦᠷᠡᠰᠦᠨ ᠠᠭᠤᠷᠬᠠᠶ ᠶᠢ ᠤᠶᠤᠨᠴᠢᠯᠠᠨ ᠳᠡᠭᠡᠭᠰᠢᠯᠡᠭᠦᠯᠬᠦ ᠪᠠ ᠮᠡᠷᠭᠡᠵᠢᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠨᠡᠬᠦᠷᠡᠰᠤ | ᠶᠢ ᠠᠮᠤᠷ ᠲᠦᠪᠰᠢᠨ ᠪᠣᠬᠢᠷᠲᠤᠯ ᠦᠭᠡᠢ ᠪᠠᠷ ᠨᠡᠭᠡᠭᠡᠨ ᠬᠥᠭᠵᠢᠭᠦᠯᠬᠦ ᠪᠠ ᠴᠡᠪᠡᠷ ᠮᠦᠷᠳᠡᠬᠡᠨ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠠᠬᠢᠭᠤᠯᠤᠨ᠎ᠠ᠃ | ᠰᠢᠨ᠎ᠠ ᠪᠠᠷ ᠬᠥᠭᠵᠢᠭᠰᠡᠨ ᠠᠵᠤ ᠦᠢᠯᠡᠰ ᠤᠨ ᠳᠠᠪᠠᠭᠤᠯᠢᠭ ᠤᠷᠤᠯᠳᠤᠭᠠᠨ ᠤ ᠵᠠᠮ ᠢ ᠵᠠᠪᠳᠤᠨ ᠡᠵᠡᠯᠡᠨ᠎ᠡ᠃ ︽ᠴᠢᠩᠭ᠎ᠠ ᠠᠳᠬᠤᠨ ᠲᠦᠷᠭᠡᠨ ᠠᠵᠢᠯᠯᠠᠬᠤ︾ ᠶᠢ | ᠪᠠᠷᠢᠮᠲᠠᠯᠠᠨ ᠰᠢᠨ᠎ᠡ ᠡᠨᠧᠷᠭᠢ ᠶᠢᠨ ᠠᠵᠤ ᠦᠢᠯᠡᠰ ᠪᠠ ᠲᠤᠨᠤᠭᠯᠠᠯ ᠦᠢᠯᠡᠳᠬᠦ ᠦᠢᠯᠡᠰ ᠢ ᠬᠥᠭᠵᠢᠭᠦᠯᠵᠦ᠂ ᠵᠥᠩ ᠴᠧ ᠮᠠᠰᠢᠨ ᠲᠡᠷᠭᠡᠨ ᠤ ᠪᠦᠬᠦᠯᠢ ᠮᠠᠰᠢᠨ ᠤ | ᠲᠣᠮᠣ ᠰᠠᠶ᠎ᠠ ᠸᠠᠲ ᠤᠨ ᠣᠶᠤᠨᠲᠤ ᠰᠠᠯᠬᠢᠨ ᠬᠦᠴᠦᠨ ᠤ ᠮᠠᠰᠢᠨ ᠤ ᠶᠡᠷᠦᠩᠬᠡᠢ ᠤᠭᠰᠠᠷᠠᠯᠲᠠ ᠶᠢᠨ ᠰᠠᠭᠤᠷᠢᠨ ᠭᠠᠵᠠᠷ᠂ ᠯᠢᠦᠶ ᠴᠤᠸᠠᠨ ᠤᠶᠤᠨᠳᠤ ᠴᠢᠩᠭᠡᠯᠢᠭ | ᠮᠠᠶ᠋ᠢᠭ ᠤᠨ ᠴᠠᠬᠢᠯᠭᠠᠨ ᠴᠡᠨᠡᠭᠯᠡᠵᠦ ᠰᠣᠯᠢᠬᠤ ᠥᠷᠲᠡᠭᠡ ᠶᠢᠨ ᠠᠵᠤ ᠦᠢᠯᠡᠰ ᠤᠨ ᠬᠡᠯᠬᠢᠶ᠎ᠡ ᠵᠡᠷᠭᠡ ᠨᠢᠭᠡᠨᠲᠡ ᠪᠤᠳᠠᠳᠠᠶᠢᠵᠢᠭᠰᠡᠨ ᠲᠥᠷᠥᠯ ᠵᠤᠶᠢᠯ ᠤᠨ ᠪᠥᠲᠥᠭᠡᠨ | ᠪᠠᠶᠢᠭᠤᠯᠤᠯᠲᠠ ᠶᠢᠨ ᠠᠬᠢᠴᠠ ᠶᠢ ᠦᠨᠡᠨᠬᠦ ᠲᠦᠷᠭᠡᠳᠬᠡᠨ᠎ᠡ᠃ ᠵᠢᠩ ᠤᠣ ᠬᠡᠷᠡᠯ ᠴᠡᠨᠡᠭ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠠᠩᠬᠠᠳᠠᠭᠴᠢ | ᠦᠢᠯᠡᠳᠪᠦᠷᠢᠯᠡᠯ ᠤᠨ ᠱᠤᠭᠤᠮ᠂ ᠳ᠋ᠠ ᠯᠦ ᠰᠢ ᠸᠠᠩ ᠤᠨ ᠤᠶᠤᠨᠲᠤ ᠬᠡᠷᠡᠯ ᠴᠡᠨᠡᠭ ᠤᠨ ᠲᠣᠨᠣᠭᠯᠠᠯ ᠤᠨ ᠲᠥᠷᠥᠯ ᠵᠦᠢᠯ ᠢ ᠳᠡᠭᠡᠷ᠎ᠡ ᠬᠠᠭᠠᠰ ᠵᠢᠯ ᠳᠤ ᠪᠠᠶᠢᠭᠤᠯᠵᠤ | ᠳᠠᠭᠤᠰᠬᠠᠭᠠᠳ ᠠᠰᠢᠭᠯᠠᠯᠲᠠ ᠳᠤ ᠤᠷᠤᠭᠤᠯᠤᠨ᠎ᠠ︔ ᠵᠦᠵᠸᠤ ᠱᠢ ᠳ᠋ᠠᠢ ᠶᠢᠨ ᠰᠢᠨ᠎ᠡ ᠮᠠᠲ᠋ᠧᠷᠢᠶᠠᠯ ᠤᠨ ᠵᠠᠭᠤᠨ ᠮᠧᠲᠷ ᠤᠨ ᠲᠠᠰ ᠤᠨ ᠨᠠᠪᠴᠢᠨ ᠢᠯᠲᠠᠰᠤ ᠶᠢᠨ | ᠦᠢᠯᠡᠳᠪᠦᠷᠢᠯᠡᠯ ᠤᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠢ ᠭᠤᠷᠪᠠᠳᠤᠭᠠᠷ ᠤᠯᠠᠷᠢᠯ ᠠᠴᠠ ᠡᠮᠦᠨ᠎ᠡ ᠠᠰᠢᠭᠯᠠᠯᠲᠠ ᠳᠤ ᠤᠷᠤᠭᠤᠯᠤᠨ᠎ᠠ︔ ᠴᠢ ᠷᠦᠢ ᠶᠢᠨ | ᠵᠢᠯ ᠳᠤ 20 ᠲᠦᠮᠡᠨ ᠰᠢᠨ᠎ᠡ ᠡᠨᠧᠷᠭᠢ ᠶᠢᠨ ᠮᠠᠰᠢᠨ ᠲᠡᠷᠭᠡ ᠦᠢᠯᠡᠳᠪᠦᠷᠢᠯᠡᠬᠦ ᠲᠦᠷᠦᠯ ᠵᠦᠢᠯ᠂ ᠰᠢᠶᠠᠮᠧᠨ ᠤ ᠶᠢᠨ ᠯᠦᠩ ︵ᠤᠷᠳᠤᠰ︶ ᠬᠦᠨᠳᠦ ᠠᠴᠢᠶᠠᠨ ᠤ | ᠮᠠᠰᠢᠨ ᠲᠡᠷᠭᠡᠨ ᠤ ᠶᠡᠷᠦᠩᠬᠡᠶ ᠬᠡᠯᠳᠡᠰ ᠤᠨ ᠰᠠᠭᠤᠷᠢᠨ ᠭᠠᠵᠠᠷ ᠢ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠤᠨ᠎ᠠ᠃ ᠤᠰᠤᠲᠥ᠋ᠷᠥᠭᠴᠢ ᠡᠨᠧᠷᠭᠢ᠂ ᠡᠨᠧᠷᠭᠢ | ᠬᠠᠳᠠᠭᠠᠯᠠᠬᠤ ᠠᠵᠤ ᠦᠢᠯᠡᠰ ᠤᠨ ᠬᠥᠭᠵᠢᠯᠲᠡ ᠶᠢ ᠶᠡᠬᠡᠪᠡᠷ ᠪᠤᠶᠢᠵᠢᠭᠤᠯᠵᠤ᠂ ᠤᠰᠤᠨ ᠳᠤ ᠠᠭᠤᠰᠬᠤ ᠯᠢᠲ᠋ᠢ ᠬᠦᠬᠦᠷ ᠤᠨ ᠬᠥᠳᠡᠯᠭᠡᠬᠦ ᠬᠦᠴᠦᠨ ᠤ ᠳ᠋ᠢᠶᠠᠨ ᡂᠢ ᠶᠢᠨ | ᠰᠢᠨ᠎ᠡ ᠡᠨᠧᠷᠭᠢ ᠶᠢᠨ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠬᠡᠳᠬᠡᠨ᠎ᠠ᠃ ᠵᠣᠬᠢᠶᠠᠮᠠᠯ ᠣᠶᠤᠨ᠂ | ᠲᠣᠭᠠᠴᠢᠯᠠᠭᠰᠠᠨ ᠠᠵᠤ ᠠᠬᠤᠶ᠂ ᠪᠤᠳᠤᠯᠭ᠎ᠠ ᠶᠢᠨ ᠬᠦᠴᠦᠨ ᠤ ᠠᠵᠤ ᠤᠶᠢᠯᠡᠰ᠂ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠰᠢᠨ᠎ᠡ ᠮᠠᠲ᠋ᠧᠷᠢᠶᠠᠯ ᠵᠡᠷᠭᠡ | ᠢᠷᠡᠭᠡᠳᠦᠢ ᠶᠢᠨ ᠠᠵᠤ ᠦᠢᠯᠡᠰ ᠢ ᠪᠠᠷᠠᠯᠠᠨ ᠪᠠᠶᠢᠷᠢᠰᠢᠭᠤᠯᠵᠤ᠂ ᠲᠤᠯᠤᠭᠠᠶᠢᠯᠠᠭᠴᠢ ᠠᠵᠤ ᠠᠬᠤᠶᠢᠯᠠᠯ ᠯᠤᠭ᠎ᠠ ᠢᠳᠡᠪᠬᠢᠲᠡᠢ ᠪᠠᠷ ᠬᠠᠮᠲᠤᠷᠠᠨ ᠠᠵᠤ ᠦᠢᠯᠡᠰ ᠤᠨ | ᠰᠢᠨ᠎ᠡ ᠶᠢ ᠡᠭᠦᠳᠦᠨ ᠨᠡᠪᠴᠢᠬᠦᠯᠬᠦ ᠠᠵᠢᠯᠯᠠᠭ᠎ᠠ ᠶᠢ ᠥᠷᠨᠢᠭᠦᠯᠵᠦ᠂ ᠸᠠᠨ ᠵᠢᠶᠧ ᠣᠷᠳᠣᠰ ᠤᠨ ᠬᠡᠲᠦ ᠪᠤᠳᠤᠭᠤᠷ ᠤᠨ ᠲᠥᠪ ᠤᠨ ᠲᠥᠷᠥᠯ ᠵᠤᠶᠢᠯ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ᠂ ᠪᠠᠢ ᠳ᠋ᠦ᠋ ᠤᠶᠤᠨᠲᠤ ᠡᠭᠦᠯᠡᠨ᠂ ᠲᠢᠶᠠᠨ ᠳ᠋ᠢ ᠲᠦᠩ᠂ ︽360︾ ᠵᠡᠷᠭᠡ ᠴᠢᠬᠤᠯᠠ ᠶᠡᠭᠡ ᠲᠥᠷᠥᠯ ᠵᠤᠶᠢᠯ ᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠪᠠ ᠰᠢᠨ᠎ᠡ ᠳᠠᠪᠠᠭᠤᠯᠢᠭ ᠢ ᠦᠨᠡᠨ ᠬᠦ ᠪᠤᠢ ᠪᠤᠯᠭᠠᠵᠤ᠂ | ︽ᠠᠵᠤ ᠤᠶᠢᠯᠡᠳᠪᠤᠷᠢ ᠶᠢᠨ ᠬᠦᠴᠦᠷᠬᠡᠭ ᠲᠤᠭᠤᠷᠢᠭ︾ ᠢ ᠪᠥᠬᠦ ᠬᠦᠴᠦᠨ ᠢᠶᠠᠷ ᠢᠶᠠᠨ ᠴᠤᠭᠴᠠᠯᠠᠨ ᠪᠠᠶᠢᠭᠤᠯᠤᠨ᠎ᠠ᠃ | ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠠᠭᠤᠰᠤᠯᠴᠠᠨ ᠬᠦᠭᠵᠢᠬᠦ ᠶᠢ ᠠᠬᠢᠭᠤᠯᠤᠨ᠎ᠠ᠃ ︽ᠣᠲᠣ ᠦᠶ᠎ᠡ ᠶᠢᠨ ᠦᠢᠯᠡᠴᠢᠯᠡᠬᠡᠨ ᠤ ᠦᠢᠯᠡᠰ ᠤᠨ | ᠲᠥᠪᠯᠡᠷᠡᠭᠰᠡᠨ ᠲᠤᠭᠤᠷᠢᠭ︾ ᠢ ᠪᠥᠲᠥᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠩᠬᠠᠨ ᠤ ᠳᠡᠯᠭᠡᠭᠦᠷ ᠤᠨ ᠠᠵᠤ ᠠᠬᠤᠶ᠂ ᠠᠩᠬᠠᠨ ᠤ ᠠᠵᠤ | ᠠᠬᠤᠶ᠂ ᠦᠵᠡᠰᠬᠦᠯᠡᠩ ᠤᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ︽ᠳ᠋ᠦᠩᠱᠧᠩ ᠠᠴᠠ ᠬᠤᠳᠠᠯᠳᠤᠨ ᠠᠪᠬᠤ · ᠳᠤᠯᠠᠭᠠᠨ ᠬᠤᠳᠠ ᠶᠢ ᠬᠠᠮᠲᠤ ᠪᠠᠷ ᠡᠳ᠋ᠯᠡᠬᠦ︾ | ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠰᠢᠨ᠎ᠡ ᠡᠨᠧᠷᠭᠢ ᠶᠢᠨ ᠮᠠᠰᠢᠨ ᠲᠡᠷᠭᠡ ᠪᠠ ᠡᠯᠧᠺᠲᠷᠣᠨ ᠦᠢᠯᠡᠳᠬᠦᠨ ᠵᠡᠷᠭᠡ ᠶᠢᠨ | ᠶᠡᠭᠡ ᠬᠡᠮᠵᠢᠶᠡᠨ ᠤ ᠬᠡᠷᠡᠭᠯᠡᠭᠡ ᠶᠢ ᠬᠥᠭᠵᠢᠭᠡᠵᠦ᠂ ᠬᠡᠷᠡᠭᠯᠡᠭᠡ ᠶᠢ ᠬᠢᠵᠢᠭ ᠤᠨ ᠳᠠᠷᠠᠭᠠᠬᠢ ᠰᠡᠷᠬᠦᠯᠳᠠ ᠠᠴᠠ ᠦᠷᠭᠦᠯᠵᠢᠯᠡᠨ ᠥᠷᠭᠡᠳᠬᠡᠬᠦ ᠲᠡᠶᠢᠰᠢ ᠬᠤᠪᠢᠷᠠᠭᠤᠯᠬᠤ ᠶᠢ | ᠠᠬᠢᠭᠤᠯᠤᠨ᠎ᠠ᠃ ︽ᠪᠡᠶᠡᠴᠢᠯᠡᠨ ᠣᠶᠢᠯᠠᠭᠠᠬᠤ ᠮᠠᠶ᠋ᠢᠭ ᠤᠨ ᠵᠤᠭᠠᠴᠠᠯ ᠤᠨ ᠬᠤᠰᠢᠭᠤᠴᠢ ᠲᠤᠭᠤᠷᠢᠭ︾ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠪᠦᠬᠦ | ᠬᠤᠲᠠ ᠶᠢᠨ ᠰᠣᠶᠣᠯ ᠵᠤᠭᠠᠴᠠᠯ ᠤᠨ ᠵᠤᠭᠠᠴᠠᠭᠰᠡᠳ ᠢ ᠲᠥᠪᠯᠡᠷᠡᠭᠦᠯᠦᠨ ᠲᠠᠷᠬᠠᠭᠠᠬᠤ ᠭᠠᠵᠠᠷ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ | ᠵᠤᠭᠠᠴᠠᠯ ᠤᠨ ᠤᠶᠢᠯᠡᠴᠢᠯᠡᠬᠡᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠸᠠᠨ ᠳ᠋ᠠ ᠬᠤᠶᠠᠳᠤᠭᠠᠷ ᠬᠤᠭᠤᠴᠠᠭ᠎ᠠ᠂ ᠸᠠᠨ ᠵᠢᠶᠠ | ᠬᠤᠢ ᠤᠰᠤᠨ ᠤ ᠶᠢᠷᠳᠢᠨᠴᠦ ᠶᠢᠨ ᠬᠤᠶᠠᠳᠤᠭᠠᠷ ᠬᠤᠭᠤᠴᠠᠭ᠎ᠠ᠂ ᠵᠢᠦ ᠴᠧᠩ ᠬᠦᠩ ᠲᠠᠯ᠎ᠠ ᠨᠤᠲᠤᠭ ᠤᠨ ᠮᠠᠩᠬᠠᠨ ᠠᠶᠠᠯᠭᠤ ᠰᠣᠶᠣᠯ ᠵᠤᠭᠠᠴᠠᠯ ᠤᠨ ᠣᠷᠣᠨ ᠵᠡᠷᠭᠡ | ᠠᠷᠠᠯᠵᠢᠶ᠎ᠠ ᠬᠤᠳᠠᠯᠳᠤᠭ᠎ᠠ ᠰᠣᠶᠣᠯ ᠵᠤᠭᠠᠴᠠᠯ ᠤᠨ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠪᠦᠦ ᠷᠦ᠋ ᠢ᠂ ᠮᠢᠨ ᠱᠧᠩ ᠠᠭᠤᠳᠠᠮ | ᠲᠠᠯᠠᠪᠠᠶ ᠵᠡᠷᠭᠡ ᠬᠠᠭᠤᠴᠢᠨ ᠬᠤᠳᠠᠯᠳᠤᠭᠠᠨ ᠤ ᠲᠣᠭᠤᠷᠢᠭ ᠢ ᠥᠭᠡᠷᠡᠴᠢᠯᠡᠨ ᠳᠡᠭᠡᠭᠰᠢᠯᠡᠭᠦᠯᠵᠦ᠂ ᠸᠠᠩ ᠹᠦ᠋ ᠵᠢᠩ ᠵᠡᠷᠭᠡ ᠭᠤᠤᠯᠳᠠᠯᠭᠠᠳᠤ ᠬᠤᠳᠠᠯᠳᠤᠭᠠᠨ ᠤ | ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠵᠤ᠂ ᠰᠤᠷᠭᠠᠨ ᠬᠥᠮᠦᠵᠢᠯ ᠪᠣᠯᠪᠠᠰᠤᠷᠠᠯ᠂ ᠡᠮᠴᠢᠯᠡᠭᠡ ᠰᠤᠪᠢᠯᠠᠯᠲᠠ | ᠡᠷᠡᠭᠦᠯ ᠮᠡᠨᠳᠦ ᠵᠡᠷᠭᠡ ᠠᠮᠢᠳᠤᠷᠠᠯ ᠤᠨ ᠴᠢᠨᠠᠷᠲᠠᠶ ᠤᠶᠢᠯᠡᠴᠢᠯᠡᠬᠡᠨ ᠤ ᠤᠶᠢᠯᠡᠰ ᠤᠨ ᠲᠠᠰ ᠳᠡᠪᠰᠢᠬᠦ ᠶᠢ ᠠᠬᠢᠭᠤᠯᠤᠨ᠎ᠠ᠃ ᠣᠲᠣ ᠦᠶ᠎ᠡ ᠶᠢᠨ ᠪᠠᠷᠠᠭᠠᠨ ᠤ | ᠭᠦᠢᠯᠭᠡᠭᠡᠨ ᠤ ᠦᠢᠯᠡᠰ ᠤᠨ ᠠᠵᠢᠯᠯᠠᠭᠠᠨ ᠤ ᠲᠤᠭᠳᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠰᠢᠨ᠎ᠡ ᠡᠨᠧᠷᠭᠢ ᠶᠢᠨ ᠤᠶᠤᠨᠲᠤ ᠡᠬᠡ ᠬᠠᠭᠤᠷᠠᠶ ᠶᠢᠨ ᠭᠠᠷᠠᠮ ᠤᠨ | ᠪᠠᠷᠠᠭᠠᠨ ᠤ ᠭᠦᠢᠯᠭᠡᠭᠡᠨ ᠤ ᠵᠠᠭᠪᠤᠷ ᠢ ᠢᠳᠡᠪᠬᠢᠲᠡᠶ ᠳᠡᠯᠭᠡᠷᠡᠭᠦᠯᠦᠨ᠂ ᠳ᠋ᠦᠩᠱᠧᠩ ᠪᠠᠷᠠᠭᠤᠨ ᠥᠷᠲᠡᠭᠡ ᠶᠢᠨ ᠣᠷᠳᠣᠰ ᠤᠨ ᠲᠡᠮᠦᠷ ᠵᠠᠮ ᠤᠨ ᠪᠠᠷᠠᠭᠠᠨ ᠤ | ᠭᠦᠢᠯᠭᠡᠭᠡᠨ ᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ 100 ︽ᠲᠤᠯᠠᠭᠠᠨ ᠬᠤᠳᠠ ᠶᠢᠨ ᠥᠷᠲᠡᠭᠡ︾ ᠶᠢ ᠪᠦᠯᠦᠭ ᠬᠤᠪᠢᠶᠠᠨ | ᠪᠥᠲᠥᠭᠡᠨ ᠪᠠᠶᠢᠭᠤᠯᠵᠤ᠂ ᠲᠦᠷᠭᠡᠨ ᠬᠦᠷᠭᠡᠯᠲᠡ ᠶᠢᠨ ︽ᠡᠴᠦᠰ ᠤᠨ ᠨᠢᠭᠡ ᠠᠯᠬᠤᠮ︾ ᠢ ᠨᠡᠪᠲᠡᠷᠡᠭᠦᠯᠦᠨ᠎ᠡ᠃ | ︵ᠭᠤᠷᠪᠠ︶ ᠬᠤᠲᠠ ᠬᠥᠳᠡᠭᠡ ᠶᠢᠨ ᠶᠡᠷᠦᠩᠬᠡᠶᠢᠯᠡᠭᠰᠡᠨ ︽ᠳᠠᠭᠠᠭᠠᠴᠠ︾ ᠶᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠬᠤᠲᠠ ᠶᠢᠨ ᠨᠠᠷᠠᠲᠤ ᠲᠡᠮᠳᠡᠭᠲᠦ ᠶᠢᠨ ︽ | ᠰᠢᠨ᠎ᠡ ᠳᠦᠷᠢ ᠲᠥᠷᠬᠦ︾ ᠶᠢ ᠪᠥᠬᠦ ᠬᠦᠴᠦᠨ ᠢᠶᠠᠷ ᠢᠶᠠᠨ ᠱᠤᠭᠤᠨ᠎ᠠ᠃ | ᠲᠥᠯᠥᠭᠡᠯᠡᠭᠴᠢᠳ ᠡ᠂ ᠪᠢᠳᠡ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠳᠡᠭᠡᠳᠦ ᠰᠢᠨ᠎ᠡ ᠮᠡᠷᠭᠡᠵᠢᠯ ᠤᠨ | ᠲᠣᠭᠤᠷᠢᠭ ᠯᠤᠭ᠎ᠠ ᠬᠤᠳᠠ ᠦᠢᠯᠡᠳᠪᠦᠷᠢᠯᠡᠯ ᠨᠢᠭᠡ ᠴᠤᠭᠴᠠᠵᠢᠨ ᠬᠦᠭᠵᠢᠬᠦ ᠶᠢ ᠢᠳᠡᠪᠬᠢᠲᠡᠢ ᠠᠬᠢᠭᠤᠯᠵᠤ᠂ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠳᠠ ᠪᠣᠯᠤᠨ | ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠡᠯ᠎ᠡ ᠲᠦᠷᠦᠯ ᠤᠨ ᠬᠦᠴᠦᠨ | ᠵᠤᠶᠢᠯ ᠤᠨ ᠬᠤᠤᠰ ᠴᠢᠭᠯᠡᠯ ᠢᠶᠠᠷ ᠰᠢᠯᠵᠢᠬᠦ᠂ ᠬᠤᠶᠠᠷ ᠲᠠᠯ᠎ᠠ ᠪᠠᠷ ᠬᠠᠷᠢᠯᠴᠠᠨ ᠠᠭᠤᠰᠤᠯᠴᠠᠨ ᠠᠬᠢᠭᠤᠯᠬᠤ ᠶᠢ ᠲᠦᠷᠬᠡᠳᠬᠡᠵᠤ᠂ ᠣᠷᠴᠢᠨ ᠲᠣᠭᠤᠷᠢᠨ ᠭᠤᠶᠢᠳᠠ | ᠰᠠᠶᠢᠬᠠᠨ᠂ ᠴᠢᠳᠠᠮᠵᠢ ᠲᠡᠬᠦᠯᠳᠡᠷ᠂ ᠣᠷᠣᠰᠢᠨ ᠰᠠᠭᠤᠵᠤ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ︽ᠴᠢᠨᠠᠷ ᠲᠡᠰᠳᠤ ᠬᠤᠳᠠ︾ ᠶᠢ ᠲᠦᠷᠭᠡᠳᠬᠡᠨ | ᠪᠠᠶᠢᠭᠤᠯᠤᠨ᠎ᠠ᠃ | ᠬᠤᠲᠠ ᠶᠢ ᠣᠷᠭᠠᠨᠢᠭ ᠢᠶᠠᠷ ᠰᠢᠨᠡᠴᠢᠯᠡᠬᠦ ᠶᠢ ᠪᠦᠬᠦ ᠲᠠᠯ᠎ᠠ ᠪᠠᠷ ᠠᠬᠢᠭᠤᠯᠤᠨ᠎ᠠ᠃ ᠪᠣᠬᠢᠷᠲᠤᠯ ᠦᠭᠡᠢ ᠲᠤᠤᠷ᠎ᠠ ᠨᠡᠬᠦᠷᠡᠰᠦᠳᠦ᠋ᠷᠦᠭᠴᠢᠳᠤ ᠣᠶᠢᠯᠠᠭᠠᠭᠳᠠᠬᠤᠨ ᠢᠶᠠᠷ | ᠴᠡᠴᠡᠷᠯᠢᠭᠳᠦ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠷᠪᠢᠯᠠᠨ ᠭᠠᠮᠨᠠᠬᠤ ᠬᠡᠯᠪᠡᠷᠢ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ | ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠳ᠋ᠦᠩᠱᠧᠩ ᠠᠴᠠ ᠬᠢᠶ᠎ᠠ ᠪᠠᠭᠰᠢ ᠳᠤ ᠬᠦᠷᠬᠦ ᠱᠤᠭᠤᠮ᠂ ᠳ᠋ᠦᠩᠱᠧᠩ ᠠᠴᠠ ᠬᠢᠶ᠎ᠠ ᠪᠠᠭᠰᠢ ᠳᠤ ᠬᠦᠷᠬᠦ | ᠪᠠᠷᠠᠭᠤᠨ ᠱᠤᠭᠤᠮ᠂ ᠵᠢᠯᠤᠭᠤᠴᠢᠨ ᠭᠤᠤᠯ ᠵᠡᠷᠭᠡ ᠳᠤ ᠨᠣᠭᠤᠭᠠᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠬᠦᠯᠦᠨ᠂ ᠶᠢᠨ ᠷᠦᠩ ᠪᠡᠶ᠎ᠡ ᠶᠢᠨ | ᠲᠠᠮᠢᠷ ᠤᠨ ᠴᠡᠴᠡᠷᠯᠢᠭ ᠵᠡᠷᠭᠡ ᠲᠣᠮᠣ ᠳᠤᠮᠳᠠ ᠬᠡᠯᠪᠡᠷᠢ ᠶᠢᠨ ᠴᠡᠴᠡᠷᠯᠢᠭ ᠢ ᠥᠭᠡᠷᠡᠴᠢᠯᠡᠨ ᠳᠡᠭᠡᠭᠰᠢᠯᠡᠭᠦᠯᠵᠦ᠂ ︽ᠬᠠᠷᠮᠠᠨ ᠴᠡᠴᠡᠷᠯᠢᠭ︾᠂ ᠨᠡᠶᠢᠭᠡᠮ ᠲᠣᠭᠤᠷᠢᠭ ᠤᠨ | ᠴᠡᠴᠡᠷᠯᠢᠭ ᠢ 9 ᠶᠢ ᠨᠢᠭᠡᠳᠦᠯᠲᠡᠢ ᠲᠥᠯᠥᠪᠯᠡᠨ ᠪᠠᠶᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠬᠤᠲᠠ ᠶᠢᠨ ᠠᠮᠢᠳᠤᠷᠠᠯ ᠤᠨ ᠣᠷᠴᠢᠨ ᠲᠣᠭᠤᠷᠢᠨ ᠢ ᠪᠤᠢ | ᠪᠣᠯᠭᠠᠨ᠎ᠠ᠃ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠶᠢᠨ ᠲᠣᠭᠤᠷᠢᠭ ᠤᠨ ᠭᠡᠷᠡᠯᠲᠦᠭᠦᠯᠭᠡ ᠶᠢᠨ | ᠲᠥᠬᠦᠭᠡᠷᠦᠮᠵᠢ ᠶᠢ ᠲᠡᠬᠦᠯᠳᠡᠷᠵᠢᠬᠦᠯᠵᠤ᠂ ᠬᠠᠭᠤᠴᠢᠨ ᠬᠤᠲᠠ ᠶᠢᠨ ᠲᠣᠭᠤᠷᠢᠭ ᠤᠨ ︽ᠲᠠᠪᠤᠨ ᠵᠡᠭᠡᠯᠢ ᠲᠠᠪᠤᠨ ᠵᠠᠮ︾ ᠢ ᠰᠡᠯᠪᠢᠨ ᠵᠠᠰᠠᠵᠤ ᠥᠭᠡᠷᠡᠴᠢᠯᠡᠬᠦ ᠲᠥᠷᠥᠯ | ᠵᠦᠢᠯ ᠢ ᠲᠦᠷᠭᠡᠳᠬᠡᠨ ᠠᠬᠢᠭᠤᠯᠵᠤ᠂ 5 ᠵᠡᠭᠡᠯᠢ ᠤᠭᠳᠤᠯᠬᠤ ᠬᠥᠭᠦᠷᠭᠡ ᠶᠢ ᠪᠠᠶᠢᠭᠤᠯᠵᠤ᠂ ᠨᠡᠬᠡᠮᠡᠯ ᠪᠠᠷᠠᠭᠤᠨ ᠵᠡᠭᠡᠯᠢ ᠵᠡᠷᠭᠡ ᠬᠤᠲᠠ ᠶᠢᠨ ᠶᠠᠪᠤᠳᠠᠯ ᠤᠨ 4 ᠵᠤᠷᠪᠤᠰ | ᠵᠠᠮ ᠢ ᠰᠢᠨ᠎ᠡ ᠪᠠᠷ ᠪᠠᠶᠢᠭᠤᠯᠵᠤ᠂ ᠣᠷᠳᠣᠰ ᠶᠡᠭᠡ ᠵᠡᠭᠡᠯᠢ ᠵᠡᠷᠭᠡ ᠵᠡᠭᠡᠯᠢ ᠭᠤᠳᠤᠮᠵᠢ ᠶᠢᠨ ᠪᠣᠷᠣᠭᠠᠨ ᠪᠤᠬᠢᠷ ᠤᠰᠤᠨ ᠤ ᠬᠤᠭᠤᠯᠠᠶ ᠶᠢᠨ ᠲᠣᠤᠷ ᠤᠨ ᠰᠢᠰᠲ᠋ᠧᠮ ᠢ | ᠲᠡᠭᠦᠯᠳᠡᠷᠵᠢᠭᠦᠯᠵᠦ᠂ ᠬᠤᠲᠠ ᠶᠢᠨ ᠤᠰᠤᠲᠤᠯ ᠤᠨ ᠳᠠᠯᠳᠠ ᠬᠡᠮ ᠢ ᠠᠷᠢᠯᠭᠠᠨ᠎ᠠ᠃ 44 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠵᠤ᠂ 28 | ᠪᠠᠷᠢᠯᠭ᠎ᠠ ᠳᠤ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠵᠦ᠂ ᠨᠢᠭᠡᠨᠲᠡ ᠪᠠᠶᠢᠭ᠎ᠠ ᠰᠠᠭᠤᠭᠠᠯᠢ ᠲᠤᠭᠤᠷᠢᠭ ᠲᠤ 20 ᠴᠠᠬᠢᠯᠭᠠᠨ ᠱᠠᠲᠤ ᠶᠢ ᠨᠡᠮᠡᠨ | ᠤᠭᠰᠠᠷᠠᠵᠤ᠂ 100 ᠣᠷᠣᠨ ᠰᠠᠭᠤᠴᠠ ᠶᠢᠨ ᠲᠣᠭᠤᠷᠢᠭ ᠤᠨ ᠦᠯᠡᠳᠡᠭᠳᠡᠯ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠠᠬᠢᠭᠤᠯᠵᠤ᠂ ᠤᠷᠤᠨ ᠰᠠᠭᠤᠴᠠ ᠶᠢᠨ | ᠰᠠᠭᠤᠭᠠᠯᠢ ᠲᠣᠭᠤᠷᠢᠭ ᠤᠨ ᠶᠡᠷᠦᠩᠬᠡᠶᠢᠯᠡᠭᠰᠡᠨ ᠪᠠᠳᠤᠯᠠᠭ᠎ᠠ ᠶᠢᠨ ᠬᠢᠷᠢ ᠲᠦᠪᠰᠢᠨ ᠪᠠ ᠰᠠᠭᠤᠭᠠᠯᠢ ᠠᠷᠠᠳ ᠤᠨ ᠠᠮᠢᠳᠤᠷᠠᠯ ᠤᠨ ᠤᠯᠤᠯᠳᠠ ᠲᠥᠷᠥᠭᠳᠡᠯ ᠢ ᠪᠥᠬᠦ | ᠲᠠᠯ᠎ᠠ ᠪᠠᠷ ᠳᠡᠭᠡᠭᠰᠢᠯᠡᠭᠦᠯᠦᠨ᠎ᠡ᠃ | ᠬᠤᠲᠠ ᠶᠢᠨ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ | ᠲᠤᠭᠳᠠᠯᠴᠠᠭ᠎ᠠ ᠶᠢ ᠪᠦᠷᠢᠨᠰᠢᠬᠦᠯᠦᠨ᠂ ᠣᠷᠣᠨ ᠰᠠᠭᠤᠴᠠ ᠶᠢᠨ ᠠᠳᠠᠯ ᠠᠬᠤᠶ ᠶᠢᠨ ᠦᠢᠯᠡᠴᠢᠯᠡᠭᠡ ᠶᠢ ᠨᠡᠶᠢᠳᠡᠮ ᠪᠦᠷᠬᠦᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ | ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠬᠤᠪᠢᠰᠬᠠᠯᠲᠤ ᠠᠳᠠᠯ ᠠᠬᠤᠶ︾ ᠶᠢᠨ ᠲᠤᠷᠰᠢᠯᠲᠠ ᠶᠢᠨ ᠰᠠᠭᠤᠭᠠᠯᠢ ᠲᠣᠭᠤᠷᠢᠭ ᠤᠨ ᠪᠥᠲᠥᠭᠡᠨ | ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠂ ᠤᠶᠤᠨᠲᠤ ᠠᠳᠠᠯ ᠠᠬᠤᠶ ᠶᠢᠨ ᠬᠠᠮᠢᠶᠠᠷᠤᠯᠲᠠ ᠶᠢᠨ ᠲᠠᠪᠴᠠᠩ ᠢ ᠶᠡᠬᠡᠪᠡᠷ ᠳᠡᠯᠭᠡᠷᠡᠭᠦᠯᠦᠨ ᠬᠡᠷᠡᠭᠯᠡᠵᠦ᠂ ᠠᠳᠠᠯ | ᠠᠬᠤᠶ ᠶᠢᠨ ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢ ᠴᠢᠩᠭᠠᠷᠠᠭᠤᠯᠤᠨ᠂ ᠦᠮᠴᠢᠳᠠᠨ ᠤ ᠺᠤᠮᠢᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠬᠦ ᠴᠢᠳᠠᠪᠤᠷᠢ ᠪᠠ ᠠᠳᠠᠯ | ᠠᠬᠤᠶ ᠶᠢᠨ ᠠᠵᠤ ᠠᠬᠤᠶᠢᠯᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠨᠡᠶᠢᠭᠡᠮ ᠲᠣᠭᠤᠷᠢᠭ ᠤᠨ ᠦᠢᠯᠡᠴᠢᠯᠡᠭᠡᠨ ᠤ | ᠲᠥᠬᠦᠭᠡᠷᠦᠮᠵᠢ ᠶᠢᠨ ᠳᠤᠲᠠᠭᠤᠳᠠᠯ ᠢ ᠠᠯᠢ ᠲᠦᠷᠭᠡᠨ ᠢᠶᠠᠷ ᠨᠥᠬᠦᠪᠥᠷᠢᠯᠡᠵᠦ᠂ ᠢ ᠬᠤᠸᠠᠨ ᠪᠦᠷᠢᠨ ᠪᠦᠲᠦᠨ ᠨᠡᠶᠢᠭᠡᠮ ᠲᠣᠭᠤᠷᠢᠭ ᠤᠨ ᠴᠣᠭᠴᠠᠯᠠᠯᠲᠠ ᠶᠢ | ᠲᠦᠷᠭᠡᠳᠬᠡᠨ ᠠᠬᠢᠭᠤᠯᠵᠤ᠂ ᠣᠯᠠᠨ ᠵᠦᠢᠯ ᠤᠨ ᠲᠥᠷᠥᠯ ᠬᠡᠯᠪᠡᠷᠢ ᠶᠢᠨ ︽ᠨᠢᠭᠡ ᠮᠦᠴᠡ ᠶᠢᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠤᠭᠤᠷᠢᠭ︾ | ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠤᠭ ᠨᠣᠪᠰᠢ ᠶᠢ ᠲᠥᠷᠥᠯ ᠬᠤᠪᠢᠶᠠᠬᠤ ᠶᠢ ᠦᠷᠭᠦᠯᠵᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ | ᠬᠤᠭ ᠨᠣᠪᠰᠢ ᠶᠢ ᠲᠥᠷᠥᠯ ᠬᠤᠪᠢᠶᠠᠨ ᠵᠢᠱᠢᠶ᠎ᠡ ᠦᠵᠡᠭᠦᠯᠬᠦ ᠲᠣᠭᠤᠷᠢᠭ ᠤᠨ ᠬᠥᠲᠥᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠬᠤᠲᠠ | ᠲᠣᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠪᠦᠷᠬᠦᠬᠦᠯᠳᠠ ᠶᠢ ᠠᠬᠢᠭᠤᠯᠤᠨ᠎ᠠ᠃ ᠤᠶᠤᠨᠲᠤ ᠬᠤᠲᠠ ᠶᠢᠨ ᠪᠠᠶᠢᠭᠤᠯᠤᠯᠲᠠ ᠶᠢ ᠢᠳᠡᠪᠬᠢᠲᠡᠶ | ᠠᠬᠢᠭᠤᠯᠵᠤ᠂ ᠬᠤᠲᠠ ᠶᠢᠨ ᠠᠵᠢᠯᠯᠠᠭᠠᠨ ᠤ ᠬᠠᠮᠢᠶᠠᠷᠤᠯᠲᠠ ᠵᠡᠷᠭᠡ ᠲᠣᠭᠠᠴᠢᠯᠠᠭᠰᠠᠨ ᠲᠠᠪᠴᠠᠩ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ ᠶᠢ ᠴᠢᠷᠮᠠᠶᠢᠨ ᠪᠡᠶᠡᠯᠡᠭᠦᠯᠵᠦ᠂ ᠬᠠᠮᠲᠤ ᠪᠠᠷ | ᠪᠠᠶᠢᠭᠤᠯᠵᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠬᠤᠲᠠ ᠶᠢᠨ ᠬᠠᠮᠢᠶᠠᠷᠤᠯᠲᠠ ᠶᠢᠨ ᠰᠢᠨ᠎ᠡ ᠪᠠᠶᠢᠷᠢᠰᠢᠯ ᠢ ᠪᠤᠢ ᠪᠤᠯᠭᠠᠨ᠎ᠠ᠃ | ᠬᠤᠲᠠ ᠬᠥᠳᠡᠭᠡ ᠶᠢᠨ ᠠᠭᠤᠰᠤᠯᠴᠠᠨ ᠬᠦᠭᠵᠢᠬᠦ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ︽ᠬᠤᠲᠠ ᠶᠢᠨ ᠲᠡᠭᠦᠷᠭᠡ ᠶᠢᠨ ᠬᠡᠯᠪᠡᠷᠢ ᠶᠢᠨ ᠬᠤᠲᠠ ᠶᠢᠨ | ᠬᠦᠳᠡᠭᠡ ᠠᠵᠤ ᠠᠬᠤᠶ︾ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠲᠠ ᠳᠤ ᠦᠢᠯᠡᠴᠢᠯᠡᠬᠦ᠂ ᠬᠤᠲᠠ ᠪᠠᠷ ᠬᠥᠳᠡᠭᠡ ᠲᠣᠰᠬᠤᠨ ᠢ | ᠳᠠᠶᠢᠴᠢᠯᠠᠬᠤ᠂ ᠬᠤᠲᠠ ᠬᠥᠳᠡᠭᠡ ᠶᠢ ᠨᠢᠭᠡ ᠴᠣᠭᠴᠠᠵᠢᠭᠤᠯᠬᠤ︾ ᠶᠡᠷᠦᠩᠬᠡᠶ ᠰᠡᠳᠬᠢᠴᠡ ᠶᠣᠰᠣᠭᠠᠷ᠂ ᠣᠲᠣ ᠦᠶ᠎ᠡ ᠶᠢᠨ ᠲᠠᠷᠢᠶᠠᠯᠠᠩ ᠪᠠ ᠤᠶᠤᠨᠲᠤ ᠲᠠᠷᠢᠶᠠᠯᠠᠩ ᠢ | ᠪᠥᠬᠦ ᠬᠦᠴᠦᠨ ᠢᠶᠠᠷ ᠢᠶᠠᠨ ᠬᠦᠭᠵᠢᠬᠦᠯᠦᠨ᠎ᠠ᠃ 2000 ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ | ᠠᠬᠢᠭᠤᠯᠵᠤ᠂ ᠲᠠᠷᠢᠶᠠᠯᠠᠩ ᠤᠨ ᠤᠶᠤᠨᠲᠤ ᠬᠦᠨᠳᠡᠢ᠂ ᠶᠢᠨ ᠸᠠᠨ ᠠᠮᠢ ᠠᠬᠤᠶ ᠶᠢᠨ ᠬᠦᠷᠢᠶᠡᠯᠡᠩ᠂ ᠡᠷᠡᠭᠦᠯ ᠮᠡᠨᠳᠦ ᠢᠳᠡᠭᠡᠨ ᠤ ᠠᠵᠤ ᠦᠢᠯᠡᠰ ᠤᠨ ᠵᠢᠱᠢᠶ᠎ᠡ | ᠦᠵᠡᠭᠦᠯᠬᠦ ᠬᠦᠷᠢᠶᠡᠯᠡᠩ᠂ ᠡᠪᠡᠰᠦᠨ ᠡᠮ ᠳᠠᠷᠢᠵᠤ ᠡᠳ᠋ᠰᠢᠭᠦᠯᠬᠦ ᠰᠠᠭᠤᠷᠢᠨ ᠭᠠᠵᠠᠷ ᠵᠡᠷᠭᠡ ᠲᠠᠷᠢᠶᠠᠯᠠᠩ ᠮᠠᠯ ᠠᠵᠤ ᠠᠬᠤᠶ ᠶᠢᠨ ᠭᠤᠤᠯᠳᠠᠯᠭ᠎ᠠ ᠲᠠᠢ ᠲᠥᠷᠥᠯ | ᠵᠤᠶᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠬᠤᠲᠠ ᠶᠢᠨ ᠬᠡᠷᠡᠭᠯᠡᠭᠡ ᠪᠠ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ | ᠲᠣᠭᠤᠷᠢᠨ ᠳᠤ᠂ ᠵᠤᠭᠠᠴᠠᠨ ᠰᠡᠯᠡᠬᠦᠴᠡᠬᠦ᠂ ᠦᠷ᠎ᠠ ᠵᠢᠮᠢᠰ ᠲᠡᠭᠦᠵᠦ ᠲᠤᠭᠤᠷᠢᠨ ᠦᠵᠡᠬᠦ᠂ ᠣᠨᠴᠠᠯᠢᠭᠲᠤ ᠢᠳᠡᠭᠡᠨ ᠤᠮᠳᠠᠭᠠᠨ ᠵᠡᠷᠭᠡ ᠡᠵᠡᠩᠨᠡᠯᠲᠡ ᠶᠢᠨ ᠬᠡᠯᠪᠡᠷᠢ | ᠪᠠᠶᠢᠳᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠭᠤᠸ᠎ᠠ ᠵᠢᠮᠢᠰ ᠢᠳᠡᠰᠢᠨ ᠨᠣᠭᠤᠭ᠎ᠠ᠂ | ᠡᠪᠡᠰᠦᠨ ᠡᠮ᠂ ᠬᠤᠯᠢᠮᠠᠭ ᠠᠮᠤ ᠵᠡᠷᠭᠡ ᠠᠵᠤ ᠠᠬᠤᠶ ᠶᠢᠨ ᠲᠠᠷᠢᠮᠠᠯ ᠲᠠᠷᠢᠭᠤᠯᠵᠤ᠂ ᠸᠠᠨ ᠫᠦ᠋ ᠱᠠᠨ ᠹᠠᠩ᠂ ᠯᠢᠦᠢ ᠵᠦᠩ ᠵᠡᠷᠭᠡ ᠠᠵᠤ ᠠᠬᠤᠶᠢᠯᠠᠯ ᠢ ᠲᠠᠮᠵᠢᠨ | ᠪᠡᠯᠡᠬᠡᠨ ᠨᠣᠭᠤᠭ᠎ᠠ ᠶᠢᠨ ᠠᠵᠤ ᠦᠢᠯᠡᠰ ᠢ ᠪᠤᠵᠠᠭᠠᠶᠢᠷᠠᠭᠤᠯᠵᠤ᠂ ᠵᠤᠤᠬ᠎ᠠ ᠶᠢᠨ ᠬᠤᠭᠤᠯᠠᠢ ᠶᠢᠨ ᠠᠮᠢ ᠠᠬᠤᠶ ᠶᠢᠨ ᠬᠥᠳᠡᠭᠡ ᠲᠣᠰᠬᠤᠨ ᠤ ᠵᠤᠭᠠᠴᠠᠯ ᠤᠨ ᠣᠷᠣᠨ᠂ | ᠰᠢᠨ ᠪᠦᠦ ᠹᠧᠩ ᠣᠲᠣ ᠦᠶ᠎ᠡ ᠶᠢᠨ ᠳᠠᠷᠢᠵᠤ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠵᠡᠷᠭᠡ ᠲᠥᠷᠥᠯ ᠵᠦᠢᠯ ᠤᠨ ᠠᠵᠢᠯ ᠡᠬᠢᠯᠡᠭᠦᠯᠦᠨ ᠪᠥᠲᠥᠭᠡᠨ | ᠪᠠᠶᠢᠭᠤᠯᠬᠤ ᠶᠢ ᠢᠳᠡᠪᠬᠢᠲᠡᠶ ᠠᠬᠢᠭᠤᠯᠤᠨ᠎ᠠ᠃ ︽ᠲᠠᠷᠢᠶᠠᠯᠠᠩ ᠪᠠ ᠬᠡᠷᠡᠯ ᠤᠨ ᠬᠠᠷᠢᠯᠴᠠᠨ ᠨᠥᠬᠦᠪᠥᠷᠢᠯᠡᠬᠦ︾ ︽ᠡᠪᠡᠰᠦ ᠪᠠ ᠬᠡᠷᠡᠯ ᠤᠨ ᠬᠠᠷᠢᠯᠴᠠᠨ ᠨᠥᠬᠦᠪᠥᠷᠢᠯᠡᠬᠦ︾ | ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠶᠢ ᠨᠡᠶᠢᠯᠡᠭᠦᠯᠦᠨ ᠠᠰᠢᠭᠯᠠᠬᠤ ᠰᠢᠨ᠎ᠡ ᠵᠠᠭᠪᠤᠷ ᠢ ᠶᠡᠬᠡᠪᠡᠷ ᠬᠥᠭᠵᠢᠭᠦᠯᠵᠦ᠂ ᠭᠠᠵᠠᠷ ᠰᠢᠷᠣᠶ ᠶᠢᠨ ᠠᠰᠢᠭᠯᠠᠯᠲᠠ ᠶᠢᠨ ᠦᠷ᠎ᠡ | ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠎ᠡ᠃ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠨ ᠲᠠᠷᠢᠶᠠᠯᠠᠩ ᠳᠤ ᠪᠡᠯᠡ ᠣᠷᠣᠭᠤᠯᠬᠤ ᠶᠢ | ᠳᠠᠮᠵᠢᠵᠤ᠂ ᠲᠠᠷᠢᠶᠠᠴᠢᠳ ᠤᠨ ᠠᠰᠢᠭ ᠲᠤᠰᠠ ᠶᠢᠨ ᠬᠤᠯᠪᠤᠭᠠᠳᠤ ᠲᠣᠭᠲᠠᠴᠠ ᠶᠢ ᠲᠡᠭᠦᠯᠳᠡᠷᠵᠢᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠶ ᠶᠢᠨ | ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠮᠢᠩᠭᠠᠨ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠭᠦᠨᠵᠡᠭᠡᠶ ᠰᠤᠷᠤᠯᠴᠠᠨ ᠬᠡᠷᠡᠭᠵᠢᠬᠦᠯᠵᠤ | ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠶᠢ ᠪᠦᠬᠦ ᠲᠠᠯ᠎ᠠ ᠪᠠᠷ ᠠᠬᠢᠭᠤᠯᠵᠤ᠂ | ᠡᠷᠦᠬᠡ ᠶᠢᠨ ᠵᠣᠷᠯᠣᠩ ᠢ ᠥᠭᠡᠷᠡᠴᠢᠯᠡᠬᠦ᠂ ᠪᠣᠬᠢᠷ ᠤᠰᠤ ᠬᠤᠭ ᠨᠣᠪᠰᠢ ᠶᠢ ᠴᠤᠭᠯᠠᠭᠤᠯᠤᠨ ᠰᠢᠢᠳᠪᠦᠷᠢᠯᠡᠬᠦ ᠪᠠ ᠲᠠᠷᠢᠵᠤ ᠲᠡᠵᠢᠭᠡᠨ ᠦᠷᠡᠵᠢᠭᠦᠯᠬᠦ ᠤᠶᠢᠯᠡᠰ ᠤᠨ | ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠲᠦᠪᠰᠢᠨ ᠢ ᠲᠡᠭᠡᠭᠰᠢᠯᠡᠬᠦᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠬᠦᠴᠦᠲᠡᠢ ᠪᠥᠭᠡᠳ ᠪᠦᠲᠦᠮᠵᠢᠲᠡᠢ ᠠᠬᠢᠭᠤᠯᠤᠨ᠎ᠠ᠃ | ︵ᠲᠦᠷᠪᠡ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ︽ᠬᠥᠳᠡᠯᠭᠡᠬᠦ ᠬᠦᠴᠦᠨ︾ ᠢ ᠨᠡᠮᠡᠭᠳᠡᠬᠦᠯᠬᠦ ᠶᠢᠨ ᠲᠣᠭᠤᠷᠢᠨ ᠳᠤ᠂ ᠴᠢᠨᠠᠷ ᠰᠠᠶᠢᠲᠠᠢ | ᠬᠥᠭᠵᠢᠯᠲᠡ ᠶᠢᠨ ︽ᠰᠢᠨ᠎ᠡ ᠬᠦᠳᠡᠯᠬᠡᠭᠴᠢ ᠬᠦᠴᠦᠨ︾ ᠢ ᠪᠦᠬᠦ ᠬᠦᠴᠦᠨ ᠢᠶᠠᠷ ᠢᠶᠠᠨ ᠬᠦᠭᠵᠢᠬᠡᠨ᠎ᠠ᠃ | ᠲᠥᠯᠥᠭᠡᠯᠡᠭᠴᠢᠳ ᠡ᠂ ᠪᠢᠳᠡ ᠰᠢᠨᠵᠢᠯᠡᠬᠦ ᠤᠬᠠᠭᠠᠨ ᠮᠡᠷᠭᠡᠵᠢᠯ ᠤᠨ ︽ᠪᠤᠭᠤᠮᠳᠠ ᠰᠢᠪᠲᠤᠯᠬᠤ︾ ᠢᠨᠵᠧᠨᠧᠷᠢᠩ ᠪᠠ ᠴᠢᠯᠥᠭᠡᠲᠦ ᠠᠷᠠᠯᠵᠢᠶᠠᠨ ᠤ ᠲᠣᠭᠤᠷᠢᠭ ᠢ | ᠡᠭᠦᠳᠦᠨ ᠪᠠᠶᠢᠭᠤᠯᠬᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠵᠠᠩᠭᠢᠯᠠᠭ᠎ᠠ ᠶᠢᠨ ᠬᠦᠷᠢᠶ᠎ᠡ ᠶᠢ ᠠᠳᠬᠤᠨ᠂ ᠭᠤᠤᠯᠳᠠᠯᠭ᠎ᠠ ᠲᠠᠢ ᠭᠤᠭᠴᠤᠭ᠎ᠠ ᠶᠢ ᠪᠠᠲᠤ | ᠠᠩᠬᠠᠷᠴᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠣᠷᠴᠢᠨ ᠲᠣᠭᠤᠷᠢᠨ ᠢ ᠪᠣᠶ ᠪᠣᠯᠭᠠᠬᠤ᠂ ᠨᠡᠭᠡᠭᠡᠯᠲᠡ ᠬᠢᠵᠦ ᠬᠠᠮᠲᠤᠷᠠᠯᠴᠠᠬᠤ ᠴᠢᠳᠠᠪᠤᠷᠢ ᠪᠠᠨ | ᠲᠠᠰᠤᠷᠠᠯᠲᠠ ᠥᠬᠡᠶ ᠳᠡᠭᠡᠭᠰᠢᠯᠡᠭᠦᠯᠦᠨ᠂ ︽ᠰᠢᠯᠢᠳᠡᠭ ᠦᠢᠯᠡᠴᠢᠯᠡᠭᠡᠨ ᠤ ᠣᠷᠴᠢᠨ ᠲᠣᠭᠤᠷᠢᠨ ᠤ ᠵᠢᠱᠢᠶ᠎ᠡ ᠦᠵᠡᠭᠦᠯᠬᠦ ᠲᠤᠭᠤᠷᠢᠭ︾ ᠢ ᠪᠥᠬᠦ ᠲᠠᠯ᠎ᠠ ᠪᠠᠷ ᠪᠣᠶ | ᠪᠤᠯᠭᠠᠨ᠎ᠠ᠃ | ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠥᠭᠡᠷᠡᠴᠢᠯᠡᠯᠲᠡ ᠨᠡᠭᠡᠭᠡᠯᠲᠡ ᠳᠤ ᠲᠦᠰᠢᠭᠯᠡᠨ ᠬᠥᠭᠵᠢᠯᠲᠡ ᠶᠢᠨ | ᠳᠣᠲᠣᠭᠠᠳᠤ ᠬᠥᠳᠡᠯᠭᠡᠬᠦ ᠬᠦᠴᠦᠨ ᠢ ᠴᠢᠩᠭᠠᠳᠬᠠᠬᠤ ᠶᠢ ᠪᠠᠷᠢᠮᠲᠠᠯᠠᠵᠤ᠂ ᠬᠦᠴᠦᠨ ᠵᠤᠶᠢᠯ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠶᠢ | ᠦᠷᠭᠦᠯᠵᠢᠯᠡᠨ ᠠᠬᠢᠭᠤᠯᠵᠤ᠂ ︽ᠪᠠᠷᠢᠮᠵᠢᠶᠠᠲᠤ ᠭᠠᠵᠠᠷ ᠰᠢᠷᠣᠶ + ᠠᠮᠠᠯᠠᠯᠲᠠ ᠶᠢᠨ ᠳᠦᠷᠢᠮ︾ ᠤᠨ ᠥᠭᠡᠷᠡᠴᠢᠯᠡᠯᠲᠡ ᠪᠠᠷ ᠰᠢᠪᠲᠤᠯᠤᠯᠲᠠ ᠪᠣᠯᠭᠠᠵᠤ᠂ ᠭᠠᠵᠠᠷ | ᠰᠢᠷᠣᠶ᠂ ᠬᠥᠷᠥᠩᠭᠡ᠂ ᠮᠡᠷᠭᠡᠵᠢᠯ ᠵᠡᠷᠭᠡ ᠦᠢᠯᠡᠳᠪᠦᠷᠢᠯᠡᠯ ᠤᠨ ᠬᠦᠴᠦᠨ ᠵᠤᠶᠢᠯ ᠤᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠬᠦᠷᠢᠶ᠎ᠡ ᠲᠡᠰᠢ ᠲᠦᠷᠭᠡᠨ | ᠲᠥᠪᠯᠡᠷᠡᠬᠦ ᠶᠢ ᠠᠬᠢᠭᠤᠯᠤᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ | ᠭᠦᠨᠵᠡᠭᠡᠶ ᠬᠡᠷᠡᠭᠵᠢᠭᠦᠯᠵᠦ᠂ ᠲᠤᠭᠤᠷᠢᠭ ᠤᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠲᠤᠰᠬᠠᠶᠢᠵᠢᠭᠤᠯᠤᠨ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ | ᠪᠠᠶᠢᠭᠤᠯᠬᠤ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠤᠯᠤᠰ ᠤᠨ ᠥᠮᠴᠢᠯᠡᠯᠲᠦ ᠠᠵᠤ ᠠᠬᠤᠶ ᠶᠢᠨ ᠪᠠᠶᠢᠷᠢᠯᠠᠭᠤᠯᠤᠯᠳᠠ ᠪᠦᠲᠦᠴᠡ ᠶᠢ ᠤᠯᠠᠮ ᠨᠢᠭᠡ ᠠᠯᠬᠤᠮ | ᠲᠣᠬᠢᠷᠠᠭᠤᠯᠤᠨ ᠰᠢᠯᠢᠳᠡᠭᠵᠢᠭᠦᠯᠵᠦ᠂ ᠲᠥᠪ ᠤᠨ ᠠᠵᠤ ᠠᠬᠤᠶᠢᠯᠠᠯ ᠪᠠ ᠠᠵᠢᠯ ᠲᠥᠷᠥᠯ ᠤᠨ ᠲᠣᠯᠣᠭᠠᠶᠢᠯᠠᠭᠴᠢ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠶᠢ | ᠥᠷᠭᠡᠳᠬᠡᠬᠦ ᠶᠢ ᠴᠢᠩᠭᠠᠳᠬᠠᠵᠤ᠂ ᠡᠳ᠋ ᠬᠥᠷᠥᠩᠭᠡ ᠶᠢᠨ ᠬᠡᠪᠴᠢᠶ᠎ᠡ ᠨᠢ 300 ᠳ᠋ᠦᠩᠰᠢᠭᠤᠷ ᠲᠥᠭᠦᠷᠢᠭ ᠢ ᠳᠠᠪᠠᠭᠰᠠᠨ ᠳᠠᠪᠠᠭᠤᠯᠢᠭ ᠠᠵᠤ ᠠᠬᠤᠶᠢᠯᠠᠯ ᠤᠨ | ᠪᠦᠯᠦᠭᠯᠡᠯ ᠢ ᠪᠠᠶᠢᠭᠤᠯᠬᠤ ᠶᠢ ᠠᠬᠢᠭᠤᠯᠵᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠠᠮᠢᠵᠢᠷᠠᠯ ᠤᠨ ᠬᠦᠴᠦᠨ ᠪᠠ ᠦᠷ᠎ᠡ ᠠᠰᠢᠭ ᠢ ᠭᠦᠢᠴᠡᠳ ᠬᠥᠭᠵᠢᠭᠡᠨ᠎ᠡ᠃ | ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠬᠤᠪᠢᠶᠠᠷᠢᠯᠠᠵᠤ᠂ ᠤᠳᠤ ᠦᠶ᠎ᠡ ᠶᠢᠨ ᠲᠥᠰᠥᠪ ᠤᠨ ᠳᠦᠷᠢᠮ ᠢ ᠪᠦᠷᠢᠨᠰᠢᠭᠦᠯᠦᠨ᠂ | ᠡᠳ᠋ ᠤᠨ ᠵᠠᠰᠠᠭ ᠤᠨ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠡᠳ᠋ ᠤᠨ | ᠵᠠᠰᠠᠭ ᠤᠨ ᠪᠠᠲᠤᠯᠠᠭ᠎ᠠ ᠶᠢᠨ ᠴᠢᠳᠠᠪᠤᠷᠢ ᠪᠠ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠲᠠᠷᠢᠶᠠᠯᠠᠩ ᠬᠥᠳᠡᠭᠡ ᠲᠣᠰᠬᠤᠨ᠂ ᠡᠮ ᠡᠮᠨᠡᠯᠭᠡ ᠡᠷᠡᠭᠦᠯ | ᠬᠠᠮᠠᠭᠠᠯᠠᠯ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠶᠢᠨ ᠠᠵᠢᠯ ᠢ ᠯᠠᠪᠳᠠᠭᠤᠨ ᠢᠶᠠᠷ ᠠᠬᠢᠭᠤᠯᠵᠤ᠂ ᠲᠡᠷᠡ ᠬᠡᠪ ᠢᠶᠠᠷ ᠨᠢ ᠳᠡᠯᠭᠡᠷᠡᠭᠦᠯᠵᠦ ᠪᠣᠯᠬᠤ ︽ᠳ᠋ᠦᠩᠱᠧᠩ ᠤᠨ | ᠲᠤᠷᠰᠢᠯᠭ᠎ᠠ︾ ᠶᠢ ᠬᠠᠶᠢᠨ ᠰᠦᠪᠡᠭᠴᠢᠯᠡᠨ᠎ᠡ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠥᠬᠦ ᠬᠤᠲᠠ ᠶᠢᠨ ︽ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠲᠦᠷᠦ ᠶᠢᠨ ᠪᠤᠳᠤᠯᠭ᠎ᠠ 30 ᠵᠤᠷᠪᠤᠰ︾ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠭᠤᠤᠯᠳᠠᠯᠭ᠎ᠠ ᠲᠠᠢ ᠲᠤᠰᠬᠠᠶ ᠪᠣᠭᠤᠮᠲᠠ ᠰᠢᠪᠲᠤᠯᠬᠤ ᠲᠥᠷᠥᠯ ᠵᠦᠢᠯ ᠢ ᠲᠠᠨᠢᠯᠴᠠᠭᠤᠯᠤᠨ ᠮᠡᠳᠡᠭᠦᠯᠵᠦ᠂ ᠲᠣᠭᠠᠴᠢᠯᠠᠭᠰᠠᠨ ᠠᠵᠤ ᠠᠬᠤᠶ᠂ ᠣᠲᠣ ᠦᠶ᠎ᠡ ᠶᠢᠨ | ᠡᠨᠧᠷᠭᠢ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ 30 ᠠᠴᠠ ᠳᠡᠭᠡᠭᠰᠢ ᠬᠡᠷᠡᠭᠵᠢᠭᠦᠯᠦᠨ᠎ᠡ᠃ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠲᠦᠷᠭᠡᠳᠬᠡᠵᠦ᠂ ᠱᠠᠩ ᠳ᠋ᠧ ᠶᠢᠨ ᠥᠮᠡᠨ ᠢ ᠡᠰᠡᠷᠭᠦᠴᠡᠬᠦ ᠰᠢᠨ᠎ᠡ ᠡᠮ ᠢ | ᠰᠤᠳᠤᠯᠤᠨ ᠨᠡᠭᠡᠭᠡᠬᠦ᠂ ᠢᠮᠠᠭᠠᠨ ᠨᠤᠤᠯᠤᠭᠤᠷ ᠤᠨ ᠦᠬᠡᠬᠦ ᠲᠣᠰᠣ ᠶᠢ ᠭᠠᠷᠭᠠᠨ ᠠᠪᠬᠤ ᠵᠡᠷᠭᠡ ᠵᠠᠪᠰᠠᠷ ᠤᠨ ᠲᠤᠷᠰᠢᠯᠲᠠ ᠶᠢᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠪᠦᠬᠦ ᠬᠤᠲᠠ ᠶᠢᠨ ᠤᠯᠤᠰ ᠤᠨ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠤᠨ ᠰᠢᠨ᠎ᠡ ᠶᠢ ᠡᠬᠦᠳᠦᠭᠰᠡᠨ ᠵᠢᠱᠢᠶ᠎ᠡ | ᠦᠵᠡᠭᠦᠯᠬᠦ ᠣᠷᠣᠨ ᠢ ᠪᠦᠲᠦᠭᠡᠨ ᠪᠠᠶᠢᠭᠤᠯᠬᠤ ᠳᠤ ᠬᠦᠴᠦᠨ ᠨᠡᠮᠡᠷᠢᠯᠡᠨ᠎ᠡ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ | ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠨ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ | ᠵᠢᠵᠢᠭ ᠠᠵᠤ ᠠᠬᠤᠶᠢᠯᠠᠯ ᠢ ︽ᠬᠤᠶᠠᠷ ᠳᠠᠬᠢᠨ ᠢᠶᠠᠷ ᠨᠡᠮᠡᠭᠳᠡᠭᠦᠯᠬᠦ︾ ᠶᠢ ᠠᠬᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 35 ᠠᠴᠠ | ᠳᠡᠭᠡᠭᠰᠢ ᠳᠤ ᠬᠦᠷᠬᠡᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 80 ᠠᠴᠠ ᠳᠡᠭᠡᠭᠰᠢ ᠳᠤ ᠬᠦᠷᠬᠡᠬᠦ ᠪᠠᠷ | ᠴᠢᠷᠮᠠᠶᠢᠨ᠎ᠠ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠤᠪᠢ | ᠬᠤᠷᠠᠮᠳᠤᠭᠤᠯᠬᠤ ᠳᠦᠷᠢᠮ ᠤᠨ ᠥᠭᠡᠷᠡᠴᠢᠯᠡᠯᠲᠡ ᠶᠢ ᠠᠬᠢᠭᠤᠯᠤᠨ᠂ ︽ᠭᠤᠷᠪᠠ ᠶᠢ ᠦᠭᠡᠶᠢᠰᠬᠡᠬᠦ︾ ᠠᠵᠤ ᠠᠬᠤᠶᠢᠯᠠᠯ ᠢ 5 ᠠᠴᠠ ᠳᠡᠭᠡᠭᠰᠢ ᠰᠢᠨ᠎ᠡ ᠪᠠᠷ | ᠨᠡᠮᠡᠭᠳᠡᠭᠦᠯᠵᠦ᠂ ᠠᠵᠤ ᠠᠬᠤᠶᠢᠯᠠᠯ ᠢ ᠵᠢᠯᠣᠭᠤᠳᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠣᠭᠤᠯᠤᠯᠲᠠ ᠶᠢ ᠴᠢᠩᠭᠠᠳᠬᠠᠵᠤ᠂ ᠠᠵᠤ | ᠠᠬᠤᠶᠢᠯᠠᠯ ᠲᠦᠷᠦᠭᠦᠯᠡᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ | ᠬᠤᠯᠪᠣᠭ᠎ᠠ ᠪᠠ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠪᠠᠶᠢᠭᠤᠯᠬᠤ ᠶᠢ ᠵᠣᠷᠢᠭᠵᠢᠭᠤᠯᠵᠤ᠂ ︽ᠭᠠᠭᠴᠠ ᠡᠪᠡᠷᠲᠦ ᠠᠷᠢᠶᠠᠲᠠᠨ︾ ︽ᠵᠢᠵᠢᠭ | ᠠᠪᠤᠷᠭᠤ ᠬᠥᠮᠦᠨ︾ ᠤ ᠠᠵᠤ ᠠᠬᠤᠶᠢᠯᠠᠯ ᠢ ᠢᠳᠡᠪᠬᠢᠳᠠᠢ ᠪᠠᠷ ᠪᠤᠶᠢᠵᠢᠭᠤᠯᠤᠨ᠎ᠠ᠃ ᠡᠯ᠎ᠡ ᠲᠥᠷᠥᠯ ᠤᠨ ᠰᠢᠨ᠎ᠡ ᠶᠢ ᠡᠭᠦᠳᠬᠦ ᠲᠠᠪᠴᠠᠩ ᠤᠨ ᠴᠢᠳᠠᠪᠤᠷᠢ ᠲᠠᠰ ᠢ | ᠲᠦᠷᠭᠡᠳᠬᠡᠨ ᠳᠡᠭᠡᠭᠰᠢᠯᠡᠭᠦᠯᠵᠦ᠂ ᠤᠯᠤᠰ ᠤᠨ ᠢᠮᠠᠭᠠᠨ ᠨᠤᠤᠯᠤᠭᠤᠷ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠥᠬᠦ ᠲᠠᠯ᠎ᠠ ᠪᠠᠷ ᠡᠭᠦᠳᠦᠨ ᠪᠠᠶᠢᠭᠤᠯᠵᠤ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ 2 ᠢ ᠰᠢᠨ᠎ᠡ ᠪᠠᠷ ᠨᠡᠮᠡᠭᠳᠡᠭᠦᠯᠦᠨ᠎ᠡ᠃ | ︽ᠴᠢᠳᠠᠪᠤᠷᠢᠲᠠᠨ ᠢᠶᠠᠷ ᠲᠤᠭᠤᠷᠢᠭ ᠢᠶᠠᠨ ᠬᠦᠴᠦᠷᠬᠡᠭᠵᠢᠭᠦᠯᠬᠦ 20 ᠵᠤᠷᠪᠤᠰ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠳ᠋ᠦᠩᠱᠧᠩ ᠳᠤ | ᠴᠢᠳᠠᠪᠤᠷᠢᠲᠠᠨ ᠢ ᠴᠤᠭᠯᠠᠷᠠᠭᠤᠯᠬᠤ︾᠂ ᠰᠢᠯᠢᠳᠡᠭ ᠴᠢᠳᠠᠪᠤᠷᠢᠲᠠᠨ ᠤ ︽ᠳᠠᠭᠠᠭᠤᠯᠤᠭᠴᠢ ᠶᠢ ᠲᠠᠲᠠᠨ ᠣᠷᠣᠭᠤᠯᠬᠤ︾᠂ ︽ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠰᠢᠨ᠎ᠠ ᠲᠠᠷᠢᠶᠠᠴᠢᠨ︾ ᠵᠡᠷᠭᠡ ᠴᠢᠳᠠᠪᠤᠷᠢᠲᠠᠨ ᠢ ᠣᠷᠣᠭᠤᠯᠤᠨ ᠬᠥᠮᠥᠵᠢᠭᠦᠯᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ︽ᠴᠢᠳᠠᠪᠤᠷᠢᠲᠠᠨ ᠢ | ᠳ᠋ᠦᠩᠱᠧᠩ ᠳᠤ ᠣᠷᠣᠭᠤᠯᠤᠨ ᠠᠪᠴᠢᠷᠠᠬᠤ︾ ᠲᠤᠰᠬᠠᠢ ᠠᠵᠢᠯᠯᠠᠭ᠎ᠠ ᠶᠢ ᠠᠬᠢᠭᠤᠯᠵᠤ᠂ ᠥᠨᠳᠥᠷ ᠬᠢᠷᠢ ᠲᠦᠪᠰᠢᠨ ᠲᠠᠢ ᠴᠢᠳᠠᠪᠤᠷᠢᠲᠠᠨ ᠤ ᠥᠨᠳᠦᠷᠯᠢᠭ ᠢ | ᠬᠦᠴᠦᠯᠡᠨ ᠪᠠᠶᠢᠭᠤᠯᠤᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠪᠥᠬᠦ ᠤᠯᠤᠰ ᠤᠨ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠪᠣᠶ ᠪᠣᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ 4.0 | ᠲᠥᠰᠦᠯ ᠤᠨ ᠡᠭᠦᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠢᠳᠡᠪᠬᠢᠲᠡᠶ ᠠᠬᠢᠭᠤᠯᠵᠤ᠂ ︽ᠲᠠᠪᠤᠨ ᠬᠠᠨᠤᠮᠵᠢᠳᠠᠢ︾ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠤᠨ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠨᠠᠩ ᠣᠯᠠᠨ ᠦᠨᠡᠯᠡᠯᠲᠡ ᠶᠢᠨ ᠬᠦᠢᠴᠡᠳᠬᠡᠯ | ᠲᠤᠭ᠎ᠠ ᠶᠢ ᠥᠪᠡᠷᠲᠡᠭᠡᠨ ᠵᠠᠰᠠᠬᠤ ᠣᠷᠣᠨ ᠤ ᠲᠡᠷᠢᠬᠦᠨ ᠳᠤ ᠣᠷᠣᠭᠤᠯᠬᠤ ᠪᠠᠷ ᠴᠢᠷᠮᠠᠶᠢᠨ᠎ᠠ᠃ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠪᠦᠬᠦ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠶᠢ ᠲᠠᠰᠤᠷᠠᠯᠲᠠ ᠦᠭᠡᠢ | ᠰᠢᠯᠢᠳᠡᠭᠵᠢᠭᠦᠯᠦᠨ᠂ ︽ᠰᠦᠯᠵᠢᠶᠡᠨ ᠳᠡᠭᠡᠷ᠎ᠡ ᠭᠦᠢᠴᠡᠳᠬᠡᠬᠦ︾᠂ ︽ᠣᠶᠢᠷ᠎ᠠ ᠬᠠᠪᠢ ᠳᠤᠨᠢ ᠭᠦᠢᠴᠡᠳᠬᠡᠬᠦ︾᠂ ︽ᠠᠯᠠᠭᠠᠨ ᠳᠡᠭᠡᠷ᠎ᠡ ᠭᠦᠢᠴᠡᠳᠬᠡᠬᠦ︾ ᠶᠢ | ᠭᠦᠨᠵᠡᠭᠡᠢ ᠠᠬᠢᠭᠤᠯᠵᠤ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠲᠦᠪᠯᠡᠷᠡᠭᠰᠡᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ | ᠳ᠋ᠦᠩᠱᠧᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠪᠢᠶᠠᠷᠢ ᠲᠥᠪ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ︽ | ᠮᠥᠩᠬᠡ ᠰᠣᠪᠠᠭ · ᠣᠷᠳᠣᠰ ᠰᠤᠪᠠᠭ︾ ᠤᠨ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠭᠦᠯᠬᠦ ᠶᠢ ᠲᠦᠷᠬᠡᠳᠬᠡᠨ᠎ᠠ᠃ ︽ᠭᠡᠷᠡᠴᠢᠯᠡᠯ ᠦᠭᠡᠢ ᠬᠤᠲᠠ︾ ᠶᠢ | ᠢᠳᠡᠪᠬᠢᠲᠡᠢ ᠡᠭᠦᠳᠦᠨ ᠪᠠᠶᠢᠭᠤᠯᠵᠤ᠂ ᠨᠢᠭᠡ ᠪᠦᠯᠦᠭ ︽ᠭᠡᠷᠡᠴᠢᠯᠡᠯ ᠦᠭᠡᠢ ᠪᠠᠷ ᠭᠦᠢᠴᠡᠳᠬᠡᠬᠦ︾ ︽ᠠᠯᠤᠰ ᠠᠴᠠ ᠭᠦᠢᠴᠡᠳᠬᠡᠬᠦ︾ ᠵᠦᠢᠯᠡᠰ ᠢ ᠬᠡᠷᠡᠭᠵᠢᠭᠦᠯᠵᠦ᠂ | ᠪᠡᠶ᠎ᠡ ᠶᠢᠨ ᠭᠠᠷᠤᠯ ᠤᠨ ︽ᠡᠯᠧᠺᠲᠷᠤᠨ ᠺᠣᠳ᠋︾ ᠤᠨ ᠬᠡᠷᠡᠭᠯᠡᠭᠡᠨ ᠤ ᠪᠠᠶᠢᠳᠠᠯ ᠴᠢᠳᠠᠮᠵᠢ ᠶᠢ ᠳᠡᠯᠭᠡᠷᠡᠭᠦᠯᠦᠨ ᠥᠷᠭᠡᠳᠬᠡᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠳᠡᠰ ᠳᠡᠪᠰᠢᠭᠰᠡᠨ ᠬᠡᠪ ᠢ ᠪᠠᠶᠢᠭᠤᠯᠤᠨ᠎ᠠ᠃ ᠪᠡᠯᠡ ᠣᠷᠣᠭᠤᠯᠤᠯᠲᠠ ᠶᠢ ᠬᠢᠨᠠᠨ ᠵᠥᠪᠰᠢᠶᠡᠷᠡᠬᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠬᠢᠨᠠᠨ ᠵᠥᠪᠰᠢᠶᠡᠷᠡᠬᠦ ᠵᠡᠷᠭᠡ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠭᠠᠵᠠᠷ ᠠᠪᠤᠮᠠᠭᠴᠠ ᠠᠵᠢᠯ ᠡᠬᠢᠯᠡᠭᠦᠯᠬᠦ︾ ᠶᠢᠨ | ᠬᠠᠮᠤᠷᠬᠤ ᠬᠡᠪᠴᠢᠶ᠎ᠡ ᠶᠢ ᠥᠷᠭᠡᠳᠬᠡᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠠᠷᠳᠠᠮ ᠢ ᠭᠦᠢᠴᠡᠳᠬᠡᠬᠦ ᠳᠤ ︽ᠰᠠᠭᠠᠳ ᠦᠭᠡᠢ︾᠂ ᠠᠵᠤ ᠠᠬᠤᠶᠢᠯᠠᠯ ᠤᠨ | ᠠᠵᠢᠯ ᠶᠠᠪᠤᠳᠠᠯ ᠭᠦᠢᠴᠡᠳᠬᠡᠬᠦ ᠳᠤ ︽ᠬᠦᠶᠦᠬᠦ ᠦᠬᠡᠢ︾᠂ ᠣᠷᠣᠯᠠᠨ ᠭᠦᠢᠴᠡᠳᠬᠡᠬᠦ ᠦᠢᠯᠡᠴᠢᠯᠡᠭᠡ ᠳᠤ ︽ᠵᠠᠢ ᠦᠭᠡᠢ︾ ᠪᠣᠯᠭᠠᠬᠤ ᠶᠢ ᠠᠬᠢᠭᠤᠯᠤᠨ᠎ᠠ᠃ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠵᠦ᠂ ︽ᠮᠧᠩ ᠴᠢ ᠲᠦᠩ︾ ᠲᠠᠪᠴᠠᠩ ᠤᠨ ᠤᠶᠢᠯᠡᠴᠢᠯᠡᠬᠡᠨ ᠤ | ᠴᠢᠳᠠᠮᠵᠢ ᠶᠢ ᠭᠦᠨᠵᠡᠭᠡᠶᠢᠷᠡᠭᠦᠯᠦᠨ ᠥᠷᠭᠡᠳᠬᠡᠵᠦ᠂ ᠠᠵᠤ ᠤᠶᠢᠯᠡᠰ ᠤᠨ ᠲᠥᠷᠥ ᠶᠢᠨ ᠪᠣᠳᠣᠯᠭ᠎ᠠ᠂ ᠬᠤᠳᠠᠯᠳᠤᠭᠠᠴᠢᠨ ᠤᠷᠢᠬᠤ ᠮᠡᠳᠡᠭᠡ ᠵᠠᠩᠭᠢ᠂ ᠵᠠᠬ᠎ᠠ | ᠳᠡᠯᠭᠡᠭᠦᠷ ᠤᠨ ᠲᠤᠭ᠎ᠠ ᠪᠠᠷᠢᠮᠲᠠ ᠶᠢ ᠪᠠᠶᠢᠩᠭᠤᠵᠢᠭᠤᠯᠤᠨ ᠨᠡᠶᠢᠲᠡᠯᠡᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠨ ᠪᠤᠵᠠᠭᠠᠶᠢᠷᠠᠬᠤ᠂ ᠪᠠᠯᠠ | ᠤᠷᠤᠭᠤᠯᠤᠨ ᠤᠶᠢᠯᠡᠰ ᠪᠤᠰᠬᠠᠬᠤ ᠳᠤ ᠨᠠᠩ ᠰᠠᠶᠢᠨ ᠤᠶᠢᠯᠡᠴᠢᠯᠡᠭᠡ᠂ ᠨᠠᠩ ᠴᠢᠩᠭ᠎ᠠ ᠲᠤᠯᠭᠠᠭᠤᠷᠢᠯᠠᠯ ᠬᠠᠩᠭᠠᠨ᠎ᠠ᠃ | ᠨᠡᠭᠡᠭᠡᠯᠲᠡ ᠶᠢᠨ ᠬᠢᠷᠢ ᠲᠦᠪᠰᠢᠨ ᠢ ᠪᠦᠬᠦ ᠬᠦᠴᠦᠨ ᠢᠶᠠᠷ ᠳᠡᠭᠡᠭᠰᠢᠯᠡᠭᠦᠯᠦᠨ᠎ᠡ᠃ ︽ᠨᠢᠭᠡ ᠪᠦᠰᠡ ᠨᠢᠭᠡ ᠵᠠᠮ︾ ᠪᠣᠯᠤᠨ ᠳᠤᠮᠳᠠᠳᠤ ᠮᠣᠩᠭᠤᠯ ᠣᠷᠣᠰ ᠤᠨ | ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠲᠦᠰᠢᠭᠯᠡᠨ᠂ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ ᠬᠤᠶᠢᠭ᠂ | ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠵᠡᠷᠭᠡ ᠣᠷᠣᠨ ᠪᠦᠰᠡ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠤᠮᠳᠠᠳᠤ | ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢ ᠭᠦᠢᠴᠡᠳ ᠠᠰᠢᠭᠯᠠᠨ ᠬᠢᠯᠢ ᠶᠢᠨ ᠭᠠᠳᠠᠨᠠᠬᠢ ᠵᠠᠬ᠎ᠠ ᠳᠡᠯᠭᠡᠭᠦᠷ ᠢ ᠥᠷᠭᠡᠳᠬᠡᠵᠦ᠂ ᠳᠡᠭᠡᠳᠦ ᠰᠢᠨ᠎ᠡ ᠮᠡᠷᠭᠡᠵᠢᠯ ᠤᠨ | ᠲᠣᠭᠤᠷᠢᠭ ᠲᠤ ᠲᠦᠰᠢᠭᠯᠡᠨ ᠳᠤᠮᠳᠠ ᠵᠡᠭᠦᠨ ᠬᠡᠰᠡᠭ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠪᠠᠷ ᠵᠠᠯᠭᠠᠨ ᠵᠣᠯᠭᠠᠭᠤᠯᠵᠤ᠂ ᠬᠤᠤᠰ | ᠴᠢᠭᠯᠡᠯᠲᠦ ︽ᠣᠷᠣᠨ ᠠᠯᠤᠰᠯᠠᠭᠰᠠᠨ ᠠᠵᠤ ᠠᠬᠤᠶ︾ ᠶᠢ ᠰᠦᠪᠡᠭᠴᠢᠯᠡᠨ ᠬᠥᠭᠵᠢᠭᠦᠯᠵᠦ᠂ ᠠᠵᠤ ᠦᠢᠯᠡᠰ ᠤᠨ ᠬᠠᠷᠢᠯᠴᠠᠨ ᠨᠥᠬᠦᠪᠥᠷᠢᠯᠡᠬᠦ ᠪᠠ ᠪᠥᠬᠦ ᠤᠯᠤᠰ ᠤᠨ | ᠲᠣᠮᠣ ᠵᠠᠬ᠎ᠠ ᠳᠡᠯᠭᠡᠭᠦᠷ ᠤᠨ ᠨᠢᠭᠲᠠ ᠠᠭᠤᠰᠤᠯᠴᠠᠯ ᠢ ᠪᠣᠶ ᠪᠣᠯᠭᠠᠬᠤ ᠶᠢ ᠠᠬᠢᠭᠤᠯᠤᠨ᠎ᠠ᠃ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭ᠎ᠠ᠂ ᠭᠠᠳᠠᠭᠠᠳᠤ | ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡ᠂ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠵᠡᠷᠭᠡ ᠭᠠᠳᠠᠭᠠᠳᠤ ᠠᠷᠠᠯᠵᠢᠶᠠᠨ ᠤ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠶᠢᠵᠢᠭᠤᠯᠤᠨ ᠬᠥᠭᠵᠢᠭᠦᠯᠵᠦ᠂ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠭᠠᠳᠠᠭᠠᠳᠤ ᠪᠡᠯᠡ ᠶᠢ ᠣᠷᠣᠭᠤᠯᠤᠨ ︽ᠬᠦᠷᠢᠶᠡᠯᠡᠩ ᠳᠣᠲᠣᠷᠠᠬᠢ ᠬᠦᠷᠢᠶᠡᠯᠡᠩ︾ ᠢ ᠪᠦᠲᠦᠭᠡᠨ ᠪᠠᠶᠢᠭᠤᠯᠵᠤ᠂ ᠴᠢ ᠷᠦᠢ | ᠂ ᠵᠢᠩ ᠳ᠋ᠦᠩ ᠹᠠᠩ᠂ ᠤᠷᠳᠤᠰ ᠨᠣᠣᠯᠣᠭᠤᠷ ᠤᠨ ᠪᠦᠯᠦᠭᠯᠡᠯ ᠵᠡᠷᠭᠡ ᠭᠤᠣᠯᠳᠠᠯᠭ᠎ᠠ ᠲᠠᠢ ᠭᠠᠳᠠᠭᠠᠳᠤ ᠠᠷᠠᠯᠵᠢᠶ᠎ᠠ ᠶᠢᠨ ᠠᠵᠤ ᠠᠬᠤᠶᠢᠯᠠᠯ ᠳᠤ ᠢᠳᠡᠪᠬᠢᠲᠡᠢ ᠪᠠᠷ | ᠦᠢᠯᠡᠴᠢᠯᠡᠨ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠰᠠᠶᠢᠲᠤᠷ ᠬᠢᠵᠦ᠂ ᠵᠦᠵᠸᠤ ᠢᠯᠲᠠᠰᠤ ᠵᠡᠷᠭᠡ ᠲᠤᠨᠤᠭᠯᠠᠯ ᠤᠶᠢᠯᠡᠳᠬᠦ ᠠᠵᠤ ᠠᠬᠤᠶᠢᠯᠠᠯ ᠢ | ᠬᠠᠮᠵᠢᠨ ᠦᠢᠯᠡᠳᠬᠦᠨ ᠤ ᠪᠣᠷᠣᠯᠠᠭᠤᠯᠭ᠎ᠠ ᠶᠢᠨ ᠵᠠᠮ ᠢ ᠨᠢ ᠥᠷᠭᠡᠳᠬᠡᠵᠦ᠂ ᠳ᠋ᠦᠩᠱᠧᠩ ᠤᠨ ᠭᠠᠳᠠᠭᠠᠳᠤ ᠠᠷᠠᠯᠵᠢᠶᠠᠨ ᠤ ᠶᠡᠷᠦᠩᠬᠡᠶ ᠬᠡᠮᠵᠢᠶ᠎ᠡ ᠶᠢ ᠲᠠᠰᠤᠷᠠᠯᠲᠠ ᠥᠬᠡᠶ | ᠪᠤᠵᠠᠭᠠᠶᠢᠷᠠᠭᠤᠯᠤᠨ᠂ ᠪᠥᠬᠦ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠮᠵᠢᠶ᠎ᠡ ᠶᠢ 10% ᠠᠴᠠ ᠳᠡᠭᠡᠭᠰᠢ ᠨᠡᠮᠡᠭᠳᠡᠭᠦᠯᠦᠨ᠎ᠡ᠃ | ︵ᠲᠠᠪᠤ︶ ᠪᠣᠬᠢᠷᠲᠤᠯ ᠦᠭᠡᠢ ᠬᠥᠭᠵᠢᠯᠲᠡ ᠶᠢᠨ ︽ᠵᠥᠭᠡᠯᠡᠨ ᠪᠣᠳᠠᠲᠤ ᠬᠦᠴᠦᠨ︾ ᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠬᠤᠲᠠ ᠶᠢᠨ ᠠᠮᠢ ᠠᠬᠤᠢ ᠶᠢᠨ | ︽ᠰᠢᠨ᠎ᠡ ᠰᠠᠭᠤᠷᠢ ᠥᠩᠭᠡ︾ ᠶᠢ ᠪᠥᠬᠦ ᠬᠦᠴᠦᠨ ᠢᠶᠠᠷ ᠢᠶᠠᠨ ᠭᠡᠷᠡᠯᠲᠦᠭᠦᠯᠦᠨ᠎ᠡ᠃ | ᠲᠥᠯᠥᠭᠡᠯᠡᠭᠴᠢᠳ ᠠ᠋᠂ ᠪᠢᠳᠡ ︽ᠤᠮᠠᠷᠠᠳᠤ ᠶᠢᠨ ᠭᠤᠷᠪᠡᠨ ᠤᠷᠤᠨ︾ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ︽ᠠᠮᠢ ᠠᠬᠤᠢ ᠶᠢᠨ ᠬᠤᠲᠠ︾ ᠶᠢ | ᠪᠦᠲᠦᠭᠡᠨ ᠪᠠᠶᠢᠭᠤᠯᠬᠤ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠢ ᠶᠢᠨ ᠣᠷᠴᠢᠨ ᠳᠤᠭᠤᠷᠢᠨ ᠤ ᠬᠠᠮᠠᠭᠠᠯᠠᠯᠲᠠ ᠶᠢᠨ ᠤᠯᠤᠰ ᠲᠥᠷᠥ ᠶᠢᠨ | ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠪᠣᠬᠢᠷᠲᠤᠯ ᠢ ᠪᠠᠭᠠᠰᠬᠠᠬᠤ᠂ ᠨᠡᠭᠦᠷᠡᠰᠦᠲᠥ᠋ᠷᠥᠭᠴᠢ ᠶᠢ ᠳᠤᠷᠤᠭᠰᠢᠯᠠᠭᠤᠯᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ | ᠨᠡᠮᠡᠭᠳᠡᠯ ᠢ ᠬᠠᠮᠵᠢᠯᠴᠠᠨ ᠠᠬᠢᠭᠤᠯᠵᠤ᠂ ᠪᠣᠬᠢᠷᠲᠤᠯ ᠦᠭᠡᠢ ᠳᠤᠤᠷ᠎ᠠ ᠨᠡᠬᠦᠷᠡᠰᠤᠳᠦ᠋ᠷᠦᠭᠴᠢᠳᠤ ᠬᠥᠭᠵᠢᠯᠲᠡ ᠶᠢᠨ ᠰᠢᠨ᠎ᠡ ᠥᠨᠳᠦᠷᠯᠢᠭ ᠢ ᠴᠣᠭᠴᠠᠯᠠᠨ᠎ᠠ᠃ | ᠪᠣᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠤᠯᠤᠰ ᠤᠨ ᠠᠮᠢ ᠠᠬᠤᠢ ᠶᠢᠨ ᠪᠣᠯᠪᠠᠰᠤᠨ ᠤ ᠵᠢᠱᠢᠶ᠎ᠡ | ᠦᠵᠡᠭᠦᠯᠬᠦ ᠳᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠬᠦᠨᠵᠡᠬᠡᠶᠢᠷᠡᠬᠦᠯᠦᠨ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠡᠭᠦᠷᠭᠡ ᠶᠢ ᠴᠢᠨᠠᠷ | ᠰᠠᠶᠢᠲᠠᠢ ᠪᠡᠶᠡᠯᠡᠭᠦᠯᠵᠦ᠂ ᠬᠥᠬᠡ ᠣᠭᠲᠠᠷᠭᠤᠢ᠂ ᠬᠦᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠠᠵᠢᠯ ᠢ ᠰᠠᠶᠢᠳᠤᠷ ᠬᠢᠨ᠎ᠡ᠃ ᠠᠭᠠᠷ ᠮᠠᠨᠳᠠᠯ ᠤᠨ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠨ᠂ ᠬᠤᠳᠠ ᠶᠢᠨ ᠲᠣᠭᠤᠷᠢᠭ ᠤᠨ ᠲᠠᠷᠠᠬᠠᠢ ᠪᠠᠷ ᠨᠡᠬᠦᠷᠡᠰᠤ ᠲᠦᠯᠡᠬᠦ ᠶᠢ ᠵᠠᠰᠠᠬᠤ᠂ ᠠᠭᠤᠷᠬᠠᠢ ᠶᠢᠨ | ᠣᠷᠣᠨ ᠤ ᠳᠤᠭᠤᠰᠤᠨ ᠤ ᠪᠣᠬᠢᠷᠲᠤᠯ ᠢ ᠵᠠᠰᠠᠬᠤ᠂ ᠠᠵᠤ ᠦᠢᠯᠡᠳᠪᠦᠷᠢ ᠶᠢᠨ ᠪᠣᠬᠢᠷᠲᠤᠯ ᠤᠨ ᠢᠷᠡᠯᠳᠡ ᠶᠢᠨ ᠭᠠᠳᠠᠭᠰᠢᠯᠠᠭᠤᠯᠤᠯᠲᠠ ᠶᠢᠨ ᠬᠢᠨᠠᠨ ᠬᠠᠮᠢᠶᠠᠷᠤᠯᠲᠠ ᠶᠢ | ᠴᠢᠩᠭᠠᠳᠬᠠᠵᠤ᠂ ᠪᠥᠬᠦ ᠵᠢᠯ ᠤᠨ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠤᠨ ᠰᠢᠯᠢᠳᠡᠭ ᠨᠣᠷᠮ᠎ᠠ ᠶᠢ 85% ᠠᠴᠠ ᠳᠡᠭᠡᠭᠰᠢ ᠪᠠᠶᠢᠯᠭᠠᠬᠤ ᠶᠢ ᠦᠨᠡᠨᠬᠦ | ᠪᠠᠲᠤᠯᠠᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠬᠦᠨᠵᠡᠬᠡᠶᠢᠷᠡᠬᠦᠯᠦᠨ᠂ ︽ᠳᠥᠷᠪᠡᠨ ᠡᠷᠦᠢ ᠬᠤᠷᠤᠢ ᠦᠬᠡᠢ ᠶᠢ ᠠᠷᠢᠯᠭᠠᠬᠤ︾ | ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠬᠠᠰᠢᠯᠭ᠎ᠠ ᠶᠢᠨ ᠭᠤᠤᠯ ᠵᠡᠷᠭᠡ ᠲᠠᠪᠤᠨ ᠶᠡᠭᠡ ᠬᠦᠨᠳᠡᠢ ᠶᠢᠨ ᠵᠠᠰᠠᠯᠲᠠ ᠶᠢ ᠠᠬᠢᠭᠤᠯᠤᠨ᠂ ᠬᠠᠲᠤᠨ ᠭᠤᠣᠯ ᠤᠨ ᠰᠠᠪᠠ | ᠭᠠᠵᠠᠷ ᠤᠨ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠪᠠᠶᠢᠴᠠᠭᠠᠨ ᠴᠡᠭᠴᠡᠯᠡᠬᠦ ᠠᠵᠢᠯ ᠢ ᠰᠠᠶᠢᠲᠤᠷ ᠠᠳᠬᠤᠵᠤ᠂ ᠤᠯᠠᠭᠠᠨᠮᠦ᠋ᠷᠡᠨ ᠤ ᠰᠠᠪᠠ | ᠭᠠᠵᠠᠷ ᠤᠨ ᠹᠯᠣᠷᠲᠤ ᠨᠢᠭᠡᠳᠪᠦᠷᠢ ᠶᠢ ᠵᠠᠰᠠᠬᠤ ᠶᠢ ᠠᠬᠢᠭᠤᠯᠤᠨ᠂ ᠭᠤᠣᠯ ᠮᠥᠷᠡᠨ ᠤ ᠣᠭᠲᠣᠯᠣᠭᠠᠰᠤ ᠶᠢᠨ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ | ᠲᠣᠭᠲᠠᠭᠤᠨ ᠢᠶᠠᠷ ᠪᠠᠷᠢᠮᠵᠢᠶ᠎ᠠ ᠳᠤ ᠬᠦᠷᠬᠡᠬᠦ ᠶᠢ ᠦᠨᠡᠨᠬᠦ ᠪᠠᠲᠤᠯᠠᠵᠤ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠠᠵᠤ ᠦᠢᠯᠡᠳᠪᠦᠷᠢ ᠶᠢᠨ ᠬᠠᠶᠠᠭᠳᠠᠮᠠᠯ | ᠤᠰᠤ ᠶᠢ ᠰᠢᠢᠳᠪᠦᠷᠢᠯᠡᠬᠦ ᠪᠠ ᠳᠠᠬᠢᠯᠳᠠ ᠤᠰᠤ ᠶᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ | ᠠᠬᠢᠭᠤᠯᠵᠤ᠂ ᠴᠡᠴᠡᠷᠯᠢᠭᠵᠢᠬᠦᠯᠦᠯᠳᠡ ᠨᠣᠭᠤᠭᠠᠷᠠᠭᠤᠯᠤᠯᠲᠠ ᠦᠵᠡᠮᠵᠢ ᠶᠢᠨ ᠵᠠᠪᠰᠠᠷ ᠤᠨ ᠤᠰᠤ ᠳᠠᠮᠵᠢᠭᠤᠯᠬᠤ ᠬᠤᠭᠤᠯᠠᠢ ᠲᠣᠣᠷ ᠤᠨ ᠰᠢᠰᠲ᠋ᠧᠮ ᠢ ᠲᠠᠰᠤᠷᠠᠯᠲᠠ | ᠦᠭᠡᠢ ᠲᠡᠭᠦᠯᠳᠡᠷᠵᠢᠭᠦᠯᠦᠨ᠂ ᠪᠥᠬᠦ ᠳᠤᠭᠤᠷᠢᠭ ᠤᠨ ᠵᠠᠪᠰᠠᠷ ᠤᠨ ᠤᠰᠤ ᠶᠢ ᠠᠰᠢᠭᠯᠠᠬᠤ ᠬᠤᠯᠪᠤᠭᠠᠯᠠᠨ ᠨᠡᠪᠲᠡᠷᠡᠯᠴᠡᠬᠦ ︽ᠶᠡᠭᠡ ᠣᠷᠴᠢᠯ︾ ᠢ ᠪᠡᠶᠡᠯᠡᠭᠦᠯᠬᠦ ᠶᠢ | ᠠᠬᠢᠭᠤᠯᠤᠨ᠎ᠠ᠃ ᠬᠥᠷᠥᠰᠥ ᠰᠢᠷᠣᠢ ᠪᠠ ᠭᠠᠵᠠᠷ ᠳᠣᠣᠷᠠᠬᠢ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠤᠯᠤᠰ ᠤᠨ ᠭᠠᠵᠠᠷ ᠳᠣᠣᠷᠠᠬᠢ | ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠭᠤᠣᠯᠳᠠᠯᠭ᠎ᠠ ᠲᠠᠢ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠪᠠ ᠲᠠᠷᠢᠶᠠᠨ ᠭᠠᠵᠠᠷ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢ ᠭᠦᠨᠵᠡᠭᠡᠶᠢᠷᠡᠭᠦᠯᠵᠦ᠂ ᠲᠠᠷᠢᠶᠠᠯᠠᠩ ᠮᠠᠯ ᠠᠵᠤ | ᠠᠬᠤᠢ ᠶᠢᠨ ᠦᠢᠯᠡᠳᠪᠦᠷᠢᠯᠡᠯ ᠤᠨ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠡᠵᠡᠮᠳᠡᠬᠦ᠂ ᠣᠯᠠᠨ ᠡᠬᠢᠲᠦ ᠪᠣᠬᠢᠷᠲᠤᠯ ᠢ ᠵᠠᠰᠠᠬᠤ ᠠᠵᠢᠯ ᠢ ᠴᠢᠩᠭᠠᠳᠬᠠᠨ᠂ | ᠠᠶᠤᠯᠲᠠᠢ ᠬᠠᠶᠠᠭᠳᠠᠮᠠᠯ ᠪᠣᠳᠠᠰ ᠢ ᠰᠢᠢᠳᠪᠦᠷᠢᠯᠡᠵᠦ ᠠᠰᠢᠭᠯᠠᠬᠤ ᠶᠢ ᠴᠢᠩᠭᠠᠳᠬᠠᠵᠤ᠂ ᠬᠦᠨᠳᠦ ᠲᠡᠮᠦᠷᠯᠢᠭ ᠤᠨ ᠪᠣᠬᠢᠷᠲᠤᠯ ᠪᠣᠳᠠᠰ ᠤᠨ ᠶᠡᠷᠦᠩᠬᠡᠢ ᠬᠡᠮᠵᠢᠶ᠎ᠡ ᠶᠢᠨ | ᠣᠨ ᠤ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢ ᠪᠡᠶᠡᠯᠡᠭᠦᠯᠦᠨ᠎ᠡ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠢᠷᠡᠯᠳᠡ | ᠠᠴᠠ ᠨᠢ ᠬᠡᠮᠵᠢᠶ᠎ᠡ ᠶᠢ ᠪᠠᠭᠠᠰᠬᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠦᠷᠭᠦᠯᠵᠢᠯᠡᠨ ᠠᠬᠢᠭᠤᠯᠵᠤ᠂ ︽ᠬᠠᠶᠠᠭᠳᠠᠮᠠᠯ ᠪᠣᠳᠠᠰ ᠦᠭᠡᠢ ᠬᠤᠳᠠ︾ ᠶᠢ | ᠪᠠᠶᠢᠭᠤᠯᠤᠨ᠎ᠠ᠃ | ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠳᠠᠰᠤᠷᠠᠯᠳᠠ ᠦᠬᠡᠢ ᠴᠢᠩᠭᠠᠳᠬᠠᠨ᠎ᠠ᠃ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ | ᠰᠡᠷᠭᠦᠭᠡᠬᠦ ᠢᠨᠵᠧᠨᠧᠷᠢᠩ ᠢ ᠴᠢᠨᠠᠷ ᠰᠠᠶᠢᠲᠠᠢ ᠬᠡᠷᠡᠭᠵᠢᠬᠦᠯᠦᠨ᠂ ᠬᠠᠲᠤᠨ ᠭᠤᠣᠯ ᠤᠨ ︽ᠳᠤᠬᠤᠢ︾ ᠶᠢᠨ ᠬᠠᠮᠠᠭᠠᠯᠠᠯᠳᠠ ᠶᠢᠨ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠰᠠᠶᠢᠳᠤᠷ ᠬᠢᠨ᠎ᠡ᠃ ᠣᠶ ᠰᠢᠭᠤᠢ ᠶᠢᠨ ᠳᠠᠷᠤᠭ᠎ᠠ ᠶᠢᠨ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠂ ᠪᠡᠭᠡᠵᠢᠩ ᠲᠢᠶᠠᠨᠵᠢᠨ ᠤ ᠰᠠᠯᠬᠢ | ᠡᠯᠡᠰᠦᠨ ᠤ ᠡᠬᠢ ᠢᠷᠡᠯᠳᠠ᠂ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠣᠶᠤᠨᠲᠤ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠡᠭᠦᠯᠡᠨ ᠲᠠᠪᠴᠠᠩ ᠢ ᠪᠠᠶᠢᠭᠤᠯᠤᠨ᠂ | ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠪᠠ ᠵᠠᠰᠠᠬᠤ ᠶᠢ ᠲᠥᠷᠥᠯ ᠬᠤᠪᠢᠶᠠᠨ ᠠᠬᠢᠭᠤᠯᠵᠤ᠂ ᠪᠥᠬᠦ ᠵᠢᠯ ᠳᠤ 4.8 ᠲᠦᠮᠡᠨ ᠮᠦ ᠣᠶ ᠰᠢᠭᠤᠢ ᠡᠪᠡᠰᠦ | ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠬᠦᠯᠦᠨ᠎ᠡ᠃ ᠬᠥᠷᠥᠰᠥ ᠰᠢᠷᠣᠢ ᠶᠢᠨ ᠢᠳᠡᠭᠳᠡᠯ ᠢ ᠵᠠᠰᠠᠬᠤ ᠦᠷ᠎ᠡ ᠪᠦᠲᠦᠮᠵᠢ ᠶᠢ | ᠦᠷᠭᠦᠯᠵᠢᠯᠡᠨ ᠪᠠᠬᠢᠵᠢᠭᠦᠯᠵᠦ᠂ ᠰᠢ ᠯᠢᠦ ᠭᠧᠦ ᠶᠢᠨ ᠳᠡᠭᠡᠳᠦ ᠤᠷᠤᠰᠬᠠᠯ ᠵᠡᠷᠭᠡ 3 ᠵᠢᠵᠢᠭ ᠰᠠᠪᠠ ᠭᠠᠵᠠᠷ ᠤᠨ ᠬᠥᠷᠥᠰᠥ ᠰᠢᠷᠣᠢ ᠶᠢ ᠬᠠᠮᠠᠭᠠᠯᠠᠬᠤ ᠶᠡᠷᠦᠩᠬᠡᠶᠢᠯᠡᠨ | ᠵᠠᠰᠠᠬᠤ ᠢᠨᠵᠧᠨᠧᠷᠢᠩ ᠢ ᠠᠬᠢᠭᠤᠯᠵᠤ᠂ ᠬᠥᠷᠥᠰᠥ ᠰᠢᠷᠣᠢ ᠶᠢᠨ ᠢᠳᠡᠭᠳᠡᠯ ᠤᠨ ᠵᠠᠰᠠᠯᠳᠠ ᠶᠢᠨ ᠳᠠᠯᠠᠪᠠᠢ ᠶᠢ ᠰᠢᠨ᠎ᠡ ᠪᠠᠷ 40.54 ᠲᠡᠭᠰᠢ ᠳᠥᠷᠪᠡᠯᠵᠢᠨ ᠺᠢᠯᠣᠮᠧᠲᠷ | ᠨᠡᠮᠡᠭᠳᠡᠬᠦᠯᠦᠨ᠎ᠡ᠃ ᠠᠭᠤᠷᠬᠠᠢ ᠶᠢᠨ ᠤᠷᠤᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠰᠡᠷᠭᠦᠭᠡᠨ ᠵᠠᠰᠠᠬᠤ ᠶᠢ ᠬᠦᠨᠵᠡᠬᠡᠶᠢᠷᠡᠬᠦᠯᠦᠨ᠂ | ᠠᠭᠤᠷᠬᠠᠢ ᠶᠢᠨ ᠤᠷᠤᠨ ᠤ ᠨᠣᠭᠤᠭᠠᠷᠠᠭᠤᠯᠤᠯᠲᠠ ᠶᠢ ᠰᠡᠷᠭᠦᠭᠡᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠬᠦᠯᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ 400 | ᠾᠧᠺᠲ᠋ᠠᠷ ᠬᠠᠶᠠᠭᠳᠠᠮᠠᠯ ᠠᠭᠤᠷᠬᠠᠢ ᠶᠢ ᠵᠠᠰᠠᠬᠤ ᠪᠠ 500 ᠾᠧᠺᠲ᠋ᠠᠷ ᠵᠠᠳᠠᠭᠠᠢ ᠨᠡᠭᠦᠷᠡᠰᠦᠨ ᠠᠭᠤᠷᠬᠠᠢ ᠶᠢ ᠳᠠᠬᠢᠨ ᠬᠠᠭᠠᠯᠪᠤᠷᠢᠯᠠᠵᠤ ᠨᠣᠭᠤᠭᠠᠷᠠᠭᠤᠯᠬᠤ ᠡᠭᠦᠷᠭᠡ ᠶᠢ | ᠪᠡᠶᠡᠯᠡᠭᠦᠯᠬᠦ ᠶᠢ ᠠᠬᠢᠭᠤᠯᠤᠨ᠎ᠠ᠃ | ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠪᠦᠬᠦ ᠲᠠᠯ᠎ᠠ ᠪᠠᠷ ᠠᠬᠢᠭᠤᠯᠤᠨ᠎ᠠ᠃ ︽ᠬᠤᠣᠰ ᠨᠡᠭᠦᠷᠡᠰᠦᠲᠥ᠋ᠷᠥᠭᠴᠢ︾ ᠶᠢᠨ | ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠶᠢ | ᠣᠷᠭᠢᠯ ᠬᠡᠮᠵᠢᠭᠳᠡᠯ ᠳᠤ ᠬᠦᠷᠬᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ︽1+N+X︾ ᠤᠨ ᠲᠥᠷᠥ ᠶᠢᠨ ᠪᠣᠳᠣᠯᠭ᠎ᠠ ᠶᠢᠨ ᠳᠤᠭᠳᠠᠯᠴᠠᠭ᠎ᠠ ᠶᠢ | ᠪᠦᠲᠦᠮᠵᠢᠲᠡᠶ ᠵᠣᠯᠭᠠᠭᠤᠯᠤᠨ᠂ ᠣᠶ ᠰᠢᠭᠤᠢ ᠡᠪᠡᠰᠦ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠰᠢᠩᠬᠡᠬᠡᠨ ᠠᠪᠴᠤ ᠨᠡᠭᠡᠭᠡᠨ ᠬᠥᠭᠵᠢᠭᠦᠯᠬᠦ ᠵᠡᠷᠭᠡ ᠲᠥᠷᠥᠯ ᠵᠦᠢᠯ ᠢ | ᠰᠦᠪᠡᠭᠴᠢᠯᠡᠨ ᠠᠬᠢᠭᠤᠯᠵᠤ᠂ ᠦᠯᠡᠳᠡᠭᠡᠯ ᠢᠯᠴᠢ ᠴᠠᠬᠢᠯᠭᠠᠨ ᠤ ᠬᠤᠯᠪᠤᠭᠠᠯᠠᠨ ᠦᠢᠯᠡᠳᠪᠦᠷᠢᠯᠡᠬᠦ ᠠᠵᠤ ᠠᠬᠤᠶᠢᠯᠠᠯ ᠤᠨ ᠡᠨᠧᠷᠭᠢ ᠠᠷᠪᠢᠯᠠᠬᠤ ᠳᠠᠯᠳᠠ ᠬᠦᠴᠦᠨ ᠢ | ᠭᠦᠨ ᠠᠭᠤᠳᠠᠯᠵᠤ᠂ ᠢᠯᠴᠢ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠴᠠᠬᠢᠯᠭᠠᠨ ᠬᠠᠩᠭᠠᠬᠤ ᠪᠠᠷᠢᠮᠵᠢᠶᠠᠳᠤ ᠨᠡᠭᠦᠷᠡᠰᠦᠨ ᠤ ᠬᠤᠷᠣᠭᠳᠠᠯ ᠢ ᠤᠯᠤᠰ ᠤᠨ | ᠲᠡᠷᠢᠭᠦᠨ ᠤ ᠬᠡᠮᠵᠢᠭᠳᠡᠯ ᠳᠤ ᠬᠦᠷᠬᠡᠬᠦ ᠪᠠᠷ ᠴᠢᠷᠮᠠᠶᠢᠨ᠎ᠠ᠃ ᠰᠢᠨ᠎ᠡ ᠬᠡᠯᠪᠡᠷᠢ ᠶᠢᠨ ᠡᠨᠧᠷᠭᠢ ᠶᠢᠨ ᠰᠤᠷᠪᠤᠯᠵᠢ ᠶᠢᠨ ᠳᠤᠭᠳᠠᠯᠴᠠᠭ᠎ᠠ ᠶᠢ ᠪᠦᠬᠦ ᠬᠦᠴᠦᠨ ᠢᠶᠠᠷ ᠢᠶᠠᠨ | ᠪᠠᠶᠢᠭᠤᠯᠵᠤ᠂ ᠡᠬᠡ ᠬᠠᠭᠤᠷᠠᠢ ᠶᠢᠨ ᠭᠠᠷᠠᠮ ᠵᠢᠴᠢ ᠴᠠᠬᠢᠯᠭᠠᠨ ᠴᠡᠨᠡᠭᠯᠡᠵᠦ ᠰᠣᠯᠢᠬᠤ ᠦᠷᠳᠡᠭᠡ ᠶᠢ ᠲᠦᠷᠭᠡᠪᠴᠢᠯᠡᠨ ᠪᠠᠶᠢᠷᠢᠯᠠᠭᠤᠯᠤᠨ ᠪᠦᠲᠦᠭᠡᠨ ᠪᠠᠶᠢᠭᠤᠯᠵᠤ᠂ ᠬᠡᠢ | ᠶᠢ ᠬᠦᠪᠦᠮᠡᠯ ᠬᠡᠯᠪᠡᠷᠢ ᠪᠠᠷ ᠳᠠᠮᠵᠢᠭᠤᠯᠬᠤ ᠪᠦᠰᠡ ᠵᠢᠴᠢ ᠲᠦᠩᠰᠡᠨ ᠬᠥᠮᠥᠷᠭᠡ ᠶᠢᠨ ᠵᠦᠢᠯᠡᠰ ᠢ ᠪᠡᠶᠡᠯᠡᠭᠦᠯᠵᠦ᠂ ᠸᠠᠨ ᠯᠢ ᠡᠬᠡ ᠬᠠᠭᠤᠷᠠᠢ ᠶᠢᠨ ᠭᠠᠷᠠᠮ ᠢ ᠲᠡᠰ | ᠳᠡᠪᠰᠢᠭᠦᠯᠦᠨ ᠥᠷᠭᠡᠳᠬᠡᠨ ᠪᠠᠶᠢᠭᠤᠯᠬᠤ ᠶᠢ ᠦᠷᠭᠦᠯᠵᠢᠯᠡᠨ ᠠᠬᠢᠭᠤᠯᠤᠨ᠎ᠠ᠃ ᠡᠯᠡᠰᠦ ᠶᠢ ᠰᠡᠷᠬᠡᠶᠢᠯᠡᠨ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠢ | ᠨᠢᠭᠡ ᠴᠣᠭᠴᠠᠵᠢᠭᠤᠯᠬᠤ ᠢᠨᠵᠧᠨᠧᠷᠢᠩ ᠢ ᠡᠬᠢᠯᠡᠭᠦᠯᠵᠦ᠂ ᠰᠠᠯᠬᠢᠨ ᠬᠦᠴᠦᠨ ᠤ ᠴᠠᠬᠢᠯᠭᠠᠨ᠂ ᠬᠡᠷᠡᠯ ᠴᠡᠨᠡᠭ ᠪᠠ ᠤᠰᠤᠲᠥ᠋ᠷᠥᠭᠴᠢ ᠨᠡᠮᠡᠬᠦ ᠥᠷᠲᠡᠭᠡ ᠶᠢ ᠵᠦᠢ | ᠵᠣᠬᠢᠰᠲᠠᠢ ᠪᠠᠶᠢᠷᠢᠰᠢᠭᠤᠯᠤᠨ᠂ ︽ᠰᠠᠯᠬᠢ ᠬᠡᠷᠡᠯ ᠤᠰᠤᠲᠥ᠋ᠷᠥᠭᠴᠢ ᠬᠠᠳᠠᠭᠠᠯᠠᠬᠤ ᠲᠡᠷᠭᠡ︾ ᠶᠢ ᠬᠠᠮᠲᠤ ᠳᠤᠨᠢ ᠠᠵᠢᠯᠯᠠᠭᠤᠯᠬᠤ ᠶᠢ ᠲᠦᠷᠭᠡᠳᠬᠡᠨ ᠪᠡᠶᠡᠯᠡᠭᠦᠯᠦᠨ᠎ᠡ᠃ | ᠭᠠᠵᠠᠷ ᠰᠢᠷᠣᠢ ᠶᠢ ᠠᠷᠪᠢᠲᠠᠢ ᠡᠷᠴᠢᠮᠯᠢᠭ ᠬᠡᠷᠡᠭᠯᠡᠬᠦ ᠶᠢ ᠪᠠᠷᠢᠮᠳᠠᠯᠠᠨ᠂ ᠣᠷᠳᠣ ᠬᠤᠭᠤᠴᠠᠭ᠎ᠠ ᠪᠠᠷ ᠲᠦᠷᠢᠶᠡᠰᠦᠯᠡᠭᠦᠯᠬᠦ᠂ ᠤᠷᠢᠳᠠᠪᠠᠷ ᠲᠦᠷᠢᠶᠡᠰᠦᠯᠡᠭᠦᠯᠵᠦ ᠳᠠᠷᠠᠭ᠎ᠠ ᠨᠢ | ᠰᠢᠯᠵᠢᠭᠦᠯᠦᠨ ᠥᠭᠬᠦ᠂ ᠬᠠᠷᠢᠮᠠᠬᠠᠢ ᠴᠢᠨᠠᠷᠲᠠᠢ ᠵᠢᠯ ᠤᠨ ᠬᠤᠭᠤᠴᠠᠭ᠎ᠠ ᠲᠠᠢ ᠪᠠᠷ ᠰᠢᠯᠵᠢᠭᠦᠯᠦᠨ ᠬᠤᠳᠠᠯᠳᠤᠬᠤ ᠵᠡᠷᠭᠡ ᠭᠠᠵᠠᠷ ᠰᠢᠷᠣᠢ ᠶᠢᠨ ᠬᠠᠩᠭᠠᠯᠭ᠎ᠠ ᠶᠢᠨ ᠠᠷᠭ᠎ᠠ | ᠮᠠᠶ᠋ᠢᠭ ᠢ ᠰᠦᠪᠡᠭᠴᠢᠯᠡᠨ ᠲᠡᠭᠦᠯᠳᠡᠷᠵᠢᠭᠦᠯᠵᠦ᠂ ᠵᠦᠪᠰᠢᠶᠡᠷᠡᠭᠰᠡᠨ ᠪᠠᠶᠢᠳᠠᠯ᠎ᠠ ᠬᠠᠩᠭᠠᠭᠰᠠᠨ ᠦᠭᠡᠢ᠂ ᠰᠤᠯᠠ ᠲᠠᠯᠪᠢᠵᠤ ᠪᠠᠶᠢᠭ᠎ᠠ ᠭᠠᠵᠠᠷ ᠰᠢᠷᠣᠢ ᠶᠢ ᠳᠠᠬᠢᠨ | ᠠᠮᠢᠯᠠᠭᠤᠯᠬᠤ ᠶᠢ ᠰᠢᠢᠳᠪᠦᠷᠢᠯᠡᠬᠦ ᠡᠷᠴᠢᠮ ᠢ ᠴᠢᠩᠭᠠᠷᠠᠭᠤᠯᠤᠨ᠎ᠠ᠃ ︽ᠤᠰᠤ ᠪᠠᠷ ᠳᠥᠷᠪᠡ ᠶᠢ ᠲᠣᠭᠲᠠᠭᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠢᠶᠠᠨ ᠤ ᠬᠡᠪᠴᠢᠶᠡᠨ ᠤ ᠤᠰᠤ | ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠬᠡᠬᠦ ᠪᠦᠲᠦᠭᠡᠨ ᠪᠠᠶᠢᠭᠤᠯᠤᠯᠲᠠ ᠶᠢᠨ ᠳᠠᠬᠢᠨ ᠬᠢᠨᠠᠬᠤ ᠠᠵᠢᠯ ᠢ ᠰᠠᠶᠢᠲᠤᠷ ᠬᠢᠨ᠎ᠡ᠃ ᠪᠣᠬᠢᠷᠲᠤᠯ ᠦᠭᠡᠢ | ᠭᠡᠷ ᠪᠦᠯᠢ᠂ ᠪᠣᠬᠢᠷᠲᠤᠯ ᠦᠭᠡᠢ ᠰᠤᠷᠭᠠᠭᠤᠯᠢ᠂ ᠪᠣᠬᠢᠷᠲᠤᠯ ᠦᠭᠡᠢ ᠨᠡᠶᠢᠭᠡᠮ ᠲᠣᠭᠤᠷᠢᠭ ᠢ ᠢᠳᠡᠪᠬᠢᠲᠡᠢ ᠪᠠᠷ ᠡᠭᠦᠳᠦᠨ ᠪᠠᠶᠢᠭᠤᠯᠵᠤ᠂ ᠪᠣᠬᠢᠷᠲᠤᠯ ᠦᠭᠡᠢ ᠪᠠᠷ | ᠶᠠᠪᠤᠵᠤ ᠰᠠᠭᠤᠬᠤ᠂ ᠪᠣᠬᠢᠷᠲᠤᠯ ᠦᠭᠡᠢ ᠪᠠᠷ ᠬᠡᠷᠡᠭᠯᠡᠭᠡ ᠬᠢᠬᠦ᠂ ᠪᠣᠬᠢᠷᠲᠤᠯ ᠦᠭᠡᠢ ᠪᠠᠷ ᠠᠵᠢᠯᠯᠠᠬᠤ ᠶᠢ ᠰᠠᠨᠠᠭᠠᠴᠢᠯᠠᠵᠤ᠂ ᠪᠥᠬᠦ ᠨᠡᠶᠢᠭᠡᠮ ᠢᠶᠠᠷ ᠢᠶᠠᠨ ᠪᠣᠬᠢᠷᠲᠤᠯ | ᠦᠭᠡᠢ ᠳᠤᠤᠷ᠎ᠠ ᠨᠡᠬᠦᠷᠡᠰᠦᠳᠦ᠋ᠷᠦᠭᠴᠢᠳᠤ ᠬᠥᠭᠵᠢᠯᠲᠡ ᠶᠢ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ︽ᠰᠡᠳᠬᠢᠯ ᠢ ᠳᠤᠯᠠᠭᠠᠴᠠᠭᠤᠯᠬᠤ ᠬᠦᠴᠦᠨ︾ ᠢ ᠳᠡᠭᠡᠭᠰᠢᠯᠡᠭᠦᠯᠬᠦ ᠶᠢᠨ ᠲᠣᠭᠤᠷᠢᠨ ᠳᠤ᠂ | ᠥᠭᠡᠷᠡᠴᠢᠯᠡᠯᠲᠡ ᠬᠥᠭᠵᠢᠯᠲᠡ ᠶᠢᠨ ︽ᠰᠢᠨ᠎ᠡ ᠦᠷ᠎ᠡ ᠪᠦᠲᠦᠭᠡᠯ︾ ᠢ ᠬᠠᠮᠳᠤ ᠪᠠᠷ ᠡᠳ᠋ᠯᠡᠬᠦ ᠶᠢ ᠪᠦᠬᠦ ᠲᠠᠯ᠎ᠠ ᠪᠠᠷ ᠠᠬᠢᠭᠤᠯᠤᠨ᠎ᠠ᠃ | ᠲᠥᠯᠥᠭᠡᠯᠡᠭᠴᠢᠳ ᠠ᠋᠂ ᠪᠢᠳᠡ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠦᠨᠳᠦᠰᠦᠨ | ᠵᠦᠢᠯ ᠢ ᠪᠠᠲᠤᠯᠠᠬᠤ᠂ ᠬᠤᠷᠢᠭ᠎ᠠ ᠱᠤᠭᠤᠮ ᠢ ᠪᠠᠲᠤᠯᠠᠬᠤ᠂ ᠲᠥᠪ ᠭᠤᠥᠯᠴᠢ ᠶᠢ ᠠᠬᠢᠭᠤᠯᠬᠤ ᠪᠠᠷ ᠬᠦᠴᠦᠯᠡᠨ ᠴᠢᠷᠮᠠᠶᠢᠵᠤ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠢᠯᠧᠲ ᠦᠭᠴᠤ ᠲᠣᠭᠲᠠᠭᠠᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠭᠦᠨᠵᠡᠭᠡᠢ ᠬᠡᠷᠡᠭᠵᠢᠭᠦᠯᠵᠦ᠂ ︽ᠠᠮᠤᠷ | ᠠᠮᠤᠭᠤᠯᠠᠩ ᠬᠤᠲᠠ︾ ︽ᠵᠣᠯ ᠵᠢᠷᠭᠠᠯᠲᠤ ᠬᠤᠲᠠ︾ ᠶᠢ ᠪᠥᠬᠦ ᠬᠦᠴᠦᠨ ᠢᠶᠠᠷ ᠪᠦᠲᠦᠭᠡᠨ ᠪᠠᠶᠢᠭᠤᠯᠤᠨ᠎ᠠ᠃ | ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠶᠢ ᠴᠢᠩᠭᠠᠳᠬᠠᠨ᠎ᠠ᠃ ︽ᠰᠢᠰᠲ᠋ᠧᠮ ᠨᠢ ᠪᠦᠷᠢᠨ ᠲᠡᠭᠦᠯᠳᠡᠷ᠂ ᠥᠨᠳᠥᠷ ᠪᠦᠲᠦᠮᠵᠢᠲᠡᠶ ᠪᠥᠭᠡᠳ ᠪᠣᠳᠠᠲᠤ | ᠬᠡᠷᠡᠭᠴᠡᠭᠡ ᠲᠠᠢ᠂ ᠪᠣᠬᠢᠷᠲᠤᠯ ᠦᠭᠡᠢ ᠣᠶᠤᠨᠴᠢᠯᠠᠭᠰᠠᠨ᠂ ᠠᠮᠤᠷ ᠲᠦᠪᠰᠢᠨ ᠨᠠᠶᠢᠳᠠᠪᠤᠷᠢᠲᠠᠢ︾ ᠢᠯᠴᠢ᠂ ᠤᠰᠤ᠂ ᠴᠠᠬᠢᠯᠭᠠᠨ᠂ ᠰᠢᠲᠠᠮᠠᠬᠠᠢ ᠬᠡᠢ ᠬᠠᠩᠭᠠᠬᠤ ᠵᠡᠷᠭᠡ | ᠰᠠᠭᠤᠷᠢ ᠦᠢᠯᠡᠴᠢᠯᠡᠭᠡᠨ ᠤ ᠪᠠᠲᠤᠯᠠᠭ᠎ᠠ ᠶᠢᠨ ᠲᠤᠭᠳᠠᠯᠴᠠᠭ᠎ᠠ ᠶᠢ ᠪᠠᠶᠢᠭᠤᠯᠵᠤ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ | ᠪᠥᠬᠦ ᠬᠦᠴᠦᠨ ᠢᠶᠠᠷ ᠬᠠᠩᠭᠠᠨ᠎ᠠ᠃ ᠳᠤᠯᠠᠭᠠᠯᠠᠭ᠎ᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠪᠥᠬᠦ ᠲᠤᠭᠤᠷᠢᠭ ᠤᠨ | ᠢᠯᠴᠢ ᠬᠠᠩᠭᠠᠬᠤ ᠬᠤᠭᠤᠯᠠᠢ ᠲᠣᠣᠷ᠂ ᠢᠯᠴᠢ ᠰᠤᠯᠢᠬᠤ ᠥᠷᠲᠡᠭᠡ ᠶᠢ ᠵᠢᠭᠰᠠᠭᠠᠨ ᠪᠠᠶᠢᠴᠠᠭᠠᠵᠤ ᠵᠠᠰᠠᠬᠤ ᠡᠷᠴᠢᠮ ᠢ ᠴᠢᠩᠭᠠᠷᠠᠭᠤᠯᠤᠨ᠂ ᠢᠯᠴᠢ ᠶᠢᠨ ᠢᠷᠡᠯᠳᠡ | ᠲᠣᠣᠷ ᠢ ᠰᠠᠯᠭᠠᠬᠤ᠂ ᠬᠤᠭᠤᠯᠠᠢ ᠲᠣᠣᠷ ᠢ ᠥᠭᠡᠷᠡᠴᠢᠯᠡᠬᠦ᠂ ᠲᠥᠪᠯᠡᠷᠡᠭᠦᠯᠦᠨ ᠢᠯᠴᠢ ᠬᠠᠩᠭᠠᠬᠤ᠂ ᠠᠷᠢᠭᠤᠨ ᠴᠡᠪᠡᠷ ᠢᠶᠠᠷ ᠳᠤᠯᠠᠭᠠᠯᠠᠬᠤ ᠵᠡᠷᠭᠡ ᠠᠵᠢᠯ ᠢ | ᠨᠢᠭᠡᠳᠦᠯᠲᠡᠢ ᠲᠥᠯᠥᠪᠯᠡᠨ ᠠᠬᠢᠭᠤᠯᠵᠤ᠂ ︽ᠳᠤᠯᠠᠭᠠᠯᠠᠭ᠎ᠠ ᠨᠢ ᠳᠤᠯᠠᠭᠠᠨ ᠦᠭᠡᠢ︾ ᠪᠠᠶᠢᠬᠤ ᠠᠰᠠᠭᠤᠳᠠᠯ ᠢ ᠬᠦᠴᠦ ᠣᠷᠣᠭᠤᠯᠤᠨ ᠰᠢᠢᠳᠪᠦᠷᠢᠯᠡᠵᠦ᠂ ︽ᠡᠪᠤᠯ ᠤᠨ | ᠠᠰᠠᠭᠤᠳᠠᠯ ᠢ ᠵᠤᠨ ᠰᠢᠢᠳᠪᠤᠷᠢᠯᠡᠵᠤ︾ ᠰᠠᠭᠤᠭᠠᠯᠢ ᠠᠷᠠᠳ ᠤᠨ ᠳᠤᠯᠠᠭᠠᠨ ᠪᠦᠯᠢᠶᠡᠨ ᠢᠶᠠᠷ ᠡᠪᠦᠯᠵᠢᠬᠦ ᠶᠢ ᠦᠨᠡᠨ ᠬᠦ ᠪᠠᠲᠤᠯᠠᠨ᠎ᠠ᠃ ᠬᠤᠲᠠ ᠶᠢᠨ ᠤᠰᠤ ᠬᠠᠩᠭᠠᠬᠤ | ᠤᠰᠤᠨ ᠤ ᠡᠬᠢ ᠰᠤᠷᠪᠤᠯᠵᠢ ᠶᠢᠨ ᠪᠠᠲᠤᠯᠠᠭ᠎ᠠ ᠶᠢᠨ ᠴᠢᠳᠠᠪᠤᠷᠢ᠂ ᠤᠰᠤ ᠬᠠᠳᠠᠭᠠᠯᠠᠬᠤ ᠴᠢᠳᠠᠪᠤᠷᠢ᠂ ᠬᠤᠭᠤᠯᠠᠢ ᠲᠣᠣᠷ ᠤᠨ ᠳᠠᠮᠵᠢᠭᠤᠯᠬᠤ ᠲᠣᠬᠢᠷᠠᠭᠤᠯᠬᠤ | ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠭᠤᠤᠯ ᠬᠤᠳᠠ ᠲᠣᠭᠤᠷᠢᠭ ᠤᠨ ᠬᠠᠲᠤᠨ ᠭᠤᠣᠯ ᠤᠨ ᠤᠰᠤ ᠶᠢ ᠲᠠᠲᠠᠵᠤ ᠤᠰᠤ ᠬᠠᠩᠭᠠᠬᠤ ᠢᠨᠵᠧᠨᠧᠷᠢᠩ ᠤᠨ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠵᠤ᠂ 6 ᠰᠠᠷ᠎ᠠ ᠶᠢᠨ ᠰᠡᠭᠦᠯᠴᠢ ᠠᠴᠠ ᠡᠮᠦᠨ᠎ᠡ ᠡᠳᠦᠷ ᠤᠨ ᠤᠰᠤ ᠬᠠᠩᠭᠠᠬᠤ ᠬᠡᠮᠵᠢᠶ᠎ᠡ ᠶᠢ | ᠰᠢᠨ᠎ᠡ ᠪᠠᠷ 5 ᠲᠦᠮᠡᠨ ᠲᠣᠨ ᠨᠡᠮᠡᠭᠳᠡᠬᠦᠯᠵᠤ᠂ ᠳ᠋ᠦᠩᠱᠧᠩ ᠤᠨ ᠬᠤᠳᠠ ᠶᠢᠨ ᠤᠰᠤ ᠬᠠᠩᠭᠠᠬᠤ ᠳᠤ ᠬᠦᠴᠢᠷᠳᠡᠢ ᠪᠠᠶᠢᠭ᠎ᠠ ᠠᠰᠠᠭᠤᠳᠠᠯ ᠢ ᠲᠦᠢᠯᠪᠤᠷᠢᠳᠡᠢ | ᠰᠢᠢᠳᠪᠤᠷᠢᠯᠡᠨ᠎ᠡ᠃ ᠬᠥᠳᠡᠭᠡ ᠲᠣᠰᠬᠤᠨ ᠤ ᠤᠰᠤᠨ ᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠨᠢᠭᠡᠳᠦᠯᠲᠡᠢ ᠲᠥᠯᠥᠪᠯᠡᠨ ᠬᠡᠷᠡᠭᠵᠢᠭᠦᠯᠵᠦ᠂ | ᠲᠠᠷᠢᠶᠠᠯᠠᠩ ᠤᠨ ᠤᠰᠤ ᠬᠡᠷᠡᠭᠯᠡᠬᠦ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠤᠨ ᠤ ᠤᠯᠠᠷᠢᠯ ᠤᠨ ᠤᠰᠤ ᠬᠡᠷᠡᠭᠯᠡᠬᠦ ᠤᠷᠬᠢᠯ ᠤᠨ | ᠬᠤᠭᠤᠴᠠᠭᠠᠨ ᠳᠠᠬᠢ ᠤᠰᠤᠨ ᠤ ᠬᠠᠩᠭᠠᠯᠭ᠎ᠠ ᠶᠢᠨ ᠠᠮᠤᠷ ᠲᠦᠪᠰᠢᠨ ᠲᠣᠭᠲᠠᠭᠤᠨ ᠪᠠᠶᠢᠬᠤ ᠶᠢ ᠪᠠᠳᠤᠯᠠᠨ᠎ᠠ᠃ ᠪᠠᠲᠤ ᠴᠢᠩᠭ᠎ᠠ ᠴᠠᠬᠢᠯᠭᠠᠨ ᠲᠣᠣᠷ ᠢ ᠪᠦᠬᠦ | ᠬᠦᠴᠦᠨ ᠢᠶᠠᠷ ᠪᠠᠶᠢᠭᠤᠯᠵᠤ᠂ ᠶᠢᠨ ᠾᠧ 110kv ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠰᠢᠨ᠎ᠡ ᠪᠠᠷ ᠪᠠᠶᠢᠭᠤᠯᠵᠤ᠂ ᠬᠤᠳᠠ ᠶᠢᠨ | ᠴᠠᠬᠢᠯᠭᠠᠨ ᠬᠠᠩᠭᠠᠯᠭ᠎ᠠ ᠶᠢ ᠪᠠᠲᠤᠯᠠᠬᠤ ᠪᠠ ᠲᠣᠣᠷ ᠳᠤᠬᠢᠷᠠᠭᠤᠯᠤᠨ ᠬᠠᠷᠢᠯᠴᠠᠨ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠴᠠᠬᠢᠯᠭᠠᠨ | ᠲᠣᠣᠷ ᠢ ᠳᠡᠭᠡᠭᠰᠢᠯᠡᠭᠦᠯᠬᠦ᠂ ᠣᠶᠤᠨᠲᠤ ᠴᠠᠬᠢᠯᠭᠠᠨ ᠲᠣᠣᠷ᠂ ᠴᠠᠬᠢᠯᠭᠠᠨ ᠤᠳᠠᠰᠤ ᠪᠠ ᠠᠭᠠᠷ ᠲᠠᠬᠢ ᠱᠤᠭᠤᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠲᠦᠷᠭᠡᠪᠴᠢᠯᠡᠨ ᠠᠬᠢᠭᠤᠯᠵᠤ᠂ ᠬᠡᠪ ᠤᠨ ᠪᠤᠰᠤ ᠴᠠᠭ ᠠᠭᠤᠷ ᠪᠠ ᠴᠠᠬᠢᠯᠭᠠᠨ ᠬᠡᠷᠡᠭᠯᠡᠬᠦ ᠤᠷᠬᠢᠯ ᠴᠠᠭ ᠤᠨ ᠪᠠᠴᠢᠮ ᠪᠠᠶᠢᠳᠠᠯ ᠢ ᠠᠷᠭᠠᠴᠠᠬᠤ ᠴᠠᠬᠢᠯᠭᠠᠨ ᠬᠠᠩᠭᠠᠬᠤ | ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠤᠳᠠ ᠬᠥᠳᠡᠭᠡ ᠶᠢᠨ ᠴᠠᠬᠢᠯᠭᠠᠨ ᠬᠠᠩᠭᠠᠬᠤ ᠴᠢᠳᠠᠪᠤᠷᠢ ᠪᠠ ᠨᠠᠶᠢᠳᠠᠪᠤᠷᠢᠲᠤ ᠴᠢᠨᠠᠷ ᠢ ᠦᠨᠡᠨ ᠬᠦ | ᠳᠡᠭᠡᠭᠰᠢᠯᠡᠭᠦᠯᠦᠨ᠎ᠡ᠃ ᠰᠢᠲᠠᠮᠠᠬᠠᠢ ᠬᠡᠢ ᠶᠢᠨ ᠬᠠᠩᠭᠠᠯᠭ᠎ᠠ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠪᠠᠶᠢᠭᠠᠯᠢ ᠶᠢᠨ ᠰᠢᠲᠠᠮᠠᠬᠠᠢ | ᠬᠡᠢ ᠶᠢᠨ ︽ᠪᠦᠬᠦᠨ ᠢ ᠬᠠᠮᠤᠷᠬᠤ︾ ᠠᠵᠢᠯᠯᠠᠭ᠎ᠠ ᠶᠢ ᠡᠬᠢᠯᠡᠭᠦᠯᠵᠦ᠂ ᠰᠢᠲᠠᠮᠠᠬᠠᠢ ᠬᠡᠢ ᠶᠢᠨ ᠬᠤᠭᠤᠯᠠᠢ ᠲᠣᠣᠷ ᠤᠨ ᠪᠦᠲᠦᠭᠡᠨ ᠪᠠᠶᠢᠭᠤᠯᠤᠯᠲᠠ ᠵᠢᠴᠢ | ᠣᠶᠤᠨᠴᠢᠯᠠᠭᠰᠠᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠤᠭᠰᠠᠷᠠᠨ ᠵᠠᠯᠭᠠᠬᠤ ᠶᠣᠰᠣᠲᠠᠢ ᠶᠢ ᠨᠢ ᠪᠦᠬᠦᠨ ᠢ ᠤᠭᠰᠠᠷᠠᠨ ᠵᠠᠯᠭᠠᠬᠤ᠂ ᠬᠠᠩᠭᠠᠬᠤ | ᠶᠣᠰᠣᠲᠠᠢ ᠶᠢ ᠨᠢ ᠪᠦᠬᠦᠨ ᠢ ᠬᠠᠩᠭᠠᠬᠤ ᠶᠢ ᠦᠨᠡᠨ ᠬᠦ ᠪᠠᠲᠤᠯᠠᠨ᠎ᠠ᠃ | ᠴᠢᠨᠠᠷ ᠰᠠᠶᠢᠲᠠᠢ ᠰᠤᠷᠭᠠᠨ ᠬᠥᠮᠦᠵᠢᠯ ᠤᠨ ᠪᠦᠷᠬᠦᠴᠡ ᠶᠢ ᠴᠢᠩᠭᠠᠳᠬᠠᠨ᠎ᠠ᠃ ᠳ᠋ᠦᠩᠱᠧᠩ ᠤᠨ ︽ᠲᠠᠪᠤᠨ ᠰᠢᠯᠢᠳᠡᠭ ᠰᠤᠷᠭᠠᠨ ᠬᠥᠮᠦᠵᠢᠯ︾ ᠤᠨ ᠰᠢᠨ᠎ᠡ | ᠬᠡᠯᠪᠡᠷᠢ ᠪᠠᠶᠢᠳᠠᠯ ᠢ ᠪᠥᠬᠦ ᠲᠠᠯ᠎ᠠ ᠪᠠᠷ ᠪᠣᠶ ᠪᠣᠯᠭᠠᠵᠤ᠂ ︽ᠠᠷᠪᠠᠨ ᠶᠡᠭᠡ ᠠᠵᠢᠯᠯᠠᠭ᠎ᠠ︾ ᠪᠠᠷ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ | ᠬᠥᠭᠵᠢᠯᠲᠡ ᠶᠢ ᠠᠬᠢᠭᠤᠯᠤᠨ᠎ᠠ᠃ ᠰᠤᠷᠭᠠᠨ ᠬᠥᠮᠦᠵᠢᠯ ᠤᠨ ᠰᠠᠭᠤᠷᠢ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠤᠭᠤᠷᠢᠭ ᠤᠨ ᠨᠢᠭᠡᠳᠦᠭᠡᠷ ᠳᠤᠮᠳᠠᠳᠤ | ᠰᠤᠷᠭᠠᠭᠤᠯᠢ ᠶᠢᠨ ᠨᠡᠬᠡᠮᠡᠯ ᠵᠡᠬᠡᠯᠢ ᠶᠢᠨ ᠰᠤᠷᠭᠠᠭᠤᠯᠢ ᠶᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠵᠡᠷᠭᠡ ᠰᠤᠷᠭᠠᠨ ᠬᠥᠮᠦᠵᠢᠯ ᠤᠨ 7 ᠲᠥᠷᠥᠯ ᠵᠦᠢᠯ ᠢ | ᠬᠡᠷᠡᠭᠵᠢᠭᠦᠯᠬᠦ ᠶᠢ ᠠᠬᠢᠭᠤᠯᠵᠤ᠂ ᠨᠠᠮᠤᠷ ᠤᠨ ᠤᠯᠠᠷᠢᠯ ᠳᠤ ᠰᠢᠨ᠎ᠡ ᠪᠠᠷ ᠰᠤᠷᠤᠯᠭ᠎ᠠ ᠶᠢᠨ ᠤᠷᠤᠨ ᠳᠤᠭ᠎ᠠ ᠶᠢ 2400 ᠭᠠᠷᠤᠢ ᠨᠡᠮᠡᠭᠳᠡᠭᠦᠯᠦᠨ᠎ᠡ᠃ ︽ᠲᠠᠪᠤᠨ ᠶᠡᠭᠡ | ᠡᠩᠨᠡᠭᠡ︾ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ 520 ᠨᠡᠷᠡᠰ ᠪᠠᠭᠰᠢ ᠶᠢ ᠰᠢᠯᠭᠠᠨ ᠡᠯᠰᠡᠵᠦ ᠤᠷᠢᠨ ᠬᠡᠷᠡᠭᠯᠡᠵᠦ᠂ ᠪᠠᠭᠰᠢ ᠶᠢᠨ ᠡᠩᠨᠡᠭᠡᠨ ᠤ | ᠲᠣᠬᠢᠷᠠᠭᠤᠯᠤᠯᠲᠠ ᠶᠢ ᠦᠷᠭᠦᠯᠵᠢᠯᠡᠨ ᠲᠡᠩᠴᠡᠭᠦᠷᠢᠲᠡᠢ ᠪᠤᠯᠭᠠᠨ᠎ᠠ᠃ ᠪᠦᠯᠦᠭᠴᠢᠯᠡᠭᠰᠡᠨ ᠰᠤᠷᠭᠠᠭᠤᠯᠢ ᠡᠷᠭᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠨ | ᠬᠥᠮᠦᠵᠢᠯ ᠤᠨ ᠪᠦᠯᠦᠭᠯᠡᠯ ᠰᠤᠷᠭᠠᠭᠤᠯᠢ ᠶᠢᠨ ︽ᠨᠢᠭᠡ ᠰᠤᠷᠭᠠᠭᠤᠯᠢ ᠨᠢᠭᠡ ᠲᠥᠷᠥᠯ ᠵᠦᠢᠯ︾ ᠤᠨ ᠣᠨᠴᠠᠯᠢᠭ ᠲᠠᠢ ᠬᠥᠭᠵᠢᠯᠲᠡ ᠶᠢ ᠠᠬᠢᠭᠤᠯᠤᠨ᠎ᠠ᠃ ᠰᠢᠨ᠎ᠡ | ᠰᠢᠯᠢᠳᠡᠭ ᠰᠤᠷᠭᠠᠭᠤᠯᠢ ᠶᠢ ᠪᠣᠶᠢᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠰᠢᠨ᠎ᠡ ᠰᠢᠯᠢᠳᠡᠭ | ᠰᠤᠷᠭᠠᠭᠤᠯᠢ ᠶᠢᠨ ᠬᠠᠷᠢᠴᠠᠯ ᠢ 40% ᠠᠴᠠ ᠳᠡᠭᠡᠭᠰᠢ ᠳᠤ ᠬᠦᠷᠬᠡᠬᠦ ᠶᠢ ᠠᠬᠢᠭᠤᠯᠤᠨ᠎ᠠ᠃ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠬᠡᠯᠪᠡᠷᠢ ᠶᠢ | ᠬᠤᠪᠢᠷᠠᠭᠤᠯᠤᠨ ᠲᠦᠭᠡᠮᠡᠯ ᠬᠠᠷᠠᠭᠠᠯᠵᠠᠯᠳᠤ ᠬᠡᠦᠬᠡᠳ ᠤᠨ ᠴᠡᠴᠡᠷᠯᠢᠭ ᠪᠤᠯᠭᠠᠬᠤ ᠶᠢ ᠬᠥᠲᠥᠯᠥᠨ ᠵᠢᠯᠤᠭᠤᠳᠴᠤ᠂ ᠲᠦᠭᠡᠮᠡᠯ ᠬᠠᠷᠠᠭᠠᠯᠵᠠᠯᠳᠤ ᠴᠢᠨᠠᠷᠲᠠᠢ ᠬᠡᠦᠬᠡᠳ ᠤᠨ | ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ 88% ᠪᠣᠯᠲᠠᠯ᠎ᠠ ᠳᠡᠭᠡᠭᠰᠢᠯᠡᠭᠦᠯᠵᠦ᠂ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠬᠡᠦᠬᠡᠳ ᠤᠨ | ᠴᠡᠴᠡᠷᠯᠢᠭ ᠲᠤ ᠡᠵᠡᠯᠡᠬᠦ ᠬᠠᠷᠢᠴᠠᠯ ᠢ 68% ᠪᠣᠯᠲᠠᠯ᠎ᠠ ᠳᠡᠭᠡᠭᠰᠢᠯᠡᠭᠦᠯᠦᠨ᠎ᠡ᠃ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠤᠭᠳᠠᠯᠴᠠᠭ᠎ᠠ | ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠰᠠᠭᠤᠷᠢ ᠰᠤᠷᠭᠠᠨ ᠬᠥᠮᠦᠵᠢᠯ ᠢ ᠡᠷᠬᠢᠮᠯᠡᠬᠦ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠦᠷᠦᠯ ᠵᠤᠶᠢᠯ ᠢ | ᠲᠦᠷᠬᠡᠨ ᠢᠶᠠᠷ ᠠᠬᠢᠭᠤᠯᠤᠨ᠎ᠠ᠃ ᠰᠤᠷᠭᠠᠨ ᠬᠥᠮᠦᠵᠢᠯ ᠤᠨ ᠶᠠᠮᠤᠨ ᠤ ᠰᠠᠭᠤᠷᠢ ᠰᠤᠷᠭᠠᠨ ᠬᠥᠮᠦᠵᠢᠯ ᠤᠨ ᠬᠢᠴᠢᠶᠡᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ | ᠲᠤᠭᠤᠷᠢᠭ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠪᠠᠷᠠᠭᠤᠨ ᠣᠷᠣᠨ ᠤ ᠴᠢᠨᠠᠷ ᠰᠠᠶᠢᠲᠠᠢ ᠰᠤᠷᠭᠠᠨ ᠬᠥᠮᠦᠵᠢᠯ ᠤᠨ | ᠬᠦᠴᠦᠷᠬᠡᠭ ᠲᠤᠭᠤᠷᠢᠭ ᠢ ᠪᠥᠬᠦ ᠬᠦᠴᠦᠨ ᠢᠶᠠᠷ ᠪᠠᠶᠢᠭᠤᠯᠤᠨ᠎ᠠ᠃ | ᠡᠮ ᠡᠮᠨᠡᠯᠬᠡ ᠶᠢᠨ ᠦᠢᠯᠡᠴᠢᠯᠡᠬᠡᠨ ᠤ ᠬᠢᠷᠢ ᠲᠦᠪᠰᠢᠨ ᠢ ᠳᠡᠬᠡᠭᠰᠢᠯᠡᠬᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠪᠦᠬᠦ | ᠲᠠᠯ᠎ᠠ ᠪᠠᠷ ᠳᠡᠭᠡᠭᠰᠢᠯᠡᠭᠦᠯᠵᠦ᠂ ︽ᠡᠮᠨᠡᠯᠬᠡ ᠶᠢᠨ ᠳᠠᠭᠠᠳᠬᠠᠯ᠂ ᠡᠮᠴᠢᠯᠡᠭᠡ᠂ ᠡᠮ ᠡᠮᠨᠡᠯᠬᠡ︾ ᠶᠢ ᠬᠠᠮᠵᠢᠯᠴᠠᠭᠤᠯᠤᠨ ᠬᠦᠭᠵᠢᠬᠦᠯᠬᠦ ᠪᠠ ᠵᠠᠰᠠᠬᠤ ᠶᠢ | ᠭᠦᠨᠵᠡᠭᠡᠶᠢᠷᠡᠭᠦᠯᠵᠦ᠂ ᠪᠥᠬᠦ ᠬᠤᠲᠠ ᠶᠢᠨ ᠠᠩᠬᠠᠳᠠᠭᠴᠢ ᠨᠢᠠᠠᠳᠠᠷᠠᠭᠰᠠᠨ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠢ ᠪᠠᠶᠢᠭᠤᠯᠤᠨ᠂ ᠦᠨᠳᠦᠰᠦᠨ | ᠱᠠᠲᠤᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ | ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ︽ᠲᠠᠪᠤᠨ ᠶᠡᠭᠡ ᠲᠥᠪ︾ ᠪᠠ ᠲᠣᠭᠤᠷᠢᠭ ᠤᠨ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠶᠢᠨ | ᠬᠤᠶᠠᠳᠤᠭᠠᠷ ᠳᠡᠰ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠦᠷᠭᠡᠳᠬᠡᠨ᠂ ︽ᠨᠢᠭᠡ ᠮᠦᠴᠡ ᠶᠢᠨ ᠠᠷᠠᠳ ᠲᠤ ᠲᠥᠬᠦᠮ ᠦᠵᠡᠭᠦᠯᠬᠦ ᠡᠮᠴᠢᠯᠡᠭᠡᠨ ᠤ | ᠲᠤᠭᠤᠷᠢᠭ︾ ᠢ ᠪᠠᠶᠢᠭᠤᠯᠵᠤ᠂ ᠴᠢᠨᠠᠷ ᠰᠠᠶᠢᠲᠠᠢ ᠡᠮᠴᠢᠯᠡᠭᠡᠨ ᠤ ᠦᠢᠯᠡᠴᠢᠯᠡᠭᠡ ᠶᠢ ᠣᠯᠠᠨ ᠲᠦᠮᠡᠨ ᠲᠠᠢ ᠣᠶᠢᠷᠠᠲᠤᠭᠤᠯᠵᠤ᠂ ᠣᠯᠠᠨ ᠲᠦᠮᠡᠨ ᠳᠤ ᠲᠥᠬᠦᠮ | ᠦᠵᠡᠭᠦᠯᠦᠨ᠎ᠡ᠃ ᠡᠮᠨᠡᠯᠭᠡ ᠳᠤ ᠣᠷᠣᠬᠤ ᠠᠴᠠ ᠡᠮᠦᠨᠡᠬᠢ ᠲᠦᠷᠭᠡᠨ ᠠᠪᠤᠷᠠᠯᠳᠠ ᠶᠢᠨ ᠲᠤᠭᠳᠠᠯᠴᠠᠭ᠎ᠠ ᠶᠢ ᠲᠡᠭᠦᠯᠳᠡᠷᠵᠢᠭᠦᠯᠵᠦ᠂ ᠬᠦᠨᠳᠦ ᠶᠡᠭᠡ ᠤᠳᠠᠭᠠᠨ ᠴᠢᠨᠠᠷᠲᠠᠢ | ᠡᠪᠡᠳᠴᠢᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠨ᠂ ᠤᠯᠤᠰ ᠤᠨ ᠤᠳᠠᠭᠠᠨ ᠴᠢᠨᠠᠷᠲᠠᠢ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ | ᠵᠢᠱᠢᠶ᠎ᠡ ᠦᠵᠡᠭᠦᠯᠬᠦ ᠲᠤᠭᠤᠷᠢᠭ ᠢ ᠡᠭᠦᠳᠦᠨ ᠪᠠᠶᠢᠭᠤᠯᠤᠨ᠎ᠠ᠃ ᠰᠢᠨ᠎ᠡ ᠱᠠᠳᠤ ᠦᠶ᠎ᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠮᠠᠭᠠᠢ | ᠰᠠᠶᠢᠲᠤᠷ ᠬᠢᠵᠦ᠂ ᠪᠠᠭᠤᠷᠠᠢ ᠬᠠᠮᠳᠤ ᠴᠤᠭᠴᠠ ᠶᠢ ᠰᠡᠷᠭᠡᠶᠢᠯᠡᠨ ᠬᠠᠮᠠᠭᠠᠯᠠᠬᠤ ᠶᠢ ᠲᠣᠪᠤᠶᠢᠯᠭᠠᠨ᠂ ᠤᠯᠠᠨ ᠲᠦᠮᠡᠨ ᠤ ᠡᠪᠡᠳᠴᠢᠨ ᠦᠵᠡᠭᠦᠯᠵᠦ ᠡᠮ ᠬᠡᠷᠡᠭᠯᠡᠬᠦ ᠶᠢ | ᠰᠠᠶᠢᠲᠤᠷ ᠪᠠᠲᠤᠯᠠᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠪᠣᠯᠪᠠᠰᠤᠨ ᠡᠷᠡᠭᠦᠯ ᠠᠮᠢᠳᠤᠷᠠᠯ ᠤᠨ ᠠᠷᠭ᠎ᠠ | ᠮᠠᠶ᠋ᠢᠭ ᠢ ᠦᠢᠯᠡᠳᠦᠯᠭᠡᠵᠢᠭᠦᠯᠦᠨ᠎ᠡ᠃ | ᠶᠡᠷᠦᠩᠬᠡᠶᠢᠯᠡᠭᠰᠡᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠣᠷᠣᠯᠭ᠎ᠠ ᠶᠢᠨ ᠨᠡᠮᠡᠭᠳᠡᠯ ᠢ | ᠠᠬᠢᠭᠤᠯᠬᠤ ᠶᠠᠪᠤᠳᠠᠯ ᠢ ᠦᠨᠡᠨ ᠬᠦ ᠲᠣᠪᠣᠶᠢᠮ᠎ᠠ ᠪᠠᠶᠢᠷᠢᠨ ᠳᠤ ᠲᠠᠯᠪᠢᠵᠤ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ | ᠵᠠᠮ ᠢ ᠶᠡᠭᠡ ᠪᠠᠷ ᠥᠷᠭᠡᠳᠬᠡᠨ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠶᠢ ᠬᠡᠷᠡᠭᠵᠢᠭᠦᠯᠵᠦ᠂ ᠲᠠᠷᠢᠶᠠᠴᠢᠳ ᠤᠨ ᠡᠵᠡᠩᠨᠡᠯᠲᠡ ᠶᠢᠨ ᠴᠢᠨᠠᠷᠲᠠᠢ | ᠣᠷᠣᠯᠭ᠎ᠠ᠂ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠪᠠ ᠴᠠᠯᠢᠩ ᠤᠨ ᠴᠢᠨᠠᠷᠲᠠᠢ ᠣᠷᠣᠯᠭ᠎ᠠ ᠶᠢ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠣᠷᠣᠯᠭ᠎ᠠ ᠶᠢᠨ ᠵᠢᠯ ᠳᠠᠷᠠᠭᠠᠯᠠᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ᠃ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ | ᠬᠢᠭᠡᠳ ᠠᠵᠢᠯ ᠣᠯᠭᠤᠯᠲᠠ ᠶᠢ ᠠᠬᠢᠭᠤᠯᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠬᠡᠷᠡᠭᠵᠢᠭᠦᠯᠵᠦ᠂ ᠠᠳᠠᠯ ᠦᠢᠯᠡᠰ ᠴᠣᠭᠴᠠᠯᠠᠬᠤ ᠳᠠᠭᠠᠯᠳᠠᠳᠤ ᠵᠢᠭᠡᠯᠡᠯᠭᠡ ᠪᠠᠷ | ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢ ᠴᠢᠩᠭᠠᠷᠠᠭᠤᠯᠤᠨ᠂ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ︽ᠴᠠᠬᠢᠯᠳᠠᠭ | ᠲᠥᠯᠥᠪᠯᠡᠭᠡ︾ ᠶᠢ ᠡᠬᠢᠯᠡᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ 1500 ᠬᠥᠮᠥᠨ ᠤᠳᠠᠭ᠎ᠠ ᠥᠷᠨᠢᠭᠦᠯᠵᠦ᠂ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠪᠠ ᠠᠵᠢᠯ ᠣᠯᠭᠤᠯᠲᠠ ᠶᠢᠨ ᠳᠠᠳᠤᠯᠭ᠎ᠠ ᠶᠢᠨ ᠠᠵᠢᠯ ᠤᠨ ᠪᠠᠶᠢᠷᠢ ᠶᠢ 300 ᠨᠡᠭᠡᠭᠡᠨ ᠬᠥᠭᠵᠢᠭᠦᠯᠵᠦ᠂ ᠠᠵᠢᠯ | ᠣᠯᠭᠤᠯᠲᠠ ᠶᠢᠨ ᠪᠠᠭᠲᠠᠭᠠᠮᠵᠢ ᠶᠢ ᠲᠠᠰᠤᠷᠠᠯᠲᠠ ᠦᠭᠡᠢ ᠥᠷᠭᠡᠳᠬᠡᠨ᠂ ᠪᠥᠬᠦ ᠵᠢᠯ ᠳᠤ ᠬᠤᠲᠠ ᠪᠠᠯᠭᠠᠰᠤ ᠶᠢᠨ ᠰᠢᠨ᠎ᠡ ᠪᠠᠷ ᠠᠵᠢᠯ ᠣᠯᠣᠭᠰᠠᠨ ᠬᠥᠮᠥᠨ ᠠᠮᠠ ᠶᠢ | 5000 ᠬᠥᠮᠥᠨ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠶᠢ ᠪᠡᠶᠡᠯᠡᠭᠦᠯᠦᠨ᠎ᠡ᠃ ︽ᠡᠷᠡᠭᠦᠯᠵᠢᠯ ᠰᠤᠪᠢᠯᠠᠯᠲᠠ ᠶᠢᠨ ᠬᠤᠲᠠ︾ ᠶᠢᠨ ᠪᠦᠲᠦᠭᠡᠨ ᠪᠠᠶᠢᠭᠤᠯᠤᠯᠲᠠ ᠳᠤ | ᠠᠩᠬᠠᠷᠤᠯ ᠢᠶᠠᠨ ᠲᠥᠪᠯᠡᠷᠡᠭᠦᠯᠵᠦ᠂ ᠪᠤᠭᠤᠷᠤᠯᠴᠤᠳ ᠤᠨ ᠠᠵᠤ ᠠᠬᠤᠢ ᠶᠢ ᠪᠤᠶᠢᠵᠢᠭᠤᠯᠤᠨ ᠬᠦᠭᠵᠢᠬᠦᠯᠵᠤ᠂ ᠲᠦᠭᠡᠮᠡᠯ ᠬᠠᠷᠠᠭᠠᠯᠵᠠᠯᠳᠤ ᠴᠢᠨᠠᠷᠲᠠᠢ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠂ ᠭᠡᠷ ᠲᠡᠭᠡᠨ ᠰᠠᠭᠤᠵᠤ ᠤᠶᠢᠯᠡᠴᠢᠯᠡᠬᠦᠯᠬᠦ ᠰᠢᠬᠢᠳᠬᠡᠯ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ | ᠵᠠᠭᠪᠤᠷ ᠢ ᠶᠡᠭᠡ ᠪᠠᠷ ᠬᠥᠭᠵᠢᠭᠦᠯᠵᠦ᠂ ᠲᠠᠰ ᠲᠥᠷᠥᠯ ᠬᠤᠪᠢᠶᠠᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠭᠳᠠᠯᠴᠠᠭ᠎ᠠ ᠶᠢ ᠪᠠᠶᠢᠭᠤᠯᠤᠨ᠂ ᠬᠤᠲᠠ | ᠲᠣᠭᠤᠷᠢᠭ ᠤᠨ 4 ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠲᠣᠰᠬᠤᠨ ᠤ ᠲᠠᠰ ᠤᠨ ᠵᠢᠱᠢᠶ᠎ᠡ | ᠦᠵᠡᠭᠦᠯᠬᠦ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ 2 ᠪᠠᠶᠢᠭᠤᠯᠵᠤ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠪᠦᠷᠬᠦᠴᠡ ᠶᠢ 70% ᠠᠴᠠ ᠳᠡᠬᠡᠭᠰᠢ ᠳᠤ ᠬᠦᠷᠬᠡᠨ᠎ᠡ᠃ ︽ᠨᠢᠯᠬ᠎ᠠ ᠬᠡᠦᠬᠡᠳ ᠢ ᠥᠰᠬᠡᠨ ᠪᠣᠶᠢᠵᠢᠭᠤᠯᠬᠤ᠂ ᠨᠢᠯᠬ᠎ᠠ ᠬᠡᠦᠬᠡᠳ ᠢ ᠲᠣᠷᠨᠢᠭᠤᠨ | ᠪᠣᠶᠢᠵᠢᠭᠤᠯᠬᠤ︾ ᠬᠠᠷᠠᠯᠲᠠ ᠶᠢᠨ ᠲᠣᠭᠤᠷᠢᠨ ᠳᠤ᠂ ᠲᠤᠰᠬᠠᠶᠢᠵᠢᠭᠤᠯᠬᠤ ᠪᠠ ᠨᠡᠶᠢᠳᠡᠮ ᠬᠠᠷᠠᠭᠠᠯᠵᠠᠬᠤ ᠬᠡᠯᠪᠡᠷᠢ ᠶᠢᠨ ᠬᠤᠶᠠᠷ ᠶᠡᠭᠡ ᠭᠤᠣᠯᠳᠠᠯᠭ᠎ᠠ ᠶᠢ ᠳᠣᠪᠤᠶᠢᠯᠭᠠᠵᠤ | ᠂ ︽ᠬᠦᠭᠡᠷᠦᠬᠦᠨ ᠪᠦᠤᠪᠡᠢ ᠶᠢᠨ ᠥᠷᠲᠡᠭᠡ︾ ᠨᠡᠶᠢᠭᠡᠮ ᠲᠣᠭᠤᠷᠢᠭ ᠤᠨ ᠬᠡᠦᠬᠡᠳ ᠰᠠᠭᠠᠲᠠᠭᠤᠯᠬᠤ ᠴᠢᠭ ᠢ ᠪᠦᠲᠦᠭᠡᠨ ᠪᠠᠶᠢᠭᠤᠯᠵᠤ᠂ ᠬᠡᠦᠬᠡᠳ ᠰᠠᠭᠠᠲᠠᠭᠤᠯᠬᠤ | ᠦᠢᠯᠡᠴᠢᠯᠡᠭᠡᠨ ᠤ ᠬᠢᠷᠢ ᠳᠦᠪᠰᠢᠨ ᠢ ᠲᠦᠷᠭᠡᠳᠬᠡᠨ ᠳᠡᠭᠡᠭᠰᠢᠯᠡᠭᠦᠯᠦᠨ᠎ᠡ᠃ ᠬᠥᠯᠥᠰᠦᠨ ᠠᠵᠢᠯᠴᠢᠨ ᠤ ᠴᠠᠯᠢᠩ ᠢ ᠬᠤᠶᠢᠰᠢᠯᠠᠭᠤᠯᠤᠨ ᠥᠷᠢᠲᠦᠵᠦ ᠪᠠᠶᠢᠭ᠎ᠠ | ᠠᠰᠠᠭᠤᠳᠠᠯ ᠢ ᠶᠡᠬᠡᠪᠡᠷ ᠴᠡᠭᠴᠡᠯᠡᠨ ᠵᠠᠰᠠᠵᠤ᠂ ᠬᠥᠳᠡᠯᠮᠦᠷᠢᠴᠢᠳ ᠤᠨ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠨᠡᠶᠢᠭᠡᠮ ᠤᠨ ᠠᠪᠤᠷᠠᠨ | ᠲᠤᠰᠠᠯᠠᠬᠤ ᠲᠤᠭᠳᠠᠯᠴᠠᠭ᠎ᠠ ᠶᠢ ᠲᠡᠭᠦᠯᠳᠡᠷᠵᠢᠭᠦᠯᠵᠦ᠂ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢ ᠰᠢᠯᠢᠳᠡᠭᠵᠢᠭᠦᠯᠦᠨ ᠶᠠᠰᠤ ᠴᠢᠨᠠᠷ ᠢ ᠳᠡᠭᠡᠭᠰᠢᠯᠡᠭᠦᠯᠬᠦ ᠶᠢ | ᠠᠬᠢᠭᠤᠯᠤᠨ᠂ ᠵᠡᠮᠳᠡᠭᠴᠦᠳ ᠤᠨ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠪᠠᠭᠤᠷᠠᠢ ᠬᠠᠮᠳᠤ ᠨᠡᠶᠢᠳᠡ ᠶᠢᠨ ᠬᠠᠤᠯᠢ ᠶᠣᠰᠣᠨ ᠤ ᠡᠷᠬᠡ ᠠᠰᠢᠭ | ᠢ ᠬᠠᠮᠠᠭᠠᠯᠠᠨ᠎ᠠ᠃ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠴᠡᠷᠢᠭ ᠠᠴᠠ ᠬᠠᠯᠠᠭᠳᠠᠭᠰᠠᠳ ᠢ | ᠳᠥᠪᠬᠢᠨᠡᠭᠦᠯᠦᠨ ᠠᠵᠢᠯ ᠣᠯᠭᠤᠬᠤ ᠪᠠ ᠬᠠᠷᠠᠭᠠᠯᠵᠠᠨ ᠪᠠᠲᠤᠯᠠᠬᠤ ᠠᠵᠢᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ | ᠬᠤᠲᠠ ᠶᠢ ᠴᠢᠷᠮᠠᠶᠢᠨ ᠪᠠᠶᠢᠭᠤᠯᠤᠨ᠎ᠠ᠃ | ᠨᠡᠶᠢᠭᠡᠮ ᠤᠨ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠬᠠᠮᠠᠭᠠᠯᠠᠨ᠎ᠠ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠦᠭᠰᠢᠭᠦᠷᠢ ᠶᠢ ᠰᠡᠷᠭᠡᠶᠢᠯᠡᠨ | ᠠᠷᠢᠯᠭᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠢᠯᠭᠠᠷᠠᠭᠤᠯᠬᠤ ᠶᠢ ᠪᠦᠬᠦ ᠴᠢᠳᠠᠯ ᠢᠶᠠᠷ ᠢᠶᠠᠨ ᠠᠬᠢᠭᠤᠯᠵᠤ᠂ ᠥᠷᠢ ᠥᠭᠴᠡᠭᠡ ᠶᠢᠨ ᠲᠦᠭᠰᠢᠭᠦᠷᠢ ᠶᠢᠨ | ︽ᠤᠯᠠᠭᠠᠨ ᠦᠰᠦᠭ ᠢ ᠠᠷᠢᠯᠭᠠᠬᠤ︾ ᠬᠠᠷᠠᠯᠲᠠ ᠶᠢ ᠵᠢᠯ ᠤᠨ ᠳᠣᠲᠣᠷ᠎ᠠ ᠪᠡᠶᠡᠯᠡᠭᠦᠯᠦᠨ᠎ᠡ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ | ᠠᠰᠠᠭᠤᠳᠠᠯ ᠲᠠᠢ ᠡᠳ᠋ ᠬᠥᠷᠥᠩᠭᠡ ᠶᠢ ᠢᠯᠭᠠᠷᠠᠭᠤᠯᠤᠨ ᠬᠤᠷᠢᠶᠠᠵᠤ ᠰᠢᠢᠳᠪᠦᠷᠢᠯᠡᠬᠦ ᠲᠠᠶᠢᠯᠠᠯᠳᠤᠭᠠᠨ ᠢ ᠰᠠᠶᠢᠲᠤᠷ ᠬᠢᠵᠦ᠂ ᠠᠶᠤᠯ ᠲᠦᠭᠰᠢᠭᠦᠷᠢ ᠶᠡᠬᠡᠲᠡᠢ ᠬᠤᠶᠠᠷ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠦᠬᠡᠷᠡᠴᠢᠯᠡᠨ ᠳᠠᠬᠢᠨ ᠵᠣᠬᠢᠶᠠᠨ ᠪᠠᠶᠢᠭᠤᠯᠬᠤ ᠪᠠ ᠠᠶᠤᠯ ᠲᠦᠭᠰᠢᠭᠦᠷᠢ ᠶᠢ ᠠᠷᠢᠯᠭᠠᠬᠤ ᠶᠢ ᠦᠷᠭᠦᠯᠵᠢᠯᠡᠨ ᠠᠬᠢᠭᠤᠯᠵᠤ᠂ | ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠥᠯᠥ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ︽ᠤᠷᠤᠨ ᠰᠠᠭᠤᠴᠠ ᠶᠢ ᠳᠤᠭᠳᠠᠭᠰᠠᠨ ᠴᠠᠭ ᠲᠤᠨᠢ | ᠲᠤᠰᠢᠶᠠᠬᠤ ᠶᠢ ᠪᠠᠳᠤᠯᠠᠬᠤ︾ ᠠᠵᠢᠯ ᠢ ᠡᠷᠡᠰ ᠲᠤᠤᠱᠳᠠᠢ ᠰᠠᠶᠢᠲᠤᠷ ᠬᠢᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠵᠦᠢ ᠵᠣᠬᠢᠰᠲᠠᠢ ᠪᠡᠯᠡ | ᠴᠤᠭᠯᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ | ᠬᠥᠭᠵᠢᠬᠦ ᠶᠢ ᠠᠬᠢᠭᠤᠯᠤᠨ᠎ᠠ᠃ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠬᠦᠢ ᠦᠢᠯᠡᠳᠪᠦᠷᠢᠯᠡᠯ ᠢ | ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠡᠬᠢᠯᠡᠭᠦᠯᠵᠦ᠂ ᠨᠡᠭᠦᠷᠡᠰᠦᠨ ᠠᠭᠤᠷᠬᠠᠢ᠂ ᠠᠶᠤᠯ ᠲᠠᠢ ᠬᠢᠮᠢ ᠶᠢᠨ ᠠᠵᠤ | ᠦᠢᠯᠡᠳᠪᠦᠷᠢ᠂ ᠰᠢᠲᠠᠮᠠᠬᠠᠢ ᠬᠡᠢ᠂ ᠭᠠᠯ ᠤᠨᠲᠠᠷᠠᠭᠠᠬᠤ᠂ ᠪᠠᠷᠢᠯᠭ᠎ᠠ ᠶᠢᠨ ᠠᠵᠢᠯ᠂ ᠢᠳᠡᠭᠡᠨ ᠪᠠ ᠡᠮ ᠤᠨ ᠵᠦᠢᠯᠡᠰ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ | ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ | ᠪᠠᠭᠠᠰᠬᠠᠬᠤ ᠭᠠᠮᠰᠢᠭ ᠠᠴᠠ ᠠᠪᠤᠷᠠᠬᠤ ᠪᠠ ᠭᠡᠨᠡᠳᠲᠡ ᠶᠢᠨ ᠤᠯᠠᠨ ᠨᠡᠶᠢᠲᠡ ᠶᠢᠨ ᠬᠡᠷᠡᠭ ᠢ ᠰᠢᠢᠳᠪᠦᠷᠢᠯᠡᠬᠦ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠮᠥᠨ | ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠵᠠᠭᠠᠯᠳᠤᠯᠭ᠎ᠠ ᠶᠢ ᠭᠥᠯᠢᠶᠡᠨ ᠠᠪᠤᠮᠠᠭᠴᠠ ᠰᠢᠢᠳᠪᠤᠷᠢᠯᠡᠬᠦ︾ ᠠᠵᠢᠯ ᠤᠨ ᠴᠢᠨᠠᠷ | ᠴᠢᠨᠰᠠᠭ᠎ᠠ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠡᠷᠡᠭᠯᠡᠭᠡ ᠶᠢᠨ ᠡᠷᠬᠡ ᠪᠠᠨ ᠬᠠᠮᠠᠭᠠᠯᠠᠬᠤ᠂ ᠬᠥᠳᠡᠯᠮᠦᠷᠢ ᠶᠢᠨ ᠵᠢᠭᠤᠷᠠᠯᠳᠤᠭᠠᠨ᠂ ᠠᠳᠠᠯ | ᠠᠬᠤᠢ ᠶᠢᠨ ᠬᠠᠮᠢᠶᠠᠷᠤᠯᠲᠠ ᠵᠡᠷᠭᠡ ︽ᠵᠠᠭᠠᠯᠳᠤᠯᠭ᠎ᠠ ᠶᠢ ᠭᠥᠯᠢᠶᠡᠨ ᠠᠪᠤᠮᠠᠭᠴᠠ ᠰᠢᠢᠳᠪᠤᠷᠢᠯᠡᠬᠦ︾ ᠥᠨᠳᠥᠷ ᠳᠠᠪᠲᠠᠮᠵᠢᠲᠤ ᠵᠦᠢᠯᠡᠰ ᠢ ᠲᠤᠰᠬᠠᠶᠢᠯᠠᠨ ᠵᠠᠰᠠᠬᠤ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠵᠢᠯ ᠤᠨ ᠬᠠᠭᠤᠳᠠᠰᠤ ᠶᠢᠨ ᠶᠡᠷᠦᠩᠬᠡᠢ ᠬᠡᠮᠵᠢᠶ᠎ᠡ ᠶᠢ ᠪᠠᠭᠤᠷᠠᠭᠤᠯᠬᠤ᠂ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠬᠦ ᠶᠢ ᠠᠬᠢᠭᠤᠯᠤᠨ᠎ᠠ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠪᠠ ︽ᠫᠦᠵᠢᠶᠠᠩ ᠤᠨ ᠲᠤᠷᠰᠢᠯᠭ᠎ᠠ︾ ᠶᠢ ᠪᠠᠷᠢᠮᠲᠠᠯᠠᠨ | ᠬᠥᠭᠵᠢᠭᠦᠯᠵᠦ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠤᠯᠠᠨ ᠡᠰᠢᠲᠦ ᠥᠨᠳᠥᠷ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ᠂ ᠵᠠᠬᠢᠳᠠᠯ | ᠰᠣᠷᠪᠤᠯᠵᠢᠯᠠᠭ᠎ᠠ ᠶᠢᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠭᠤᠷᠪᠠᠨ ᠵᠢᠯ ᠤᠨ ᠪᠤᠭᠤᠮᠳᠠ ᠰᠢᠪᠳᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ | ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠰᠢᠢᠳᠪᠦᠷᠢᠯᠡᠬᠦ ᠳᠦᠷᠢᠮ ᠢ ᠶᠡᠬᠡᠪᠡᠷ ᠬᠡᠷᠡᠭᠵᠢᠭᠦᠯᠦᠨ᠂ ᠵᠥᠷᠢᠴᠡᠯ ᠢ ᠡᠶᠡᠳᠡᠭᠦᠯᠦᠨ ᠰᠢᠢᠳᠪᠦᠷᠢᠯᠡᠬᠦ᠂ ᠵᠠᠬᠢᠳᠠᠯ | ᠰᠣᠷᠪᠤᠯᠵᠢᠯᠠᠭ᠎ᠠ ᠶᠢ ᠢᠯᠭᠠᠷᠠᠭᠤᠯᠬᠤ᠂ ᠵᠠᠷᠭᠤ ᠶᠢᠨ ᠢᠷᠡᠯᠲᠡ ᠶᠢ ᠵᠠᠰᠠᠬᠤ ᠶᠢ ᠨᠢᠭᠡᠳᠦᠯᠲᠡᠢ ᠲᠥᠯᠥᠪᠯᠡᠬᠦ ᠶᠢᠨ ᠵᠡᠷᠭᠡ ᠪᠠᠷ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠵᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠲᠤᠭᠤᠷᠢᠭ ᠢ ᠳᠠᠬᠢᠨ ᠡᠭᠦᠳᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ | ᠳᠡᠮᠳᠡᠭᠳᠤ ᠪᠠ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠪᠤᠢ ᠪᠣᠯᠭᠠᠬᠤ ᠪᠠ ᠲᠤᠪᠤᠶᠢᠯᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ | ︽ᠤᠮᠠᠷᠠᠲᠤ ᠶᠢᠨ ᠰᠣᠶᠣᠯ︾ ᠤᠨ ᠲᠦᠷᠦᠯ ᠳᠡᠮᠳᠡᠭᠳᠤ ᠶᠢᠨ ᠳ᠋ᠦᠩᠱᠧᠩ ᠤᠨ ᠦᠯᠢᠭᠡᠷ ᠢ ᠡᠭᠦᠳᠴᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ | ᠳᠡᠰ ᠳᠡᠪᠰᠢᠬᠦ ᠶᠢ ᠠᠬᠢᠭᠤᠯᠤᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠵᠡᠯ | ᠰᠠᠨᠠᠭᠠᠨ ᠤ ᠪᠠᠬᠢᠯᠡᠯᠳᠡ ᠶᠢᠨ ᠰᠡᠷᠭᠡᠶᠢᠯᠡᠯᠲᠡ ᠶᠢ ᠲᠠᠰᠤᠷᠠᠯᠳᠠ ᠦᠭᠡᠢ ᠪᠠᠬᠢᠵᠢᠬᠦᠯᠦᠨ᠎ᠡ᠃ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠬᠡᠪ | ᠳᠠᠭᠤᠷᠢᠶᠠᠯ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠠᠮᠤᠭᠤᠯᠠᠩ ᠳ᠋ᠦᠩᠱᠧᠩ ᠢ ᠡᠭᠦᠳᠦᠨ ᠪᠠᠶᠢᠭᠤᠯᠬᠤ ᠬᠢᠷᠢ ᠲᠦᠪᠰᠢᠨ ᠢ | ᠳᠡᠭᠡᠭᠰᠢᠯᠡᠭᠦᠯᠦᠨ᠂ ︽ᠭᠡᠭᠡᠨ ᠰᠠᠷᠠᠭᠤᠯ ᠢᠨᠵᠧᠨᠧᠷᠢᠩ︾ ᠪᠠ ︽ᠵᠢᠷᠭᠤᠭ᠎ᠠ ᠲᠠᠪᠤ ᠳᠥᠷᠪᠡ︾ ᠶᠢᠨ ᠰᠠᠭᠤᠷᠢ ᠶᠢ ᠪᠠᠬᠢᠵᠢᠭᠦᠯᠬᠦ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠭᠰᠠᠨ ᠦᠷ᠎ᠡ ᠪᠦᠲᠦᠭᠡᠯ ᠢ ᠪᠠᠬᠢᠵᠢᠭᠦᠯᠬᠦ ᠳᠠᠶᠢᠯᠠᠯᠳᠤᠭᠠᠨ ᠢ ᠰᠠᠶᠢᠲᠤᠷ | ᠬᠢᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠶᠢ ᠵᠠᠰᠠᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ | ᠨᠡᠶᠢᠭᠡᠮ ᠤᠨ ᠠᠮᠤᠷ ᠲᠣᠭᠲᠠᠭᠤᠨ ᠪᠠ ᠠᠷᠠᠳ ᠲᠦᠮᠡᠨ ᠤ ᠠᠮᠤᠷ ᠲᠣᠭᠲᠠᠭᠤᠨ ᠢ ᠦᠨᠡᠨ ᠬᠦ ᠪᠠᠲᠤᠯᠠᠨ᠎ᠠ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ | ᠲᠥᠯᠥᠭᠡᠯᠡᠭᠴᠢᠳ ᠠ᠋᠂ ᠪᠣᠳᠠᠲᠠᠢ ᠠᠵᠢᠯᠯᠠᠪᠠᠯ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠴᠢᠷᠮᠠᠶᠢᠨ ᠲᠡᠮᠡᠴᠡᠪᠡᠯ ᠬᠡᠬᠡᠨ ᠰᠠᠷᠠᠭᠤᠯ ᠢᠷᠡᠭᠡᠳᠦᠢ ᠲᠠᠢ ᠪᠤᠯᠬᠤ ᠶᠤᠮ | ᠃ ᠪᠢᠳᠡ ᠦᠷᠭᠦᠯᠵᠢᠯᠡᠨ ᠲᠡᠮᠡᠴᠡᠬᠦ ︽ᠪᠤᠤᠬᠢᠶ᠎ᠠ ᠳᠠᠮᠵᠢᠭᠤᠯᠬᠤ ᠡᠷᠴᠢ ᠬᠦᠴᠦᠨ︾ ᠢᠶᠠᠨ ᠴᠢᠩᠭᠠᠷᠠᠭᠤᠯᠵᠤ᠂ ᠡᠬᠦᠷᠭᠡ ᠬᠦᠨᠳᠦ ᠶᠢ ᠮᠡᠳᠡᠭᠰᠡᠨ ᠴᠤ ᠬᠠᠷᠢᠭᠤᠴᠠᠯᠭ᠎ᠠ | ᠡᠭᠦᠷᠭᠡᠯᠡᠵᠦ᠂ ᠪᠣᠳᠠᠲᠠᠢ ᠶᠢ ᠡᠷᠬᠢᠮᠯᠡᠨ ᠠᠵᠢᠯᠴᠢ ᠶᠢ ᠡᠷᠬᠢᠮᠯᠡᠵᠦ᠂ ᠴᠢᠳᠠᠮᠠᠭᠠᠢ ᠪᠠᠷ ᠠᠵᠢᠯᠯᠠᠵᠤ ᠴᠢᠳᠠᠮᠠᠭᠠᠢ ᠪᠠᠷ ᠪᠦᠲᠦᠭᠡᠵᠦ᠂ ᠠᠷᠠᠳ ᠲᠦᠮᠡᠨ ᠤ ᠰᠡᠳᠬᠢᠯ | ᠬᠠᠨᠤᠮᠵᠢᠲᠠᠢ ᠬᠠᠤᠯᠢᠵᠢᠯ ᠤᠨ ᠵᠠᠰᠠᠭ ᠤᠨ ᠣᠷᠳᠣᠨ᠂ ᠥᠨᠳᠥᠷ ᠦᠷ᠎ᠡ ᠪᠦᠲᠦᠮᠵᠢᠲᠡᠢ ᠵᠠᠰᠠᠭ ᠤᠨ ᠣᠷᠳᠣᠨ᠂ ᠰᠡᠳᠬᠢᠯ ᠢ ᠳᠤᠯᠠᠭᠠᠴᠠᠭᠤᠯᠬᠤ ᠵᠠᠰᠠᠭ ᠤᠨ ᠣᠷᠳᠣᠨ | ᠪᠣᠯᠣᠨ ᠠᠷᠢᠭᠤᠨ ᠴᠢᠬᠡᠴᠢ ᠵᠠᠰᠠᠭ ᠤᠨ ᠣᠷᠳᠣᠨ ᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ | ︵ᠨᠢᠭᠡ︶ ᠰᠡᠳᠬᠢᠯ ᠰᠠᠨᠠᠭ᠎ᠠ ᠪᠠᠨ ᠨᠢᠭᠡᠳᠬᠡᠨ ᠰᠦᠭ ᠰᠦᠨᠡᠰᠦ ᠪᠠᠨ ᠱᠤᠭᠤᠵᠤ᠂ ᠢᠮᠠᠭᠲᠠ ︽ᠤᠯᠤᠰ ᠲᠦᠷᠦ ᠶᠢ ᠡᠷᠬᠢᠮᠯᠡᠵᠦ᠂ ᠦᠨᠡᠨᠴᠢ ᠰᠢᠳᠤᠷᠭᠤ ᠶᠢ | ᠦᠢᠯᠡᠳᠦᠯᠭᠡᠵᠢᠭᠦᠯᠬᠦ︾ ᠲᠠᠯ᠎ᠠ ᠪᠠᠷ ᠦᠯᠢᠭᠡᠷ ᠳᠠᠭᠤᠷᠢᠶᠠᠯ ᠪᠤᠯᠤᠨ᠎ᠠ᠃ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ | ᠤᠶᠢᠯᠠᠭᠠᠵᠤ᠂ ︽ᠳᠥᠷᠪᠡᠨ ᠤᠬᠠᠮᠰᠠᠷ︾ ᠢ ᠤᠯᠠᠮ ᠨᠢᠭᠡ ᠠᠯᠬᠤᠮ ᠴᠢᠩᠭᠠᠳᠬᠠᠨ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠦᠨ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠶᠢ | ᠲᠠᠰᠤᠷᠠᠯᠲᠠ ᠦᠭᠡᠢ ᠳᠡᠭᠡᠭᠰᠢᠯᠡᠬᠦᠯᠦᠨ᠎ᠡ᠃ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠢᠮᠠᠭᠲᠠ ᠭᠤᠶᠢᠪᠢᠰᠢ ᠦᠭᠡᠢ ᠪᠠᠷᠢᠮᠲᠠᠯᠠᠵᠤ᠂ ᠳᠡᠭᠡᠳᠦ ᠱᠠᠲᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠲᠤᠭᠤᠷᠢᠭ ᠤᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ᠂ ᠪᠦᠬᠦ ᠶᠠᠪᠤᠴᠠ ᠳᠤ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠨᠠᠮ ᠳᠠᠭᠠᠨ ᠦᠨᠡᠨᠴᠢ ᠰᠢᠳᠤᠷᠭᠤ᠂ | ᠠᠷᠠᠳ ᠤᠨ ᠲᠥᠯᠥᠭᠡ ᠳᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠣᠳᠠᠲᠤ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠠᠵᠢᠯ ᠤᠨ ᠦᠷ᠎ᠡ | ᠪᠦᠲᠦᠮᠵᠢ ᠳᠡᠭᠡᠨ ᠢᠯᠡᠷᠡᠬᠦᠯᠦᠨ᠎ᠡ᠃ | ︵ᠬᠤᠶᠠᠷ︶ ᠬᠠᠤᠯᠢ ᠶᠢ ᠲᠤᠳᠤᠷᠬᠠᠢ ᠦᠨᠡᠨᠴᠢ ᠰᠢᠳᠤᠷᠭᠤ ᠪᠠᠷ ᠬᠡᠷᠡᠭᠵᠢᠭᠦᠯᠵᠦ᠂ ᠢᠮᠠᠭᠲᠠ ︽ᠬᠠᠤᠯᠢᠵᠢᠯ ᠢ ᠡᠷᠬᠢᠮᠯᠡᠬᠦ᠂ ᠦᠨᠡᠨᠴᠢ ᠢᠲᠡᠭᠡᠮᠵᠢᠲᠡᠢ ᠪᠠᠶᠢᠬᠤ ᠶᠢ | ᠪᠠᠷᠢᠮᠲᠠᠯᠠᠬᠤ︾ ᠲᠠᠯ᠎ᠠ ᠪᠠᠷ ᠦᠯᠢᠭᠡᠷ ᠳᠠᠭᠤᠷᠢᠶᠠᠯ ᠪᠤᠯᠤᠨ᠎ᠠ᠃ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠬᠦᠨᠵᠡᠬᠡᠶᠢᠷᠡᠬᠦᠯᠵᠤ᠂ ᠬᠠᠤᠯᠢ ᠶᠣᠰᠣᠭᠠᠷ | ᠵᠠᠰᠠᠭ ᠶᠠᠪᠤᠭᠤᠯᠤᠨ᠂ ᠬᠠᠤᠯᠢ ᠶᠣᠰᠣᠭᠠᠷ ᠡᠷᠬᠡ ᠪᠠᠨ ᠬᠡᠷᠡᠭᠯᠡᠵᠤ᠂ ᠲᠦᠷᠦᠭᠦᠯᠡᠨ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ᠬᠠᠤᠯᠢ | ᠴᠠᠭᠠᠵᠠ ᠪᠠ ᠳᠦᠷᠢᠮ ᠤᠨ ᠪᠣᠷᠣ ᠲᠥᠯᠥᠪ ᠤᠨ ᠳᠣᠲᠣᠷ᠎ᠠ ᠠᠵᠢᠯ ᠢᠶᠠᠨ ᠡᠷᠡᠰ ᠥᠷᠨᠢᠭᠦᠯᠦᠨ᠎ᠡ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ | ᠲᠣᠭᠲᠠᠭᠠᠬᠤ ᠵᠢᠷᠤᠮ ᠢ ᠴᠢᠩᠭ᠎ᠠ ᠬᠡᠷᠡᠭᠵᠢᠭᠦᠯᠵᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠦᠨ᠂ ᠤᠯᠠᠨ ᠨᠡᠶᠢᠲᠡ ᠶᠢᠨ ᠣᠷᠣᠯᠴᠠᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠵᠠᠰᠠᠭ ᠤᠨ | ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠠᠷᠠᠳ ᠲᠦᠮᠡᠨ ᠤ ᠬᠦᠰᠡᠯ ᠵᠣᠷᠢᠯᠲᠠ ᠶᠢ ᠭᠦᠢᠴᠡᠳ ᠢᠯᠡᠷᠡᠭᠦᠯᠵᠦ᠂ ᠵᠠᠰᠠᠭ ᠵᠠᠬᠢᠷᠭᠠᠨ ᠤ ᠦᠢᠯᠡ | ᠠᠵᠢᠯᠯᠠᠭ᠎ᠠ ᠳᠤ ᠢᠮᠠᠭᠲᠠ ᠬᠠᠤᠯᠢᠵᠢᠯ ᠤᠨ ᠭᠡᠷᠡᠯ ᠭᠢᠯᠪᠠᠭ᠎ᠠ ᠶᠢ ᠰᠠᠴᠤᠷᠠᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠠᠶᠢᠳᠤᠷ ᠰᠢᠢᠳᠪᠦᠷᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠳᠠᠯᠪᠢᠯᠳᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠳᠠᠯᠪᠢᠬᠤ ᠪᠠ ᠨᠡᠶᠢᠭᠡᠮ ᠤᠨ ᠡᠯ᠎ᠡ | ᠡᠲᠡᠭᠡᠳ ᠤᠨ ᠬᠢᠨᠠᠯᠲᠠ ᠳᠠᠯᠪᠢᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠢᠨᠠᠯᠲᠠ ᠳᠠᠯᠪᠢᠯᠳᠠ ᠶᠢᠨ ︽ᠬᠠᠮᠠᠭᠠᠯᠠᠯᠳᠠ ᠶᠢᠨ ᠬᠠᠰᠢᠯᠭ᠎ᠠ︾ ᠪᠠᠷ ᠠᠵᠢᠯ ᠤᠨ | ︽ᠰᠡᠷᠬᠡᠶᠢᠯᠡᠯᠳᠡ ᠶᠢᠨ ᠬᠡᠷᠡᠮ︾ ᠢ ᠴᠤᠭᠴᠠᠯᠠᠨ᠎ᠠ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠭᠦᠯᠦᠨ | ᠬᠡᠷᠡᠭᠵᠢᠭᠦᠯᠵᠦ᠂ ᠵᠠᠰᠠᠭ ᠤᠨ ᠣᠷᠳᠣᠨ ᠲᠦᠷᠦᠭᠦᠯᠡᠨ ᠭᠡᠷ᠎ᠡ ᠶᠢ ᠭᠦᠢᠴᠡᠳᠬᠡᠨ ᠠᠮᠠᠯᠠᠯᠲᠠ ᠪᠠᠨ ᠭᠦᠢᠴᠡᠳᠬᠡᠵᠦ᠂ ︽ᠬᠤᠭᠤᠰᠤᠨ ᠪᠠᠷᠢᠮᠳᠠ︾ ᠭᠠᠷᠭᠠᠬᠤ ᠦᠭᠡᠢ᠂ | ᠠᠮᠠᠯᠠᠯᠳᠠ ᠪᠠᠨ ᠬᠥᠩᠭᠡᠪᠴᠢᠯᠡᠬᠦ ᠦᠭᠡᠢ ᠪᠠᠶᠢᠵᠤ᠂ ᠦᠨᠡᠨᠴᠢ ᠢᠲᠡᠭᠡᠮᠵᠢ ᠶᠢ ᠡᠷᠬᠢᠮᠯᠡᠬᠦ᠂ ᠢᠲᠡᠭᠡᠮᠵᠢ ᠶᠢ ᠰᠠᠬᠢᠬᠤ ᠵᠥᠪ ᠲᠠᠯ᠎ᠠ ᠶᠢᠨ ᠳᠦᠷᠢ ᠲᠥᠷᠬᠦ ᠶᠢ ᠦᠨᠡᠨ ᠬᠦ | ᠱᠤᠭᠤᠨ᠎ᠠ᠃ | ︵ᠭᠤᠷᠪᠠ︶ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠢᠮᠠᠭᠲᠠ ︽ᠬᠠᠷᠢᠭᠤᠴᠠᠯᠭ᠎ᠠ ᠡᠭᠦᠷᠭᠡᠯᠡᠬᠦ ᠶᠢ ᠡᠷᠬᠢᠮᠯᠡᠵᠦ᠂ ᠨᠠᠶᠢᠳᠠᠪᠤᠷᠢᠵᠢᠭᠤᠯᠤᠯᠲᠠ ᠶᠢ | ᠠᠳᠬᠤᠬᠤ︾ ᠲᠠᠯ᠎ᠠ ᠪᠠᠷ ᠦᠯᠢᠭᠡᠷ ᠳᠠᠭᠤᠷᠢᠶᠠᠯ ᠪᠤᠯᠤᠨ᠎ᠠ᠃ | ︽ᠮᠤᠩᠭᠤᠯ ᠮᠤᠷᠢᠨ︾ ᠤ ᠵᠤᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ︽ᠭᠤᠶᠢᠪᠢᠰᠢ ᠦᠭᠡᠢ ᠵᠢᠳᠬᠦᠬᠦ︾᠂ ︽ᠪᠤᠰᠢᠭᠤ ᠱᠠᠯᠠᠮᠠᠭᠠᠢ ᠬᠦᠳᠡᠯᠦᠯᠴᠡᠬᠦ︾᠂ | ︽ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ︾᠂ ︽ᠵᠣᠷᠢᠭᠲᠠᠢ ᠪᠠᠷ ᠬᠢᠵᠦ ᠴᠢᠳᠠᠮᠠᠭᠠᠢ ᠪᠠᠷ ᠤᠶᠢᠯᠡᠳᠬᠦ︾ ᠨᠠᠶᠢᠳᠠᠪᠤᠷᠢᠵᠢᠭᠤᠯᠤᠯᠲᠠ ᠶᠢ ᠠᠳᠬᠤᠬᠤ | ᠱᠠᠭᠠᠷᠳᠠᠯᠭ᠎ᠠ ᠶᠢ ᠬᠦᠨᠵᠡᠬᠡᠢ ᠦᠢᠯᠠᠭᠠᠨ ᠰᠠᠶᠢᠳᠤᠷ ᠳᠤᠤᠱᠯᠠᠭᠤᠯᠵᠤ᠂ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ ᠠᠰᠠᠭᠤᠳᠠᠯ ᠢ ᠡᠷᠡᠰ | ᠳᠠᠶᠠᠭᠳᠠᠵᠤ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠨ᠎ᠡ᠃ ᠤᠴᠢᠷ ᠶᠠᠪᠤᠳᠠᠯ ᠲᠣᠬᠢᠶᠠᠯᠳᠤᠪᠠᠯ ᠬᠦᠴᠢᠷ ᠠᠴᠠ ᠵᠠᠶᠢᠯᠠᠬᠤ ᠦᠭᠡᠢ᠂ ᠤᠴᠢᠷ | ᠶᠠᠪᠤᠳᠠᠯ ᠢ ᠡᠭᠦᠷᠭᠡᠯᠡᠬᠦ ᠳᠤ ᠬᠦᠨᠳᠦ ᠭᠡᠮᠡᠨ ᠵᠠᠶᠢᠯᠠᠬᠤ ᠦᠭᠡᠢ ᠪᠠᠶᠢᠬᠤ ᠶᠢ ᠪᠠᠷᠢᠮᠲᠠᠯᠠᠵᠤ᠂ ᠶᠡᠭᠡ ᠶᠠᠪᠤᠳᠠᠯ ᠬᠦᠴᠢᠷ ᠶᠠᠪᠤᠳᠠᠯ ᠤᠨ ᠡᠮᠦᠨ᠎ᠡ ᠬᠦᠨᠳᠦ ᠡᠭᠦᠷᠭᠡ ᠶᠢ | ᠵᠣᠷᠢᠭᠲᠠᠢ ᠪᠠᠷ ᠡᠬᠦᠷᠭᠡᠯᠡᠨ ᠬᠠᠷᠢᠭᠤᠴᠠᠵᠤ᠂ ᠪᠠᠴᠢᠮ ᠶᠠᠪᠤᠳᠠᠯ ᠠᠶᠤᠯ ᠲᠦᠭᠰᠢᠭᠦᠷᠢ ᠲᠠᠢ ᠶᠠᠪᠤᠳᠠᠯ ᠤᠨ ᠡᠮᠦᠨ᠎ᠡ ᠴᠡᠭᠡᠵᠢ ᠲᠦᠷᠢᠨ ᠤᠷᠤᠵᠤ᠂ ᠡᠮᠦᠨ᠎ᠡ ᠨᠢ | ᠭᠠᠪᠰᠢᠭᠠᠶᠢᠯᠠᠵᠤ᠂ ᠴᠢᠬᠤᠯᠠ ᠠᠵᠢᠯ ᠢ ᠦᠨᠡᠨ ᠬᠦ ᠨᠠᠷᠢᠨ ᠨᠢᠮᠪᠠᠢ ᠠᠳᠬᠤᠵᠤ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ ᠪᠣᠳᠠᠲᠠᠢ ᠪᠠᠷ ᠠᠳᠬᠤᠨ᠎ᠠ᠃ | ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠲᠤ ᠪᠠᠬᠢ ᠪᠤᠢ ᠪᠣᠯᠭᠠᠵᠤ᠂ ︽ᠦᠷ᠎ᠡ ᠪᠦᠲᠦᠭᠡᠯ︾ ᠢᠶᠠᠷ ︽ | ᠢᠯᠠᠵᠤ ᠢᠯᠠᠭᠳᠠᠬᠤ︾ ᠶᠢ ᠦᠬᠦᠯᠡᠨ᠎ᠡ᠃ ᠵᠥᠪ ᠴᠢᠭᠯᠡᠯ ᠢᠶᠠᠷ ᠤᠷᠮᠠᠰᠢᠭᠤᠯᠬᠤ ᠪᠠ ᠡᠰᠡᠷᠭᠦ ᠴᠢᠭᠯᠡᠯ ᠢᠶᠠᠷ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠦᠨᠡᠨᠬᠦ | ᠠᠳᠬᠤᠵᠤ ᠪᠣᠳᠠᠲᠠᠢ ᠠᠵᠢᠯᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠨ᠎ᠠ᠃ | ︵ᠳᠥᠷᠪᠡ︶ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠵᠦ᠂ ᠢᠮᠠᠭᠲᠠ ︽ᠶᠣᠰᠣ ᠳᠦᠷᠢᠮ ᠢ ᠡᠷᠬᠢᠮᠯᠡᠬᠦ᠂ ᠰᠠᠬᠢᠯᠭ᠎ᠠ ᠪᠠᠲᠤ ᠶᠢ ᠰᠠᠬᠢᠬᠤ︾ | ᠲᠠᠯ᠎ᠠ ᠪᠠᠷ ᠦᠯᠢᠭᠡᠷ ᠳᠠᠭᠤᠷᠢᠶᠠᠯ ᠪᠤᠯᠤᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ | ᠡᠰᠡᠷᠭᠦᠴᠡᠬᠦ ᠠᠵᠢᠯ ᠢ ᠭᠦᠨᠵᠡᠭᠡᠢ ᠠᠬᠢᠭᠤᠯᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ | ︾ ᠶᠢ ᠬᠢᠨᠠᠮᠠᠭᠠᠢ ᠭᠦᠢᠴᠡᠳᠬᠡᠵᠦ᠂ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠭᠤᠶᠢᠪᠢᠰᠢ ᠦᠬᠡᠢ | ᠨᠠᠶᠢᠳᠠᠪᠤᠷᠢᠵᠢᠭᠤᠯᠵᠤ᠂ ᠳᠦᠷᠢᠮ ᠤᠨ ︽ᠰᠢᠩᠭᠡᠯᠢᠭ︾ ᠢ ᠤᠯᠠᠮ ᠨᠢᠭᠡ ᠠᠯᠬᠤᠮ ᠪᠠᠬᠢᠯᠡᠵᠦ᠂ ᠵᠠᠰᠠᠭ ᠤᠨ ᠣᠷᠳᠣᠨ ᠤ ᠡᠷᠬᠡ ᠶᠢᠨ ᠠᠵᠢᠯᠯᠠᠭᠠᠨ ᠢ ᠵᠢᠷᠤᠮᠵᠢᠭᠤᠯᠵᠤ᠂ | ᠢᠨᠵᠧᠨᠧᠷᠢᠩ ᠤᠨ ᠪᠠᠶᠢᠭᠤᠯᠤᠯᠲᠠ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠡᠵᠡᠩᠨᠡᠯᠲᠡ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠬᠢᠨᠠᠨ ᠬᠠᠮᠢᠶᠠᠷᠤᠯᠲᠠ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠠᠵᠢᠯ ᠢ ᠴᠢᠩᠭᠠᠳᠬᠠᠨ᠎ᠠ᠃ ︽ᠠᠷᠪᠢᠯᠠᠨ ᠭᠠᠮᠨᠠᠵᠤ ᠠᠮᠢᠳᠤᠷᠠᠬᠤ︾ ᠳᠤ ᠳᠠᠳᠴᠤ᠂ ᠣᠷᠣᠯᠭ᠎ᠠ ᠪᠠᠨ ᠦᠵᠡᠵᠦ ᠵᠠᠷᠤᠯᠭ᠎ᠠ ᠪᠠᠨ ᠲᠣᠬᠢᠷᠠᠭᠤᠯᠬᠤ᠂ | ᠠᠷᠪᠢᠯᠠᠨ ᠭᠠᠮᠨᠠᠵᠤ ᠠᠷᠠᠳ ᠢ ᠪᠠᠶᠠᠵᠢᠭᠤᠯᠬᠤ ᠶᠢ ᠪᠠᠷᠢᠮᠲᠠᠯᠠᠵᠤ᠂ ᠬᠢᠵᠠᠭᠠᠷᠲᠠᠢ ᠡᠳ᠋ ᠤᠨ ᠬᠦᠴᠦᠨ ᠢᠶᠠᠨ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠢ | ᠪᠠᠲᠤᠯᠠᠬᠤ᠂ ᠳᠤᠲᠠᠭᠤᠳᠠᠯ ᠢ ᠨᠥᠬᠦᠪᠦᠷᠢᠯᠡᠬᠦ ᠳᠤ ᠨᠡᠩ ᠢᠯᠡᠬᠦᠬᠡᠨ ᠬᠡᠷᠡᠭᠯᠡᠨ᠎ᠡ᠃ | ᠲᠥᠯᠥᠭᠡᠯᠡᠭᠴᠢᠳ ᠠ᠋︕ ᠲᠦᠮᠡᠨ ᠭᠠᠵᠠᠷ ᠤᠨ ᠠᠶᠠᠨ ᠵᠠᠮ ᠳᠤ ᠡᠷᠴᠢ ᠵᠣᠷᠢᠭ ᠢᠶᠠᠨ ᠬᠥᠪᠴᠢᠯᠡᠵᠦ᠂ ᠬᠦᠨᠳᠦ ᠡᠭᠦᠷᠭᠡ ᠶᠢ ᠪᠡᠶᠡᠯᠡᠭᠦᠯᠬᠦ ᠳᠤ ᠳᠠᠷᠪᠠᠭᠤᠯ | ᠬᠡᠶᠢᠰᠬᠡᠨ ᠳᠠᠬᠢᠨᠲᠠ ᠤᠷᠤᠭᠰᠢᠯᠠᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ | ᠪᠦᠯᠬᠦᠮᠳᠡᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠳᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠠᠩᠬᠠᠷᠤᠯ | ᠬᠦᠴᠦᠨ ᠢᠶᠠᠨ ᠲᠥᠪᠯᠡᠷᠡᠭᠦᠯᠦᠨ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠪᠠ ᠬᠤᠳᠠ ᠶᠢᠨ ᠨᠠᠮ ᠤᠨ ᠬᠤᠷᠢᠶ᠎ᠠ ᠶᠢᠨ ︽ᠭᠤᠷᠪᠠᠨ ᠳᠥᠷᠪᠡ︾ ᠶᠢᠨ | ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠵᠤ᠂ ᠢᠮᠠᠭᠲᠠ ᠰᠢᠯᠭᠠᠯᠲᠠ ᠳᠤ ᠣᠷᠣᠯᠴᠠᠬᠤ ᠰᠡᠳᠬᠢᠴᠡ᠂ ᠡᠷᠡᠯᠬᠡᠭᠯᠡᠨ ᠤᠷᠤᠭᠰᠢᠯᠠᠬᠤ ᠣᠪᠣᠷ ᠪᠠᠶᠢᠳᠠᠯ᠂ | ᠰᠢᠯᠭᠠᠯᠲᠠ ᠶᠢᠨ ᠬᠠᠭᠤᠳᠠᠰᠤ ᠬᠠᠷᠢᠭᠤᠯᠬᠤ ᠪᠠᠶᠢᠳᠠᠯ ᠢᠶᠠᠷ ︽ᠭᠤᠷᠪᠠᠨ ᠲᠤᠭᠤᠷᠢᠭ ᠲᠦᠷᠪᠡᠨ ᠬᠤᠳᠠ︾ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ | ᠠᠬᠢᠭᠤᠯᠵᠤ᠂ ᠳ᠋ᠦᠩᠱᠧᠩ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠬᠦᠳᠤᠨ᠎ᠡ᠃ | | | | | | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠨᠡᠷ᠎ᠡ ᠦᠭᠡᠰ ᠤᠨ ᠳᠠᠶᠢᠯᠤᠮᠵᠢ | ᠬᠤᠳᠠ ᠶᠢᠨ ᠨᠠᠮ ᠤᠨ ᠬᠤᠷᠢᠶᠠᠨ ᠤ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ᠄ ᠡᠨᠧᠷᠭᠢ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ | ᠂ ᠰᠢᠨ᠎ᠡ ᠡᠨᠧᠷᠭᠢ ᠶᠢᠨ ᠲᠤᠨᠤᠭᠯᠠᠯ ᠤᠶᠢᠯᠡᠳᠬᠦ᠂ ᠢᠮᠠᠭᠠᠨ ᠨᠤᠤᠯᠤᠭᠤᠷ ᠵᠡᠷᠭᠡ ᠳᠥᠷᠪᠡᠨ ᠳᠡᠯᠡᠬᠡᠶ ᠶᠢᠨ ᠲᠠᠰ ᠤᠨ ᠠᠵᠤ ᠦᠢᠯᠡᠰ ᠢ ᠴᠤᠭᠴᠠᠯᠠᠬᠤ︔ ᠠᠮᠢ | ᠠᠬᠤᠶ ᠶᠢᠨ ᠵᠠᠰᠠᠯᠲᠠ᠂ ᠪᠣᠯᠪᠠᠰᠤᠨ ᠬᠤᠲᠠ᠂ ᠬᠠᠮᠲᠤ ᠪᠠᠷ ᠴᠢᠨᠡᠭᠡᠯᠢᠭᠵᠢᠬᠦ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠵᠡᠷᠭᠡ ᠤᠯᠤᠰ ᠤᠨ ᠳᠥᠷᠪᠡᠨ ᠬᠡᠪ | ᠳᠠᠭᠤᠷᠢᠶᠠᠯ ᠢ ᠪᠠᠶᠢᠭᠤᠯᠬᠤ︔ ᠲᠡᠷᠢᠭᠦᠨ ᠤ ᠰᠢᠨ᠎ᠡ ᠶᠢ ᠡᠭᠦᠳᠬᠦ ᠠᠮᠢ ᠠᠬᠤᠶ᠂ ᠲᠡᠷᠢᠭᠦᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ᠂ ᠲᠡᠷᠢᠭᠦᠨ ᠤ | ᠬᠤᠲᠠ ᠶᠢᠨ ᠳᠦᠷᠢ ᠲᠥᠷᠬᠦ᠂ ᠲᠡᠷᠢᠭᠦᠨ ᠤ ᠺᠠᠳ᠋ᠷ ᠤᠨ ᠡᠩᠨᠡᠭᠡ ᠵᠡᠷᠭᠡ ᠪᠦᠬᠦ ᠤᠯᠤᠰ ᠤᠨ ᠳᠦᠷᠪᠡᠨ ᠲᠡᠷᠢᠭᠦᠨ ᠢ ᠡᠬᠦᠳᠬᠦ ᠶᠢ ᠵᠢᠭᠠᠨ᠎ᠠ᠃ | ︽ᠭᠤᠷᠪᠠᠨ ᠲᠤᠭᠤᠷᠢᠭ ᠳᠥᠷᠪᠡᠨ ᠬᠤᠲᠠ︾ ᠶᠢᠨ ᠪᠦᠲᠦᠭᠡᠨ ᠪᠠᠶᠢᠭᠤᠯᠤᠯᠲᠠ᠄ ᠲᠤᠭᠤᠷᠢᠭ ᠤᠨ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ | ᠵᠢᠷᠭᠤᠳᠤᠭᠠᠷ ᠪᠥᠬᠦᠳᠡ ᠬᠤᠷᠠᠯ ᠵᠢᠴᠢ ᠪᠥᠬᠦ ᠲᠤᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ︽ᠠᠵᠤ ᠦᠢᠯᠡᠳᠪᠦᠷᠢ ᠶᠢᠨ ᠬᠦᠴᠦᠷᠬᠡᠭ ᠲᠤᠭᠤᠷᠢᠭ︾ | ᠢ ᠪᠥᠬᠦ ᠬᠦᠴᠦᠨ ᠢᠶᠠᠷ ᠴᠣᠭᠴᠠᠯᠠᠨ ᠪᠠᠶᠢᠭᠤᠯᠵᠤ᠂ ︽ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠥᠪᠯᠡᠷᠡᠭᠰᠡᠨ ᠲᠤᠭᠤᠷᠢᠭ︾ ᠢ ᠪᠥᠬᠦ ᠲᠠᠯ᠎ᠠ ᠪᠠᠷ | ᠪᠦᠲᠦᠭᠡᠨ ᠪᠠᠶᠢᠭᠤᠯᠵᠤ᠂ ︽ᠴᠢᠨᠠᠷ ᠰᠠᠶᠢᠲᠠᠢ ᠦᠢᠯᠡᠴᠢᠯᠡᠭᠡᠨ ᠤ ᠣᠷᠴᠢᠨ ᠲᠣᠭᠤᠷᠢᠨ ᠤ ᠵᠢᠱᠢᠶ᠎ᠡ ᠦᠵᠡᠭᠦᠯᠬᠦ ᠲᠤᠭᠤᠷᠢᠭ︾ ᠢ ᠪᠥᠬᠦ ᠲᠠᠯ᠎ᠠ ᠪᠠᠷ ᠴᠣᠭᠴᠠᠯᠠᠨ | ᠪᠠᠶᠢᠭᠤᠯᠵᠤ᠂ ︽ᠠᠮᠢ ᠠᠬᠤᠢ ᠶᠢᠨ ᠬᠤᠲᠠ᠂ ᠴᠢᠨᠠᠷ ᠴᠢᠨᠰᠠᠭᠠᠳᠤ ᠬᠤᠲᠠ᠂ ᠠᠮᠤᠷ ᠠᠮᠤᠭᠤᠯᠠᠩ ᠬᠤᠲᠠ᠂ ᠵᠣᠯ ᠵᠢᠷᠭᠠᠯᠲᠤ ᠬᠤᠲᠠ︾ ᠶᠢ ᠬᠦᠴᠦᠯᠡᠨ ᠪᠦᠲᠦᠭᠡᠨ | ᠪᠠᠶᠢᠭᠤᠯᠤᠨ᠎ᠠ ᠭᠡᠵᠤ ᠳᠤᠷᠠᠳᠤᠨ ᠭᠠᠷᠭᠠᠪᠠ᠃ | ᠪᠦᠬᠦ ᠨᠡᠶᠢᠬᠡᠮ ᠤᠨ R&D ᠵᠠᠷᠤᠳᠠᠯ ᠤᠨ ᠵᠠᠷᠤᠯᠭ᠎ᠠ᠄ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ᠶᠢᠨ ᠵᠠᠷᠤᠳᠠᠯ ᠤᠨ ᠵᠠᠷᠤᠯᠭ᠎ᠠ᠂ ᠰᠢᠨᠵᠢᠯᠡᠬᠦ ᠤᠬᠠᠭᠠᠨ | ᠮᠡᠷᠭᠡᠵᠢᠯ ᠤᠨ ᠬᠦᠷᠢᠶᠡᠨ ᠳᠤ ᠬᠡᠷᠡᠭᠯᠡᠭᠰᠡᠨ᠂ ᠮᠡᠳᠡᠯᠭᠡ ᠶᠢᠨ ᠶᠡᠷᠦᠩᠬᠡᠢ ᠬᠡᠮᠵᠢᠶ᠎ᠡ ᠶᠢ ᠨᠡᠮᠡᠭᠳᠡᠭᠦᠯᠬᠦ ᠪᠠᠷ ᠵᠣᠷᠢᠯᠭ᠎ᠠ ᠪᠣᠯᠭᠠᠭᠰᠠᠨ᠂ ᠵᠢᠴᠢ ᠡᠳᠡᠭᠡᠷ ᠮᠡᠳᠡᠯᠭᠡ ᠶᠢ ᠬᠡᠷᠡᠭᠯᠡᠨ | ᠰᠢᠨ᠎ᠡ ᠬᠡᠷᠡᠭᠯᠡᠭᠡᠨ ᠢ ᠡᠭᠦᠳᠦᠨ ᠪᠦᠲᠦᠭᠡᠬᠦ ᠶᠢᠨ ᠲᠥᠯᠥᠭᠡ ᠬᠢᠭᠰᠡᠨ ᠰᠢᠰᠲ᠋ᠧᠮ ᠲᠠᠢ᠂ ᠪᠦᠲᠦᠭᠡᠯᠴᠢ ᠴᠢᠨᠠᠷᠲᠠᠢ ᠠᠵᠢᠯ ᠠᠴᠠ ᠡᠭᠦᠰᠦᠭᠰᠡᠨ ᠵᠠᠷᠤᠳᠠᠯ ᠤᠨ ᠵᠠᠷᠤᠯᠭ᠎ᠠ ᠶᠢ | ᠵᠢᠭᠠᠵᠤ ᠪᠠᠶᠢᠨ᠎ᠠ᠃ | ︽ᠭᠤᠷᠪᠠ ᠶᠢ ᠦᠬᠡᠶᠢᠰᠬᠡᠬᠦ︾᠄ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠦᠭᠡᠢ᠂ ᠰᠤᠳᠤᠯᠤᠨ ᠨᠡᠭᠡᠭᠡᠬᠦ | ᠪᠠᠶᠢᠭᠤᠯᠤᠮᠵᠢ ᠦᠭᠡᠢ᠂ ᠠᠵᠤ ᠠᠬᠤᠶᠢᠯᠠᠯ ᠤᠨ ᠡᠭᠦᠳᠦᠯᠲᠡ ᠶᠢᠨ ᠲᠤᠰᠬᠠᠢ ᠠᠰᠢᠭ ᠦᠬᠡᠢ ᠪᠠᠶᠢᠬᠤ ᠶᠢ ᠦᠬᠡᠶᠢᠰᠬᠡᠬᠦ ᠶᠢ ᠬᠡᠯᠡᠨ᠎ᠡ᠃ | ︽ᠳ᠋ᠦᠩᠱᠧᠩ ᠳᠤ ᠴᠢᠳᠠᠪᠤᠷᠢᠲᠠᠨ ᠢ ᠴᠤᠭᠯᠠᠷᠠᠭᠤᠯᠬᠤ︾ ᠢᠨᠵᠧᠨᠧᠷᠢᠩ᠄ ᠳ᠋ᠦᠩᠱᠧᠩ ᠲᠣᠭᠤᠷᠢᠭ ᠣᠷᠳᠣᠰ ᠬᠤᠳᠠ ᠶᠢᠨ ᠴᠢᠳᠠᠪᠤᠷᠢᠲᠠᠨ ᠪᠣᠯᠣᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠷᠪᠠᠨ ᠵᠢᠯ ᠤᠨ ᠠᠵᠢᠯᠯᠠᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠴᠢᠳᠠᠪᠤᠷᠢᠲᠠᠨ ᠢ ︽ᠤᠷᠤᠭᠤᠯᠤᠨ | ᠠᠪᠴᠢᠷᠠᠵᠤ ᠪᠤᠶᠢᠵᠢᠭᠤᠯᠤᠨ ᠦᠯᠡᠳᠡᠭᠡᠨ ᠬᠡᠷᠡᠭᠯᠡᠬᠦ︾ ᠰᠢᠨ᠎ᠡ ᠵᠠᠭᠪᠤᠷ᠂ ᠰᠢᠨ᠎ᠡ ᠠᠷᠭ᠎ᠠ ᠵᠠᠮ᠂ ᠰᠢᠨ᠎ᠡ ᠠᠷᠭ᠎ᠠ ᠬᠡᠮᠵᠢᠶ᠎ᠡ ᠶᠢ ᠬᠠᠶᠢᠨ ᠰᠦᠪᠡᠭᠴᠢᠯᠡᠬᠦ ᠪᠠᠷ | ᠪᠠᠶᠢᠭᠤᠯᠤᠭᠰᠠᠨ ᠴᠢᠳᠠᠪᠤᠷᠢᠲᠠᠨ ᠤ ᠠᠵᠢᠯ ᠤᠨ ᠨᠡᠷᠡᠳᠤ ᠳᠡᠮᠳᠡᠭᠳᠤ ᠶᠢᠨ ᠢᠨᠵᠧᠨᠧᠷᠢᠩ ᠢ ᠵᠢᠭᠠᠨ᠎ᠠ᠃ | ᠪᠥᠬᠦ ᠬᠤᠲᠠ ᠶᠢᠨ ᠠᠷᠠᠳ ᠤᠨ ᠠᠮᠢᠳᠤᠷᠠᠯ ᠤᠨ ᠬᠦᠷᠢᠶᠡᠨ ᠳᠠᠬᠢ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ᠄ ᠬᠤᠲᠠ ᠶᠢᠨ ᠨᠠᠮ ᠤᠨ ᠬᠤᠷᠢᠶ᠎ᠠ ᠶᠢᠨ | ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠢ ᠶᠢᠨ ᠬᠤᠷᠠᠯ ᠳᠡᠭᠡᠷ᠎ᠡ ᠳᠤᠷᠠᠳᠤᠭᠰᠠᠨ᠂ ᠳᠤᠯᠠᠭᠠᠯᠠᠭ᠎ᠠ᠂ | ᠤᠰᠤ᠂ ᠴᠠᠬᠢᠯᠭᠠᠨ᠂ ᠰᠢᠲᠠᠮᠠᠬᠠᠢ ᠬᠡᠢ ᠶᠢᠨ ᠪᠠᠲᠤᠯᠠᠭ᠎ᠠ ᠶᠢ ᠰᠠᠶᠢᠲᠤᠷ ᠬᠢᠬᠦ︔ ᠭᠤᠷᠪᠠᠨ ᠵᠢᠯ ᠤᠨ ᠬᠤᠭᠤᠴᠠᠭ᠎ᠠ ᠶᠢ ᠠᠰᠢᠭᠯᠠᠨ᠂ ︽ᠨᠢᠭᠡ ᠮᠥᠴᠡ︾ ᠶᠢᠨ ᠣᠶᠢᠷ᠎ᠠ | ᠬᠠᠪᠢ ᠳᠠᠭᠠᠨ ᠨᠠᠶᠢᠳᠠᠨ ᠰᠠᠭᠠᠲᠠᠭᠤᠯᠬᠤ᠂ ᠣᠶᠢᠷ᠎ᠠ ᠬᠠᠪᠢ ᠳᠠᠭᠠᠨ ᠰᠤᠷᠭᠠᠭᠤᠯᠢ ᠳᠤ ᠣᠷᠣᠬᠤ᠂ ᠣᠶᠢᠷ᠎ᠠ ᠬᠠᠪᠢ ᠳᠠᠭᠠᠨ ᠨᠠᠰᠤᠵᠢᠯ ᠢ ᠠᠰᠠᠷᠠᠬᠤ᠂ ᠣᠶᠢᠷ᠎ᠠ | ᠬᠠᠪᠢ ᠳᠠᠭᠠᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠳᠤ ᠤᠷᠤᠯᠴᠠᠬᠤ ᠶᠢ ᠪᠡᠶᠡᠯᠡᠭᠦᠯᠬᠦ︔ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ | ᠣᠷᠣᠨ ᠰᠠᠭᠤᠴᠠ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠬᠦᠯᠬᠦ ᠠᠵᠢᠯ ᠤᠨ ᠡᠬᠦᠷᠬᠡ ᠶᠢ ᠬᠡᠯᠡᠨ᠎ᠡ᠃ | ︽ᠤᠮᠠᠷᠠᠲᠤ ᠶᠢᠨ ᠭᠤᠷᠪᠠᠨ ᠤᠷᠤᠨ ᠤ ᠵᠣᠷᠢᠭ ᠰᠠᠨᠠᠭ᠎ᠠ︾᠄ ᠰᠢᠷᠭᠠᠭᠤ ᠬᠠᠲᠠᠭᠤᠵᠢᠯᠲᠠᠢ ᠲᠡᠮᠡᠴᠡᠬᠦ᠂ ᠬᠠᠷᠠᠮ ᠦᠭᠡᠢ ᠵᠤᠷᠢᠭᠤᠯᠬᠤ᠂ ᠰᠢᠨᠲᠠᠷᠠᠰᠢ ᠦᠭᠡᠢ | ᠴᠢᠷᠮᠠᠶᠢᠬᠤ᠂ ᠤᠳᠠᠭᠠᠨ ᠳᠠᠭᠠᠭᠠᠮᠠᠭᠠᠢ ᠵᠢᠳᠬᠦᠬᠦ ᠵᠣᠷᠢᠭ ᠰᠠᠨᠠᠭ᠎ᠠ ᠶᠢ ᠬᠡᠯᠡᠨ᠎ᠡ᠃ | ︽ᠮᠣᠩᠭᠤᠯ ᠮᠣᠷᠢᠨ ᠤ ᠵᠣᠷᠢᠭ ᠰᠠᠨᠠᠭ᠎ᠠ︾᠄ ᠳᠡᠰᠪᠤᠷᠢ ᠬᠠᠳᠠᠭᠤᠵᠢᠯᠳᠠᠢ᠂ ᠴᠤᠴᠠᠯᠳᠠ ᠦᠭᠡᠢ ᠤᠷᠤᠭᠰᠢᠯᠠᠬᠤ᠂ ᠵᠣᠷᠢᠯᠭ᠎ᠠ ᠳᠠᠭᠠᠨ ᠬᠦᠷᠬᠦ ᠠᠴᠠ ᠪᠤᠴᠠᠰᠢ ᠦᠭᠡᠢ | ᠵᠣᠷᠢᠭ ᠰᠠᠨᠠᠭ᠎ᠠ ᠶᠢ ᠬᠡᠯᠡᠨ᠎ᠡ᠃ | ᠬᠠᠲᠤᠨ ᠭᠤᠣᠯ ᠤᠨ ︽ᠲᠤᠬᠤᠢ︾ ᠶᠢᠨ ᠬᠠᠮᠠᠭᠠᠯᠠᠯᠳᠠ ᠶᠢᠨ ᠪᠤᠭᠤᠮᠳᠠ ᠰᠢᠪᠲᠤᠯᠬᠤ ᠳᠠᠶᠢᠯᠠᠯᠳᠤᠭᠠᠨ᠄ ᠬᠠᠲᠤᠨ ᠭᠤᠣᠯ ᠤᠨ ︽ᠲᠤᠬᠤᠢ︾ ᠶᠢᠨ ᠣᠷᠣᠨ ᠤ | ᠳᠣᠲᠣᠷ᠎ᠠ ᠬᠥᠪᠴᠢ᠂ ᠤᠯᠠᠭᠠᠨᠪᠤᠬ᠎ᠠ ᠵᠡᠷᠭᠡ ᠡᠯᠡᠰᠦᠨ ᠴᠥᠯ ᠤᠨ ᠡᠯᠡᠰᠦᠷᠬᠡᠭ ᠭᠠᠵᠠᠷ ᠲᠠᠷᠬᠠᠵᠤ᠂ ᠪᠡᠭᠡᠵᠢᠩ ᠲᠢᠶᠠᠨᠵᠢᠨ ᠪᠣᠯᠣᠨ ᠵᠡᠭᠦᠨ ᠬᠡᠰᠡᠭ ᠤᠨ ᠭᠠᠵᠠᠷ | ᠣᠷᠣᠨ ᠤ ᠡᠯᠡᠰᠦᠨ ᠰᠢᠭᠤᠷᠭ᠎ᠠ ᠶᠢ ᠨᠥᠯᠥᠭᠡᠯᠡᠬᠦ ᠴᠢᠬᠤᠯᠠ ᠡᠯᠡᠰᠦᠨ ᠤ ᠢᠷᠡᠯᠳᠠ ᠶᠢᠨ ᠣᠷᠣᠨ ᠪᠠ ᠦᠩᠬᠡᠷᠡᠬᠦ ᠣᠷᠣᠨ ᠪᠣᠯᠬᠤ ᠪᠥᠭᠡᠳ ᠬᠠᠲᠤᠨ ᠭᠤᠣᠯ ᠤᠨ | ᠳᠤᠮᠳᠠᠳᠤ ᠳᠣᠣᠷᠠᠳᠤ ᠤᠷᠤᠰᠬᠠᠯ ᠤᠨ ᠡᠯᠡᠰᠦ ᠰᠢᠪᠠᠷ ᠤᠨ ᠭᠤᠣᠯ ᠢᠷᠡᠯᠲᠡ ᠶᠢᠨ ᠣᠷᠣᠨ ᠪᠣᠯᠣᠨ᠎ᠠ᠃ ᠬᠠᠲᠤᠨ ᠭᠤᠣᠯ ᠤᠨ ︽ᠲᠤᠬᠤᠢ︾ ᠶᠢᠨ ᠬᠠᠮᠠᠭᠠᠯᠠᠯᠳᠠ | ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠡᠯᠡᠰᠦ ᠮᠠᠩᠬᠠᠨ ᠤ ᠭᠠᠮᠰᠢᠭ᠂ ᠤᠰᠤᠨ ᠤ ᠭᠠᠮᠰᠢᠭ᠂ ᠬᠤᠵᠢᠷᠰᠢᠯ᠂ ᠲᠠᠷᠢᠶᠠᠨ ᠭᠠᠵᠠᠷ ᠤᠨ ᠬᠠᠯᠬᠠᠪᠴᠢ ᠣᠶ᠂ | ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ᠂ ᠭᠤᠣᠯ ᠨᠠᠭᠤᠷ ᠴᠢᠭᠢᠭᠯᠢᠭ ᠭᠠᠵᠠᠷ ᠢ ᠬᠠᠮᠠᠭᠠᠯᠠᠬᠤ ᠵᠡᠷᠭᠡ ᠵᠢᠷᠭᠤᠭᠠᠨ ᠶᠡᠭᠡ ᠠᠮᠢ ᠠᠬᠤᠢ ᠶᠢᠨ | ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠬᠠᠲᠤᠨ ᠭᠤᠣᠯ ᠤᠨ ᠲᠤᠬᠤᠢ ᠶᠢᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ᠂ | ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠠᠮᠤᠷ ᠲᠦᠪᠰᠢᠨ ᠢ ᠪᠠᠲᠤᠯᠠᠬᠤ ᠶᠢ ᠵᠢᠭᠠᠵᠤ ᠪᠤᠢ᠃ | ︽ᠬᠠᠶᠠᠭᠳᠠᠮᠠᠯ ᠪᠣᠳᠠᠰ ᠦᠭᠡᠢ ᠬᠤᠲᠠ︾᠄ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠡᠢ᠂ ᠬᠠᠮᠲᠤ ᠪᠠᠷ ᠡᠳ᠋ᠯᠡᠬᠦ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢᠶᠠᠷ ᠤᠳᠤᠷᠢᠳᠤᠮᠵᠢ ᠪᠣᠯᠭᠠᠵᠤ᠂ ᠪᠣᠬᠢᠷᠲᠤᠯ ᠦᠭᠡᠢ ᠬᠥᠭᠵᠢᠯᠲᠡ ᠶᠢᠨ ᠠᠷᠭ᠎ᠠ ᠮᠠᠶ᠋ᠢᠭ ᠪᠠ ᠠᠮᠢᠳᠤᠷᠠᠯ ᠤᠨ ᠠᠷᠭ᠎ᠠ ᠮᠠᠶ᠋ᠢᠭ ᠢ | ᠪᠣᠶ ᠪᠣᠯᠭᠠᠬᠤ ᠶᠢ ᠠᠬᠢᠭᠤᠯᠬᠤ ᠪᠠᠷ ᠳᠠᠮᠵᠢᠭᠤᠯᠤᠨ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠢᠷᠡᠯᠳᠡ ᠠᠴᠠ ᠨᠢ ᠬᠡᠮᠵᠢᠶ᠎ᠡ ᠶᠢ ᠪᠠᠭᠠᠰᠬᠠᠬᠤ ᠪᠠ ᠡᠬᠢ | ᠪᠠᠶᠠᠯᠢᠭᠵᠢᠭᠤᠯᠤᠨ ᠠᠰᠢᠭᠯᠠᠬᠤ ᠶᠢ ᠦᠷᠭᠦᠯᠵᠢᠯᠡᠨ ᠠᠬᠢᠭᠤᠯᠵᠤ᠂ ᠪᠤᠯᠠᠵᠤ ᠬᠠᠶᠠᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠬᠠᠳᠠᠭᠤ ᠪᠡᠶᠡᠳᠤ | ᠬᠠᠶᠠᠭᠳᠠᠮᠠᠯ ᠪᠤᠳᠠᠰ ᠤᠨ ᠤᠷᠴᠢᠨ ᠲᠤᠭᠤᠷᠢᠨ ᠤ ᠨᠦᠯᠦᠬᠡ ᠶᠢ ᠬᠠᠮᠤᠭ ᠲᠤᠤᠷ᠎ᠠ ᠬᠡᠮᠵᠢᠶ᠎ᠡ ᠬᠦᠷᠳᠡᠯ᠎ᠡ ᠪᠠᠭᠤᠷᠠᠭᠤᠯᠬᠤ ᠶᠢ ᠵᠢᠭᠠᠵᠤ᠂ ᠪᠠᠰᠠ ᠴᠤ ᠨᠢᠬᠡᠨ ᠵᠤᠶᠢᠯ ᠤᠨ | ᠳᠡᠷᠢᠬᠦᠨ ᠤ ᠬᠤᠳᠠ ᠶᠢᠨ ᠬᠠᠮᠢᠶᠠᠷᠤᠯᠳᠠ ᠶᠢᠨ ᠤᠶᠢᠯᠠᠭᠠᠭᠳᠠᠬᠤᠨ ᠪᠤᠯᠤᠨ᠎ᠠ᠃ | ︽ᠲᠠᠪᠤᠨ ᠡᠩᠨᠡᠭᠡ︾ ᠶᠢᠨ ᠪᠠᠶᠢᠭᠤᠯᠤᠯᠲᠠ ᠶᠢᠨ ᠢᠨᠵᠧᠨᠧᠷᠢᠩ᠄ ᠰᠤᠷᠭᠠᠨ ᠬᠥᠮᠦᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠲᠦᠷᠭᠡᠳᠬᠡᠬᠦ ᠶᠢᠨ | ᠲᠥᠯᠥᠭᠡ᠂ ᠲᠠᠰ ᠬᠤᠪᠢᠶᠠᠨ ᠬᠥᠮᠦᠵᠢᠭᠦᠯᠬᠦ ᠠᠷᠭ᠎ᠠ ᠮᠠᠶ᠋ᠢᠭ ᠢᠶᠠᠷ ᠳᠠᠮᠵᠢᠨ᠂ ᠰᠤᠳᠤᠯᠭᠠᠨ ᠤ ᠬᠡᠯᠪᠡᠷᠢ ᠶᠢᠨ ᠪᠠᠭᠰᠢ ᠶᠢᠨ ᠡᠩᠨᠡᠭᠡ᠂ ᠣᠶᠤᠨᠴᠢ ᠬᠡᠯᠪᠡᠷᠢ ᠶᠢᠨ | ᠠᠩᠭᠢ ᠶᠢᠨ ᠡᠷᠬᠢᠯᠡᠭᠴᠢ ᠶᠢᠨ ᠡᠩᠨᠡᠭᠡ᠂ ᠵᠠᠮᠴᠢᠯᠠᠭ᠎ᠠ ᠶᠢᠨ ᠬᠡᠯᠪᠡᠷᠢ ᠶᠢᠨ ᠰᠤᠷᠭᠠᠭᠤᠯᠢ ᠴᠡᠴᠡᠷᠯᠢᠭ ᠤᠨ ᠵᠠᠬᠢᠷᠤᠯ ᠤᠨ ᠡᠩᠨᠡᠭᠡ᠂ ᠲᠤᠰᠬᠠᠶ ᠮᠡᠷᠭᠡᠵᠢᠯᠲᠡᠨ ᠤ | ᠬᠡᠯᠪᠡᠷᠢ ᠶᠢᠨ ᠵᠢᠭᠠᠨ ᠰᠤᠳᠤᠯᠤᠭᠴᠢ ᠶᠢᠨ ᠡᠩᠨᠡᠭᠡ᠂ ᠪᠦᠷᠢᠨ ᠴᠢᠳᠠᠪᠤᠷᠢᠲᠤ ᠬᠡᠯᠪᠡᠷᠢ ᠶᠢᠨ ᠬᠠᠮᠢᠶᠠᠷᠤᠯᠲᠠ ᠶᠢᠨ ᠺᠠᠳ᠋ᠷ ᠤᠨ ᠡᠩᠨᠡᠭᠡ ᠶᠢᠨ ᠶᠡᠷᠦᠩᠬᠡᠶᠢᠯᠡᠭᠰᠡᠨ | ᠴᠢᠳᠠᠪᠤᠷᠢ ᠶᠢ ᠳᠡᠭᠡᠭᠰᠢᠯᠡᠭᠦᠯᠬᠦ ᠪᠠᠶᠢᠭᠤᠯᠤᠯᠲᠠ ᠶᠢ ᠬᠡᠷᠡᠭᠵᠢᠬᠦᠯᠬᠦ ᠶᠢ ᠵᠢᠭᠠᠨ᠎ᠠ᠃ | ᠠᠯᠪᠠᠨ ᠠᠴᠠ ᠪᠠᠶᠢᠭᠤᠯᠤᠭᠰᠠᠨ ᠨᠡᠶᠢᠭᠡᠮ ᠲᠣᠭᠤᠷᠢᠭ ᠤᠨ ᠰᠢᠭᠢᠳᠬᠡᠯ ᠮᠠᠶ᠋ᠢᠭ ᠤᠨ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠲᠥᠪ᠄ ᠨᠡᠶᠢᠭᠡᠮ | ᠲᠣᠭᠤᠷᠢᠭ ᠤᠨ ᠲᠠᠯᠠᠪᠤᠷ ᠭᠠᠵᠠᠷ ᠤᠨ ᠡᠬᠢ ᠪᠠᠶᠠᠯᠢᠭ ᠢ ᠭᠦᠢᠴᠡᠳ ᠠᠰᠢᠭᠯᠠᠨ᠂ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠲᠥᠪ ᠢ ᠪᠠᠶᠢᠭᠤᠯᠵᠤ᠂ | ᠨᠢᠯᠬ᠎ᠠ ᠬᠡᠦᠬᠡᠳ ᠤᠨ ᠪᠦᠬᠦᠯᠢ ᠡᠳᠦᠷ ᠢᠶᠠᠷ ᠨᠠᠶᠢᠳᠠᠨ ᠰᠠᠭᠠᠲᠠᠭᠤᠯᠬᠤ᠂ ᠬᠠᠭᠠᠰ ᠡᠳᠦᠷ ᠢᠶᠠᠷ ᠨᠠᠶᠢᠳᠠᠨ ᠰᠠᠭᠠᠲᠠᠭᠤᠯᠬᠤ᠂ ᠴᠠᠭ ᠢᠶᠠᠷ ᠪᠤᠳᠤᠵᠤ ᠨᠠᠶᠢᠳᠠᠨ | ᠰᠠᠭᠠᠲᠠᠭᠤᠯᠬᠤ᠂ ᠲᠦᠷ ᠴᠠᠭ ᠨᠠᠶᠢᠳᠠᠨ ᠰᠠᠭᠠᠲᠠᠭᠤᠯᠬᠤ ᠵᠡᠷᠭᠡ ᠣᠯᠠᠨ ᠵᠦᠢᠯ ᠬᠡᠯᠪᠡᠷᠢ ᠶᠢᠨ ᠬᠠᠷᠠᠭᠠᠯᠵᠠᠨ ᠠᠰᠠᠷᠠᠬᠤ ᠦᠢᠯᠡᠴᠢᠯᠡᠭᠡ ᠬᠠᠩᠭᠠᠬᠤ ᠶᠢ ᠵᠢᠭᠠᠨ᠎ᠠ᠃ | ︽ᠹᠧᠩᠴᠢᠶᠤᠤ ᠶᠢᠨ ᠲᠤᠷᠰᠢᠯᠭ᠎ᠠ︾᠄ ᠹᠧᠩᠴᠢᠶᠤᠤ ᠶᠢᠨ ᠲᠤᠷᠰᠢᠯᠭ᠎ᠠ ᠪᠣᠯ 20 ᠳ᠋ᠤᠭᠠᠷ ᠵᠠᠭᠤᠨ ᠤ ᠵᠢᠷᠠᠭᠠᠳ ᠣᠨ ᠤ ᠡᠬᠢ ᠪᠠᠷ ᠵᠧᠵᠢᠶᠠᠩ ᠮᠤᠵᠢ ᠶᠢᠨ ᠵᠦ ᠵᠢᠢ | ᠬᠤᠲᠠ ᠶᠢᠨ ᠹᠧᠩᠴᠢᠶᠤᠤ ᠪᠠᠯᠭᠠᠰᠤᠨ ᠤ ᠺᠠᠳ᠋ᠷ ᠣᠯᠠᠨ ᠲᠦᠮᠡᠨ ᠤ ᠡᠭᠦᠳᠦᠨ ᠪᠦᠲᠦᠭᠡᠭᠰᠡᠨ ︽ᠣᠯᠠᠨ ᠲᠦᠮᠡᠨ ᠢ ᠳᠠᠶᠢᠴᠢᠯᠠᠨ ᠲᠦᠰᠢᠭᠯᠡᠵᠦ᠂ ᠵᠥᠷᠢᠴᠡᠯ ᠢ | ᠳᠡᠭᠡᠭᠰᠢ ᠲᠤᠰᠢᠶᠠᠬᠤ ᠦᠭᠡᠢ᠂ ᠲᠤᠬᠠᠢ ᠶᠢᠨ ᠭᠠᠵᠠᠷ ᠲᠤᠨᠢ ᠰᠢᠢᠳᠪᠦᠷᠢᠯᠡᠵᠦ᠂ ᠪᠠᠷᠢᠪᠴᠢᠯᠠᠬᠤ ᠬᠦᠮᠦᠨ ᠤ ᠲᠤᠭ᠎ᠠ ᠶᠢ ᠴᠦᠬᠡᠷᠡᠬᠦᠯᠦᠭᠰᠡᠨ᠂ ᠠᠮᠤᠷ ᠢ ᠰᠠᠶᠢᠲᠤᠷ | ᠬᠠᠮᠠᠭᠠᠯᠠᠬᠤ︾ ᠬᠠᠮᠢᠶᠠᠷᠤᠯᠲᠠ ᠶᠢᠨ ᠠᠷᠭ᠎ᠠ ᠮᠠᠶ᠋ᠢᠭ ᠪᠣᠯᠣᠨ᠎ᠠ᠃ 2022 ᠣᠨ ᠤ 10 ᠰᠠᠷ᠎ᠠ ᠶᠢᠨ 16 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠨᠠᠮ ᠤᠨ | ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠡᠭᠡᠨ ᠵᠢᠭᠠᠵᠤ ᠭᠠᠷᠭᠠᠭᠰᠠᠨ ᠨᠢ᠂ ᠨᠡᠶᠢᠭᠡᠮ ᠤᠨ ᠦᠨᠳᠦᠰᠦᠨ ᠱᠠᠲᠤᠨ ᠳᠤ ᠰᠢᠨ᠎ᠡ ᠴᠠᠭ ᠦᠶ᠎ᠡ ᠶᠢᠨ ︽ᠹᠧᠩᠴᠢᠶᠤᠤ | ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠰᠢᠨ᠎ᠡ ᠪᠠᠶᠢᠳᠠᠯ ᠳᠤᠤᠷ᠎ᠠ ᠠᠷᠠᠳ ᠤᠨ ᠳᠣᠲᠣᠭᠠᠳᠤ ᠶᠢᠨ ᠵᠥᠷᠢᠴᠡᠯ ᠢ ᠵᠥᠪ ᠢᠶᠠᠷ ᠰᠢᠢᠳᠪᠦᠷᠢᠯᠡᠬᠦ | ᠲᠣᠭᠲᠠᠴᠠ ᠶᠢ ᠲᠡᠭᠦᠯᠳᠡᠷᠵᠢᠭᠦᠯᠵᠦ᠂ ᠠᠷᠠᠳ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠤᠯᠠᠨ ᠲᠦᠮᠡᠨ ᠤ ᠭᠤᠮᠣᠳᠠᠯ | ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ ᠪᠠᠲᠤᠯᠠᠬᠤ ᠵᠠᠮ ᠢ ᠰᠠᠭᠠᠳ ᠦᠭᠡᠢ ᠨᠡᠪᠲᠡᠷᠡᠭᠦᠯᠬᠦ ᠪᠠ ᠵᠢᠷᠤᠮᠵᠢᠭᠤᠯᠵᠤ᠂ | ᠲᠣᠣᠷᠵᠢᠭᠤᠯᠤᠭᠰᠠᠨ ᠬᠠᠮᠢᠶᠠᠷᠤᠯᠲᠠ᠂ ᠨᠠᠷᠢᠯᠢᠭᠵᠢᠭᠤᠯᠤᠭᠰᠠᠨ ᠦᠢᠯᠡᠴᠢᠯᠡᠭᠡ᠂ ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠭᠰᠠᠨ ᠦᠨᠳᠦᠰᠦᠨ ᠱᠠᠲᠤᠨ ᠤ | ᠵᠠᠰᠠᠯᠲᠠ ᠶᠢᠨ ᠲᠠᠪᠴᠠᠩ ᠢ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠲᠤᠭᠳᠠᠯᠴᠠᠭ᠎ᠠ ᠶᠢ ᠲᠡᠭᠦᠯᠳᠡᠷᠵᠢᠭᠦᠯᠵᠦ᠂ | ᠵᠥᠷᠢᠴᠡᠯ ᠵᠢᠭᠤᠷᠠᠯᠳᠤᠭᠠᠨ ᠢ ᠴᠠᠭ ᠲᠤᠬᠠᠢ ᠳᠤᠨᠢ ᠦᠨᠳᠦᠰᠦᠨ ᠱᠠᠲᠤᠨ ᠳᠤ ᠠᠷᠢᠯᠭᠠᠵᠤ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠬᠤ ᠬᠡᠷᠡᠭᠲᠡᠢ ᠬᠡᠵᠡᠢ᠃ | ︽ᠫᠦᠵᠢᠶᠠᠩ ᠤᠨ ᠲᠤᠷᠰᠢᠯᠭ᠎ᠠ︾᠄ ᠰᠢ ᠶᠢᠨ ᠫᠢᠩ ᠶᠡᠷᠦᠩᠬᠡᠢ ᠱᠦᠵᠢ ᠶᠢᠨ ᠵᠧᠵᠢᠶᠠᠩ ᠳᠤ ᠠᠵᠢᠯᠯᠠᠵᠤ ᠪᠠᠶᠢᠬᠤ ᠬᠤᠭᠤᠴᠠᠭᠠᠨ ᠳᠠᠭᠠᠨ ᠪᠡᠶ᠎ᠡ ᠪᠠᠷ ᠢᠶᠠᠨ | ᠰᠠᠨᠠᠭᠠᠴᠢᠯᠠᠭᠰᠠᠨ ᠪᠥᠭᠡᠳ ᠪᠡᠶ᠎ᠡ ᠪᠠᠷ ᠢᠶᠠᠨ ᠲᠦᠷᠦᠭᠦᠯᠡᠨ ᠳᠣᠷᠣᠭᠰᠢ ᠪᠠᠭᠤᠵᠤ ᠰᠣᠷᠪᠤᠯᠵᠢᠯᠠᠭ᠎ᠠ ᠬᠢᠨ᠂ ᠰᠤᠷᠪᠤᠯᠵᠢᠯᠠᠭ᠎ᠠ ᠶᠢᠨ ᠤᠯᠠᠨ ᠲᠦᠮᠡᠨ ᠢ ᠬᠦᠯᠢᠶᠡᠨ | ᠠᠪᠤᠭᠰᠠᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠵᠢᠭᠠᠵᠤ᠂ ᠡᠨᠡ ᠨᠢ ᠺᠠᠳ᠋ᠷ ᠤᠯᠠᠨ ᠲᠦᠮᠡᠨ ᠤ ᠬᠠᠷᠢᠴᠠᠭ᠎ᠠ ᠶᠢ ᠰᠠᠶᠢᠵᠢᠷᠠᠭᠤᠯᠬᠤ᠂ ᠦᠨᠳᠦᠰᠦᠨ | ᠱᠠᠲᠤᠨ ᠤ ᠵᠠᠰᠠᠯᠲᠠ ᠶᠢ ᠴᠢᠩᠭᠠᠳᠬᠠᠬᠤ ᠶᠢᠨ ᠠᠮᠢᠳᠤᠯᠢᠭ ᠦᠢᠯᠡᠳᠦᠯᠭᠡ ᠪᠣᠯᠣᠨ᠎ᠠ᠃ | ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾᠄ ︽ᠭᠤᠷᠪᠠᠨ ᠤᠯᠠᠨ︾᠄ ᠬᠤᠷᠠᠯ ᠤᠯᠠᠨ᠂ ᠠᠵᠢᠯᠯᠠᠭ᠎ᠠ ᠤᠯᠠᠨ᠂ ᠭᠠᠳᠠᠭᠰᠢ ᠭᠠᠷᠬᠤ ᠨᠢ | ᠤᠯᠠᠨ︔ ︽ᠭᠤᠷᠪᠠᠨ ᠴᠦᠬᠡᠨ︾᠄ ᠪᠠᠶᠢᠴᠠᠭᠠᠨ ᠰᠤᠳᠤᠯᠤᠯᠲᠠ ᠬᠢᠭᠰᠡᠨ ᠮᠡᠳᠡᠭᠦᠯᠦᠯᠲᠡ ᠴᠥᠭᠡᠨ᠂ ᠠᠵᠢᠯ ᠤᠨ ᠰᠡᠳᠬᠢᠴᠡ ᠴᠥᠭᠡᠨ᠂ ᠪᠣᠳᠠᠲᠠᠶ ᠠᠰᠠᠭᠤᠳᠠᠯ ᠢ | ᠰᠢᠢᠳᠪᠦᠷᠢᠯᠡᠭᠰᠡᠨ ᠨᠢ ᠴᠦᠭᠡᠨ︔ ︽ᠭᠤᠷᠪᠠᠨ ᠤᠳᠠᠭᠠᠨ︾᠄ ᠰᠢᠢᠳᠪᠦᠷᠢᠲᠦ ᠪᠣᠳᠣᠯᠭ᠎ᠠ ᠲᠣᠭᠲᠠᠭᠠᠬᠤ ᠨᠢ ᠤᠳᠠᠭᠠᠨ᠂ ᠠᠵᠢᠯᠯᠠᠭ᠎ᠠ ᠠᠪᠬᠤ ᠨᠢ ᠤᠳᠠᠭᠠᠨ᠂ | ᠦᠷ᠎ᠡ ᠳ᠋ᠦᠩ ᠨᠢ ᠤᠳᠠᠭᠠᠨ ᠪᠠᠶᠢᠬᠤ ᠶᠢ ᠵᠢᠭᠠᠨ᠎ᠠ᠃ | ᠠᠩᠬᠠᠨ ᠤ ᠠᠵᠤ ᠠᠬᠤᠢ᠄ ᠤᠯᠤᠰ ᠤᠨ ᠳᠣᠲᠣᠭᠠᠳᠤ ᠭᠠᠳᠠᠭᠠᠳᠤ ᠶᠢᠨ ᠨᠡᠶᠢᠳᠡᠯᠡᠭᠰᠡᠨ ᠨᠠᠷᠠᠲᠤ ᠲᠡᠮᠳᠡᠭᠲᠦ ᠶᠢᠨ ᠬᠠᠮᠤᠭ ᠤᠨ ᠰᠢᠨ᠎ᠡ ᠬᠠᠮᠤᠭ ᠤᠨ ᠤᠷᠤᠰᠬᠠᠯ ᠲᠠᠢ | ᠪᠦᠳᠦᠭᠡᠭᠳᠡᠬᠦᠨ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ᠂ ᠲᠦᠷᠦᠬᠦᠤ ᠳᠡᠯᠭᠡᠭᠦᠷ ᠨᠡᠭᠡᠭᠡᠬᠦ ᠵᠡᠷᠭᠡ ᠠᠵᠤ ᠠᠬᠤᠢ ᠶᠢᠨ ᠠᠵᠢᠯᠯᠠᠭ᠎ᠠ ᠶᠢᠨ | ᠶᠡᠷᠦᠩᠬᠡᠢ ᠨᠡᠷᠡᠶᠢᠳᠦᠯ᠃ | ᠠᠩᠬᠠᠨ ᠤ ᠳᠡᠯᠭᠡᠭᠦᠷ ᠤᠨ ᠠᠵᠤ ᠠᠬᠤᠶ᠄ ᠨᠢᠭᠡᠨ ᠣᠷᠣᠨ ᠪᠦᠰᠡ ᠨᠢ ᠣᠨᠴᠠ ᠪᠠᠶᠢᠭ᠎ᠠ ᠡᠬᠢ ᠪᠠᠶᠠᠯᠢᠭ ᠤᠨ ᠳᠠᠪᠠᠭᠤᠯᠢᠭ ᠢᠶᠠᠨ ᠠᠰᠢᠭᠯᠠᠨ᠂ ᠤᠯᠤᠰ ᠤᠨ | ᠳᠣᠲᠣᠭᠠᠳᠤ ᠭᠠᠳᠠᠭᠠᠳᠤ ᠶᠢᠨ ᠨᠡᠷᠡᠳᠤ ᠳᠡᠮᠳᠡᠭᠳᠤ ᠶᠢ ᠲᠠᠲᠠᠨ ᠣᠷᠣᠨ ᠪᠦᠰᠡ ᠳᠤ ᠠᠩᠬᠠᠨ ᠤ ᠳᠡᠯᠭᠡᠭᠦᠷ ᠨᠡᠭᠡᠭᠡᠵᠦ᠂ ᠨᠡᠷᠡᠳᠤ ᠳᠡᠮᠳᠡᠭᠳᠤ ᠶᠢᠨ ᠦᠨ᠎ᠡ ᠥᠷᠲᠡᠭ | ᠬᠢᠭᠡᠳ ᠣᠷᠣᠨ ᠪᠦᠰᠡ ᠶᠢᠨ ᠡᠬᠢ ᠪᠠᠶᠠᠯᠢᠭ ᠢ ᠬᠠᠮᠤᠭ ᠤᠨ ᠰᠠᠶᠢᠨ ᠠᠪᠴᠠᠯᠳᠤᠭᠤᠯᠬᠤ ᠵᠢᠴᠢ ᠡᠭᠦᠨ ᠠᠴᠠ ᠪᠣᠯᠵᠤ ᠲᠤᠰ ᠣᠷᠣᠨ ᠪᠦᠰᠡ ᠶᠢᠨ ᠠᠵᠤ ᠠᠬᠤᠶ ᠶᠢᠨ | ᠬᠥᠭᠵᠢᠯᠲᠡ ᠳᠤ ᠢᠳᠡᠪᠬᠢᠲᠡᠶ ᠨᠥᠯᠥᠭᠡ ᠦᠵᠡᠭᠦᠯᠬᠦ ᠨᠢᠭᠡ ᠵᠦᠢᠯ ᠤᠨ ᠠᠵᠤ ᠠᠬᠤᠶ ᠶᠢᠨ ᠬᠡᠯᠪᠡᠷᠢ ᠪᠣᠯᠤᠨ᠎ᠠ᠃ | ᠬᠤᠷᠠᠯ ᠦᠵᠡᠰᠬᠦᠯᠡᠩ ᠤᠨ ᠠᠵᠤ ᠠᠬᠤᠢ᠄ ᠡᠯ᠎ᠡ ᠵᠦᠢᠯ ᠤᠨ ᠬᠡᠯᠪᠡᠷᠢ ᠮᠠᠶ᠋ᠢᠭ ᠤᠨ ᠬᠤᠷᠠᠯ᠂ ᠦᠵᠡᠭᠦᠯᠦᠯᠭᠡ᠂ ᠳᠡᠯᠭᠡᠨ ᠪᠣᠷᠣᠯᠠᠭᠤᠯᠤᠯᠲᠠ ᠵᠡᠷᠭᠡ ᠠᠵᠢᠯᠯᠠᠭ᠎ᠠ ᠶᠢ | ᠡᠷᠬᠢᠯᠡᠬᠦ ᠪᠠᠷ ᠳᠡᠮᠵᠢᠨ᠂ ᠬᠤᠯᠪᠣᠭᠳᠠᠯ ᠪᠦᠬᠦᠢ ᠠᠵᠢᠯ ᠲᠥᠷᠥᠯ ᠳᠤ ᠰᠢᠭᠤᠳ ᠪᠤᠶᠤ ᠳᠠᠮ ᠢᠶᠠᠷ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ | ᠠᠰᠢᠭ ᠢ ᠡᠬᠦᠳᠬᠦ ᠨᠢᠭᠡ ᠵᠦᠢᠯ ᠤᠨ ᠠᠵᠤ ᠠᠬᠤᠢ ᠶᠢᠨ ᠦᠵᠡᠭᠳᠡᠯ ᠪᠠ ᠠᠵᠤ ᠠᠬᠤᠢ ᠶᠢᠨ ᠠᠵᠢᠯᠯᠠᠭ᠎ᠠ ᠪᠣᠯᠣᠨ᠎ᠠ᠃ | ︽ᠬᠠᠷᠮᠠᠨ︾ ᠴᠡᠴᠡᠷᠯᠢᠭ᠄ ᠣᠯᠠᠨ ᠨᠡᠶᠢᠲᠡ ᠳᠤ ᠬᠠᠨᠳᠤᠭᠤᠯᠤᠨ ᠨᠡᠭᠡᠭᠡᠭᠰᠡᠨ᠂ ᠬᠡᠪᠴᠢᠶ᠎ᠡ ᠪᠠᠷ ᠨᠡᠯᠢᠶᠡᠳ ᠪᠠᠭ᠎ᠠ᠂ ᠬᠡᠯᠪᠡᠷᠢ ᠳᠦᠷᠰᠦ ᠪᠠᠷ ᠣᠯᠠᠨ ᠶᠠᠩᠵᠤ ᠶᠢᠨ᠂ | ᠵᠣᠬᠢᠬᠤ ᠵᠤᠭᠠᠴᠠᠨ ᠠᠮᠠᠷᠠᠬᠤ ᠴᠢᠳᠠᠮᠵᠢ ᠲᠠᠢ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠠᠵᠢᠯᠯᠠᠭᠠᠨ ᠤ ᠲᠠᠯᠠᠪᠤᠷ ᠪᠣᠯᠤᠨ᠎ᠠ᠃ | ᠪᠦᠷᠢᠨ ᠪᠦᠲᠦᠨ ᠨᠡᠶᠢᠭᠡᠮ ᠲᠣᠭᠤᠷᠢᠭ᠄ ᠰᠠᠭᠤᠭᠠᠯᠢ ᠠᠷᠠᠳ ᠤᠨ ᠶᠠᠪᠠᠭᠠᠨ ᠶᠠᠪᠤᠬᠤ ᠳᠤ ᠳᠤᠬᠢᠷᠠᠮᠵᠢᠳᠠᠢ ᠬᠡᠪᠴᠢᠶᠡᠨ ᠳᠠᠬᠢ ᠪᠦᠷᠢᠨ ᠲᠡᠭᠦᠯᠳᠡᠷ ᠦᠨᠳᠦᠰᠦᠨ ᠣᠯᠠᠨ | ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ᠂ ᠪᠦᠷᠢᠨ ᠲᠡᠭᠦᠯᠳᠡᠷ ᠠᠷᠠᠳ ᠲᠤ ᠲᠥᠬᠦᠮ ᠦᠵᠡᠭᠦᠯᠬᠦ ᠬᠤᠳᠠᠯᠳᠤᠭᠠᠨ ᠤ ᠦᠢᠯᠡᠴᠢᠯᠡᠭᠡᠨ ᠤ ᠲᠦᠬᠦᠭᠡᠷᠦᠮᠵᠢ᠂ | ᠪᠦᠷᠢᠨ ᠲᠡᠭᠦᠯᠳᠡᠷ ᠬᠤᠲᠠ ᠶᠢᠨ ᠶᠠᠪᠤᠳᠠᠯ ᠤᠨ ᠢᠵᠢ ᠪᠦᠷᠢᠨ ᠰᠠᠭᠤᠷᠢ ᠲᠦᠬᠦᠭᠡᠷᠦᠮᠵᠢ᠂ ᠪᠦᠷᠢᠨ ᠭᠦᠢᠴᠡᠳ ᠣᠯᠠᠨ ᠨᠡᠶᠢᠲᠡ ᠶᠢᠨ ᠠᠵᠢᠯᠯᠠᠭᠠᠨ ᠤ ᠣᠷᠣᠨ ᠵᠠᠢ᠂ | ᠪᠦᠷᠢᠨ ᠲᠥᠬᠦᠷ ᠠᠳᠠᠯ ᠠᠬᠤᠢ ᠶᠢᠨ ᠬᠠᠮᠢᠶᠠᠷᠤᠯᠲᠠ ᠪᠠ ᠪᠦᠷᠢᠨ ᠲᠡᠭᠦᠯᠳᠡᠷ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠲᠣᠭᠲᠠᠴᠠ ᠲᠠᠢ ᠮᠥᠷᠲᠡᠭᠡᠨ ᠰᠠᠭᠤᠭᠠᠯᠢ | ᠠᠷᠠᠳ ᠤᠨ ᠬᠠᠷᠢᠶᠠᠯᠠᠭᠳᠠᠬᠤ ᠰᠡᠳᠬᠢᠯᠭᠡ᠂ ᠮᠡᠳᠡᠷᠡᠬᠦ ᠰᠡᠳᠬᠢᠯᠭᠡ ᠪᠠᠷ ᠨᠡᠯᠢᠶᠡᠳ ᠴᠢᠩᠭ᠎ᠠ ᠣᠷᠣᠰᠢᠨ ᠰᠠᠭᠤᠬᠤ ᠨᠡᠶᠢᠭᠡᠮ ᠲᠣᠭᠤᠷᠢᠭ ᠢ ᠵᠢᠭᠠᠨ᠎ᠠ᠃ | ︽ᠭᠠᠭᠴᠠ ᠡᠪᠡᠷᠳᠤ ᠠᠷᠢᠶᠠᠳᠠᠨ︾᠂ ︽ᠵᠢᠵᠢᠭ ᠠᠪᠤᠷᠭᠤ ᠬᠦᠮᠦᠨ︾ ᠤ ᠠᠵᠤ ᠠᠬᠤᠶᠢᠯᠠᠯ᠄ ᠵᠢᠵᠢᠭ ᠠᠪᠤᠷᠭᠤ ᠬᠦᠮᠦᠨ ᠤ ᠠᠵᠤ ᠠᠬᠤᠶᠢᠯᠠᠯ ᠪᠣᠯ ᠠᠮᠵᠢᠯᠲᠠ | ᠪᠦᠲᠦᠮᠵᠢ ᠪᠠᠷ ᠰᠠᠶᠢᠨ᠂ ᠬᠥᠭᠵᠢᠯᠲᠡ ᠶᠢᠨ ᠳᠠᠯᠳᠠ ᠬᠦᠴᠦᠨ ᠢᠶᠠᠷ ᠶᠡᠭᠡ᠂ ᠪᠤᠶᠢᠵᠢᠭᠤᠯᠬᠤ ᠥᠷᠲᠡᠭ ᠨᠢ ᠬᠥᠭᠵᠢᠯᠲᠡ ᠶᠢᠨ ᠡᠬᠢᠨ ᠤ ᠬᠤᠭᠤᠴᠠᠭᠠᠨ ᠳᠤ ᠪᠠᠶᠢᠭ᠎ᠠ | ᠵᠢᠵᠢᠭ ᠬᠡᠯᠪᠡᠷᠢ ᠶᠢᠨ ᠠᠵᠤ ᠠᠬᠤᠶᠢᠯᠠᠯ ᠢ ᠵᠢᠭᠠᠵᠤ ᠪᠠᠶᠢᠨ᠎ᠠ᠃ ︽ᠭᠠᠭᠴᠠ ᠡᠪᠡᠷᠲᠦ ᠠᠷᠢᠶᠠᠲᠠᠨ︾ ᠤ ᠠᠵᠤ ᠠᠬᠤᠶᠢᠯᠠᠯ ᠭᠡᠳᠡᠭ ᠨᠢ ᠪᠠᠶᠢᠭᠤᠯᠤᠭᠠᠳ 10 ᠵᠢᠯ | ᠬᠦᠷᠬᠦ ᠪᠤᠯᠤᠭ᠎ᠠ ᠦᠭᠡᠢ᠂ ᠪᠠᠷᠤᠭᠴᠠᠭᠠᠯᠠᠭᠰᠡᠨ ᠦᠷᠲᠡᠭ ᠨᠢ 10 ᠳ᠋ᠦᠩᠰᠢᠭᠤᠷ ᠳ᠋ᠣᠯᠯᠠᠷ ᠠᠴᠠ ᠦᠨᠳᠦᠷ ᠵᠠᠬ᠎ᠠ ᠳᠡᠯᠭᠡᠭᠦᠷ ᠲᠤ ᠭᠠᠷᠤᠭᠠᠳᠤᠢ ᠺᠣᠮᠫᠠᠨᠢ ᠶᠢ ᠵᠢᠭᠠᠵᠤ | ᠪᠠᠶᠢᠨ᠎ᠠ᠃ | ︽ᠲᠠᠪᠤᠨ ᠬᠠᠨᠤᠮᠵᠢᠳᠠᠢ︾ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠨᠠᠷᠠᠲᠤ ᠲᠡᠮᠳᠡᠭᠲᠦ᠄ ︽ᠬᠠᠮᠤᠭ ᠤᠨ ᠶᠡᠭᠡ ᠬᠠᠷᠠᠭᠠᠯᠵᠠᠯ ᠬᠦᠷᠳᠡᠬᠡᠬᠦ︾ ᠲᠡᠮᠵᠢᠯᠬᠡ | ᠶᠢ ᠬᠡᠷᠡᠭᠵᠢᠬᠦᠯᠵᠤ᠂ ᠬᠠᠮᠤᠭ ᠤᠨ ᠰᠡᠳᠬᠢᠯ ᠢ ᠲᠤᠯᠠᠭᠠᠴᠠᠭᠤᠯᠬᠤ ᠲᠦᠷᠦ ᠶᠢᠨ ᠪᠤᠳᠤᠯᠭ᠎ᠠ ᠶᠢ ᠬᠡᠷᠡᠭᠵᠢᠬᠦᠯᠦᠨ᠎ᠠ︔ ︽ᠬᠠᠮᠤᠭ ᠤᠨ ᠲᠦᠬᠦᠮ︾ ᠬᠢᠨᠠᠨ | ᠵᠦᠪᠰᠢᠶᠡᠷᠡᠯ ᠢ ᠬᠡᠷᠡᠭᠵᠢᠬᠦᠯᠵᠤ᠂ ᠠᠵᠢᠯ ᠶᠠᠪᠤᠳᠠᠯ ᠢ ᠬᠠᠮᠤᠭ ᠤᠨ ᠠᠮᠠᠷᠬᠠᠨ ᠪᠡᠶᠡᠯᠡᠬᠦᠯᠦᠨ᠎ᠠ︔ ︽ᠬᠠᠮᠤᠭ ᠤᠨ ᠨᠠᠷᠢᠨ ᠤᠨᠤᠴᠠᠳᠠᠢ︾ ᠬᠢᠨᠠᠨ ᠬᠠᠮᠢᠶᠠᠷᠤᠯᠳᠠ ᠶᠢ | ᠬᠡᠷᠡᠭᠵᠢᠬᠦᠯᠵᠤ᠂ ᠬᠠᠮᠤᠭ ᠤᠨ ᠰᠠᠨᠠᠭ᠎ᠠ ᠠᠮᠤᠷ ᠢᠶᠠᠷ ᠪᠡᠯᠡ ᠤᠷᠤᠭᠤᠯᠤᠯᠳᠠ ᠬᠢᠯᠬᠡᠨ᠎ᠠ᠃ ︽ᠬᠠᠮᠤᠭ ᠤᠨ ᠰᠢᠯᠢᠳᠡᠭ︾ ᠤᠶᠢᠯᠡᠴᠢᠯᠡᠭᠡ ᠶᠢ ᠬᠠᠩᠭᠠᠵᠤ᠂ ᠬᠠᠮᠤᠭ ᠤᠨ | ᠬᠠᠯᠠᠭᠤᠨ ᠲᠤᠳᠤᠨᠤ ᠤᠶᠢᠯᠡᠴᠢᠯᠡᠭᠡ ᠬᠢᠨ᠎ᠠ︔ ︽ᠬᠠᠮᠤᠭ ᠤᠨ ᠰᠠᠶᠢᠨ︾ ᠪᠠᠳᠤᠯᠠᠭ᠎ᠠ ᠶᠢ ᠬᠠᠩᠭᠠᠵᠤ᠂ ᠬᠠᠮᠤᠭ ᠤᠨ ᠲᠠᠭᠠᠯᠠᠮᠵᠢᠳᠠᠢ ᠠᠮᠢᠳᠤᠷᠠᠯ ᠢ ᠡᠳ᠋ᠯᠡᠬᠦᠯᠦᠨ᠎ᠠ᠃ | ︽ᠭᠠᠵᠠᠷ ᠠᠪᠤᠮᠠᠭᠴᠠ ᠠᠵᠢᠯ ᠡᠬᠢᠯᠡᠭᠦᠯᠬᠦ︾᠄ ᠬᠤᠲᠠ ᠪᠠᠯᠭᠠᠰᠤᠨ ᠤ ᠤᠯᠤᠰ ᠤᠨ ᠥᠮᠴᠢᠯᠡᠯ ᠤᠨ ᠭᠠᠵᠠᠷ ᠰᠢᠷᠣᠶ ᠳᠡᠭᠡᠷᠡᠬᠢ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠴᠢᠭᠯᠡᠭᠦᠯᠦᠨ᠂ ᠠᠵᠤ ᠠᠬᠤᠶᠢᠯᠠᠯ ᠨᠢ ᠤᠯᠤᠰ ᠤᠨ ᠥᠮᠴᠢᠯᠡᠯ ᠤᠨ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠰᠢᠯᠵᠢᠭᠦᠯᠦᠨ | ᠬᠤᠳᠠᠯᠳᠤᠬᠤ ᠭᠡᠷ᠎ᠡ ᠶᠢ ᠬᠠᠩᠭᠠᠵᠤ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠨᠢ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ | ᠬᠦᠯᠢᠶᠡᠬᠦ ᠶᠢ ᠳᠠᠩᠰᠠᠯᠠᠭᠤᠯᠬᠤ ᠭᠠᠷᠳᠠᠮ ᠢ ᠣᠯᠵᠤ᠂ ᠠᠵᠤ ᠠᠬᠤᠶᠢᠯᠠᠯ ᠪᠣᠯᠤᠨ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠨᠢ | ᠵᠥᠪᠰᠢᠶᠡᠷᠡᠭᠦᠯᠦᠭᠰᠡᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠦᠯ ᠢ ᠬᠠᠩᠭᠠᠬᠤ ᠶᠢᠨ ᠬᠠᠮᠲᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠤᠨ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠵᠣᠬᠢᠬᠤ ᠴᠠᠭ ᠬᠤᠭᠤᠴᠠᠭᠠᠨ ᠤ ᠳᠣᠲᠣᠷ᠎ᠠ ᠲᠥᠷᠥᠯ ᠵᠦᠢᠯ ᠳᠤ ᠬᠡᠷᠡᠭᠯᠡᠬᠦ | ᠭᠠᠵᠠᠷ ᠤᠨ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ᠂ ᠠᠷᠠᠳ ᠤᠨ ᠠᠭᠠᠷ ᠤᠨ ᠰᠡᠷᠭᠡᠶᠢᠯᠡᠯᠲᠡ᠂ ᠪᠠᠷᠢᠯᠭ᠎ᠠ ᠶᠢᠨ ᠲᠥᠯᠥᠪᠵᠢᠭᠦᠯᠭᠡ ᠶᠢ ᠵᠥᠪᠰᠢᠶᠡᠷᠡᠬᠦ | ᠵᠡᠷᠭᠡ ᠤᠷᠢᠳᠠᠴᠢ ᠭᠠᠷᠳᠠᠮ ᠢ ᠭᠦᠢᠴᠡᠳᠭᠡᠬᠦ ᠪᠠᠷ ᠠᠮᠠᠯᠳᠠᠪᠠᠯ ᠳᠠᠷᠤᠶ ︽ᠤᠷᠢᠳᠠᠪᠠᠷ ᠠᠵᠢᠯ ᠡᠬᠢᠯᠡᠭᠦᠯᠬᠦ ᠮᠡᠳᠡᠭᠳᠡᠯ ᠤᠨ ᠪᠢᠴᠢᠭ︾ ᠢ ᠭᠦᠢᠴᠡᠳᠭᠡᠵᠦ ᠪᠤᠯᠬᠤ ᠶᠢ | ᠵᠢᠭᠠᠨ᠎ᠠ᠃ | ︽ᠣᠷᠣᠨ ᠠᠯᠤᠰᠯᠠᠭᠰᠠᠨ ᠠᠵᠤ ᠠᠬᠤᠶ︾᠄ ᠬᠠᠷᠢᠯᠴᠠᠨ ᠲᠤᠰᠠᠭᠠᠷ ᠤᠷᠤᠰᠢᠵᠤ᠂ ᠠᠵᠤ ᠠᠬᠤᠶ ᠶᠢᠨ ᠬᠥᠭᠵᠢᠯᠲᠡ ᠶᠢᠨ ᠵᠥᠷᠢᠶ᠎ᠡ ᠲᠠᠢ ᠬᠤᠶᠠᠷ ᠵᠠᠰᠠᠭ ᠵᠠᠬᠢᠷᠭᠠᠨ ᠤ | ᠭᠠᠵᠠᠷ ᠣᠷᠣᠨ ᠤ ᠣᠷᠣᠨ ᠬᠤᠪᠢᠶᠠᠷᠢ ᠶᠢᠨ ᠬᠢᠵᠠᠭᠠᠷᠯᠠᠯ ᠢ ᠡᠪᠳᠡᠵᠦ᠂ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠤᠭ ᠤᠨ ᠰᠢᠨ᠎ᠡ ᠬᠢᠨᠠᠨ ᠵᠥᠪᠰᠢᠶᠡᠷᠡᠭᠰᠡᠨ ᠡᠯ᠎ᠡ | ᠲᠥᠷᠥᠯ ᠤᠨ ᠨᠡᠭᠡᠭᠡᠯᠲᠡ ᠶᠢᠨ ᠣᠷᠣᠨ ᠢᠶᠠᠷ ᠭᠤᠤᠯ ᠠᠴᠢᠶᠠᠯᠠᠪᠤᠷᠢ ᠪᠣᠯᠭᠠᠵᠤ᠂ ᠡᠷᠬᠡ ᠲᠡᠭᠰᠢ ᠵᠦᠪᠳᠡᠯᠴᠡᠭᠰᠡᠨ᠂ ᠰᠠᠶᠢᠨ ᠳᠤᠷ᠎ᠠ ᠠᠴᠠ ᠪᠠᠨ ᠬᠠᠮᠳᠤᠷᠠᠯᠴᠠᠭᠰᠡᠨ | ᠰᠠᠭᠤᠷᠢᠨ ᠳᠡᠭᠡᠷ᠎ᠡ᠂ ᠦᠢᠯᠡᠳᠪᠦᠷᠢᠯᠡᠯ ᠤᠨ ᠬᠦᠴᠦᠨ ᠵᠦᠢᠯ ᠢ ᠬᠠᠷᠢᠯᠴᠠᠨ ᠨᠥᠬᠦᠪᠥᠷᠢᠯᠡᠬᠦ ᠪᠠ ᠥᠨᠳᠥᠷ ᠪᠦᠲᠦᠮᠵᠢᠲᠡᠶ ᠪᠠᠷ ᠠᠰᠢᠭᠯᠠᠬᠤ ᠪᠠᠷ ᠰᠢᠭᠤᠳ ᠵᠣᠷᠢᠯᠭ᠎ᠠ | ᠪᠣᠯᠭᠠᠵᠤ᠂ ᠤᠨᠴᠠᠭᠠᠢ ᠣᠷᠣᠨ ᠪᠦᠰᠡ ᠳᠤ ᠬᠠᠮᠳᠤᠷᠠᠯᠴᠠᠨ ᠡᠯ᠎ᠡ ᠵᠦᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠤᠨ ᠨᠡᠭᠡᠭᠡᠨ | ᠬᠥᠭᠵᠢᠭᠦᠯᠵᠦ᠂ ᠲᠥᠯᠥᠪᠵᠢᠭᠦᠯᠭᠡ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠪᠣᠯᠤᠨ ᠠᠰᠢᠭ ᠲᠤᠰᠠ ᠶᠢᠨ ᠬᠤᠪᠢᠶᠠᠷᠢᠯᠠᠯᠲᠠ ᠵᠡᠷᠭᠡ ᠬᠠᠮᠳᠤᠷᠠᠯᠴᠠᠭ᠎ᠠ ᠪᠠ | ᠵᠣᠬᠢᠴᠠᠭᠤᠯᠬᠤ ᠲᠣᠭᠲᠠᠴᠠ ᠪᠠᠷ ᠳᠠᠮᠵᠢᠭᠤᠯᠤᠨ᠂ ᠬᠠᠷᠢᠯᠴᠠᠨ ᠠᠰᠢᠭᠳᠠᠢ ᠬᠠᠮᠲᠤᠪᠠᠷ ᠠᠰᠢᠭ ᠬᠦᠷᠲᠡᠬᠦ ᠶᠢ ᠪᠡᠶᠡᠯᠡᠬᠦᠯᠬᠦ ᠣᠷᠣᠨ ᠪᠦᠰᠡ ᠶᠢᠨ ᠠᠵᠤ ᠠᠬᠤᠶ ᠶᠢᠨ | ᠬᠥᠭᠵᠢᠯᠲᠡ ᠶᠢᠨ ᠵᠠᠭᠪᠤᠷ ᠢ ᠬᠡᠯᠡᠨ᠎ᠠ᠃ | ︽ᠳᠥᠷᠪᠡᠨ ᠳᠤᠷ᠎ᠠ ᠪᠠᠷ ᠢᠶᠠᠨ ᠪᠠᠶᠢᠬᠤ ᠶᠢ ᠴᠡᠪᠡᠷᠯᠡᠬᠦ︾ ᠠᠵᠢᠯ᠄ ︽ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠣᠪᠣᠭᠠᠯᠠᠬᠤ᠂ | ᠳᠤᠷ᠎ᠠ ᠪᠠᠷ ᠢᠶᠠᠨ ᠪᠦᠳᠦᠬᠡᠨ ᠪᠠᠶᠢᠭᠤᠯᠬᠤ︾ ᠵᠡᠷᠭᠡ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠣᠪᠤᠶᠢᠮ᠎ᠠ ᠠᠰᠠᠭᠤᠳᠠᠯ ᠳᠤ | ᠴᠡᠭᠴᠡᠯᠡᠨ ᠵᠠᠰᠠᠬᠤ ᠠᠵᠢᠯᠯᠠᠭ᠎ᠠ ᠦᠷᠨᠢᠬᠦᠯᠬᠦ ᠠᠵᠢᠯ᠃ | ︽ᠬᠤᠣᠰ ᠨᠡᠭᠦᠷᠡᠰᠦᠲᠥ᠋ᠷᠥᠭᠴᠢ︾᠄ ᠮᠠᠨ ᠤ ᠤᠯᠤᠰ ᠤᠨ ᠳᠤᠷᠠᠳᠤᠭᠰᠠᠨ ᠬᠤᠶᠠᠷ ᠱᠠᠳᠤᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠭᠠᠳᠠᠭᠰᠢᠯᠠᠭᠤᠯᠤᠯᠲᠠ ᠶᠢ ᠪᠠᠭᠠᠰᠬᠠᠬᠤ ᠲᠡᠮᠡᠴᠡᠯ ᠤᠨ ᠬᠠᠷᠠᠯᠲᠠ ᠪᠤᠯᠤᠨ᠎ᠠ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 2030 | ᠣᠨ ᠪᠤᠯᠬᠤ ᠳᠤ ᠤᠷᠬᠢᠯ ᠬᠡᠮᠵᠢᠭᠳᠡᠯ ᠳᠤ ᠬᠦᠷᠭᠡᠬᠦ ᠪᠠᠷ ᠴᠢᠷᠮᠠᠶᠢᠵᠤ᠂ 2060 ᠣᠨ ᠪᠤᠯᠬᠤ ᠳᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ | ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃ | ︽ᠤᠰᠤ ᠪᠠᠷ ᠲᠦᠷᠪᠡ ᠶᠢ ᠲᠤᠭᠳᠠᠭᠠᠬᠤ︾᠄ ᠤᠰᠤ ᠪᠠᠷ ᠬᠤᠳᠠ ᠶᠢ ᠲᠤᠭᠳᠠᠭᠠᠬᠤ᠂ ᠤᠰᠤ ᠪᠠᠷ ᠭᠠᠵᠠᠷ ᠢ ᠲᠤᠭᠳᠠᠭᠠᠬᠤ᠂ ᠤᠰᠤ ᠪᠠᠷ ᠬᠥᠮᠦᠨ ᠢ ᠲᠤᠭᠳᠠᠭᠠᠬᠤ᠂ | ᠤᠰᠤ ᠪᠠᠷ ᠭᠠᠷᠤᠯᠲᠠ ᠶᠢ ᠲᠤᠭᠳᠠᠭᠠᠬᠤ ᠵᠡᠷᠬᠡ ᠲᠦᠷᠪᠡ ᠶᠢ ᠲᠤᠭᠳᠠᠭᠠᠬᠤ ᠶᠢ ᠵᠢᠭᠠᠨ᠎ᠠ᠃ | ︽ᠲᠠᠪᠤᠨ ᠰᠢᠯᠢᠳᠡᠭ ᠰᠤᠷᠭᠠᠨ ᠬᠥᠮᠦᠵᠢᠯ︾᠄ ᠰᠢᠯᠢᠳᠡᠭ ᠰᠤᠷᠭᠠᠭᠤᠯᠢ ᠶᠢᠨ ︽ᠵᠢᠱᠢᠶ᠎ᠡ ᠦᠵᠡᠭᠦᠯᠬᠦ ᠣᠷᠣᠨ︾᠂ ᠰᠢᠯᠢᠳᠡᠭ ᠰᠤᠷᠭᠠᠭᠤᠯᠢ ᠴᠡᠴᠡᠷᠯᠢᠭ ᠤᠨ | ᠵᠠᠬᠢᠷᠤᠯ ᠤᠨ ︽ᠬᠥᠲᠥᠯᠦᠨ ᠳᠠᠭᠠᠭᠤᠯᠬᠤ ᠣᠷᠣᠨ︾᠂ ᠰᠢᠯᠢᠳᠡᠭ ᠪᠠᠭᠰᠢ ᠶᠢᠨ ︽ᠲᠥᠪᠯᠡᠷᠡᠭᠰᠡᠨ ᠣᠷᠣᠨ︾᠂ ᠰᠢᠯᠢᠳᠡᠭ ᠰᠤᠷᠤᠭᠴᠢᠳ ᠤᠨ ︽ᠬᠦᠮᠦᠵᠢᠬᠦᠯᠬᠦ | ᠤᠷᠤᠨ︾᠂ ᠰᠢᠯᠢᠳᠡᠭ ᠰᠤᠷᠭᠠᠨ ᠬᠥᠮᠦᠵᠢᠯ ᠤᠨ ᠠᠮᠢ ᠠᠬᠤᠶ ᠶᠢᠨ ︽ᠵᠣᠯ ᠵᠢᠷᠭᠠᠯᠲᠤ ᠣᠷᠣᠨ︾ ᠵᠡᠷᠬᠡ ᠲᠠᠪᠤᠨ ᠰᠢᠯᠢᠳᠡᠭ ᠰᠤᠷᠭᠠᠨ ᠬᠦᠮᠦᠵᠢᠯ ᠤᠨ ᠤᠷᠤᠨ ᠢ | ᠪᠥᠲᠥᠭᠡᠨ ᠪᠠᠶᠢᠭᠤᠯᠤᠨ᠎ᠠ᠃ | ︽ᠠᠷᠪᠠᠨ ᠶᠡᠭᠡ ᠠᠵᠢᠯᠯᠠᠭ᠎ᠠ︾᠄ ᠲᠤᠬᠠᠶᠢᠯᠠᠪᠠᠯ ︽ᠭᠤᠷᠪᠠ ᠶᠢ ᠳᠡᠭᠡᠭᠰᠢᠯᠡᠭᠦᠯᠬᠦ︾ ᠨᠠᠮ ᠤᠨ ᠪᠠᠶᠢᠭᠤᠯᠤᠯᠲᠠ ᠶᠢᠨ ᠠᠵᠢᠯᠯᠠᠭ᠎ᠠ᠂ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ᠂ ᠰᠤᠷᠭᠠᠭᠤᠯᠢ ᠴᠡᠴᠡᠷᠯᠢᠭ ᠤᠨ ᠵᠠᠬᠢᠷᠤᠯ ᠤᠨ ᠤᠳᠤᠷᠢᠳᠬᠤ ᠬᠦᠴᠦᠨ ᠢ ᠴᠢᠩᠭᠠᠳᠬᠠᠬᠤ ᠠᠵᠢᠯᠯᠠᠭ᠎ᠠ | ᠂ ᠲᠦᠮᠡᠨ ᠪᠠᠭᠰᠢ ᠶᠢᠨ ᠬᠡᠪ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ᠂ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ | ᠠᠵᠢᠯᠯᠠᠭ᠎ᠠ᠂ ᠶᠡᠷᠦᠩᠬᠡᠶᠢᠯᠡᠭᠰᠡᠨ ᠦᠢᠯᠡᠴᠢᠯᠡᠭᠡᠨ ᠤ ᠪᠠᠲᠤᠯᠠᠭ᠎ᠠ ᠶᠢ ᠳᠡᠭᠡᠭᠰᠢᠯᠡᠭᠦᠯᠬᠦ ᠠᠵᠢᠯᠯᠠᠭ᠎ᠠ᠂ ᠪᠠᠭᠰᠢ ᠶᠢ ᠬᠠᠷᠠᠭᠠᠯᠵᠠᠬᠤ ᠪᠠᠲᠤᠯᠠᠭ᠎ᠠ ᠶᠢ ᠲᠡᠰ ᠳᠡᠪᠰᠢᠭᠦᠯᠬᠦ | ᠠᠵᠢᠯᠯᠠᠭ᠎ᠠ᠂ ᠭᠡᠷ ᠪᠦᠯᠢ ᠪᠠ ᠰᠤᠷᠭᠠᠭᠤᠯᠢ ᠬᠠᠮᠵᠢᠯᠴᠠᠨ ᠬᠥᠮᠦᠨ ᠢ ᠬᠥᠮᠦᠵᠢᠭᠦᠯᠵᠦ ᠴᠢᠳᠠᠪᠤᠷᠢ ᠣᠯᠭᠤᠬᠤ ᠠᠵᠢᠯᠯᠠᠭ᠎ᠠ᠂ ᠰᠤᠷᠤᠭᠴᠢᠳ ᠤᠨ ᠪᠦᠬᠦ ᠲᠠᠯ᠎ᠠ ᠶᠢᠨ | ᠬᠦᠭᠵᠢᠯᠳᠠ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ᠂ ︽ᠵᠣᠯ ᠵᠢᠷᠭᠠᠯᠳᠤ ᠰᠤᠷᠭᠠᠨ ᠬᠥᠮᠦᠵᠢᠯ ᠤᠨ ᠠᠮᠢ ᠠᠬᠤᠢ︾ ᠶᠢ ᠰᠠᠶᠢᠵᠢᠷᠠᠭᠤᠯᠬᠤ | ᠠᠵᠢᠯᠯᠠᠭ᠎ᠠ ᠪᠣᠯᠤᠨ᠎ᠠ᠃ | ᠲᠤᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ︽ᠲᠠᠪᠤᠨ ᠶᠡᠭᠡ ᠲᠥᠪ︾᠄ ᠳᠠᠷᠤᠢ ᠴᠡᠭᠡᠵᠢ ᠡᠪᠡᠳᠬᠦ ᠶᠢ ᠡᠮᠨᠡᠬᠦ ᠲᠥᠪ᠂ ᠰᠠ ᠡᠪᠡᠳᠴᠢᠨ ᠢ ᠡᠮᠨᠡᠬᠦ | ᠲᠥᠪ᠂ ᠰᠢᠷᠬᠠᠳᠤᠯ ᠢ ᠡᠮᠨᠡᠬᠦ ᠲᠥᠪ᠂ ᠲᠦᠭᠰᠢᠬᠦᠷᠢ ᠶᠡᠬᠡᠲᠡᠢ ᠵᠢᠷᠮᠦᠰᠦᠨ ᠡᠮᠡᠭᠲᠡᠢ ᠶᠢ ᠠᠪᠤᠷᠠᠨ ᠡᠮᠨᠡᠬᠦ ᠲᠥᠪ᠂ ᠬᠦᠨᠳᠦ ᠲᠦᠭᠰᠢᠭᠦᠷᠢᠲᠡᠢ ᠨᠢᠷᠠᠢ ᠬᠡᠦᠬᠡᠳ ᠢ | ᠠᠪᠤᠷᠠᠨ ᠡᠮᠨᠡᠬᠦ ᠲᠥᠪ ᠵᠡᠷᠬᠡ ᠲᠠᠪᠤᠨ ᠡᠮᠨᠡᠬᠦ ᠲᠦᠪ ᠢ ᠵᠢᠭᠠᠨ᠎ᠠ᠃ | ︽ᠡᠷᠡᠭᠦᠯᠵᠢᠯ ᠰᠤᠪᠢᠯᠠᠯᠲᠠ ᠶᠢᠨ ᠬᠤᠲᠠ︾᠄ ᠡᠷᠡᠭᠦᠯ ᠮᠡᠨᠳᠦ᠂ ᠪᠡᠶ᠎ᠡ ᠰᠤᠪᠢᠯᠠᠯᠲᠠ᠂ ᠰᠡᠯᠡᠭᠦᠴᠡᠯ᠂ ᠪᠣᠬᠢᠷᠲᠤᠯ ᠥᠬᠡᠶ ᠣᠷᠴᠢᠨ ᠲᠣᠭᠤᠷᠢᠨ ᠤ ᠬᠠᠮᠠᠭᠠᠯᠠᠯᠲᠠ ᠪᠠᠷ | ᠭᠤᠤᠯ ᠣᠨᠣᠯᠵᠢᠬᠤᠨ ᠢᠶᠠᠨ ᠪᠤᠯᠭᠠᠵᠤ᠂ ᠰᠠᠭᠤᠭᠠᠯᠢ ᠠᠷᠠᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠪᠠ ᠠᠮᠢᠳᠤᠷᠠᠯ ᠤᠨ ᠴᠢᠨᠠᠷ ᠴᠢᠨᠰᠠᠭ᠎ᠠ ᠶᠢ ᠴᠢᠬᠤᠯᠠᠴᠢᠯᠠᠳᠠᠭ | ᠬᠤᠲᠠ᠃ | ︽ᠭᠡᠭᠡᠨ ᠰᠠᠷᠠᠭᠤᠯ ᠢᠨᠵᠧᠨᠧᠷᠢᠩ︾᠄ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠶᠡᠷᠦᠩᠬᠡᠶᠢᠯᠡᠨ ᠵᠠᠰᠠᠬᠤ ᠲᠥᠪ ᠢᠶᠠᠷ ᠵᠢᠯᠤᠭᠤᠳᠬᠤ ᠲᠠᠪᠴᠠᠩ | ᠪᠣᠯᠭᠠᠵᠤ᠂ ᠶᠡᠷᠦᠩᠬᠡᠶᠢᠯᠡᠨ ᠵᠠᠰᠠᠬᠤ ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠯ ᠪᠤᠯᠭᠠᠨ᠂ ᠲᠣᠥᠷᠵᠢᠭᠤᠯᠤᠭᠰᠠᠨ ᠬᠠᠮᠢᠶᠠᠷᠤᠯᠲᠠ ᠪᠠᠷ ᠰᠠᠭᠤᠷᠢ ᠪᠣᠯᠭᠠᠵᠤ᠂ ᠣᠯᠠᠨ | ᠨᠡᠶᠢᠲᠡ ᠶᠢᠨ ᠠᠮᠤᠷ ᠲᠦᠪᠰᠢᠨ ᠤ ᠬᠠᠷᠠᠭᠠᠨ ᠳᠠᠪᠲᠠᠮᠵᠢ ᠶᠢᠨ ᠬᠢᠨᠠᠨ ᠡᠵᠡᠮᠳᠡᠬᠦᠷ ᠤᠨ ᠰᠦᠯᠵᠢᠶᠡᠨ ᠤ ᠬᠡᠷᠡᠭᠯᠡᠯᠲᠡ ᠪᠠᠷ ᠭᠤᠣᠯᠳᠠᠯᠭ᠎ᠠ ᠪᠣᠯᠭᠠᠭᠰᠠᠨ ︽ᠣᠯᠠᠨ | ᠲᠦᠮᠡᠨᠴᠢ ᠴᠢᠨᠠᠷᠲᠠᠢ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠢᠨᠵᠧᠨᠧᠷᠢᠩ︾᠃ | ︽ᠵᠢᠷᠭᠤᠭ᠎ᠠ ᠶᠢ ᠰᠡᠷᠭᠡᠶᠢᠯᠡᠵᠦ ᠲᠠᠪᠤ ᠶᠢ ᠡᠵᠡᠮᠳᠡᠵᠦ ᠳᠥᠷᠪᠡ ᠶᠢ ᠠᠬᠢᠭᠤᠯᠬᠤ︾ ᠰᠠᠭᠤᠷᠢ ᠶᠢ ᠬᠦᠴᠦᠷᠬᠡᠭᠵᠢᠭᠦᠯᠬᠦ ᠢᠨᠵᠧᠨᠧᠷᠢᠩ᠄ ᠵᠢᠷᠭᠤᠭ᠎ᠠ ᠶᠢ ᠰᠡᠷᠭᠡᠶᠢᠯᠡᠬᠦ | ᠬᠡᠳᠡᠭ ᠨᠢ᠄ ᠬᠡᠲᠦᠷᠡᠮᠡᠬᠡᠢ ᠠᠵᠢᠯᠯᠠᠭ᠎ᠠ ᠶᠢ ᠰᠡᠷᠭᠡᠶᠢᠯᠡᠬᠦ᠂ ᠱᠠᠯᠢᠭ ᠵᠠᠪᠬᠠᠢ ᠵᠣᠭᠤᠰ ᠮᠥᠷᠥᠶᠢᠴᠡᠬᠦ ᠶᠢ ᠰᠡᠷᠭᠡᠶᠢᠯᠡᠬᠦ᠂ ᠬᠤᠯᠠᠭᠠᠢ ᠲᠡᠬᠡᠷᠡᠮ ᠢ ᠰᠡᠷᠭᠡᠶᠢᠯᠡᠬᠦ᠂ ᠬᠤᠣᠷᠠᠲᠤ | ᠡᠳ᠋ ᠢ ᠰᠡᠷᠭᠡᠶᠢᠯᠡᠬᠦ᠂ ᠴᠠᠬᠢᠯᠭᠠᠨ ᠬᠤᠯᠪᠤᠭᠠᠨ ᠤ ᠮᠡᠬᠡᠯᠡᠯ ᠢ ᠰᠡᠷᠭᠡᠶᠢᠯᠡᠬᠦ᠂ ᠭᠠᠯ ᠤᠨ ᠠᠶᠤᠯ ᠢ ᠰᠡᠷᠭᠡᠶᠢᠯᠡᠬᠦ ᠵᠡᠷᠬᠡ ᠵᠢᠷᠭᠤᠭ᠎ᠠ ᠶᠢ ᠰᠡᠷᠬᠡᠶᠢᠯᠡᠬᠦ︔ ᠲᠠᠪᠤ ᠶᠢ ᠡᠵᠡᠮᠳᠡᠬᠦ | ᠬᠡᠳᠡᠭ ᠨᠢ᠄ ︽ᠬᠥᠮᠥᠨ᠂ ᠭᠠᠵᠠᠷ᠂ ᠪᠣᠳᠠᠰ᠂ ᠬᠡᠷᠡᠭ ᠶᠠᠪᠤᠳᠠᠯ᠂ ᠵᠣᠬᠢᠶᠠᠨ ᠪᠠᠶᠢᠭᠤᠯᠤᠯᠲᠠ︾ ᠶᠢ ᠣᠨᠣᠪᠴᠢᠲᠠᠶ ᠬᠠᠮᠢᠶᠠᠷᠤᠨ ᠡᠵᠡᠮᠳᠡᠬᠦ ᠵᠡᠷᠬᠡ ᠲᠠᠪᠤ ᠶᠢ ᠡᠵᠡᠮᠳᠡᠬᠦ︔ | ᠳᠥᠷᠪᠡ ᠶᠢ ᠠᠬᠢᠭᠤᠯᠬᠤ᠄ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠪᠣᠰᠤᠭ᠎ᠠ ᠴᠣᠭᠴᠠᠲᠤ ᠲᠤᠭᠳᠠᠯᠴᠠᠭ᠎ᠠ ᠶᠢᠨ ᠪᠠᠶᠢᠭᠤᠯᠤᠯᠲᠠ᠂ ᠲᠣᠮᠢᠯᠠᠭᠰᠠᠨ | ᠰᠠᠯᠪᠤᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠲᠣᠮᠢᠯᠠᠭᠰᠠᠨ ᠰᠠᠯᠪᠤᠷᠢ ᠶᠢᠨ ︽ᠬᠤᠶᠠᠷ ᠠᠩᠭᠢ ᠨᠢᠭᠡ ᠲᠠᠰᠤᠭ︾ | ᠤᠨ ᠴᠠᠭᠳᠠᠭᠠᠨ ᠤ ᠶᠠᠪᠤᠳᠠᠯ ᠤᠨ ᠲᠣᠭᠲᠠᠴᠠ ᠶᠢᠨ ᠪᠠᠶᠢᠭᠤᠯᠤᠯᠲᠠ᠂ ᠲᠣᠮᠢᠯᠠᠭᠰᠠᠨ ᠰᠠᠯᠪᠤᠷᠢ ᠶᠢᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ | ᠵᠡᠷᠬᠡ ᠲᠦᠷᠪᠡᠨ ᠪᠠᠶᠢᠭᠤᠯᠤᠯᠳᠠ ᠶᠢ ᠶᠡᠬᠡᠪᠡᠷ ᠠᠬᠢᠭᠤᠯᠬᠤ ᠢᠨᠵᠧᠨᠧᠷᠢᠩ᠃ | | |