| ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 30 ᠤ ᠴᠠᠭᠢᠯᠭᠠᠨ ᠮᠡᠳᠡᠭᠡ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠡᠭᠡᠵᠢᠩ ᠳᠤ | ᠰᠠᠭᠤᠭ᠎ᠠ ᠴᠡᠷᠢᠭ ᠠᠩᠭᠢ ᠶᠢᠨ ᠠᠬᠠᠮᠠᠳ ᠺᠠᠳ᠋ᠷᠴᠤᠳ ᠢ ᠲᠣᠬᠤᠨᠢᠭᠤᠯᠬᠤ ᠴᠠᠭᠠᠨ ᠰᠠᠷ᠎ᠠ ᠶᠢᠨ ᠤᠷᠠᠨ ᠰᠠᠶᠢᠬᠠᠨ ᠤ ᠲᠣᠬᠯᠠᠯᠲᠠ 29 ᠤ ᠡᠳᠦᠷ ᠪᠡᠭᠡᠵᠢᠩ ᠳᠤ | ᠶᠠᠪᠤᠭᠳᠠᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠲᠣᠬᠯᠠᠯᠲᠠ ᠶᠢ ᠰᠣᠨᠢᠷᠬᠠᠵᠤ᠂ ᠠᠳᠡ ᠰᠠᠭᠤᠭ᠎ᠠ ᠴᠡᠷᠢᠭ ᠠᠩᠭᠢ ᠶᠢᠨ ᠠᠬᠠᠮᠠᠳ ᠨᠥᠬᠦᠳ ᠪᠣᠯᠣᠨ ᠪᠦᠭᠦ ᠴᠡᠷᠢᠭ ᠤᠨ | ᠠᠵᠢᠯ ᠠᠴᠠ ᠪᠠᠨ ᠳᠠᠷᠬᠠᠯᠠᠬᠳᠠᠵᠤ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠣᠯᠣᠨ ᠴᠠᠭᠠᠨ ᠰᠠᠷ᠎ᠠ ᠶᠢᠨ | ᠵᠥᠩᠨᠡᠯ ᠳᠡᠪᠰᠢᠭᠦᠯᠪᠡ᠃ | ᠢᠯᠠᠭᠤᠭᠰᠠᠨ ᠳᠠᠭᠤᠤ ᠬᠠᠩᠭᠢᠨᠠᠵᠤ ᠴᠠᠭᠠᠨ ᠰᠠᠷ᠎ᠠ ᠪᠠᠨ ᠤᠭᠲᠤᠨ᠎ᠠ᠂ ᠴᠡᠷᠢᠭ ᠢᠶᠠᠨ ᠬᠦᠴᠦᠷᠬᠡᠭᠵᠢᠭᠦᠯᠦᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠨ᠎ᠠ᠃ | ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ ᠪᠤᠯᠬᠤ ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠭᠡᠵᠦ ᠪᠠᠶᠢᠭ᠎ᠠ ᠲᠠᠰᠢᠷᠠᠮ ᠳᠤ᠂ ᠰᠢᠨ᠎ᠡ | ᠳᠤᠮᠳᠠᠳᠤ ᠤᠯᠤᠰ ᠢ ᠪᠠᠶᠢᠭᠤᠯᠬᠤ᠂ ᠬᠠᠮᠠᠭᠠᠯᠠᠬᠤ᠂ ᠪᠦᠲᠦᠭᠡᠨ ᠪᠠᠶᠢᠭᠤᠯᠬᠤ ᠶᠢᠨ ᠲᠥᠯᠥᠭᠡ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ | ᠪᠦᠲᠦᠭᠡᠨ ᠪᠠᠶᠢᠭᠤᠯᠤᠯᠲᠠ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠪᠡᠭᠡᠵᠢᠩ ᠳᠤ ᠰᠠᠭᠤᠭ᠎ᠠ ᠴᠡᠷᠢᠭ ᠠᠩᠭᠢ ᠶᠢᠨ ᠠᠬᠠᠮᠠᠳ ᠺᠠᠳ᠋ᠷᠴᠤᠳ ᠳᠤᠮᠳᠠᠳᠤ | ᠤᠯᠤᠰ ᠤᠨ ᠲᠢᠶᠠᠲᠷ ᠲᠤ ᠴᠤᠭᠯᠠᠷᠠᠵᠤ᠂ ᠴᠠᠭᠠᠨ ᠰᠠᠷ᠎ᠠ ᠪᠠᠨ ᠪᠠᠶᠠᠷᠯᠠᠨ ᠤᠭᠲᠤᠵᠠᠭᠠᠪᠠ᠃ | | | | | ᠦᠳᠡ ᠶᠢᠨ ᠬᠤᠶᠢᠨᠠᠬᠢ 4 ᠴᠠᠭ ᠤᠨ ᠦᠶ᠎ᠡ ᠪᠠᠷ᠂ ᠰᠢ ᠶᠢᠨ ᠫᠢᠩ ᠠᠬᠠᠮᠠᠳ ᠨᠥᠬᠦᠳ ᠤᠨ ᠳᠤᠮᠳᠠ ᠬᠦᠷᠬᠦ ᠳᠤ ᠳᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ | ᠳᠠᠰᠢᠪᠠ᠃ ᠰᠢ ᠶᠢᠨ ᠫᠢᠩ ᠲᠡᠳᠡᠨ ᠤ ᠪᠡᠶ᠎ᠡ ᠮᠠᠬᠠᠪᠤᠳ ᠪᠣᠯᠣᠨ ᠠᠮᠢᠳᠤᠷᠠᠯ ᠤᠨ ᠪᠠᠶᠢᠳᠠᠯ ᠢ ᠨᠢ ᠬᠠᠯᠠᠮᠵᠢᠯᠠᠨ ᠠᠰᠠᠭᠤᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭᠠᠨ ᠤ ᠵᠢᠯᠣᠭᠤᠳᠤᠯᠭ᠎ᠠ ᠳᠣᠣᠷ᠎ᠠ ᠥᠩᠭᠡᠷᠡᠭᠰᠡᠨ ᠨᠢᠭᠡ ᠵᠢᠯ ᠤᠨ ᠲᠤᠷᠰᠢᠬᠢ ᠨᠠᠮ᠂ ᠤᠯᠤᠰ᠂ ᠴᠡᠷᠢᠭ ᠠᠩᠭᠢ ᠶᠢᠨ ᠦᠢᠯᠡᠰ ᠤᠨ | ᠣᠯᠣᠭᠰᠠᠨ ᠴᠢᠬᠤᠯᠠ ᠶᠡᠭᠡ ᠠᠮᠵᠢᠯᠲᠠ ᠪᠦᠳᠦᠮᠵᠢ ᠶᠢ ᠬᠠᠮᠲᠤ ᠪᠠᠷ ᠡᠷᠭᠢᠴᠡᠭᠦᠯᠪᠡ᠃ ᠠᠬᠠᠮᠠᠳ ᠨᠥᠬᠦᠳ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ | ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠥ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ | ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠬᠠᠷᠢᠭᠤᠴᠠᠬᠤ ᠳᠦᠷᠢᠮ ᠢ ᠲᠤᠭᠤᠰᠢᠯᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠴᠤᠬ ᠰᠦᠯᠳᠡ ᠪᠠᠨ ᠪᠠᠳᠠᠷᠠᠭᠤᠯᠵᠤ᠂ | ᠪᠦᠯᠬᠦᠮᠳᠡᠨ ᠤᠷᠤᠭᠰᠢᠯᠠᠵᠤ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠰᠠᠶᠢᠲᠤᠷ ᠬᠢᠬᠦ ᠶᠢᠨ ᠲᠥᠯᠥᠭᠡ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠪᠦᠭᠦ | ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠲᠥᠯᠥᠭᠡ ᠰᠢᠨ᠎ᠡ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠰᠠᠨᠠᠯ | ᠨᠢᠭᠡᠲᠡᠢ ᠢᠯᠡᠳᠬᠡᠵᠡᠭᠡᠪᠡ᠃ | ᠲᠣᠬᠯᠠᠯᠲᠠ ᠨᠢ ︽ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠰᠤᠷᠤᠯᠴᠠᠵᠤ᠂ ᠴᠡᠷᠢᠭ ᠢ ᠬᠦᠴᠦᠷᠬᠡᠭᠵᠢᠭᠦᠯᠬᠦ ᠠᠵᠢᠯ ᠦᠢᠯᠡᠰ ᠲᠤ ᠭᠠᠪᠢᠶ᠎ᠠ | ᠪᠠᠶᠢᠭᠤᠯᠤᠶ᠎ᠠ︾ ᠭᠡᠬᠦ ᠪᠠᠷ ᠭᠤᠣᠯ ᠰᠡᠳᠦᠪ ᠢᠶᠠᠨ ᠪᠤᠯᠭᠠᠵᠤ᠂ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠠᠩᠭᠢ ᠶᠢᠨ ᠴᠡᠷᠢᠭ ᠲᠤ ᠦᠢᠯᠡᠴᠢᠯᠡᠬᠦ ᠤᠤᠭᠠᠯ | ᠠᠮᠢ ᠠᠬᠤᠢ ᠶᠢᠨ ᠭᠡᠯᠪᠡᠷᠢ ᠪᠠᠷ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠦᠢᠯᠡᠰ ᠤᠨ ᠠᠭᠤᠤ ᠶᠡᠭᠡ ᠠᠮᠵᠢᠯᠲᠠ ᠪᠦᠲᠦᠮᠵᠢ ᠶᠢ | ᠠᠮᠢᠳᠤᠯᠢᠭ ᠢᠶᠠᠷ ᠲᠤᠰᠬᠠᠵᠤ᠂ ᠪᠦᠭᠦ ᠴᠡᠷᠢᠭ ᠤᠨ ᠳᠠᠷᠤᠭ᠎ᠠ ᠪᠠᠶᠢᠯᠳᠤᠭᠴᠢᠳ ᠤᠨ ᠭᠤᠣᠯᠯᠠᠭᠴᠢ ᠪᠠᠨ ᠦᠨᠡᠨᠴᠢ ᠰᠢᠳᠤᠷᠭᠤ ᠪᠠᠷ ᠬᠠᠮᠠᠭᠠᠯᠠᠵᠤ᠂ ᠴᠡᠷᠢᠭ ᠢᠶᠠᠨ | ᠬᠦᠴᠦᠷᠬᠡᠭᠵᠢᠭᠦᠯᠬᠦ ᠪᠠᠷ ᠡᠷᠡᠯᠬᠡᠭᠯᠡᠨ ᠤᠷᠤᠭᠰᠢᠯᠠᠬᠤ ᠲᠡᠷᠢᠭᠦᠨ ᠵᠡᠷᠭᠡ ᠶᠢᠨ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠪᠡ᠃ ︽ᠰᠢᠨ᠎ᠡ ᠴᠠᠭ | ᠦᠶ᠎ᠡ᠂ ᠰᠢᠨ᠎ᠡ ᠠᠶᠠᠨ᠂ ᠰᠢᠨ᠎ᠡ ᠨᠢᠭᠡ ᠵᠢᠯ ᠤᠨ ᠰᠢᠨ᠎ᠡ ᠬᠠᠷᠠᠯᠲᠠ︾᠂ ᠳᠠᠭᠤᠤ ᠪᠥᠵᠢᠭ ︽ᠳᠠᠶᠢᠴᠢᠨ ᠳᠠᠭᠤᠤ ᠪᠠᠨ ᠬᠠᠩᠭᠢᠨᠠᠭᠤᠯᠵᠤ ᠴᠠᠭᠠᠨ ᠰᠠᠷ᠎ᠠ ᠪᠠᠨ | ᠤᠭᠲᠤᠶ᠎ᠠ︾ ᠪᠠᠷ ᠲᠣᠬᠯᠠᠯᠲᠠ ᠶᠢᠨ ᠬᠥᠰᠢᠭᠡ ᠶᠢ ᠢᠷᠠᠵᠥ᠂ ᠭᠦᠷ ᠨᠠᠷᠭᠢᠶᠠᠨ ᠢᠶᠠᠷ ᠪᠢᠯᠬᠠᠭᠰᠠᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠪᠠ᠃ | ᠠᠬᠤᠢ ᠦᠵᠡᠭᠳᠡᠯᠲᠦ ᠲᠣᠬᠯᠠᠯᠲᠠ ︽ᠭᠡᠷᠡᠯ ᠭᠡᠭᠡ︾ ᠨᠢ ᠦᠵᠡᠯ ᠰᠠᠨᠠᠭ᠎ᠠ ᠪᠠᠷ ᠢᠷᠡᠭᠡᠳᠦᠢ ᠶᠢ ᠭᠡᠶᠢᠭᠦᠯᠬᠦ᠂ ᠡᠷᠡᠯᠬᠡᠭᠯᠡᠨ ᠲᠡᠮᠡᠴᠡᠬᠦ ᠪᠠᠷ ᠢᠷᠡᠭᠡᠳᠦᠢ ᠪᠠᠨ ᠨᠡᠭᠡᠭᠡᠬᠦ | ᠰᠦᠷ ᠳᠠᠯᠠᠶᠢᠴᠠᠲᠠᠢ ᠦᠢᠯᠡᠳᠦᠯᠭᠡ ᠶᠢ ᠣᠷᠭᠢᠯᠤᠮ᠎ᠠ ᠬᠠᠯᠠᠭᠤᠨ ᠰᠡᠳᠬᠢᠯᠭᠡ ᠪᠠᠷ ᠮᠠᠭᠲᠠᠨ ᠳᠠᠭᠤᠯᠠᠵᠤ᠂ ᠨᠠᠮ ᠤᠨ ᠲᠤᠭ ᠤᠨ ᠳᠣᠣᠷ᠎ᠠ ᠴᠡᠷᠢᠭ ᠤᠨ ᠰᠦᠭ | ᠰᠦᠨᠡᠰᠦ ᠶᠢ ᠪᠠᠲᠤ ᠴᠣᠭᠴᠠᠯᠠᠬᠤ ᠡᠷᠡᠰ ᠵᠣᠷᠢᠭ ᠢ ᠢᠯᠡ ᠲᠣᠳᠣᠷᠬᠠᠢ ᠢᠯᠡᠳᠬᠡᠪᠡ᠃ ︽ᠪᠣᠯᠣᠳ ᠪᠣᠯᠵᠤ ᠬᠠᠲᠠᠭᠤᠵᠢᠭᠰᠠᠨ︾ ᠭᠡᠬᠦ ᠨᠠᠶᠢᠷᠠᠯ ᠳᠠᠭᠤᠤ ᠨᠢ ᠴᠡᠷᠢᠭ | ᠠᠩᠭᠢ ᠶᠢᠨ ᠤᠯᠤᠰ ᠲᠦᠷᠦ ᠶᠢᠨ ᠴᠡᠭᠴᠡᠯᠡᠯᠲᠡ ᠪᠣᠯᠪᠠᠰᠤᠷᠠᠯ ᠢ ᠭᠦᠨᠵᠡᠭᠡᠶᠢᠷᠡᠭᠦᠯᠦᠭᠡᠳ ᠣᠯᠣᠭᠰᠠᠨ ᠰᠢᠨ᠎ᠡ ᠰᠤᠷᠲᠠᠯ ᠲᠥᠪ ᠴᠢᠬᠡᠴᠢ ᠶᠢ ᠢᠯᠡᠷᠡᠭᠦᠯᠵᠦ᠂ ᠠᠷᠢᠭᠤᠨ | ᠴᠡᠪᠡᠷ ᠢᠷᠠᠭᠤ ᠠᠯᠳᠠᠷ ᠢ ᠪᠠᠬᠢᠵᠢᠭᠦᠯᠬᠦ᠂ ᠴᠡᠷᠢᠭ ᠢ ᠬᠦᠴᠦᠷᠬᠡᠭᠵᠢᠭᠦᠯᠬᠦ ᠡᠭᠦᠷᠭᠡ ᠶᠢ ᠡᠭᠦᠷᠭᠡᠯᠡᠬᠦ ᠡᠷᠡᠰ ᠬᠠᠳᠠᠨ ᠢᠲᠡᠭᠡᠯ ᠵᠣᠷᠢᠭ ᠢ ᠢᠯᠡᠷᠡᠭᠦᠯᠪᠡ᠃ ᠲᠣᠭᠯᠠᠯᠳᠤ | ᠳᠠᠭᠤᠯᠠᠯ ︽ᠤᠷᠤᠭᠰᠢᠯᠠᠯᠲᠠ ᠶᠢᠨ ᠴᠠᠭ ᠮᠥᠴᠡ︾ ᠪᠣᠯᠣᠨ ᠪᠥᠵᠢᠭ ︽ᠰᠢᠢᠳᠪᠦᠷᠢᠲᠦ ᠢᠯᠠᠯᠲᠠ︾ ᠵᠡᠷᠭᠡ ᠲᠣᠬᠯᠠᠯᠲᠠ ᠨᠢ ᠴᠡᠷᠢᠭ ᠠᠩᠭᠢ ᠶᠢᠨ ᠥᠪᠴᠢ | ᠬᠤᠶᠠᠭᠯᠠᠨ ᠦᠦᠷ ᠴᠠᠶᠢᠯᠭᠠᠬᠤ ᠰᠡᠷᠭᠡᠶᠢᠯᠡᠯᠲᠡ ᠶᠢᠨ ᠪᠠᠶᠢᠳᠠᠯ ᠪᠣᠯᠣᠨ ᠵᠠᠷᠯᠢᠭ ᠢ ᠰᠣᠨᠣᠰᠤᠮᠠᠭᠴᠠ ᠬᠥᠳᠡᠯᠦᠯᠴᠡᠬᠦ ᠳᠠᠭᠠᠷᠢᠯᠲᠠ ᠶᠢᠨ ᠪᠠᠶᠢᠳᠠᠯ ᠢ ᠲᠤᠰᠬᠠᠪᠠ᠃ | ᠨᠠᠶᠢᠷᠠᠯ ᠳᠠᠭᠤᠤ ᠪᠠ ᠲᠣᠭᠯᠠᠯᠳᠤ ᠳᠠᠭᠤᠯᠠᠯ ︽ᠪᠠᠶᠢᠯᠳᠤᠭᠴᠢᠳ ᠤᠨ ᠬᠦᠰᠡᠯ ᠤᠨ ᠣᠷᠣᠨ ᠭᠡᠷ ᠪᠠ ᠡᠬᠡ ᠤᠯᠤᠰ︾᠂ ︽ᠠᠭᠤᠯᠠ ᠤᠰᠤᠨ ᠤ ᠪᠢᠴᠢᠭᠡᠰᠦ︾᠂ | ︽ᠠᠷᠠᠳ ᠲᠦᠮᠡᠨ ᠳᠤ ᠨᠡᠷ᠎ᠡ ᠪᠠᠨ ᠮᠡᠳᠡᠭᠦᠯᠦᠶ᠎ᠡ︾ ᠵᠡᠷᠭᠡ ᠨᠢ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠵᠤ᠂ ᠠᠷᠠᠳ ᠤᠨ ᠬᠡᠦᠬᠡᠳ ᠳᠡᠭᠦᠦ ᠨᠠᠷ ᠴᠡᠷᠢᠭ ᠤᠨ | ᠬᠢᠯᠢ ᠶᠢᠨ ᠬᠠᠮᠠᠭᠠᠯᠠᠯᠲᠠ ᠶᠢᠨ ᠲᠥᠯᠥᠭᠡ ᠲᠡᠮᠡᠴᠡᠬᠦ᠂ ᠠᠶᠤᠯ ᠭᠠᠮᠰᠢᠭ ᠠᠴᠠ ᠠᠪᠤᠷᠠᠬᠤ᠂ ᠭᠠᠳᠠᠭᠠᠳᠤ ᠠᠴᠠ ᠬᠠᠷᠢᠶᠠᠲᠤ ᠨᠠᠷ ᠢᠶᠠᠨ ᠠᠪᠴᠤ ᠢᠷᠡᠬᠦ ᠵᠡᠷᠭᠡ ᠴᠢᠬᠤᠯᠠ | ᠶᠡᠭᠡ ᠬᠠᠷᠢᠭᠤᠴᠠᠯᠭ᠎ᠠ ᠡᠭᠦᠷᠭᠡᠯᠡᠯ ᠪᠠ ᠶᠡᠭᠡ ᠬᠠᠶᠢᠷ᠎ᠠ ᠶᠢ ᠳᠠᠬᠢᠨᠲᠠ ᠢᠯᠡᠷᠡᠭᠦᠯᠵᠦ᠂ ᠪᠠᠭᠠᠲᠤᠷᠴᠤᠳ ᠢᠶᠠᠨ ᠮᠠᠭᠲᠠᠨ ᠳᠠᠭᠤᠯᠠᠵᠤ᠂ ᠪᠠᠭᠠᠲᠤᠷᠴᠤᠳ ᠢᠶᠠᠨ | ᠬᠦᠨᠳᠦᠳᠬᠡᠨ ᠮᠠᠭᠲᠠᠪᠠ᠃ ᠴᠣ ᠰᠢᠨ᠎ᠡ ᠪᠠᠷ ᠨᠠᠶᠢᠷᠠᠭᠤᠯᠤᠨ ᠵᠣᠬᠢᠶᠠᠭᠰᠠᠨ ᠰᠣᠩᠭᠤᠳᠠᠭ ᠳᠠᠭᠤᠤ ︽ᠶᠠᠨ ᠠᠨ ᠤ ᠮᠠᠭᠲᠠᠭᠠᠯ︾᠂ ︽ᠲᠡᠷᠢᠭᠦᠯᠡᠭᠴᠢ ᠴᠡᠴᠡᠭ ᠤᠨ | ᠮᠠᠭᠲᠠᠭᠠᠯ︾᠂ ︽ᠪᠢ ᠪᠣᠯ ᠨᠢᠭᠡᠨ ᠴᠡᠷᠢᠭ︾ ᠵᠡᠷᠭᠡ ᠨᠢ ᠬᠤᠪᠢᠰᠬᠠᠯ ᠤᠨ ᠴᠡᠷᠢᠭ ᠤᠨ ᠬᠤᠪᠢᠰᠬᠠᠯᠲᠤ ᠳᠤᠷᠠᠰᠤᠮᠵᠢ ᠶᠢ ᠡᠷᠭᠢᠴᠡᠭᠦᠯᠵᠦ᠂ ᠣᠬᠤᠷ ᠵᠦᠴᠦᠭᠡ | ︽ᠪᠠᠶᠠᠷ ᠤᠨ ᠴᠢᠮᠡᠭᠡ︾ ᠨᠢ ᠴᠡᠷᠢᠭ ᠠᠩᠭᠢ ᠪᠠ ᠣᠷᠣᠨ ᠨᠤᠲᠤᠭ ᠤᠨ ᠬᠢᠨ ᠤ ᠭᠠᠪᠢᠶᠠᠲᠠᠨ ᠵᠢᠱᠢᠶᠡᠴᠢ ᠶᠢ ᠬᠦᠨᠳᠦᠳᠬᠡᠭᠰᠡᠨ ᠰᠡᠳᠬᠢᠯ ᠲᠤᠬᠳᠤᠯᠤᠭᠤᠯᠤᠬᠰᠠᠨ | ᠦᠯᠢᠭᠡᠷ ᠢ ᠬᠦᠦᠷᠨᠢᠵᠦ᠂ ᠰᠢᠯᠢᠳᠡᠭ ᠤᠯᠠᠮᠵᠢᠯᠠᠯ ᠢ ᠪᠠᠳᠠᠷᠠᠭᠤᠯᠤᠨ ᠵᠠᠯᠭᠠᠮᠵᠢᠯᠠᠵᠤ᠂ ᠤᠯᠤᠰ ᠢᠶᠠᠨ ᠬᠦᠴᠦᠷᠬᠡᠭᠵᠢᠭᠦᠯᠵᠦ ᠴᠡᠷᠢᠭ ᠢ ᠬᠦᠴᠦᠷᠬᠡᠭᠵᠢᠭᠦᠯᠬᠦ ᠬᠦᠴᠦᠨ | ᠴᠢᠳᠠᠯ ᠢ ᠨᠢᠭᠲᠠᠷᠠᠭᠤᠯᠤᠭᠰᠠᠨ ᠠᠮᠢᠳᠤᠯᠢᠭ ᠵᠢᠷᠤᠭ ᠢ ᠳᠡᠯᠭᠡᠨ ᠦᠵᠡᠭᠦᠯᠵᠡᠢ᠃ ︽ᠠᠷᠢᠭᠤᠨ ᠬᠠᠶᠢᠷ᠎ᠠ ᠪᠠᠨ ᠡᠬᠡ ᠤᠯᠤᠰ ᠲᠠᠭᠠᠨ ᠵᠣᠷᠢᠭᠤᠯᠵᠤ᠂ ᠪᠠᠶᠢᠯᠳᠤᠭᠠᠨ ᠤ | ᠲᠠᠯᠠᠪᠤᠷ ᠲᠤ ᠬᠦᠰᠡᠯ ᠵᠡᠭᠦᠳᠦ ᠪᠠᠨ ᠲᠡᠷᠭᠡᠯᠰᠢᠭᠦᠯᠦᠨ ᠴᠡᠷᠢᠭ ᠢ ᠬᠦᠴᠦᠷᠬᠡᠭᠵᠢᠭᠦᠯᠬᠦ ᠲᠠᠶᠢᠴᠢᠨ ᠳᠠᠭᠤᠤ ᠪᠠᠨ ᠬᠠᠩᠭᠢᠨᠠᠭᠤᠯᠤᠶ᠎ᠠ︾᠂ ᠲᠣᠬᠯᠠᠯᠲᠠ ᠨᠢ ︽ᠴᠡᠷᠢᠭ ᠢ | ᠬᠦᠴᠦᠷᠬᠡᠭᠵᠢᠭᠦᠯᠬᠦ ᠳᠤ ᠪᠢ ᠪᠤᠢ︾ ᠭᠡᠬᠦ ᠨᠠᠶᠢᠷᠠᠯ ᠳᠠᠭᠤᠤ ᠪᠠᠷ ᠥᠨᠳᠥᠷᠯᠡᠵᠦ᠂ ᠬᠠᠷᠠᠯᠲᠠ ᠪᠠᠨ ᠣᠨᠢᠯᠠᠨ ᠬᠦᠴᠦᠯᠡᠨ ᠪᠣᠭᠤᠮᠲᠠ ᠰᠢᠪᠲᠤᠯᠬᠤ᠂ ᠴᠡᠷᠢᠭ ᠢ | ᠬᠦᠴᠦᠷᠬᠡᠭᠵᠢᠭᠦᠯᠬᠦ ᠦᠢᠯᠡᠰ ᠤᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠬᠦ ᠣᠮᠤᠭ ᠵᠣᠷᠢᠭ ᠢ ᠭᠠᠶᠢᠬᠠᠭᠤᠯᠪᠠ᠃ ᠲᠣᠬᠯᠠᠯᠲᠠ ᠨᠢ ᠳᠥᠭᠦᠮ ᠠᠪᠰᠠᠬᠠᠨ | ᠪᠥᠭᠡᠳ ᠪᠣᠷᠣᠭᠵᠢᠭᠤᠨ ᠤ ᠭᠤᠸ᠎ᠠ ᠰᠠᠶᠢᠬᠠᠨ ᠪᠠ ᠴᠤᠭ ᠪᠠᠳᠠᠷᠠᠩᠭᠤᠢ ᠣᠮᠤᠭ ᠰᠦᠷ ᠢ ᠢᠯᠡᠷᠡᠭᠦᠯᠵᠦ᠂ ᠴᠡᠷᠢᠭ ᠢ ᠬᠦᠴᠦᠷᠬᠡᠭᠵᠢᠭᠦᠯᠬᠦ ᠰᠣᠶᠣᠯ ᠤᠨ ᠴᠣ ᠰᠢᠨ᠎ᠡ | ᠳᠦᠷᠰᠦ ᠪᠠᠶᠢᠳᠠᠯ ᠢ ᠢᠯᠡᠷᠡᠭᠦᠯᠪᠡ᠃ | ᠵᠠᠩ ᠶᠢᠤ ᠰᠢᠶᠠ᠂ ᠾᠧ ᠸᠧᠢ ᠳ᠋ᠦᠩ᠂ ᠯᠢᠦ ᠵᠧᠨ ᠯᠢ᠂ ᠮᠢᠶᠣᠣ ᠬᠤᠸᠠ᠂ ᠵᠠᠩ ᠱᠧᠩ ᠮᠢᠨ ᠬᠠᠮᠲᠤ ᠪᠠᠷ ᠲᠤᠬᠯᠠᠯᠳᠠ ᠶᠢ ᠰᠣᠨᠢᠷᠬᠠᠵᠠᠢ᠃ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠴᠡᠷᠢᠭ ᠠᠩᠭᠢ ᠶᠢᠨ ᠪᠡᠭᠡᠵᠢᠩ ᠳᠤ ᠰᠠᠭᠤᠭ᠎ᠠ ᠬᠤᠯᠪᠣᠭᠳᠠᠯ ᠪᠦᠬᠦᠢ | ᠨᠢᠭᠡᠴᠢ ᠶᠢᠨ ᠤᠳᠤᠷᠢᠳᠤᠯᠭ᠎ᠠ ᠪᠣᠯᠣᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢ ᠪᠠᠰᠠ ᠲᠣᠬᠯᠠᠯᠲᠠ ᠶᠢ ᠰᠣᠨᠢᠷᠬᠠᠵᠠᠢ᠃ |