ᠭᠤᠸ ᠢ ᠳ᠋ᠦᠩ ᠴᠠᠭᠠᠨ ᠰᠠᠷ᠎ᠠ ᠶᠢᠨ ᠲᠤᠬᠤᠨᠢᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/31
     1 ᠰᠠᠷ᠎ᠠ ᠶᠢᠨ 30 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠭᠤᠣᠯᠳᠠᠯᠭ᠎ᠠ ᠲᠠᠢ ᠠᠰᠠᠷᠠᠨ ᠬᠠᠷᠠᠭᠠᠯᠵᠠᠬᠤ ᠡᠲᠡᠭᠡᠳ᠂ ᠨᠢᠭᠡᠳᠦᠭᠡᠷ ᠹᠷᠣᠨᠲ ᠤᠨ ᠠᠷᠠᠳ ᠤᠨ ᠴᠠᠭᠳᠠᠭ᠎ᠠ᠂ ᠢᠯᠴᠢ ᠬᠠᠩᠭᠠᠬᠤ ᠪᠠᠲᠤᠯᠠᠭ᠎ᠠ ᠶᠢᠨ ᠬᠥᠮᠥᠰ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠢ ᠬᠦᠷᠭᠡᠭᠰᠡᠨ ᠪᠥᠭᠡᠳ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠦᠯᠦᠬᠡᠯᠡᠨ ᠲᠡᠳᠡᠨ ᠳᠤ ᠴᠠᠭᠠᠨ ᠰᠠᠷ᠎ᠠ ᠵᠢᠨ‌ᠵᠥ᠋ᠩᠨᠡᠯ ᠳᠡᠪᠰᠢᠭᠦᠯᠵᠡᠢ᠃      ᠭᠤᠣᠯᠳᠠᠯᠭ᠎ᠠ ᠲᠠᠢ ᠠᠰᠠᠷᠠᠨ ᠬᠠᠷᠠᠭᠠᠯᠵᠠᠬᠤ ᠡᠲᠡᠭᠡᠳ ᠪᠣᠯᠬᠤ ᠯᠢᠦ ᠵᠢᠶᠠᠨ ᠰᠢᠶᠦ᠋ᠩ ᠤᠨ ᠭᠡᠷ ᠲᠤ᠂ ᠭᠤᠤ ᠢ ᠳ᠋ᠦᠩ ᠳᠡᠳᠡᠨ ᠤ ᠦᠷ᠎ᠡ ᠬᠡᠦᠬᠡᠳ ᠤᠨ ᠠᠵᠢᠯ ᠤᠯᠤᠯᠳᠠ᠂ ᠡᠪᠡᠳᠴᠢᠨ ᠢᠶᠠᠨ ᠦᠵᠡᠭᠦᠯᠵᠦ ᠳᠠᠩᠰᠠ ᠲᠠᠶᠢᠯᠬᠤ ᠵᠡᠷᠭᠡ ᠭᠡᠷ ᠪᠦᠯᠢ ᠪᠣᠯᠣᠨ ᠪᠡᠶ᠎ᠡ ᠮᠠᠬᠠᠪᠤᠳ ᠤᠨ ᠪᠠᠶᠢᠳᠠᠯ ᠢ ᠬᠠᠯᠠᠮᠵᠢᠯᠠᠨ ᠠᠰᠠᠭᠤᠪᠠ᠃ ᠭᠤᠸ ᠢ ᠳ᠋ᠦᠩ᠂ ᠴᠡᠷᠢᠭ ᠠᠴᠠ ᠬᠠᠯᠠᠭᠳᠠᠭᠰᠠᠳ ᠪᠣᠯ ᠨᠠᠮ ᠪᠠ ᠤᠯᠤᠰ ᠤᠨ ᠡᠷᠬᠢᠮ ᠨᠠᠨᠳᠢᠨ ᠥᠪ ᠬᠥᠷᠥᠩᠭᠡ ᠮᠥᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠪᠠᠲᠤᠯᠠᠭ᠎ᠠ ᠶᠢᠨ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ ᠴᠡᠷᠢᠭ ᠠᠴᠠ ᠬᠠᠯᠠᠭᠳᠠᠭᠰᠠᠳ ᠲᠤ ᠦᠨᠡᠨ ᠬᠦ ᠪᠣᠳᠠᠲᠠᠢ ᠠᠵᠢᠯ ᠬᠢᠵᠦ᠂ ᠬᠦᠴᠢᠷᠳᠡᠯ ᠢ ᠨᠢ ᠰᠢᠢᠳᠪᠦᠷᠢᠯᠡᠨ ᠥᠭᠴᠦ᠂ ᠥᠷᠭᠡᠨ ᠣᠯᠠᠨ ᠴᠡᠷᠢᠭ ᠠᠴᠠ ᠬᠠᠯᠠᠭᠳᠠᠭᠰᠠᠳ ᠤᠨ ᠢᠷᠠᠭᠤ ᠠᠯᠳᠠᠷ ᠤᠨ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠪᠠ ᠵᠣᠯ ᠵᠢᠷᠭᠠᠯᠲᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠬᠡᠯᠡᠪᠡ᠃     ᠳ᠋ᠦᠩᠱᠧᠩ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠳᠤ᠂ ᠭᠤᠤ ᠢ ᠳ᠋ᠦᠩ ᠡᠮᠦᠨ᠎ᠡ ᠹᠷᠣᠨᠲ ᠤᠨ ᠥᠷᠭᠡᠨ ᠣᠯᠠᠨ ᠠᠷᠠᠳ ᠤᠨ ᠴᠠᠭᠳᠠᠭ᠎ᠠ ᠶᠢᠨ ᠰᠢᠷᠭᠠᠭᠤ ᠴᠢᠷᠮᠠᠶᠢᠯᠭ᠎ᠠ ᠶᠢ ᠨᠤᠲᠠᠯᠠᠭᠰᠠᠨ ᠪᠥᠭᠡᠳ ᠲᠡᠳᠡᠨ ᠳᠤ ᠲᠣᠬᠤᠨᠢᠭᠤᠯᠬᠤ ᠪᠣᠳᠠᠰ ᠪᠠ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃ ᠲᠡᠷᠡ᠂ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠬᠢ ᠶᠢᠨ ᠬᠢᠨ ᠳᠤᠰᠢᠶᠠᠯ ᠬᠠᠷᠢᠭᠤᠴᠠᠯᠭ᠎ᠠ ᠪᠠᠨ ᠡᠷᠡᠰ ᠪᠠᠲᠤ ᠡᠭᠦᠷᠭᠡᠯᠡᠵᠦ᠂ ᠤᠶᠤᠨᠴᠢᠯᠠᠭᠰᠠᠨ ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠵᠤ᠂ ᠬᠤᠳᠠ ᠶᠢᠨ ᠵᠠᠮ ᠬᠠᠷᠢᠯᠴᠠᠭᠠᠨ ᠤ ᠤᠶᠤᠨᠴᠢᠯᠠᠭᠰᠠᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠠᠷᠠᠳ ᠤᠯᠠᠨ ᠤ ᠶᠠᠪᠤᠵᠤ ᠰᠠᠭᠤᠬᠤ ᠠᠮᠤᠷ ᠲᠦᠪᠰᠢᠨ᠂ ᠬᠤᠳᠠ ᠶᠢᠨ ᠵᠠᠮ ᠬᠠᠷᠢᠯᠴᠠᠭᠠᠨ ᠤ ᠥᠨᠳᠥᠷ ᠪᠦᠲᠦᠮᠵᠢᠲᠡᠢ ᠳᠥᠭᠦᠮ ᠳᠥᠲᠡ ᠪᠠᠶᠢᠬᠤ ᠶᠢ ᠪᠦᠬᠦ ᠬᠦᠴᠦᠨ ᠢᠶᠠᠷ ᠪᠠᠲᠤᠯᠠᠵᠤ᠂ ᠳ᠋ᠦᠩᠱᠧᠩ ᠲᠣᠭᠤᠷᠢᠭ ᠤᠨ ᠠᠮᠤᠷ ᠠᠮᠤᠭᠤᠯᠠᠩ ᠬᠤᠳᠠ᠂ ᠴᠢᠨᠠᠷ ᠳᠡᠰᠳᠤ ᠬᠤᠳᠠ᠂ ᠵᠣᠯ ᠵᠢᠷᠭᠠᠯᠲᠤ ᠬᠤᠳᠠ ᠶᠢ ᠪᠦᠳᠦᠭᠡᠨ ᠪᠠᠶᠢᠭᠤᠯᠬᠤ ᠳᠤ ᠲᠠᠰᠤᠷᠠᠯᠲᠠ ᠦᠭᠡᠢ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠬᠡᠯᠡᠪᠡ᠃ ᠳᠠᠷᠠᠭ᠎ᠠ ᠨᠢ᠂ ᠭᠤᠤ ᠢ ᠳ᠋ᠦᠩ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠵᠢᠯᠤᠭᠤᠳᠬᠤ ᠶᠡᠭᠡ ᠲᠢᠩᠬᠢᠮ ᠳᠤ ᠬᠦᠷᠴᠦ᠂ ᠳ᠋ᠦᠩᠱᠧᠩ ᠲᠤᠭᠤᠷᠢᠭ ᠤᠨ ᠰᠢᠨᠵᠢᠯᠡᠭᠡ ᠮᠡᠷᠭᠡᠵᠢᠯ ᠢᠶᠠᠷ ᠴᠠᠭᠳᠠᠭ᠎ᠠ ᠶᠢ ᠬᠦᠴᠦᠷᠬᠡᠭᠵᠢᠭᠦᠯᠬᠦ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠪᠠ᠃     ᠤᠯᠤᠰ ᠤᠨ ᠴᠠᠬᠢᠯᠭᠠᠨ ᠬᠦᠴᠦᠨ ᠤ ᠥᠪᠥᠷ ᠮᠣᠩᠭᠤᠯ ᠤᠨ ᠳ᠋ᠦᠩᠱᠧᠩ ᠤᠨ ᠢᠯᠴᠢ ᠴᠠᠬᠢᠯᠭᠠᠨ ᠤ ᠬᠢᠵᠠᠭᠠᠷᠲᠤ ᠺᠣᠮᠫᠠᠨᠢ ᠳᠤ᠂ ᠭᠤᠤ ᠢ ᠳ᠋ᠦᠩ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠬᠤᠭᠤᠯᠠᠢ ᠲᠣᠣᠷ ᠤᠨ ᠥᠭᠡᠷᠡᠴᠢᠯᠡᠯᠲᠡ᠂ ᠢᠯᠴᠢ ᠬᠠᠩᠭᠠᠬᠤ ᠪᠠᠲᠤᠯᠠᠭ᠎ᠠ᠂ ᠨᠡᠭᠦᠷᠡᠰᠦᠨ ᠤ ᠢᠷᠡᠯᠳᠡ᠂ ᠨᠡᠭᠦᠷᠡᠰᠦᠨ ᠤ ᠦᠨ᠎ᠡ ᠵᠢᠴᠢ ︽ᠳᠤᠯᠠᠭᠠᠯᠭ᠎ᠠ ᠶᠢᠨ ᠢᠨᠵᠧᠨᠧᠷᠢᠩ︾ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠡᠮᠦᠨ᠎ᠡ ᠹᠷᠣᠨᠲ ᠤᠨ ᠠᠵᠢᠯᠴᠢᠳ ᠲᠤ ᠴᠠᠭᠠᠨ ᠰᠠᠷ᠎ᠠ ᠶᠢᠨ ᠰᠠᠶᠢᠨ ᠰᠠᠶᠢᠬᠠᠨ ᠬᠦᠰᠡᠯ ᠵᠥᠩᠨᠡᠯ ᠳᠡᠪᠰᠢᠭᠦᠯᠵᠡᠢ᠃ ᠲᠡᠷᠡ᠂ ᠡᠪᠦᠯ ᠤᠨ ᠤᠯᠠᠷᠢᠯ ᠤᠨ ᠳᠤᠯᠠᠭᠠᠯᠠᠭ᠎ᠠ ᠨᠢ ᠲᠦᠭ ᠲᠦᠮᠡᠨ ᠠᠶᠢᠯ ᠡᠷᠦᠬᠡ ᠲᠠᠢ ᠬᠤᠯᠪᠣᠭᠳᠠᠨ᠎ᠠ᠂ ᠠᠵᠤ ᠠᠬᠤᠶᠢᠯᠠᠯ ᠤᠨ ᠬᠢᠨ ᠳᠤᠰᠢᠶᠠᠯ ᠬᠠᠷᠢᠭᠤᠴᠠᠯᠭ᠎ᠠ ᠪᠠᠨ ᠤᠯᠠᠮ ᠴᠢᠨᠠᠭᠰᠢᠳᠠ ᠪᠠᠲᠤ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠴᠠᠭᠠᠨ ᠰᠠᠷ᠎ᠠ ᠶᠢᠨ ᠳᠤᠯᠠᠭᠠᠯᠭ᠎ᠠ ᠶᠢᠨ ᠪᠠᠲᠤᠯᠠᠭ᠎ᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ︽ᠠᠰᠠᠭᠤᠳᠠᠯ ᠢᠶᠠᠷ ᠤᠳᠤᠷᠢᠳᠤᠮᠵᠢ ᠪᠣᠯᠭᠠᠬᠤ︾ ᠶᠢ ᠪᠠᠷᠢᠮᠲᠠᠯᠠᠵᠤ᠂ ᠪᠥᠬᠦ  ᠲᠤᠭᠤᠷᠢᠭ  ᠤᠨ ᠢᠯᠴᠢ ᠬᠠᠩᠭᠠᠬᠤ ᠬᠤᠭᠤᠯᠠᠶ ᠲᠣᠤᠷ ᠤᠨ ᠪᠠᠶᠢᠳᠠᠯ ᠢ ᠶᠡᠭᠡ ᠪᠠᠷ ᠣᠶᠢᠯᠠᠭᠠᠵᠤ᠂ ᠶᠡᠭᠡ ᠪᠠᠷ ᠵᠢᠭᠰᠠᠭᠠᠨ ᠪᠠᠶᠢᠴᠠᠭᠠᠵᠤ᠂ ︽ᠡᠪᠦᠯ ᠤᠨ ᠡᠪᠡᠳᠴᠢᠨ ᠢ ᠵᠤᠨ ᠵᠠᠰᠠᠬᠤ︾ ᠠᠵᠢᠯ ᠢ ᠨᠢᠭᠡᠳᠦᠯᠲᠡᠶ ᠲᠥᠯᠥᠪᠯᠡᠨ ᠰᠦᠪᠡᠭᠴᠢᠯᠡᠬᠦ ᠬᠡᠷᠡᠭᠲᠡᠶ᠃ ︽ᠳᠤᠯᠠᠭᠠᠯᠭ᠎ᠠ ᠶᠢᠨ ᠢᠨᠵᠧᠨᠧᠷᠢᠩ︾ ᠢ ᠰᠠᠶᠢᠲᠤᠷ ᠨᠠᠶᠢᠳᠠᠪᠤᠷᠢᠵᠢᠭᠤᠯᠵᠤ᠂ ᠢᠯᠴᠢ ᠬᠠᠩᠭᠠᠬᠤ ᠬᠤᠭᠤᠯᠠᠶ ᠲᠣᠤᠷ ᠤᠨ ᠬᠠᠷᠢᠯᠴᠠᠨ ᠨᠡᠪᠲᠡᠷᠡᠯᠴᠡᠬᠦ ᠶᠢ ᠲᠦᠷᠭᠡᠳᠬᠡᠨ ᠠᠬᠢᠭᠤᠯᠵᠤ᠂ ᠮᠠᠨ ᠤ ᠲᠤᠭᠤᠷᠢᠭ ᠤᠨ ᠳᠤᠯᠠᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ ᠭᠡᠵᠤ ᠴᠢᠬᠤᠯᠠᠴᠢᠯᠠᠪᠠ᠃     ᠲᠣᠭᠤᠷᠢᠭ ᠤᠨ ᠤᠳᠤᠷᠢᠳᠤᠯᠭ᠎ᠠ ᠳ᠋ᠦ᠋ ᠵᠢᠢ ᠺᠤᠸᠠᠨ᠂ ᠯᠢᠦ ᠯᠠᠨ ᠰᠢᠶᠠᠩ᠂ ᠵᠠᠩ ᠪᠢᠩ ᠲᠣᠬᠤᠨᠢᠭᠤᠯᠬᠤ ᠳᠤ ᠣᠷᠣᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ