ᠬᠠᠨ ᠲᠤᠤ ᠡᠩ ᠤᠨ ᠨᠠᠮ ᠤᠨ ᠭᠡᠰᠢᠭᠦᠨ ᠤ ᠬᠤᠪᠢ ᠪᠠᠷ ᠨᠠᠮ ᠤᠨ ᠡᠭᠦᠷ ᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/1/31
     1 ᠰᠠᠷ᠎ᠠ ᠶᠢᠨ 30 ᠤ ᠡᠳᠤᠷ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶᠠᠨ ᠤ ᠲᠡᠳ᠋ ᠱᠦᠵᠢ᠂ ᠲᠤᠭᠤᠷᠢᠭ ᠤᠨ ᠲᠠᠷᠤᠭ᠎ᠠ ᠬᠠᠨ ᠲᠤᠤ ᠡᠩ ᠤᠨ ᠨᠠᠮ ᠤᠨ ᠭᠡᠰᠢᠭᠦᠨ ᠤ ᠬᠤᠪᠢ ᠪᠠᠷ ᠲᠤᠭᠤᠷᠢᠭ ᠤᠨ ᠵᠠᠰᠠᠭ ᠤᠨ ᠤᠷᠳᠤᠨ ᠤ ᠠᠯᠪᠠᠨ ᠭᠡᠷ ᠤᠨ ᠨᠢᠭᠡᠳᠤᠭᠡᠷ ᠨᠠᠮ ᠤᠨ ᠡᠭᠦᠷ ᠤᠨ ᠲᠤᠰᠬᠠᠢ ᠰᠡᠳᠦᠪᠳᠤ ᠵᠤᠭᠢᠶᠠᠨ ᠪᠠᠶᠢᠭᠤᠯᠤᠯᠳᠠ ᠶᠢᠨ ᠠᠮᠢᠳᠤᠷᠠᠯ ᠤᠨ ᠬᠤᠷᠠᠯ ᠳᠤ ᠤᠷᠤᠯᠴᠠᠪᠠ᠃ ᠬᠤᠷᠠᠯ ᠳᠡᠭᠡᠷ᠎ᠡ᠂ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠨᠢᠭᠡᠳᠦᠭᠡᠷ ᠨᠠᠮ ᠤᠨ ᠡᠭᠦᠷ ᠳᠡᠭᠡᠷ᠎ᠡ ᠨᠢᠭᠡ ᠵᠢᠯ ᠤᠨ ᠠᠵᠢᠯ ᠪᠠ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠬᠠᠷᠢᠴᠠᠭᠤᠯᠤᠨ ᠪᠠᠶᠢᠴᠠᠭᠠᠭᠰᠠᠨ ᠪᠠᠶᠢᠳᠠᠯ ᠢ ᠮᠡᠳᠡᠭᠳᠡᠪᠡ᠃ ᠬᠠᠨ ᠲᠤᠤ ᠨᠠᠮ ᠤᠨ ᠡᠭᠦᠷ ᠤᠨ ᠭᠤᠣᠯ ᠰᠡᠳᠦᠪᠲᠦ ᠬᠥᠮᠦᠵᠢᠯ᠂ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠪᠣᠯᠤᠨ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠪᠠᠶᠢᠭᠤᠯᠭ᠎ᠠ ᠶᠢᠨ ᠨᠢᠭᠡ ᠵᠢᠯ ᠤᠨ ᠲᠤᠷᠰᠢᠬᠢ ᠡᠯ᠎ᠡ ᠵᠦᠢᠯ ᠤᠨ ᠠᠵᠢᠯ ᠤᠨ ᠣᠯᠤᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠤᠯᠠᠨ ᠢ ᠦᠷᠭᠦᠯᠵᠢᠯᠡᠨ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ᠂ ᠨᠡᠩ ᠯᠠᠪᠳᠠᠭᠤᠨ ᠪᠠᠲᠤᠲᠠᠢ ᠠᠵᠢᠯ ᠢᠶᠠᠷ ᠬᠥᠭᠵᠢᠯᠲᠡ ᠳᠤ ᠦᠢᠯᠡᠴᠢᠯᠡᠬᠦ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠤᠶᠢᠯᠡᠴᠢᠯᠡᠬᠦ᠂ ᠨᠠᠶᠢᠳᠠᠪᠤᠷᠢᠵᠢᠭᠤᠯᠬᠤ ᠳᠤ ᠦᠢᠯᠡᠴᠢᠯᠡᠬᠦ ᠲᠠᠯ᠎ᠠ ᠪᠠᠷ ᠪᠦᠬᠦ ᠬᠦᠴᠦᠨ ᠢᠶᠠᠷ ᠢᠶᠠᠨ ᠡᠮᠤᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ ᠬᠡᠷᠡᠭᠳᠠᠢ ᠭᠡᠵᠤ ᠵᠣᠷᠢᠭᠵᠢᠭᠤᠯᠪᠠ᠃      ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠨᠢ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠠᠯᠪᠠᠨ ᠲᠢᠩᠬᠢᠮ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ︽ᠭᠤᠷᠪᠠ ᠳᠤ ᠦᠢᠯᠡᠴᠢᠯᠡᠬᠦ︾ ᠠᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠶ᠃ ᠤᠯᠤᠰ ᠲᠦᠷᠦ ᠶᠢ ᠡᠷᠬᠢᠮᠯᠡᠨ ᠦᠢᠯᠡᠴᠢᠯᠡᠭᠡ ᠶᠢ ᠰᠢᠯᠢᠳᠡᠭᠵᠢᠭᠦᠯᠵᠦ᠂ ︽ᠲᠠᠪᠤ ᠶᠢ ᠪᠠᠷᠢᠮᠲᠠᠯᠠᠬᠤ︾ ᠴᠢᠬᠤᠯᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠤᠯᠤᠰ ᠲᠦᠷᠦ ᠶᠢᠨ ᠲᠠᠯ᠎ᠠ ᠪᠠᠷ ᠡᠷᠡᠰ ᠪᠠᠲᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠪᠣᠳᠠᠲᠠᠢ ᠠᠵᠢᠯᠯᠠᠭ᠎ᠠ ᠪᠠ ᠪᠣᠳᠠᠲᠠᠢ ᠠᠵᠢᠯ ᠤᠨ ᠳᠤᠮᠳᠠ ᠪᠠᠨ ᠤᠬᠠᠮᠰᠠᠷ ᠠᠴᠠ ᠪᠠᠨ ᠨᠠᠶᠢᠳᠠᠪᠤᠷᠢᠵᠢᠭᠤᠯᠵᠤ᠂ ᠵᠥᠪᠯᠡᠭᠴᠢ ᠬᠠᠪᠰᠤᠷᠤᠭᠴᠢ᠂ ᠶᠡᠷᠦᠩᠬᠡᠶᠢᠯᠡᠨ ᠵᠣᠬᠢᠴᠠᠭᠤᠯᠬᠤ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠤᠯᠠᠮ ᠨᠢᠭᠡ ᠠᠯᠬᠤᠮ ᠪᠠᠳᠠᠷᠠᠭᠤᠯᠵᠤ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠤᠶᠢᠯᠡᠴᠢᠯᠡᠨ᠂ ᠥᠨᠳᠥᠷ ᠪᠦᠲᠦᠮᠵᠢᠲᠡᠢ ᠠᠵᠢᠯ ᠳᠤ ᠦᠢᠯᠡᠴᠢᠯᠡᠵᠦ᠂ ᠦᠨᠳᠦᠰᠦᠨ ᠱᠠᠲᠤᠨ ᠤ ᠤᠯᠠᠨ ᠲᠦᠮᠡᠨ ᠳᠤ ᠦᠢᠯᠡᠴᠢᠯᠡᠬᠦ ᠬᠡᠷᠡᠭᠲᠡᠢ᠃ ᠶᠡᠭᠡ ᠲᠠᠯ᠎ᠠ ᠶᠢ ᠪᠣᠳᠣᠯᠬᠢᠯᠠᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠭᠤᠷᠪᠠᠨ ᠳᠥᠷᠪᠡ︾ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ᠂ ︽ᠭᠤᠷᠪᠠᠨ ᠲᠣᠭᠤᠷᠢᠭ ᠳᠥᠷᠪᠡᠨ ᠬᠤᠲᠠ︾ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠣᠭᠤᠷᠢᠨ ᠳᠤ ᠳᠡᠭᠡᠳᠦ ᠱᠠᠲᠤᠨ ᠤ ᠪᠠᠶᠢᠳᠠᠯ ᠢ ᠳᠣᠷᠣᠭᠰᠢ ᠪᠠᠭᠤᠯᠭᠠᠬᠤ᠂ ᠳᠣᠲᠣᠭᠠᠳᠤ ᠳᠠᠭᠠᠨ ᠬᠤᠯᠪᠣᠭᠠᠯᠠᠨ ᠭᠠᠳᠠᠭᠰᠢ ᠵᠣᠯᠭᠠᠭᠤᠯᠬᠤ᠂ ᠡᠮᠦᠨ᠎ᠡ ᠨᠢ ᠦᠢᠯᠡᠴᠢᠯᠡᠬᠦ᠂ ᠤᠷᠢᠳᠴᠢᠯᠠᠨ ᠠᠷᠭ᠎ᠠ ᠰᠦᠪᠡᠭᠴᠢᠯᠡᠵᠦ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠬᠡᠷᠡᠭᠲᠡᠶ᠃ ᠬᠠᠷᠢᠭᠤᠴᠠᠯᠭ᠎ᠠ ᠱᠠᠭᠠᠷᠳᠠᠯᠭ᠎ᠠ ᠶᠢ ᠴᠢᠩᠭᠠᠳᠬᠠᠵᠤ᠂ ︽ᠴᠠᠭ ᠤᠨ ᠠᠵᠢᠯ ᠢᠶᠠᠨ ᠴᠠᠭ ᠲᠤ ᠪᠠᠨ ᠬᠢᠬᠦ︾ ᠤᠢᠢᠯᠠᠭᠠᠭᠳᠠᠬᠤᠨ ᠢ ᠪᠠᠳᠤᠳᠬᠠᠨ᠂ ᠬᠠᠷᠢᠭᠤᠴᠠᠯᠭᠠᠲᠤ ᠰᠡᠳᠬᠢᠯᠭᠡ᠂ ᠴᠢᠩᠭ᠎ᠠ ᠠᠵᠢᠯ ᠦᠢᠯᠡᠰ ᠢᠶᠠᠨ ᠳᠡᠭᠡᠳᠤᠯᠡᠬᠦ ᠰᠡᠳᠬᠢᠯᠭᠡ ᠪᠣᠯᠤᠨ ᠳᠡᠭᠡᠳᠦ ᠬᠡᠮᠵᠢᠶᠡᠨ ᠤ ᠡᠭᠦᠷᠭᠡᠲᠦ ᠰᠡᠳᠬᠢᠯᠭᠡ ᠶᠢ ᠢᠮᠠᠭᠲᠠ ᠪᠠᠲᠤᠯᠠᠵᠤ᠂ ᠪᠣᠭᠤᠮᠲᠠ ᠶᠢ ᠴᠢᠩᠭ᠎ᠠ ᠰᠠᠬᠢᠨ ᠨᠠᠷᠢᠨ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠶᠢ ᠴᠢᠬᠤᠯᠠᠴᠢᠯᠠᠨ᠂ ᠪᠤᠰᠢᠭᠤ ᠱᠠᠯᠠᠮᠠᠭᠠᠢ᠂ ᠴᠢᠩᠭ᠎ᠠ ᠠᠳᠬᠤᠨ ᠲᠦᠷᠭᠡᠨ ᠰᠢᠢᠳᠪᠦᠷᠢᠯᠡᠵᠦ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠰᠠᠶᠢᠲᠤᠷ ᠰᠤᠷᠤᠯᠴᠠᠵᠤ ᠰᠢᠨ᠎ᠡ ᠶᠢ ᠡᠭᠦᠳᠬᠦ ᠶᠢ ᠴᠢᠬᠤᠯᠠᠴᠢᠯᠠᠵᠤ᠂ ᠨᠠᠰᠤᠨ ᠲᠤᠷᠰᠢᠳᠠ ᠰᠤᠷᠤᠯᠴᠠᠨ᠂ ᠪᠦᠬᠦ ᠲᠠᠯ᠎ᠠ ᠪᠠᠷ ᠰᠤᠷᠤᠯᠴᠠᠵᠤ᠂ ᠰᠢᠨ᠎ᠡ ᠶᠢ ᠡᠭᠦᠳᠬᠦ ᠰᠡᠳᠬᠢᠬᠦᠢ ᠶᠢ ᠬᠦᠮᠦᠵᠢᠬᠦᠯᠦᠨ᠂ ᠰᠢᠨ᠎ᠡ ᠶᠢ ᠡᠭᠦᠳᠬᠦ ᠤᠬᠠᠮᠰᠠᠷ ᠢᠶᠠᠨ ᠴᠢᠩᠭᠠᠳᠬᠠᠵᠤ᠂ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠬᠦᠯᠦᠨ᠂ ᠬᠠᠷᠠᠭ᠎ᠠ ᠪᠠᠨ ᠤᠯᠠᠮ ᠴᠢᠨᠠᠭᠰᠢᠳᠠ ᠥᠷᠭᠡᠳᠬᠡᠵᠦ᠂ ᠠᠬᠤᠢ ᠪᠠᠶᠢᠳᠠᠯ ᠢᠶᠠᠨ ᠳᠡᠭᠡᠭᠰᠢᠯᠡᠬᠦᠯᠦᠨ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠦᠢᠯᠡᠴᠢᠯᠡᠬᠦ ᠰᠢᠨ᠎ᠡ ᠠᠷᠭ᠎ᠠ ᠵᠠᠮ ᠢ ᠲᠠᠰᠤᠷᠠᠯᠲᠠ ᠦᠭᠡᠢ ᠰᠦᠪᠡᠭᠴᠢᠯᠡᠬᠦ ᠬᠡᠷᠡᠭᠲᠡᠢ᠃ ᠶᠣᠰᠣ ᠳᠦᠷᠢᠮ ᠢ ᠰᠠᠬᠢᠵᠤ ᠪᠢᠰᠢᠷᠡᠨ ᠵᠢᠷᠦᠬᠡᠰᠢᠶᠡᠬᠦ ᠶᠢ ᠮᠡᠳᠡᠵᠦ᠂ ᠠᠵᠢᠯ ᠢᠶᠠᠨ ᠦᠢᠯᠡᠰ ᠪᠣᠯᠭᠠᠨ ᠬᠥᠭᠡᠭᠡᠴᠡᠯᠳᠦᠵᠦ᠂ ᠠᠯᠪᠠᠨ ᠭᠡᠷ ᠤᠨ ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ᠂ ᠬᠠᠷᠠᠮ ᠦᠭᠡᠢ ᠵᠣᠷᠢᠭᠤᠯᠬᠤ᠂ ᠰᠠᠬᠢᠯᠭ᠎ᠠ ᠪᠠᠲᠤ ᠶᠢ ᠵᠢᠷᠤᠮᠯᠠᠬᠤ ᠵᠢᠱᠢᠶᠡᠴᠢ ᠪᠠ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠬᠤ ᠬᠡᠷᠡᠭᠲᠡᠢ ᠭᠡᠵᠤ ᠴᠢᠬᠤᠯᠠᠴᠢᠯᠠᠪᠠ᠃     ᠲᠣᠭᠤᠷᠢᠭ ᠤᠨ ᠤᠳᠤᠷᠢᠳᠤᠯᠭ᠎ᠠ ᠳ᠋ᠦ᠋ ᠵᠢᠤᠸᠠᠨ᠂ ᠬᠠᠢ ᠰᠢᠶᠠ᠂ ᠸᠠᠩ ᡁᠢ᠂ ᠵᠠᠩ ᠵᠢᠶᠠᠨ ᠬᠦᠩ᠂ ᠰᠢᠤᠸᠠᠢ ᠶᠠᠩ᠂ ᠸᠠᠩ ᠱᠧᠩ ᠷᠦᠩ ᠬᠤᠷᠠᠯ ᠳᠤ ᠣᠷᠣᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ