ᠲᠤᠭᠤᠷᠢᠭ ᠤᠨ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠵᠢᠷᠭᠤᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠶᠢ ᠡᠷᠬᠢᠯᠡᠪᠡ
ᠨᠡᠶᠢᠲᠡᠯᠡᠭᠰᠡᠨ ᠴᠠᠭ᠄
2024/1/4
     1 ᠰᠠᠷ᠎ᠠ ᠶᠢᠨ 3 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠨ ᠰᠣᠯᠢᠯᠴᠠᠬᠤ ᠪᠠ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠵᠢᠷᠭᠤᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠶᠢ ᠡᠷᠭᠢᠯᠡᠪᠡ᠃ ︽︿ᠨᠠᠢᠮᠠ ᠨᠠᠢᠮᠠ ᠶᠢᠨ ᠪᠠᠶᠢᠯᠳᠤᠬᠤ ᠪᠣᠳᠣᠯᠭ᠎ᠠ﹀ ᠶᠢᠨ ᠨᠡᠶᠢᠲᠡᠯᠢᠭ ᠵᠢᠱᠢᠶ᠎ᠡ ᠶᠢ ᠭᠦᠨᠵᠡᠭᠡᠶ ᠵᠠᠳᠠᠯᠤᠨ ᠨᠠᠷᠢᠨ ᠤᠶᠢᠯᠠᠭᠠᠵᠤ᠂ ᠭᠤᠶᠤᠮᠰᠤᠭ ᠵᠢᠷᠤᠭ ᠳᠦᠷᠰᠤ ᠶᠢ ᠵᠢᠷᠤᠭᠯᠠᠬᠤ ᠶᠢ ᠪᠠᠷᠢᠮᠲᠠᠯᠠᠶ᠎ᠠ︾ ᠭᠡᠬᠦ ᠰᠡᠳᠤᠪ ᠢᠶᠠᠷ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠪᠠᠶᠢᠭᠤᠯᠭ᠎ᠠ ᠳᠠᠭᠠᠨ ᠪᠠᠶᠢᠭ᠎ᠠ ᠤᠳᠤᠷᠢᠳᠤᠯᠭ᠎ᠠ ᠨᠠᠷ ᠣᠷᠣᠯᠴᠠᠪᠠ᠃     ᠭᠤᠤ ᠢ ᠳ᠋ᠦᠩ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ ᠡᠷᠬᠢᠯᠡᠬᠦ ᠳᠡᠭᠡᠨ᠂ ︽ᠨᠠᠢᠮᠠ ᠨᠠᠢᠮᠠ ᠶᠢᠨ ᠪᠠᠶᠢᠯᠳᠤᠬᠤ ᠪᠣᠳᠣᠯᠭ᠎ᠠ︾ ᠪᠣᠯ ᠤᠨᠤᠯ ᠤᠨ ᠰᠢᠨ᠎ᠡ ᠡᠭᠦᠳᠦᠯᠲᠡ᠂ ᠦᠢᠯᠡᠳᠦᠯᠭᠡ ᠶᠢᠨ ᠰᠢᠨ᠎ᠡ ᠡᠭᠦᠳᠦᠯᠲᠡ᠂ ᠲᠦᠷᠢᠮ ᠤᠨ ᠰᠢᠨ᠎ᠡ ᠡᠭᠦᠳᠦᠯᠲᠡ᠂ ᠰᠣᠶᠣᠯ ᠤᠨ ᠰᠢᠨ᠎ᠡ ᠡᠭᠦᠳᠦᠯᠲᠡ ᠶᠢᠨ ᠯᠤᠲᠤ ᠶᠡᠭᠡ ᠡᠷᠳᠡᠨᠢ ᠶᠢᠨ ᠬᠥᠮᠥᠷᠭᠡ ᠪᠣᠯᠤᠨ᠎ᠠ᠃ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠢᠮᠠᠭᠲᠠ ᠲᠤᠤᠱᠯᠠᠭᠤᠯᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠬᠦᠯᠦᠨ᠂ ᠰᠢ ᠶᠢᠨ ᠫᠢᠩ ᠶᠡᠷᠦᠩᠬᠡᠢ ᠱᠦᠵᠢ ᠶᠢᠨ ᠵᠢᠭᠠᠭᠰᠠᠨ ᠵᠠᠮ ᠢᠶᠠᠷ ᠤᠷᠤᠭᠰᠢᠯᠠᠵᠤ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠤᠨᠤᠰᠤᠨ᠂ ᠨᠠᠮ ᠢᠶᠠᠨ ᠳᠠᠭᠠᠵᠤ︾᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠢ ᠪᠠᠲᠤ ᠪᠠᠬᠢ ᠪᠤᠢ ᠪᠣᠯᠭᠠᠵᠤ᠂ ᠬᠦᠴᠦᠨ ᠢᠶᠠᠨ ᠲᠦᠪᠯᠡᠷᠡᠬᠦᠯᠦᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠤ᠂ ᠳ᠋ᠦᠩᠱᠧᠩ ᠤᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠠᠬᠢᠭᠤᠯᠬᠤ ᠬᠡᠷᠡᠭᠲᠡᠢ᠃ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠲᠠᠯ᠎ᠠ ᠪᠠᠷ ᠤᠷᠳᠤ ᠬᠤᠭᠤᠴᠠᠭ᠎ᠠ ᠪᠠᠷ ᠴᠢᠷᠮᠠᠶᠢᠬᠤ ᠶᠢ ᠪᠠᠷᠢᠮᠲᠠᠯᠠᠵᠤ᠂ ᠪᠦᠬᠦ ᠬᠤᠳᠠ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠲᠥᠯᠥᠪᠵᠢᠭᠦᠯᠭᠡ ᠳᠣᠣᠷ᠎ᠠ᠂ ᠳ᠋ᠦᠡᠭᠱᠧᠩ ᠤᠨ ᠬᠥᠭᠵᠢᠯᠲᠡ ᠶᠢᠨ ᠴᠢᠭᠯᠡᠯ ᠢ ᠤᠯᠠᠮ ᠴᠢᠨᠠᠭᠰᠢᠳᠠ ᠲᠣᠳᠣᠷᠬᠠᠶᠢᠯᠠᠵᠤ᠂ ᠢᠮᠠᠭᠲᠠ ᠰᠢ ᠶᠢᠨ ᠫᠢᠩ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ ᠤᠷᠳᠤ ᠬᠤᠭᠤᠴᠠᠭ᠎ᠠ ᠪᠠᠷ ᠴᠢᠷᠮᠠᠶᠢᠬᠤ ᠶᠢ ᠪᠠᠳᠤᠯᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠳᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ ᠭᠦᠨᠵᠡᠭᠡᠢ ᠨᠠᠷᠢᠯᠢᠭ ᠬᠢᠬᠦ ᠬᠡᠷᠡᠭᠲᠡᠢ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠠᠯ᠎ᠠ ᠪᠠᠷ ᠬᠦᠴᠦ ᠲᠠᠯᠪᠢᠬᠤ ᠶᠢ ᠪᠠᠷᠢᠮᠳᠠᠯᠠᠨ᠂ ︽ᠨᠠᠢᠮᠠ ᠨᠠᠢᠮᠠ ᠶᠢᠨ ᠪᠠᠶᠢᠯᠳᠤᠬᠤ ᠪᠣᠳᠣᠯᠭ᠎ᠠ︾ ᠳᠤ ᠠᠭᠤᠯᠤᠭᠳᠠᠵᠤ ᠪᠠᠶᠢᠭ᠎ᠠ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠭᠦᠨᠵᠡᠭᠡᠢ ᠤᠶᠢᠯᠠᠭᠠᠵᠤ᠂ ᠵᠣᠷᠢᠯᠲᠠ ᠶᠢᠨ ᠤᠬᠠᠮᠰᠠᠷ ᠢᠶᠠᠨ ᠨᠡᠩ ᠰᠠᠨᠠᠭᠠᠴᠢᠯᠠᠭ᠎ᠠ  ᠲᠠᠢ ᠴᠢᠩᠭᠠᠳᠬᠠᠨ᠂ ᠤᠯᠠᠨ ᠲᠦᠮᠡᠨᠴᠢ ᠦᠵᠡᠯᠲᠡ ᠶᠢ ᠨᠡᠩ ᠪᠠᠲᠤ ᠪᠤᠢ ᠪᠣᠯᠭᠠᠵᠤ᠂ ᠤᠯᠠᠨ ᠲᠦᠮᠡᠨ ᠤ ᠲᠤᠰᠬᠠᠭᠰᠠᠨ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠳᠤ ᠴᠢᠭᠯᠡᠬᠦᠯᠦᠨ᠂ ᠠᠷᠭ᠎ᠠ ᠬᠡᠮᠵᠢᠶ᠎ᠡ ᠪᠠ ᠠᠷᠭ᠎ᠠ ᠪᠤᠳᠤᠯᠭ᠎ᠠ ᠶᠢ ᠢᠯᠡᠭᠦᠬᠡᠨ ᠪᠣᠳᠣᠯᠬᠢᠯᠠᠵᠤ᠂ ᠰᠠᠨᠠᠭᠠᠴᠢᠯᠠᠭ᠎ᠠ ᠠᠴᠠ ᠪᠠᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠠᠷᠠᠳ ᠤᠯᠠᠨ ᠳᠤ ᠨᠡᠩ ᠪᠣᠳᠠᠲᠠᠢ ᠠᠰᠢᠭ ᠬᠦᠷᠲᠡᠭᠡᠬᠦ ᠪᠠᠷ ᠴᠢᠷᠮᠠᠶᠢᠬᠤ ᠬᠡᠷᠡᠭᠲᠡᠢ ᠭᠡᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ