ᠲᠤᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠠᠷ ᠲᠦᠩᠴᠤᠸᠠᠨ ᠪᠠᠯᠭᠠᠰᠤᠨ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠠᠬᠤᠢ ᠲᠠᠯᠠᠪᠠᠢ ᠶᠢᠨ ᠠᠵᠢᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/4
     ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ ᠭᠦᠨᠵᠡᠭᠡᠶ ᠰᠤᠷᠤᠯᠴᠠᠨ ᠦᠢᠯᠡᠳᠦᠯᠭᠡᠵᠢᠭᠦᠯᠬᠦ ᠶᠢᠨ ᠲᠥᠯᠥᠭᠡ᠂ 1 ᠰᠠᠷ᠎ᠠ ᠶᠢᠨ 3 ᠤ ᠡᠳᠦᠷ᠂ ᠲᠤᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠠᠷ ᠲᠦᠩᠴᠤᠸᠠᠨ ᠪᠠᠯᠭᠠᠰᠤᠨ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠠᠬᠤᠢ ᠲᠠᠯᠠᠪᠠᠢ ᠶᠢᠨ ᠠᠵᠢᠯ ᠤᠨ ᠬᠤᠷᠠᠯ ᠢ ᠬᠤᠷᠠᠯᠳᠤᠭᠤᠯᠵᠤ᠂ ᠬᠠᠮᠢᠶ᠎ᠠ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠵᠢᠶ ᠫᠢᠩ ᠵᠡᠷᠭᠡ ᠲᠣᠭᠤᠷᠢᠭ ᠤᠨ ᠤᠳᠤᠷᠢᠳᠤᠯᠭ᠎ᠠ ᠨᠠᠷ ᠬᠤᠷᠠᠯ ᠳᠤ ᠣᠷᠣᠯᠴᠠᠪᠠ᠃     ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠤᠷᠢᠳ ᠬᠤᠵᠢᠳ ᠪᠠᠶᠠᠨᠮᠥ᠋ᠩᠬᠡ ᠨᠡᠭᠦᠷᠡᠰᠦᠨ ᠠᠭᠤᠷᠬᠠᠢ᠂ ᠲᠧᠩ ᠶᠤᠸᠠᠨ ᠨᠡᠭᠦᠷᠡᠰᠦᠨ ᠠᠭᠤᠷᠬᠠᠢ ᠳᠤ ᠬᠦᠷᠴᠦ᠂ ᠨᠡᠭᠦᠷᠡᠰᠦᠨ ᠠᠭᠤᠷᠬᠠᠢ ᠶᠢᠨ ᠲᠥᠪᠯᠡᠷᠡᠨ ᠵᠠᠯᠭᠠᠯᠳᠤᠭᠰᠠᠨ ᠣᠷᠣᠨ ᠪᠦᠰᠡ ᠶᠢᠨ ᠪᠣᠬᠢᠷᠲᠤᠯ ᠦᠭᠡᠢ ᠠᠭᠤᠷᠬᠠᠢ ᠪᠣᠯᠤᠨ ᠤᠶᠤᠨᠴᠢᠯᠠᠭᠰᠠᠨ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠭᠰᠡᠨ ᠪᠥᠭᠡᠳ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠭᠰᠠᠨ ᠪᠠᠶᠢᠳᠠᠯ ᠢ ᠪᠠᠶᠢᠴᠠᠭᠠᠪᠠ᠃     ᠬᠤᠷᠠᠯ ᠳᠡᠭᠡᠷ᠎ᠡ᠂ ᠤᠶᠤᠨᠴᠢᠯᠠᠭᠰᠠᠨ ᠠᠭᠤᠷᠬᠠᠢ ᠶᠢᠨ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ᠂ ᠪᠣᠬᠢᠷᠲᠤᠯ ᠦᠭᠡᠢ ᠠᠭᠤᠷᠬᠠᠢ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ᠂ ᠠᠭᠤᠷᠬᠠᠢ ᠶᠢᠨ ᠣᠷᠣᠨ ᠤ ᠲᠠᠬᠢᠨ ᠬᠠᠭᠠᠯᠪᠤᠷᠢᠯᠠᠭᠰᠠᠨ ᠭᠠᠵᠠᠷ ᠰᠢᠷᠣᠢ ᠶᠢ ᠶᠡᠷᠦᠩᠬᠡᠶᠢᠯᠡᠨ ᠠᠰᠢᠭᠯᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠣᠷᠣᠰᠢᠵᠤ ᠪᠠᠶᠢᠭ᠎ᠠ ᠠᠰᠠᠭᠤᠳᠠᠯ ᠳᠤ ᠵᠦᠢᠯ ᠳᠠᠷᠠᠭᠠᠯᠠᠨ ᠬᠠᠷᠢᠭᠤᠯᠲᠠ ᠥᠭᠴᠡᠢ᠃     ᠭᠤᠤ ᠢ ᠳ᠋ᠦᠩ᠂ ︽ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠪᠣᠯ ᠤᠯᠠᠨ ᠲᠦᠮᠡᠨ ᠲᠠᠢ ᠨᠢᠭᠲᠠ ᠬᠠᠷᠢᠯᠴᠠᠬᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠴᠢᠬᠤᠯᠠ ᠭᠠᠷᠳᠠᠴᠠ ᠮᠥᠨ᠂ ᠪᠠᠰᠠ ᠴᠤ ᠬᠦᠴᠢᠷ ᠠᠰᠠᠭᠤᠳᠠᠯ ᠢ ᠰᠢᠢᠳᠪᠦᠷᠢᠯᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠦᠲᠦᠮᠵᠢᠲᠡᠢ ᠠᠷᠭ᠎ᠠ ᠵᠠᠮ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠭᠠᠷᠳᠠᠴᠠ ᠶᠢ ᠰᠠᠶᠢᠲᠤᠷ ᠬᠡᠷᠡᠭᠯᠡᠵᠦ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ ᠲᠦᠷᠢᠮ ᠲᠣᠭᠲᠠᠭᠠᠯ ᠲᠣᠭᠲᠠᠭᠠᠬᠤ ᠶᠢ ᠵᠣᠯᠭᠠᠭᠤᠯᠤᠨ ᠬᠦᠳᠡᠯᠦᠯᠴᠡᠬᠦ ᠪᠠᠨ ᠴᠢᠩᠭᠠᠳᠬᠠᠵᠤ᠂ ᠭᠤᠤᠯ ᠰᠡᠳᠦᠪᠲᠦ ᠬᠥᠮᠦᠵᠢᠯ ᠤᠨ ︽ᠡᠷᠬᠢᠨ ᠬᠠᠷᠠᠬᠤ︾ ᠠᠵᠢᠯ ᠢ ᠯᠠᠪᠳᠠᠭᠤᠨ ᠪᠠᠲᠤᠲᠠᠶ ᠭᠦᠨᠵᠡᠭᠡᠶ ᠥᠷᠨᠢᠭᠦᠯᠵᠦ᠂ ᠦᠨᠳᠦᠰᠦᠨ ᠱᠠᠲᠤᠨ ᠤ ᠬᠦᠴᠢᠷ ᠲᠦᠪᠡᠭᠲᠡᠶ ᠠᠰᠠᠭᠤᠳᠠᠯ ᠢ ᠦᠨᠡᠨ ᠪᠣᠳᠠᠲᠠᠶ ᠪᠠᠷ ᠰᠢᠢᠳᠪᠦᠷᠢᠯᠡᠬᠦ ᠬᠡᠷᠡᠭᠲᠡᠶ ᠭᠡᠪᠡ᠃     ᠭᠤᠤ ᠢ ᠳ᠋ᠦᠩ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠪᠣᠬᠢᠷᠲᠤᠯ ᠦᠭᠡᠢ ᠠᠭᠤᠷᠬᠠᠢ᠂ ᠤᠶᠤᠨᠲᠤ ᠠᠭᠤᠷᠬᠠᠢ ᠶᠢᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠪᠣᠬᠢᠷᠲᠤᠯ ᠥᠬᠡᠶ ᠠᠭᠤᠷᠬᠠᠶ ᠶᠢ ᠲᠥᠪᠯᠡᠷᠡᠭᠦᠯᠦᠨ ᠵᠠᠯᠭᠠᠯᠳᠤᠭᠤᠯᠤᠨ ᠵᠠᠰᠠᠬᠤ ᠶᠢ ᠪᠥᠬᠦ ᠲᠠᠯ᠎ᠠ ᠪᠠᠷ ᠠᠬᠢᠭᠤᠯᠵᠤ᠂ ᠵᠠᠰᠠᠭ ᠤᠨ ᠣᠷᠳᠣᠨ ᠤ ᠬᠥᠲᠥᠯᠦᠨ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠰᠢᠰᠲ᠋ᠧᠮᠲᠦ ᠰᠡᠳᠬᠢᠬᠦᠶ ᠶᠢ ᠪᠠᠷᠢᠮᠲᠠᠯᠠᠵᠤ᠂ ᠲᠥᠯᠥᠪᠵᠢᠭᠦᠯᠭᠡ ᠪᠠᠷ ᠬᠥᠲᠥᠯᠦᠨ ᠳᠠᠭᠠᠭᠤᠯᠬᠤ ᠶᠢ ᠴᠢᠩᠭᠠᠳᠬᠠᠨ᠂ ᠠᠭᠤᠷᠬᠠᠶ ᠶᠢ ᠲᠥᠪᠯᠡᠷᠡᠭᠦᠯᠦᠨ ᠵᠠᠯᠭᠠᠯᠳᠤᠭᠤᠯᠤᠨ ᠵᠠᠰᠠᠬᠤ ᠶᠢᠨ ᠰᠢᠰᠲ᠋ᠧᠮᠲᠦ ᠴᠢᠨᠠᠷ ᠪᠠ ᠪᠦᠬᠦᠯᠢ ᠴᠣᠭᠴᠠᠲᠤ ᠴᠢᠨᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠠᠯᠤᠰ ᠬᠡᠳᠦ ᠶᠢ ᠪᠣᠳᠣᠯᠬᠢᠯᠠᠵᠤ᠂ ᠠᠭᠤᠷᠬᠠᠢ ᠶᠢᠨ ᠣᠷᠣᠨ ᠤ ᠰᠡᠷᠬᠦᠬᠡᠯᠳᠡ ᠨᠤᠭᠤᠭᠠᠷᠠᠭᠤᠯᠤᠯᠳᠠ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠪᠠ ᠰᠢᠨ᠎ᠡ ᠡᠨᠧᠷᠭᠢ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ︽ᠭᠡᠷᠡᠯ ᠴᠡᠨᠡᠭ + ᠠᠮᠢ ᠠᠬᠤᠢ ᠶᠢᠨ ᠵᠠᠰᠠᠯᠲᠠ︾ ᠶᠢᠨ ᠵᠠᠭᠪᠤᠷ ᠢ ᠠᠬᠢᠭᠤᠯᠵᠤ᠂ ᠭᠠᠵᠠᠷ ᠰᠢᠷᠣᠢ ᠶᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠪᠡᠶᠡᠯᠡᠭᠦᠯᠵᠦ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠭᠤᠷᠬᠠᠢ ᠶᠢᠨ ᠣᠷᠣᠨ ᠤ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠪᠦᠲᠦᠮᠵᠢᠲᠡᠢ ᠰᠠᠶᠢᠵᠢᠷᠠᠭᠤᠯᠬᠤ ᠬᠡᠷᠡᠭᠲᠡᠢ᠃ ᠨᠡᠭᠦᠷᠡᠰᠦᠨ ᠠᠭᠤᠷᠬᠠᠢ ᠶᠢᠨ ᠤᠶᠤᠨᠴᠢᠯᠠᠭᠰᠠᠨ ᠪᠦᠳᠦᠬᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠢᠨ᠎ᠡ ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠳᠠᠮᠵᠢᠭᠤᠯᠤᠨ ᠤᠶᠤᠨᠴᠢᠯᠠᠭᠰᠠᠨ ᠠᠷᠭ᠎ᠠ ᠪᠠᠷᠢᠯ ᠢ ᠨᠡᠭᠦᠷᠡᠰᠦᠨ ᠠᠭᠤᠷᠬᠠᠢ ᠶᠢᠨ ᠡᠯ᠎ᠡ ᠬᠦᠷᠢᠶ᠎ᠡ ᠴᠠᠷᠠᠨ ᠳᠤ ᠬᠡᠷᠡᠭᠵᠢᠬᠦᠯᠵᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠪᠠ ᠣᠶᠤᠨᠲᠤ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ᠃     ᠭᠤᠤ ᠢ ᠳ᠋ᠦᠩ᠂ ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠳᠠᠰᠢᠷᠠᠮ ᠢᠶᠠᠷ᠂ ᠡᠯ᠎ᠡ ᠨᠢᠭᠡᠴᠡ᠂ ᠰᠠᠯᠠᠭ᠎ᠠ ᠮᠥᠴᠢᠷ ᠤᠨ ᠬᠢᠨ ᠠᠮᠤᠷ ᠲᠦᠪᠰᠢᠨ ᠤ ᠤᠬᠠᠮᠰᠠᠷ ᠢᠶᠠᠨ ᠤᠯᠠᠮ ᠴᠢᠨᠠᠭᠰᠢᠳᠠ ᠪᠠᠲᠤᠳᠬᠠᠵᠤ᠂ ᠠᠶᠤᠯᠭᠦᠢ ᠦᠢᠯᠡᠳᠪᠦᠷᠢᠯᠡᠯ᠂ ᠵᠠᠬ᠎ᠠ ᠳᠡᠯᠭᠡᠭᠦᠷ ᠤᠨ ᠬᠠᠩᠭᠠᠯᠭ᠎ᠠ᠂ ᠣᠷᠴᠢᠨ ᠲᠣᠭᠤᠷᠢᠨ ᠢ ᠰᠠᠶᠢᠵᠢᠷᠠᠭᠤᠯᠬᠤ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠮᠤᠷ ᠲᠦᠪᠰᠢᠨ᠂ ᠲᠣᠭᠲᠠᠭᠤᠨ᠂ ᠡᠮᠬᠢ ᠵᠢᠷᠤᠮ ᠲᠠᠢ ᠨᠡᠶᠢᠭᠡᠮ ᠤᠨ ᠣᠷᠴᠢᠨ ᠲᠣᠭᠤᠷᠢᠨ ᠪᠣᠯᠤᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ ᠭᠡᠪᠡ᠃     ᠡᠯ᠎ᠡ ᠪᠠᠯᠭᠠᠰᠤ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ