ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠬᠤ ᠲᠤᠬᠠᠢ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2024/1/4
                                ᠳ᠋ᠦᠩᠱᠧᠩ ᠵᠠᠰᠠᠭ ᠳᠠᠷᠬᠠᠭᠠᠬᠤ ﹇2023﹈ 36 ᠳ᠋ᠤᠭᠠᠷ ᠲᠣᠭᠠᠲᠤ     ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠡ᠂ ᠠᠷᠠᠳ ᠤᠨ ᠪᠦᠯᠬᠦᠮ ᠳᠤ᠄     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ︾ ᠶᠢᠨ ᠲᠠᠪᠢᠨ ᠭᠤᠷᠪᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠵᠤ᠂ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 20 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠭᠡᠳ᠂ ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ︽ᠳ᠋ᠦᠩᠱᠧᠩ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠵᠥᠪᠯᠡᠯ ᠢ ᠵᠣᠬᠢᠶᠠᠨ ᠪᠠᠶᠢᠭᠤᠯᠵᠤ ᠬᠠᠮᠢᠶᠠᠷᠬᠤ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠳ᠋ᠦᠩᠱᠧᠩ ᠵᠠᠰᠠᠭ ᠳᠠᠷᠬᠠᠭᠠᠬᠤ ﹇2023﹈ 31 ᠳ᠋ᠦ᠋ᠭᠡᠷ ᠲᠣᠭᠠᠲᠤ︶ ᠢ ᠬᠡᠷᠡᠭᠵᠢᠭᠦᠯᠬᠦ ᠶᠢ ᠵᠤᠭᠰᠤᠭᠠᠵᠤ᠂ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠠᠯᠠᠭ᠎ᠠ ᠮᠥᠴᠢᠷ ᠤᠳ ᠲᠣᠰ ᠪᠢᠴᠢᠭ ᠮᠠᠲ᠋ᠧᠷᠢᠶᠠᠯ ᠢ ᠳᠠᠬᠢᠵᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠨᠳᠦᠰᠦᠯᠡᠯ ᠪᠣᠯᠭᠠᠵᠤ ᠪᠣᠯᠬᠤ ᠥᠬᠡᠶ ᠭᠡᠵᠤ ᠲᠤᠭᠳᠠᠭᠠᠪᠠ᠃                                                     ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                                                                              2023 ᠣᠨ ᠤ 12 ᠰᠠᠷ᠎ᠠ ᠶᠢᠨ 29 ᠤ ᠡᠳᠦᠷ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ