ᠴᠠᠰᠤ ᠮᠦᠰᠦ ᠶᠢ ᠴᠡᠪᠡᠷᠯᠡᠨ ᠠᠷᠢᠯᠭᠠᠬᠤ ᠠᠵᠢᠯ ᠢ ᠰᠠᠶᠢᠲᠤᠷ ᠬᠢᠬᠦ ᠲᠤᠬᠠᠶ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠪᠠᠴᠢᠮ ᠮᠡᠳᠡᠭᠳᠡᠯ
ᠨᠡᠶᠢᠲᠡᠯᠡᠭᠰᠡᠨ ᠴᠠᠭ᠄
2024/1/4
                                  ᠳ᠋ᠦᠩᠱᠧᠩ ᠵᠠᠰᠠᠭ ᠠᠯᠪᠠᠨ ᠭᠡᠷ ᠳᠠᠷᠬᠠᠭᠠᠬᠤ ﹇2023﹈ 63 ᠳ᠋ᠤᠭᠠᠷ ᠲᠣᠭᠠᠲᠤ      ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠠᠷᠠᠳ ᠤᠨ ᠪᠦᠯᠬᠦᠮ᠂ ᠰᠢᠭᠤᠳ ᠬᠠᠮᠵᠢᠯᠴᠠᠨ ᠬᠠᠮᠢᠶᠠᠷᠬᠤ ᠰᠠᠯᠠᠭ᠎ᠠ ᠮᠥᠴᠢᠷ ᠲᠤ᠄     ᠡᠪᠦᠯ ᠤᠨ ᠤᠯᠠᠷᠢᠯ ᠤᠨ ᠬᠤᠲᠠ ᠲᠣᠭᠤᠷᠢᠭ ᠤᠨ ᠴᠠᠰᠤ ᠱᠦᠭᠦᠷᠳᠡᠵᠦ ᠮᠥᠰᠥ ᠠᠷᠢᠯᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠠᠷᠠᠳ ᠣᠯᠠᠨ ᠤ ᠶᠠᠪᠤᠵᠤ ᠰᠠᠭᠤᠬᠤ ᠠᠮᠤᠷ ᠲᠦᠪᠰᠢᠨ ᠪᠠ ᠬᠤᠲᠠ ᠶᠢᠨ ᠳᠦᠷᠢ ᠲᠥᠷᠬᠦ ᠴᠡᠪᠡᠷ ᠲᠡᠭᠰᠢ ᠪᠠᠶᠢᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠃     ᠨᠢᠭᠡ᠂ ᠴᠠᠰᠤ ᠮᠦᠰᠦ ᠶᠢ ᠴᠡᠪᠡᠷᠯᠡᠨ ᠠᠷᠢᠯᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠳᠠᠢ᠃ ᠣᠶᠢᠷ᠎ᠠ ᠶᠢᠨ ᠬᠤᠭᠤᠴᠠᠭᠠᠨ ᠳᠤ᠂ ᠬᠦᠢᠲᠡᠨ ᠠᠭᠤᠷ ᠠᠮᠢᠰᠬᠤᠯ ᠤᠨ ᠨᠥᠯᠥᠭᠡ ᠠᠴᠠ ᠪᠣᠯᠵᠤ᠂ ᠮᠠᠨ ᠤ ᠣᠷᠣᠨ ᠳᠤ ᠶᠡᠭᠡ ᠬᠡᠪᠴᠢᠶᠡᠨ ᠤ ᠴᠠᠰᠤ ᠣᠷᠣᠵᠤ᠂ ᠪᠦᠬᠦ ᠲᠤᠭᠤᠷᠢᠭ ᠤᠨ ᠠᠷᠠᠳ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠨᠡᠯᠢᠶᠡᠳ ᠶᠡᠭᠡ ᠨᠥᠯᠥᠭᠡ ᠦᠵᠡᠭᠦᠯᠪᠡ᠃ ᠡᠯ᠎ᠡ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠡᠯ᠎ᠡ ᠰᠠᠯᠠᠭ᠎ᠠ ᠮᠥᠴᠢᠷ ᠤᠨ ᠬᠢᠨ ᠴᠠᠰᠤ ᠮᠥᠰᠥ ᠶᠢ ᠴᠡᠪᠡᠷᠯᠡᠨ ᠠᠷᠢᠯᠭᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠭᠤᠣᠯ ᠤᠳᠤᠷᠢᠳᠤᠯᠭ᠎ᠠ ᠳᠠᠷᠦ᠋ᠢᠬᠠᠨ ᠲᠤᠬᠢᠷᠠᠭᠤᠯᠤᠨ ᠪᠠᠶᠢᠷᠢᠯᠠᠭᠤᠯᠵᠤ᠂ ᠠᠵᠢᠯ ᠤᠨ ᠲᠥᠰᠦᠯ ᠢᠶᠠᠨ ᠲᠦᠷᠭᠡᠨ ᠲᠣᠭᠲᠠᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠪᠦᠬᠦ ᠲᠤᠭᠤᠷᠢᠭ ᠤᠨ ᠴᠠᠰᠤ ᠮᠦᠰᠦ ᠶᠢ ᠴᠡᠪᠡᠷᠯᠡᠨ ᠠᠷᠢᠯᠭᠠᠬᠤ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠵᠠᠮ ᠬᠠᠷᠢᠯᠴᠠᠭ᠎ᠠ᠂ ᠦᠢᠯᠡᠳᠪᠦᠷᠢᠯᠡᠯ᠂ ᠠᠮᠢᠳᠤᠷᠠᠯ ᠳᠤ ᠦᠵᠡᠭᠦᠯᠬᠦ ᠠᠰᠢᠭ ᠦᠭᠡᠢ ᠨᠥᠯᠥᠭᠡ ᠶᠢ ᠬᠠᠮᠤᠭ ᠤᠨ ᠳᠣᠣᠷ᠎ᠠ ᠬᠡᠮᠵᠢᠶᠡᠨ ᠳᠤ ᠪᠠᠶᠢᠯᠭᠠᠬᠤ ᠶᠢ ᠪᠠᠲᠤᠯᠠᠬᠤ ᠬᠡᠷᠡᠭᠲᠡᠢ᠃     ᠬᠤᠶᠠᠷ᠂ ᠴᠠᠰᠤ ᠮᠥᠰᠥ ᠶᠢ ᠴᠡᠪᠡᠷᠯᠡᠨ ᠠᠷᠢᠯᠭᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠶ᠃ ᠡᠯ᠎ᠡ ᠰᠠᠯᠠᠭ᠎ᠠ ᠮᠥᠴᠢᠷ ᠤᠳ ᠲᠣᠰ ᠪᠠᠶᠢᠭᠤᠯᠭ᠎ᠠ ᠨᠢᠭᠡᠴᠡ ᠶᠢᠨ ᠢᠶᠠᠨ ᠬᠡᠷ ᠪᠠᠶᠢᠰᠢᠩ ᠤᠨ ᠠᠷᠤ ᠲᠠᠯ᠎ᠠ ᠪᠠ ᠡᠷᠬᠢᠨ ᠲᠣᠭᠤᠷᠢᠨ ᠤ ᠭᠠᠵᠠᠷ ᠤᠷᠤᠨ ᠳᠠᠬᠢ ᠴᠠᠰᠤ ᠮᠦᠰᠦ ᠶᠢ ᠳᠠᠷᠦ᠋ᠢᠬᠠᠨ ᠴᠡᠪᠡᠷᠯᠡᠨ ᠠᠷᠢᠯᠭᠠᠵᠤ᠂ ᠡᠯ᠎ᠡ ᠱᠠᠲᠤᠨ ᠤ ᠺᠠᠳ᠋ᠷ ᠠᠵᠢᠯᠳᠠᠨ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠠᠵᠢᠯᠴᠢᠨ ᠲᠦᠷᠦᠭᠦᠯᠡᠨ ᠴᠠᠰᠤ ᠮᠥᠰᠥ ᠶᠢ ᠴᠡᠪᠡᠷᠯᠡᠨ ᠠᠷᠢᠯᠭᠠᠬᠤ ᠠᠵᠢᠯ ᠳᠤ ᠣᠷᠣᠯᠴᠠᠵᠤ᠂ ᠪᠠᠶᠢᠭᠤᠯᠭ᠎ᠠ ᠶᠢᠨ ᠢᠶᠠᠨ ᠴᠠᠰᠤ ᠮᠦᠰᠦ ᠶᠢ ᠴᠡᠪᠡᠷᠯᠡᠨ ᠠᠷᠢᠯᠭᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠶᠢᠨ ᠬᠠᠮᠲᠤ᠂ ᠪᠠᠶᠢᠭᠤᠯᠭ᠎ᠠ ᠨᠢᠭᠡᠴᠡ ᠶᠢᠨ ᠡᠷᠬᠢᠨ ᠲᠣᠭᠤᠷᠢᠨ ᠤ ᠣᠯᠠᠨ ᠨᠡᠶᠢᠲᠡ ᠶᠢᠨ ᠣᠷᠣᠨ ᠪᠦᠰᠡ ᠵᠢᠴᠢ ᠵᠠᠮ ᠳᠡᠭᠡᠷᠡᠬᠢ ᠴᠠᠰᠤ ᠮᠦᠰᠦ ᠶᠢ ᠴᠡᠪᠡᠷᠯᠡᠨ ᠠᠷᠢᠯᠭᠠᠬᠤ ᠠᠵᠢᠯ ᠳᠤ ᠢᠳᠡᠪᠬᠢᠲᠡᠶ ᠣᠷᠣᠯᠴᠠᠬᠤ ᠬᠡᠷᠡᠭᠲᠡᠶ᠃ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠥᠷᠭᠡᠨ ᠤᠯᠠᠨ ᠨᠠᠮ ᠤᠨ ᠭᠡᠰᠢᠭᠦᠨ᠂ ᠰᠠᠭᠤᠭᠠᠯᠢ ᠠᠷᠠᠳ ᠪᠣᠯᠤᠨ ᠰᠠᠶᠢᠨ ᠳᠤᠷᠠᠴᠤᠳ ᠵᠡᠷᠭᠡ ᠬᠦᠮᠦᠰ ᠢ ᠢᠳᠡᠪᠬᠢᠲᠡᠢ ᠵᠣᠬᠢᠶᠠᠨ ᠪᠠᠶᠢᠭᠤᠯᠤᠨ ᠲᠠᠶᠢᠴᠢᠯᠠᠵᠤ ᠬᠠᠷᠢᠶ᠎ᠠ ᠣᠷᠣᠨ ᠤ ᠪᠠᠨ ᠰᠠᠭᠤᠭᠠᠯᠢ ᠲᠣᠭᠤᠷᠢᠭ᠂ ᠵᠡᠭᠡᠯᠢ ᠭᠤᠳᠤᠮᠵᠢ ᠶᠢᠨ ᠴᠠᠰᠤ ᠮᠥᠰᠥ ᠶᠢ ᠴᠡᠪᠡᠷᠯᠡᠨ ᠠᠷᠢᠯᠭᠠᠬᠤ ᠠᠵᠢᠯ ᠳᠤ ᠢᠳᠡᠪᠬᠢᠲᠡᠢ ᠣᠷᠣᠯᠴᠠᠭᠤᠯᠬᠤ ᠶᠢᠨ ᠬᠠᠮᠲᠤ ᠵᠡᠭᠡᠯᠢ ᠳᠠᠭᠠᠤ ᠶᠢᠨ ᠬᠤᠳᠠᠯᠳᠤᠭᠠᠨ ᠤ ᠡᠷᠦᠬᠡ ᠶᠢ ᠱᠠᠯᠠᠪᠳᠠᠭᠤᠯᠤᠨ ︽ᠲᠠᠪᠤ ᠶᠢ ᠪᠠᠳᠤᠯᠠᠬᠤ︾ ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠭᠦᠳᠡᠨ ᠡᠮᠦᠨᠡᠬᠢ ᠴᠠᠰᠤ ᠮᠥᠰᠥ ᠶᠢ ᠴᠠᠭ ᠲᠤᠬᠠᠢ ᠳᠤᠨᠢ ᠴᠡᠪᠡᠷᠯᠡᠨ ᠠᠷᠢᠯᠭᠠᠬᠤ ᠬᠡᠷᠡᠭᠲᠡᠢ᠃ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠠᠷᠢᠶ᠎ᠠ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢ ᠳᠠᠷᠤᠶ ᠲᠦᠷᠭᠡᠨ ᠳᠠᠶᠢᠴᠢᠯᠠᠨ ᠴᠠᠰᠤ ᠮᠥᠰᠥ ᠶᠢ ᠴᠡᠪᠡᠷᠯᠡᠨ ᠠᠷᠢᠯᠭᠠᠬᠤ ᠠᠵᠢᠯ ᠢ ᠥᠷᠨᠢᠭᠦᠯᠵᠦ᠂ ᠡᠷᠬᠢᠨ ᠲᠣᠭᠤᠷᠢᠨ ᠤ ᠴᠠᠰᠤ ᠮᠥᠰᠥ ᠶᠢ ᠪᠥᠬᠦ ᠬᠦᠴᠦᠨ ᠢᠶᠠᠷ ᠴᠡᠪᠡᠷᠯᠡᠨ ᠠᠷᠢᠯᠭᠠᠬᠤ ᠬᠡᠷᠡᠭᠲᠡᠶ᠃ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠬᠦᠴᠦᠨ ᠢᠶᠠᠨ ᠨᠢᠭᠡᠳᠦᠯᠲᠡᠶ ᠲᠥᠯᠥᠪᠯᠡᠨ ᠵᠣᠬᠢᠶᠠᠨ ᠪᠠᠶᠢᠭᠤᠯᠬᠤ ᠶᠢ ᠬᠠᠷᠢᠭᠤᠴᠠᠵᠤ᠂ ᠭᠤᠤᠯ ᠵᠡᠭᠡᠯᠢ ᠭᠤᠳᠤᠮᠵᠢ᠂ ᠳ᠋ᠦᠩᠱᠧᠩ ᠠᠴᠠ ᠬᠢᠶ᠎ᠠ ᠪᠠᠭᠰᠢ ᠬᠦᠷᠬᠦ ᠲᠦᠷᠭᠡᠨ ᠤ ᠵᠠᠮ ᠵᠢᠴᠢ ᠬᠤᠲᠠ ᠲᠣᠭᠤᠷᠢᠭ ᠤᠨ ᠳᠤᠳᠤᠷᠠᠬᠢ ᠵᠠᠮ ᠬᠠᠷᠢᠯᠴᠠᠭᠠᠨ ᠤ ᠰᠠᠭᠠᠳ ᠥᠬᠡᠶ ᠨᠡᠪᠲᠡᠷᠡᠬᠦ ᠶᠢ ᠪᠥᠬᠦ ᠬᠦᠴᠦᠨ ᠢᠶᠠᠷ ᠪᠠᠲᠤᠯᠠᠬᠤ ᠶᠢᠨ ᠬᠠᠮᠲᠤ᠂ ᠵᠡᠭᠡᠯᠢ ᠭᠤᠳᠤᠮᠵᠢ ᠳᠠᠬᠢ ᠲᠤᠰᠠᠭᠠᠷᠯᠠᠬᠤ ᠪᠦᠰᠡ᠂ ᠬᠠᠲᠠᠭᠤᠷᠠᠭᠤᠯᠬᠤ ᠪᠦᠰᠡ᠂ ᠪᠤᠶᠢᠳᠡ ᠪᠦᠭᠯᠡᠬᠦᠤ ᠵᠡᠭᠡᠯᠢ ᠭᠤᠳᠤᠮᠵᠢ ᠵᠡᠷᠭᠡ ᠭᠠᠵᠠᠷ ᠤᠨ ᠴᠠᠰᠤ ᠮᠦᠰᠦ ᠶᠢ ᠴᠡᠪᠡᠷᠯᠡᠨ ᠠᠷᠢᠯᠭᠠᠬᠤ ᠠᠵᠢᠯ ᠢ ᠦᠨᠡᠨᠬᠦ ᠰᠠᠶᠢᠲᠤᠷ ᠬᠢᠬᠦ ᠬᠡᠷᠡᠭᠳᠠᠢ᠃ ᠲᠣᠭᠤᠷᠢᠭ ᠤᠨ ᠵᠠᠮ ᠬᠠᠷᠢᠯᠴᠠᠭᠠᠨ ᠤ ᠲᠣᠪᠴᠢᠶ᠎ᠠ ᠬᠤᠲᠠ ᠲᠣᠭᠤᠷᠢᠭ ᠠᠴᠠ ᠭᠠᠳᠠᠨᠠᠬᠢ ᠵᠠᠮ ᠵᠢᠴᠢ ᠨᠡᠶᠢᠲᠡ ᠶᠢᠨ ᠮᠠᠰᠢᠨ ᠲᠡᠷᠭᠡᠨ ᠤ ᠥᠷᠲᠡᠭᠡ ᠶᠢᠨ ᠴᠠᠰᠤ ᠮᠥᠰᠥ ᠶᠢ ᠴᠡᠪᠡᠷᠯᠡᠨ ᠠᠷᠢᠯᠭᠠᠬᠤ ᠠᠵᠢᠯ ᠢ ᠬᠠᠷᠢᠭᠤᠴᠠᠵᠤ᠂ ᠵᠠᠮ ᠤᠨ ᠰᠠᠭᠠᠳ ᠥᠬᠡᠶ ᠨᠡᠪᠲᠡᠷᠡᠬᠦ ᠶᠢ ᠪᠠᠳᠤᠯᠠᠨ᠂ ᠬᠤᠲᠠ ᠶᠢᠨ ᠠᠷᠠᠳ ᠤᠨ ᠶᠠᠪᠤᠵᠤ ᠰᠠᠭᠤᠬᠤ ᠳᠤ ᠲᠥᠬᠦᠮ ᠦᠵᠡᠬᠦᠯᠬᠦ ᠬᠡᠷᠡᠭᠳᠠᠢ᠃ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠡᠯ᠎ᠡ ᠬᠤᠳᠠᠯᠳᠤᠭᠠᠨ ᠤ ᠫᠦᠰᠡ᠂ ᠳᠡᠯᠭᠡᠭᠦᠷ ᠤᠨ ᠡᠭᠦᠳᠡᠨ ᠡᠮᠦᠨ᠎ᠡ ᠵᠢᠴᠢ ᠡᠷᠬᠢᠨ ᠲᠣᠭᠤᠷᠢᠨ ᠤ ᠴᠡᠰᠤ ᠮᠦᠰᠦ ᠶᠢ ᠴᠡᠪᠡᠷᠯᠡᠨ ᠠᠷᠢᠯᠭᠠᠬᠤ ᠶᠢ ᠱᠠᠯᠠᠪᠳᠠᠭᠤᠯᠬᠤ ᠶᠢ ᠬᠠᠷᠢᠭᠤᠴᠠᠨ᠎ᠠ᠃ ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠪ ᠡᠯ᠎ᠡ ᠠᠳᠠᠯ ᠠᠬᠤᠶ ᠶᠢᠨ ᠺᠣᠮᠫᠠᠨᠢ ᠶᠢ ᠵᠣᠬᠢᠶᠠᠨ ᠪᠠᠶᠢᠭᠤᠯᠤᠨ ᠬᠠᠷᠢᠶ᠎ᠠ ᠭᠠᠵᠠᠷ  ᠤᠨ ᠰᠠᠭᠤᠭᠠᠯᠢ ᠲᠣᠭᠤᠷᠢᠭ ᠤᠨ ᠬᠦᠷᠢᠶ᠎ᠡ ᠵᠢᠴᠢ ᠡᠷᠬᠢᠨ ᠲᠣᠭᠤᠷᠢᠨ ᠤ ᠵᠠᠮ ᠳᠡᠭᠡᠷᠡᠬᠢ ᠴᠠᠰᠤ ᠮᠦᠰᠦ ᠶᠢ ᠴᠡᠪᠡᠷᠯᠡᠨ ᠠᠷᠢᠯᠭᠠᠬᠤ ᠶᠢ ᠬᠠᠷᠢᠭᠤᠴᠠᠨ᠎ᠠ᠃ ᠲᠤᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠢ ᠱᠠᠯᠠᠪᠳᠠᠭᠤᠯᠤᠨ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠴᠠᠰᠤ ᠮᠦᠰᠦ ᠶᠢ ᠴᠡᠪᠡᠷᠯᠡᠨ ᠠᠷᠢᠯᠭᠠᠬᠤ ᠶᠢ ᠬᠠᠷᠢᠭᠤᠴᠠᠨ᠎ᠠ᠃ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠯ᠎ᠡ ᠡᠮᠨᠡᠯᠭᠡ ᠶᠢᠨ ᠬᠤᠷᠢᠶ᠎ᠠ ᠵᠢᠴᠢ ᠡᠮᠴᠢᠯᠡᠭᠡᠨ ᠤ ᠪᠠᠶᠢᠭᠤᠯᠤᠮᠵᠢ ᠶᠢ ᠱᠠᠯᠠᠪᠳᠠᠭᠤᠯᠵᠤ ᠡᠮᠨᠡᠯᠬᠡ ᠶᠢᠨ ᠬᠤᠷᠢᠶᠠᠨ ᠤᠶᠢᠷ᠎ᠠ ᠬᠠᠪᠢ ᠶᠢᠨ ᠴᠠᠰᠤ ᠮᠦᠰᠦ ᠶᠢ ᠴᠡᠪᠡᠷᠯᠡᠨ ᠠᠷᠢᠯᠭᠠᠬᠤ ᠠᠵᠢᠯ ᠢ ᠬᠠᠷᠢᠭᠤᠴᠠᠨ᠎ᠠ᠃ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠡᠯ᠎ᠡ ᠲᠣᠮᠣ ᠬᠤᠳᠠᠯᠳᠤᠭᠠᠨ ᠤ ᠭᠠᠵᠠᠷ᠂ ᠴᠢᠯᠦᠬᠡᠳᠤ ᠳᠡᠯᠭᠡᠭᠦᠷ᠂ ᠵᠣᠴᠢᠳ ᠤᠨ ᠪᠠᠭᠤᠳᠠᠯ ᠵᠡᠷᠭᠡ ᠶᠢ ᠱᠠᠯᠠᠪᠳᠠᠭᠤᠯᠤᠨ ᠲᠣᠰ ᠲᠣᠰ ᠤᠨ ᠡᠭᠦᠳᠡᠨ ᠡᠮᠦᠨ᠎ᠡ᠂ ᠬᠦᠷᠢᠶ᠎ᠡ ᠵᠢᠴᠢ ᠡᠷᠬᠢᠨ ᠲᠣᠭᠤᠷᠢᠨ ᠤ ᠵᠠᠮ ᠳᠡᠭᠡᠷᠡᠬᠢ ᠴᠠᠰᠤ ᠮᠦᠰᠦ ᠶᠢ ᠴᠡᠪᠡᠷᠯᠡᠨ ᠠᠷᠢᠯᠭᠠᠬᠤ ᠶᠢ ᠬᠠᠷᠢᠭᠤᠴᠠᠨ᠎ᠠ᠃ ᠲᠤᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠴᠠᠭ ᠠᠭᠤᠷ ᠤᠨ ᠪᠠᠶᠢᠳᠠᠯ ᠢ ᠦᠨᠳᠦᠰᠦᠯᠡᠨ ᠵᠠᠮ ᠨᠡᠪᠲᠡᠷᠡᠯᠭᠡ ᠶᠢᠨ ᠰᠡᠷᠡᠮᠵᠢᠯᠡᠭᠦᠯᠬᠦ ᠰᠠᠨᠠᠭᠤᠯᠤᠮᠵᠢ ᠶᠢ ᠴᠠᠭ ᠲᠤᠬᠠᠶ ᠳᠤᠨᠢ ᠨᠡᠶᠢᠲᠡᠯᠡᠬᠦ ᠶᠢ ᠬᠠᠷᠢᠭᠤᠴᠠᠬᠤ ᠶᠢᠨ ᠬᠠᠮᠲᠤ ᠴᠠᠰᠤ ᠮᠥᠰᠥ ᠶᠢ ᠴᠡᠪᠡᠷᠯᠡᠨ ᠠᠷᠢᠯᠭᠠᠬᠤ ᠶᠠᠪᠤᠴᠠ ᠳᠠᠬᠢ ᠵᠠᠮ ᠬᠠᠷᠢᠯᠴᠠᠭ᠎ᠠ ᠶᠢ ᠨᠡᠪᠲᠡᠷᠡᠭᠦᠯᠬᠦ ᠠᠵᠢᠯ ᠢ ᠰᠠᠶᠢᠲᠤᠷ ᠬᠢᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠰᠠᠭᠠᠳ ᠥᠬᠡᠶ ᠨᠡᠪᠲᠡᠷᠡᠬᠦ ᠶᠢ ᠦᠨᠡᠨᠬᠦ ᠪᠠᠲᠤᠯᠠᠵᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢ ᠳᠠᠭᠠᠬᠤ ᠦᠭᠡᠢ ᠠᠴᠠ ᠪᠣᠯᠵᠤ ᠵᠠᠮ ᠬᠠᠷᠢᠯᠴᠠᠭᠠᠨ ᠤ ᠬᠠᠷᠢᠭᠤᠴᠠᠯᠭ᠎ᠠ ᠶᠢᠨ ᠠᠳᠡᠯ ᠭᠠᠷᠭᠠᠭᠰᠠᠨ ᠪᠠᠶᠢᠪᠠᠯ᠂ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠢ᠃      ᠭᠤᠷᠪᠠ᠂ ᠤᠬᠠᠭᠤᠯᠵᠤ ᠬᠥᠲᠥᠯᠥᠨ ᠵᠢᠯᠣᠭᠤᠳᠬᠤ ᠪᠠ ᠱᠠᠯᠠᠪᠳᠠᠭᠤᠯᠤᠨ ᠪᠠᠶᠢᠴᠠᠭᠠᠵᠤ ᠦᠷ᠎ᠡ ᠪᠦᠲᠦᠮᠵᠢ ᠭᠠᠷᠭᠠᠬᠤ ᠶᠢ ᠴᠢᠩᠭᠠᠳᠬᠠᠬᠤ ᠬᠡᠷᠡᠭᠲᠡᠶ᠃ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ᠬᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠴᠠᠰᠤ ᠮᠦᠰᠦ ᠶᠢ ᠴᠡᠪᠡᠷᠯᠡᠨ ᠠᠷᠢᠯᠭᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠣᠯᠠᠨ ᠵᠦᠢᠯ ᠤᠨ ᠬᠡᠯᠪᠡᠷᠢ ᠪᠠᠷ ᠶᠡᠬᠡᠪᠡᠷ ᠤᠬᠠᠭᠤᠯᠵᠤ᠂ ᠪᠥᠬᠦ ᠲᠣᠭᠤᠷᠢᠭ ᠤᠨ ᠠᠷᠠᠳ ᠲᠦᠮᠡᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠶᠢ ᠴᠢᠩᠭᠠᠳᠬᠠᠨ᠂ ᠪᠥᠬᠦ ᠠᠷᠠᠳ ᠢᠶᠠᠷ ᠢᠶᠠᠨ ᠴᠠᠰᠤ ᠮᠥᠰᠥ ᠶᠢ ᠴᠡᠪᠡᠷᠯᠡᠨ ᠠᠷᠢᠯᠭᠠᠬᠤ ᠠᠵᠢᠯ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠲᠤᠭᠤᠷᠢᠭ ᠤᠨ ᠨᠠᠮ ᠤᠨ ᠬᠤᠷᠢᠶᠠᠨ ᠤ ᠱᠠᠯᠠᠪᠳᠠᠭᠤᠯᠤᠨ ᠪᠠᠶᠢᠴᠠᠭᠠᠬᠤ ᠲᠠᠰᠤᠭ ᠪᠠ ᠵᠠᠰᠠᠭ ᠤᠨ ᠣᠷᠳᠣᠨ ᠤ ᠱᠠᠯᠠᠪᠳᠠᠭᠤᠯᠤᠨ ᠪᠠᠶᠢᠴᠠᠭᠠᠬᠤ ᠲᠠᠰᠤᠭ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ ᠴᠠᠰᠤ ᠮᠥᠰᠥ ᠶᠢ ᠴᠡᠪᠡᠷᠯᠡᠨ ᠠᠷᠢᠯᠭᠠᠬᠤ ᠠᠵᠢᠯ ᠢ ᠱᠠᠯᠠᠪᠳᠠᠭᠤᠯᠤᠨ ᠪᠠᠶᠢᠴᠠᠭᠠᠬᠤ ᠶᠢᠨ ᠬᠠᠮᠲᠤ ᠱᠠᠯᠠᠪᠳᠠᠭᠤᠯᠤᠨ ᠪᠠᠶᠢᠴᠠᠭᠠᠭᠰᠠᠨ ᠪᠠᠶᠢᠳᠠᠯ ᠢᠶᠠᠨ ᠴᠠᠭ ᠲᠤᠬᠠᠶ ᠳᠤᠨᠢ ᠮᠡᠳᠡᠭᠳᠡᠬᠦ ᠬᠡᠷᠡᠭᠲᠡᠢ᠃                                            ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                                                 2023 ᠣᠨ ᠤ 12 ᠰᠠᠷ᠎ᠠ ᠶᠢᠨ 22 ᠤᠨ ᠡᠳᠦᠷ
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ