ᠳ᠋ᠦᠩᠱᠧᠩ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠲᠤᠮᠤ ᠶᠠᠪᠤᠳᠠᠯ ᠤᠨ ᠲᠡᠮᠳᠡᠭᠯᠡᠯ — 2023 ᠤᠨ ᠤ 12 ᠰᠠᠷ᠎ᠠ
ᠨᠡᠶᠢᠲᠡᠯᠡᠭᠰᠡᠨ ᠴᠠᠭ᠄
2024/1/4
     12 ᠰᠠᠷ᠎ᠠ ᠶᠢᠨ 1 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠲᠣᠭᠤᠷᠢᠭ ᠤᠨ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ 78 ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠪᠠ᠃     12 ᠰᠠᠷ᠎ᠠ ᠶᠢᠨ 1 ᠤ ᠡᠳᠦᠷ᠂ ᠤᠷᠳᠤᠰ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠬᠤᠸᠠ ᠷᠦᠢ ᠹᠧᠩ ᠳ᠋ᠦᠩᠱᠧᠩ ᠲᠣᠭᠤᠷᠢᠭ ᠲᠤ ᠬᠦᠷᠴᠦ ᠰᠤᠷᠭᠠᠨ ᠬᠥᠮᠥᠵᠢᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃ ᠬᠤᠲᠠ᠂ ᠲᠣᠭᠤᠷᠢᠭ ᠤᠨ ᠬᠤᠯᠪᠣᠭᠳᠠᠯ ᠪᠦᠬᠦᠢ ᠤᠳᠤᠷᠢᠳᠤᠯᠭ᠎ᠠ ᠨᠠᠷ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃     12 ᠰᠠᠷ᠎ᠠ ᠶᠢᠨ 1 — 2 ᠤᠨ ᠡᠳᠦᠷ ᠪᠣᠯᠲᠠᠯ᠎ᠠ᠂ ᠣᠷᠳᠣᠰ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠬᠥᠬᠡᠬᠤᠲᠠ ᠳᠤ ᠢᠷᠡᠵᠤ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ᠂ ᠬᠥᠬᠡᠬᠤᠲᠠ ᠶᠢᠨ ᠲᠡᠮᠦᠷ ᠵᠠᠮ ᠤᠨ ᠲᠣᠪᠴᠢᠶ᠎ᠠ ᠶᠢᠨ ᠪᠦᠯᠦᠭᠯᠡᠯ ᠲᠠᠢ ᠶᠠᠷᠢᠯᠴᠠᠭ᠎ᠠ ᠬᠢᠵᠤ᠂ ᠬᠤᠯᠪᠣᠭᠳᠠᠯ ᠪᠥᠬᠦᠶ ᠠᠵᠢᠯ ᠢ ᠵᠣᠯᠭᠠᠭᠤᠯᠤᠨ ᠠᠬᠢᠭᠤᠯᠪᠠ᠃ ᠣᠷᠳᠣᠰ ᠬᠤᠲᠠ ᠶᠢᠨ ᠳᠡᠳ᠋ ᠬᠤᠲᠠ ᠶᠢᠨ ᠳᠠᠷᠤᠭ᠎ᠠ ᠦ᠋ ᠵᠢᠶᠠᠨ ᠰᠢᠶᠦ᠋ᠨ ᠣᠷᠣᠯᠴᠠᠪᠠ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠣᠷᠣᠯᠴᠠᠪᠠ᠃     12 ᠰᠠᠷ᠎ᠠ ᠶᠢᠨ 4 — 5 ᠤ ᠡᠳᠦᠷ ᠪᠣᠯᠲᠠᠯ᠎ᠠ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠵᠧᠩᠵᠧᠦ ᠳᠤ ᠬᠦᠷᠴᠦ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠢ ᠰᠢᠨᠵᠢᠯᠡᠨ ᠦᠵᠡᠭᠰᠡᠨ ᠪᠥᠭᠡᠳ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠬᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠵᠢᠴᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ ᠬᠠᠮᠢᠶ᠎ᠠ ᠪᠥᠬᠦᠶ ᠠᠵᠢᠯ ᠤᠨ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ᠃ ᠣᠷᠳᠣᠰ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠪᠠ ᠰᠠᠯᠠᠭ᠎ᠠ ᠮᠥᠴᠢᠷ ᠵᠢᠴᠢ ᠠᠵᠤ ᠠᠬᠤᠶᠢᠯᠠᠯ ᠤᠨ ᠬᠠᠷᠢᠭᠤᠴᠠᠯᠭᠠᠳᠠᠳ ᠬᠠᠮᠲᠤ ᠰᠢᠨᠵᠢᠯᠡᠨ ᠦᠵᠡᠪᠡ᠃     12 ᠰᠠᠷ᠎ᠠ ᠶᠢᠨ 5 ᠤ ᠡᠳᠦᠷ᠂ ᠣᠷᠳᠣᠰ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠭᠤᠸᠠᠩ ᠵᠢᠶᠦ᠋ᠨ ᠳ᠋ᠦᠩᠱᠧᠩ ᠲᠣᠭᠤᠷᠢᠭ ᠲᠤ ᠬᠦᠨᠵᠡᠭᠡᠶᠢᠷᠡᠨ ᠭᠤᠣᠯ ᠰᠡᠳᠦᠪᠲᠦ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ᠂ ᠭᠤᠣᠯ ᠰᠡᠳᠦᠪᠲᠦ ᠬᠥᠮᠦᠵᠢᠯ᠂ ᠦᠨᠳᠦᠰᠦᠨ ᠱᠠᠲᠤᠨ ᠤ ᠨᠠᠮ ᠤᠨ ᠪᠠᠢᠭᠤᠯᠤᠯᠲᠠ᠂ ᠠᠷᠠᠳ ᠲᠤ ᠪᠣᠳᠠᠲᠠᠢ ᠶᠠᠪᠤᠳᠠᠯ ᠬᠢᠬᠦ᠂ ᠦᠨᠳᠦᠰᠦᠨ ᠱᠠᠲᠤᠨ ᠤ ᠵᠠᠰᠠᠯᠲᠠ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠤᠶᠢᠯᠠᠭᠠᠭᠰᠠᠨ ᠪᠥᠭᠡᠳ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠲᠠᠢ ᠨᠢᠭᠤᠷᠳᠠᠨ ᠰᠣᠯᠢᠯᠴᠠᠪᠠ᠃ ᠲᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠬᠠᠮᠲᠤ ᠪᠠᠶᠢᠴᠠᠭᠠᠨ ᠰᠤᠳᠤᠯᠪᠠ᠃     12 ᠰᠠᠷ᠎ᠠ ᠶᠢᠨ 6 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠶᠠᠳᠤᠭᠠᠷ ᠪᠦᠬᠦᠳᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃     12 ᠰᠠᠷ᠎ᠠ ᠶᠢᠨ 6 ᠤ ᠡᠳᠤᠷ᠂ ᠤᠷᠳᠤᠰ ᠬᠤᠳᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠬᠤᠷᠢᠶ᠎ᠠ ︽ᠳᠥᠷᠪᠡ ᠶᠢ ᠦᠨᠳᠦᠰᠦᠨ ᠱᠠᠳᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ ᠰᠤᠷᠤᠯᠴᠠᠨ ᠦᠢᠯᠡᠳᠤᠯᠬᠡᠵᠢᠬᠦᠯᠵᠤ᠂ ᠳ᠋ᠦᠡᠭᠱᠸᠡᠭ ᠲᠤᠭᠤᠷᠢᠭ ᠲᠤ ᠢᠷᠡᠵᠤ ᠪᠠᠶᠢᠴᠠᠭᠠᠨ ᠰᠤᠳᠤᠯᠤᠯᠳᠠ ᠬᠢᠭᠰᠡᠨ ᠤ ᠬᠠᠮᠳᠤ ᠠᠬᠤᠢ ᠳᠠᠯᠠᠪᠠᠢ ᠶᠢᠨ ᠬᠤᠷᠠᠯ ᠬᠤᠷᠠᠯᠳᠤᠭᠤᠯᠪᠠ᠃ ᠤᠷᠳᠤᠰ ᠬᠤᠳᠠ ᠶᠢᠨ ᠨᠠᠮ ᠤᠨ ᠬᠤᠷᠢᠶᠡᠨ ᠤ ᠱᠦᠵᠢ ᠯᠢ ᠯᠢ ᠬᠤᠷᠡᠯ ᠢ ᠡᠷᠭᠢᠯᠡᠭᠰᠡᠨ ᠤ ᠬᠠᠮᠳᠤ ᠶᠠᠷᠢᠶ᠎ᠡ ᠲᠡᠯᠪᠢᠵᠡᠢ᠃ ᠳ᠋ᠦ᠋ ᠬᠤᠢ ᠯᠢᠶᠠᠩ᠂ ᠵᠠᠩ ᠵᠠᠨ ᠯᠢᠨ᠂ ᠰᠤ᠋ ᠵᠥᠩ ᠱᠧᠩ ᠵᠡᠷᠭᠡ ᠬᠤᠲᠠ ᠶᠢᠨ ᠤᠳᠤᠷᠢᠳᠤᠯᠭ᠎ᠠ ᠪᠠ ᠲᠣᠭᠤᠷᠢᠭ᠂ ᠪᠠᠯᠭᠠᠰᠤᠨ ᠤ ᠬᠤᠯᠪᠣᠭᠳᠠᠯ ᠪᠥᠬᠦᠶ ᠬᠠᠷᠢᠭᠤᠴᠠᠯᠭᠠᠳᠠᠳ ᠣᠷᠣᠯᠴᠠᠵᠠᠶ᠃     12 ᠰᠠᠷ᠎ᠠ ᠶᠢᠨ 7 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠯᠢᠶᠠᠨ ᠫᠢᠩ ᠬᠢᠲᠠᠳ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠴᠦᠨ ᠳ᠋ᠢᠶᠠᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠦᠷᠴᠦ ᠬᠠᠮᠢᠶ᠎ᠠ ᠪᠦᠬᠦᠢ ᠬᠠᠷᠢᠯᠴᠠᠵᠤ ᠪᠠᠶᠢᠭ᠎ᠠ ᠳᠤᠰᠬᠠᠢ ᠮᠡᠷᠭᠡᠵᠢᠯᠲᠡᠨ ᠪᠠ ᠠᠵᠤ ᠠᠬᠤᠶᠢᠯᠠᠯ ᠢ ᠰᠤᠷᠪᠤᠯᠵᠢᠯᠠᠪᠠ᠃ ᠲᠣᠭᠤᠷᠢᠭ ᠤᠨ ᠬᠠᠮᠢᠶ᠎ᠠ ᠪᠥᠬᠦᠶ ᠤᠳᠤᠷᠢᠳᠤᠯᠭ᠎ᠠ ᠪᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠣᠷᠣᠯᠴᠠᠵᠠᠶ᠃     12 ᠰᠠᠷ᠎ᠠ ᠶᠢᠨ 8 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠲᠣᠭᠤᠷᠢᠭ ᠤᠨ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠬᠤᠷᠢᠶᠠᠨ ᠤ 79 ᠤᠳᠠᠭᠠᠨ ᠤ ᠪᠠᠶᠢᠩᠭᠤ ᠶᠢᠨ ᠬᠤᠷᠠᠯ ᠵᠢᠴᠢ ᠲᠣᠭᠤᠷᠢᠭ ᠤᠨ ᠨᠠᠮ ᠤᠨ ᠬᠤᠷᠢᠶ᠎ᠠ ᠶᠢᠨ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠵᠥᠪᠯᠡᠯ ᠤᠨ ᠬᠤᠷᠠᠯ ᠢ ᠡᠷᠭᠢᠯᠡᠪᠡ᠃     12 ᠰᠠᠷ᠎ᠠ ᠶᠢᠨ 11 — 12 ᠤᠨ ᠡᠳᠦᠷ ᠪᠣᠯᠲᠠᠯ᠎ᠠ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠪᠠᠶᠢᠭᠤᠯᠭ᠎ᠠ ᠳᠠᠭᠠᠨ ᠪᠠᠶᠢᠭ᠎ᠠ ᠤᠳᠤᠷᠢᠳᠤᠯᠭ᠎ᠠ ᠨᠠᠷ ᠭᠤᠤᠯ ᠰᠡᠳᠦᠪᠲᠦ ᠬᠥᠮᠦᠵᠢᠯ ᠤᠨ ᠲᠠᠪᠤᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠳᠤ ᠣᠷᠣᠯᠴᠠᠭᠰᠠᠨ ᠪᠥᠭᠡᠳ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠵᠢᠴᠢ ᠲᠤᠰᠬᠠᠶ ᠰᠡᠳᠦᠪᠲᠦ ᠬᠤᠶᠠᠳᠤᠭᠠᠷ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠰᠣᠯᠢᠯᠴᠠᠭ᠎ᠠ ᠶᠢ ᠥᠷᠨᠢᠭᠦᠯᠪᠡ᠃     12 ᠰᠠᠷ᠎ᠠ ᠶᠢᠨ 11 — 13 ᠤ ᠡᠳᠦᠷ ᠪᠣᠯᠲᠠᠯ᠎ᠠ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠪᠦᠯᠬᠦᠮ ᠳᠠᠭᠠᠭᠤᠯᠤᠨ ᠵᠢᠶᠠᠩᠰᠦ ᠮᠤᠵᠢ ᠶᠢᠨ ᠨᠠᠨᠵᠢᠩ ᠬᠤᠲᠠ᠂ ᠴᠠᠩᠵᠸᠤ ᠬᠤᠲᠠ᠂ ᠥᠰᠢ ᠬᠤᠲᠠ᠂ ᠰᠦᠵᠸᠤ ᠬᠤᠲᠠ ᠵᠡᠷᠭᠡ ᠭᠠᠵᠠᠷ ᠲᠤ ᠬᠦᠷᠴᠦ᠂ ᠰᠢᠨᠵᠢᠯᠡᠨ ᠦᠵᠡᠵᠤ ᠬᠤᠳᠠᠯᠳᠤᠭᠠᠴᠢᠨ ᠤᠷᠢᠬᠤ᠂ ᠲᠥᠷᠥᠯ ᠵᠦᠢᠯ ᠤᠨ ᠬᠠᠮᠲᠤᠷᠠᠯᠴᠠᠭ᠎ᠠ ᠬᠢᠬᠦ ᠵᠡᠷᠭᠡ ᠶᠢ ᠵᠥᠪᠳᠡᠯᠴᠡᠪᠡ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠲᠣᠨᠤᠭ ᠲᠥᠬᠦᠭᠡᠷᠦᠮᠵᠢ ᠤᠶᠢᠯᠡᠳᠬᠦ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠬᠡᠷ ᠤᠨ ᠡᠷᠬᠢᠯᠡᠭᠴᠢ ᠾᠧ ᠸᠠᠨ ᡁᠢ᠂ ᠳ᠋ᠦᠩᠱᠧᠩ ᠲᠣᠭᠤᠷᠢᠭ ᠤᠨ ᠬᠠᠮᠢᠶ᠎ᠠ ᠪᠥᠬᠦᠶ ᠤᠳᠤᠷᠢᠳᠤᠯᠭ᠎ᠠ ᠨᠠᠷ ᠪᠠ ᠰᠠᠯᠠᠭ᠎ᠠ ᠮᠥᠴᠢᠷ ᠵᠢᠴᠢ ᠠᠵᠤ ᠠᠬᠤᠶᠢᠯᠠᠯ ᠤᠨ ᠬᠠᠷᠢᠭᠤᠴᠠᠯᠭᠠᠳᠠᠳ ᠲᠣᠰ ᠲᠣᠰ ᠰᠢᠨᠵᠢᠯᠡᠨ ᠦᠵᠡᠬᠦ ᠳᠤ ᠣᠷᠣᠯᠴᠠᠪᠠ᠃     12 ᠰᠠᠷ᠎ᠠ ᠶᠢᠨ 15 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠵᠢᠴᠢ 2023 ᠣᠨ ᠤ ᠳ᠋ᠦᠩᠱᠧᠩ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠢᠨ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢ ᠠᠳᠬᠤᠭᠰᠠᠨ ᠳᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠢ ᠡᠷᠭᠢᠯᠡᠨ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠺᠠᠳ᠋ᠷ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠤᠨ ᠲᠥᠪ ᠤᠨ ᠳᠡᠳ᠋ ᠡᠷᠬᠢᠯᠡᠭᠴᠢ ᠭᠤᠤ ᡁᠢ ᠬᠤᠩ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ ᠲᠣᠭᠤᠷᠢᠭ ᠤᠨ ᠤᠳᠤᠷᠢᠳᠤᠯᠭ᠎ᠠ ᠵᠢᠢ ᠫᠢᠩ᠂ ᠬᠠᠨ ᠶᠣᠣ ᠲᠢᠩ ᠵᠢᠴᠢ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠬᠤᠷᠠᠯ ᠳᠤ ᠣᠷᠣᠯᠴᠠᠪᠠ᠃ ᠲᠣᠭᠤᠷᠢᠭ ᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ᠂ ᠡᠯ᠎ᠡ ᠪᠠᠯᠭᠠᠰᠤᠨ ᠤ ᠨᠠᠮ ᠤᠨ ᠡᠬᠦᠷ ᠤᠨ ᠱᠦᠵᠢ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃     12 ᠰᠠᠷ᠎ᠠ ᠶᠢᠨ 15 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠠᠷᠢᠭᠤᠨ ᠴᠢᠬᠡᠴᠢ ᠪᠠᠷ ᠵᠠᠰᠠᠭ ᠪᠠᠷᠢᠬᠤ ᠶᠠᠷᠢᠯᠴᠠᠭᠠᠨ ᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃     12 ᠰᠠᠷ᠎ᠠ ᠶᠢᠨ 14  — 15 ᠤ ᠡᠳᠦᠷ ᠪᠤᠯᠳᠠᠯ᠎ᠠ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠪᠦᠯᠬᠦᠮ ᠳᠠᠭᠠᠭᠤᠯᠤᠨ ᠪᠡᠭᠡᠵᠢᠩ ᠬᠤᠲᠠ ᠳᠤ ᠬᠦᠷᠴᠦ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠳᠤ ᠬᠦᠷᠴᠦ ᠲᠣᠭᠠᠴᠢᠯᠠᠭᠰᠠᠨ ᠠᠵᠤ ᠠᠬᠤᠶ᠂ ᠣᠶᠤᠨᠴᠢ ᠪᠤᠳᠤᠬᠤ ᠴᠢᠳᠠᠪᠤᠷᠢ ᠵᠡᠷᠭᠡ ᠠᠵᠤ ᠦᠢᠯᠡᠰ ᠢ ᠰᠢᠨᠵᠢᠯᠡᠨ ᠪᠠᠶᠢᠴᠠᠭᠠᠬᠤ ᠶᠢᠨ ᠬᠠᠮᠲᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠲᠥᠷᠥᠯ ᠵᠦᠢᠯ ᠤᠨ ᠲᠤᠬᠠᠶ ᠵᠥᠪᠳᠡᠯᠴᠡᠨ ᠶᠠᠷᠢᠯᠴᠠᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠬᠡᠷ ᠤᠨ ᠡᠷᠬᠢᠯᠡᠭᠴᠢ ᠯᠢᠦᠶ ᠶᠣᠣ ᠹᠧᠩ᠂ ᠳ᠋ᠦᠩᠱᠧᠩ ᠲᠣᠭᠤᠷᠢᠭ ᠤᠨ ᠬᠠᠮᠢᠶ᠎ᠠ ᠪᠥᠬᠦᠶ ᠤᠳᠤᠷᠢᠳᠤᠯᠭ᠎ᠠ ᠪᠣᠯᠤᠨ ᠰᠠᠯᠠᠭ᠎ᠠ ᠮᠥᠴᠢᠷ ᠵᠢᠴᠢ ᠱᠠᠩᠬᠠᠶ ᠶᠢᠨ ᠶᠢᠨ ᠶᠤᠸᠠᠨ ᠱᠧᠩ ᠪᠤᠳᠤᠬᠤ ᠬᠦᠴᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠲᠣᠰ ᠲᠣᠰ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃     12 ᠰᠠᠷ᠎ᠠ ᠶᠢᠨ 16 ᠤ ᠡᠳᠤᠷ᠂ ᠠᠷᠪᠠᠨ ᠭᠤᠷᠪᠠᠳᠤᠭᠠᠷ ᠬᠤᠭᠤᠴᠠᠭᠠᠨ ᠤ ᠤᠷᠳᠤᠰ ᠤᠨ ᠮᠦᠰᠦ ᠴᠠᠰᠤᠨ ᠤ ᠰᠤᠶᠤᠯ ᠵᠢᠭᠤᠯᠴᠢᠯᠠᠯ ᠤᠨ ᠨᠠᠶᠢᠷ ᠳ᠋ᠦᠡᠭᠱᠸᠡᠭ ᠲᠤᠭᠤᠷᠢᠭ ᠤᠨ ᠵᠢᠤ ᠴᠧᠩ ᠬᠦᠩ ᠤᠨ ᠲᠠᠯ᠎ᠠ ᠨᠤᠳᠤᠭ ᠤᠨ ᠮᠠᠩᠬᠠᠨ ᠠᠶᠠᠯᠭᠤ ᠰᠤᠶᠤᠯ ᠵᠢᠭᠤᠯᠴᠢᠯᠠᠯ ᠤᠨ ᠤᠷᠤᠨ ᠤ ᠵᠢᠦ ᠴᠧᠩ ᠬᠦᠩ ᠤᠨ ᠤᠯᠠᠨ ᠤᠯᠤᠰ ᠤᠨ ᠴᠠᠨᠠᠬᠤ ᠲᠠᠯᠠᠪᠠᠢ ᠳᠤ ᠦᠪᠡᠳᠡᠭᠰᠢ ᠶᠡᠭᠡ ᠪᠠᠷ ᠡᠬᠢᠯᠡᠪᠡ᠃ ᠣᠷᠳᠣᠰ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ᠂ ᠣᠷᠳᠣᠰ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠣ᠋ ᠵᠥᠩ ᠱᠧᠩ ᠠᠵᠢᠯᠯᠠᠭ᠎ᠠ ᠳᠤ ᠤᠷᠤᠯᠴᠠᠵᠤ᠂ ᠤᠷᠳᠤᠰ ᠬᠤᠳᠠ ᠶᠢᠨ ᠬᠤᠳᠠ ᠶᠢᠨ ᠳᠡᠳ᠋ ᠳᠠᠷᠤᠭ᠎ᠠ ᠮᠢᠶᠤᠤ ᠴᠧᠩ ᠢᠦᠢ ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠡᠬᠢᠯᠡᠯᠲᠡ ᠶᠢᠨ ᠶᠣᠰᠣᠯᠠᠯ ᠢ ᠡᠷᠬᠢᠯᠡᠪᠡ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠶ ᠫᠢᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠬᠤᠲᠠ ᠲᠣᠭᠤᠷᠢᠭ ᠤᠨ ᠬᠠᠮᠢᠶ᠎ᠠ ᠪᠥᠬᠦᠶ ᠤᠳᠤᠷᠢᠳᠤᠯᠭ᠎ᠠ ᠨᠠᠷ ᠪᠠ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃     12 ᠰᠠᠷ᠎ᠠ ᠶᠢᠨ 21 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠨ ᠲᠤᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2023 ᠣᠨ ᠤ 21 ᠳ᠋ᠤᠭᠡᠷ ᠤᠳᠠᠭᠠᠨ ᠤ ᠬᠤᠷᠠᠯ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠶᠠᠷᠢᠶ᠎ᠠ ᠲᠠᠯᠪᠢᠪᠠ᠃     12 ᠰᠠᠷ᠎ᠠ ᠶᠢᠨ 19 — 22 ᠤᠨ ᠡᠳᠦᠷ ᠪᠣᠯᠲᠠᠯ᠎ᠠ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠪᠦᠯᠬᠦᠮ ᠳᠠᠭᠠᠭᠤᠯᠤᠨ ᠪᠡᠭᠡᠵᠢᠩ᠂ ᠴᠢᠩᠳᠣᠣ ᠳᠤ ᠰᠢᠨᠵᠢᠯᠡᠨ ᠪᠠᠶᠢᠴᠠᠭᠠᠪᠠ᠃ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠪᠠ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠠᠮᠲᠤ ᠰᠢᠨᠵᠢᠯᠡᠨ ᠪᠠᠶᠢᠴᠠᠭᠠᠪᠠ᠃     12 ᠰᠠᠷ᠎ᠠ ᠶᠢᠨ 21 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 20 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃     12 ᠰᠠᠷ᠎ᠠ ᠶᠢᠨ 22 — 23 ᠤ ᠡᠳᠦᠷ ᠪᠣᠯᠲᠠᠯ᠎ᠠ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠰᠢ ᠠᠨ ᠳᠤ ᠬᠦᠷᠴᠦ ᠰᠣᠶᠣᠯ ᠵᠢᠭᠤᠯᠴᠢᠯᠠᠯ ᠠᠷᠠᠯᠵᠢᠶ᠎ᠠ ᠬᠤᠳᠠᠯᠳᠤᠭᠠᠨ ᠤ ᠠᠵᠤ ᠤᠶᠢᠯᠡᠰ ᠢ ᠰᠢᠨᠵᠢᠯᠡᠨ ᠪᠠᠶᠢᠴᠠᠭᠠᠵᠤ᠂ ︽ᠳᠤᠯᠠᠭᠠᠨ ᠬᠤᠳᠠ ᠤᠷᠳᠤᠰ︾— 2024 ᠤᠨ ᠤ ᠤᠷᠳᠤᠰ ︵ᠰᠢ ᠠᠨ︶ ᠰᠣᠶᠣᠯ ᠵᠢᠭᠤᠯᠴᠢᠯᠠᠯ ᠠᠷᠠᠯᠵᠢᠶ᠎ᠠ ᠬᠤᠳᠠᠯᠳᠤᠭᠠᠨ ᠤ ᠲᠤᠰᠬᠠᠶ ᠲᠠᠯᠠᠪᠠᠶ ᠶᠢᠨ ᠬᠤᠳᠠᠯᠳᠤᠭᠠᠴᠢᠨ ᠤᠷᠢᠬᠤ ᠶᠠᠷᠢᠯᠴᠠᠬᠤ ᠬᠤᠷᠠᠯ ᠳᠤ ᠣᠷᠣᠯᠴᠠᠭᠰᠠᠨ ᠪᠥᠭᠡᠳ ᠬᠤᠲᠠ ᠶᠢᠨ ᠲᠠᠨᠢᠯᠴᠠᠭᠤᠯᠭ᠎ᠠ ᠬᠢᠵᠤ ᠶᠠᠷᠢᠶ᠎ᠠ ᠲᠠᠯᠪᠢᠪᠠ᠃ ᠲᠣᠭᠤᠷᠢᠭ ᠤᠨ ᠤᠳᠤᠷᠢᠳᠤᠯᠭ᠎ᠠ ᠯᠢᠦᠢ ᠨᠠ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ‌‍ᠰᠢᠨᠵᠢᠯᠡᠨ ᠪᠠᠶᠢᠴᠠᠭᠠᠬᠤ ᠠᠵᠢᠯᠯᠠᠭ᠎ᠠ ᠳᠤ ᠣᠷᠣᠯᠴᠠᠪᠠ᠃     12 ᠰᠠᠷ᠎ᠠ ᠶᠢᠨ 25 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠲᠤᠭᠤᠷᠢᠭ ᠤᠨ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠬᠤᠷᠢᠶᠠᠨ ᠤ 81 ᠤᠳᠠᠭᠠᠨ ᠤ ᠪᠠᠶᠢᠩᠭᠤ ᠶᠢᠨ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶ᠎ᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃     12 ᠰᠠᠷ᠎ᠠ ᠶᠢᠨ 25 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠲᠣᠭᠤᠷᠢᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 19 ᠳ᠋ᠦ᠋ᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠪᠠᠷ ᠭᠤᠣᠯ ᠰᠢᠵᠢᠮ ᠪᠣᠯᠭᠠᠵᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠬᠤᠲᠠ ᠶᠢᠨ ᠨᠠᠮ ᠤᠨ ᠬᠤᠷᠢᠶᠠᠨ ᠤ ᠲᠣᠭᠤᠷᠢᠨ ᠰᠤᠯᠠ ᠰᠣᠨᠣᠰᠬᠤ ᠠᠵᠢᠯ ᠤᠨ ᠳᠤᠭᠤᠶᠢᠯᠠᠩ ᠤᠨ ᠳᠠᠷᠤᠭ᠎ᠠ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠶᠠᠩ ᠷᠦᠢ ᠳ᠋ᠦᠩ ᠬᠤᠷᠠᠯ ᠳᠤ ᠣᠷᠣᠯᠴᠠᠵᠤ ᠵᠢᠭᠠᠨ ᠵᠢᠯᠣᠭᠤᠳᠤᠭᠰᠠᠨ ᠪᠥᠭᠡᠳ ᠦᠨᠡᠯᠡᠯᠲᠡ ᠬᠢᠵᠦ ᠶᠠᠷᠢᠶ᠎ᠠ ᠲᠠᠯᠪᠢᠪᠠ᠃ ᠲᠣᠭᠤᠷᠢᠭ ᠤᠨ ᠤᠳᠤᠷᠢᠳᠤᠯᠭ᠎ᠠ ᠯᠢ ᠰᠢᠶᠣᠣ ᠳ᠋ᠦᠩ᠂ ᠳ᠋ᠦ᠋ ᠵᠢᠤᠸᠠᠨ᠂ ᠨᠢᠶᠧ ᠵᠢᠶᠦ᠋ᠨ᠂ ᠯᠢ ᠪᠦᠦ ᠹᠠᠩ᠂ ᠳ᠋ᠦ᠋ ᠵᠢᠢ ᠺᠤᠸᠠᠨ᠂ ᠪᠢᠶᠠᠨ ᠵᠢᠶᠧ᠂ ᠯᠢᠦᠢ ᠨᠠ ᠬᠤᠷᠠᠯ ᠳᠤ ᠣᠷᠣᠯᠴᠠᠪᠠ᠃     12 ᠰᠠᠷ᠎ᠠ ᠶᠢᠨ 25 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠭᠤᠤ ᠢ ᠳ᠋ᠦᠩ 2023 ᠣᠨ ᠤ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠳᠤ ᠣᠷᠣᠯᠴᠠᠪᠠ᠃ ᠲᠣᠭᠤᠷᠢᠭ ᠤᠨ ᠤᠳᠤᠷᠢᠳᠤᠯᠭ᠎ᠠ ᠯᠢ ᠰᠢᠶᠣᠣ ᠳ᠋ᠦᠩ᠂ ᠳ᠋ᠦ᠋ ᠵᠢᠤᠸᠠᠨ᠂ ᠨᠢᠶᠧ ᠵᠢᠶᠦ᠋ᠨ᠂ ᠯᠢ ᠪᠦᠦ ᠹᠠᠩ᠂ ᠳ᠋ᠦ᠋ ᠵᠢᠢ ᠺᠤᠸᠠᠨ᠂ ᠪᠢᠶᠠᠨ ᠵᠢᠶᠧ᠂ ᠯᠢᠦᠢ ᠨᠠ ᠬᠤᠷᠠᠯ ᠳᠤ ᠣᠷᠣᠯᠴᠠᠪᠠ᠃     12 ᠰᠠᠷ᠎ᠠ ᠶᠢᠨ 26 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠶᠠᠷᠢᠯᠴᠠᠬᠤ ᠬᠤᠷᠠᠯ ᠬᠤᠷᠠᠯᠳᠤᠭᠤᠯᠵᠤ᠂ ᠲᠣᠨᠣᠭᠯᠠᠯ ᠦᠢᠯᠡᠳᠬᠦ᠂ ᠰᠢᠨ᠎ᠡ ᠡᠨᠧᠷᠭᠢ ᠵᠡᠷᠭᠡ ᠬᠦᠷᠢᠶ᠎ᠡ ᠴᠠᠷᠠᠨ ᠤ ᠲᠣᠭᠤᠷᠢᠨ ᠳᠤ ᠰᠠᠨᠠᠯ ᠢᠶᠠᠨ ᠭᠦᠨᠵᠡᠭᠡᠶ ᠰᠣᠯᠢᠯᠴᠠᠵᠤ᠂ ᠲᠥᠷᠥᠯ ᠵᠦᠢᠯ ᠤᠨ ᠬᠠᠮᠲᠤᠷᠠᠯᠴᠠᠭ᠎ᠠ ᠶᠢ ᠵᠥᠪᠳᠡᠯᠴᠡᠪᠡ᠃ ᠲᠣᠭᠤᠷᠢᠭ ᠤᠨ ᠤᠳᠤᠷᠢᠳᠤᠯᠭ᠎ᠠ ᠸᠠᠩ ᡁᠢ ᠵᠢᠴᠢ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠣᠯᠤᠨ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠶᠠᠷᠢᠯᠴᠠᠬᠤ ᠬᠤᠷᠠᠯ ᠳᠤ ᠣᠷᠣᠯᠴᠠᠪᠠ᠃     12 ᠰᠠᠷ᠎ᠠ ᠶᠢᠨ 26 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠵᠣᠬᠢᠶᠠᠨ ᠪᠠᠶᠢᠭᠤᠯᠬᠤ ᠠᠵᠢᠯ ᠤᠨ ᠬᠤᠷᠠᠯ ᠢ ᠡᠷᠭᠢᠯᠡᠪᠡ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠣᠭᠤᠷᠢᠭ ᠤᠨ ᠤᠳᠤᠷᠢᠳᠤᠯᠭ᠎ᠠ ᠯᠢ ᠰᠢᠶᠣᠣ ᠳ᠋ᠦᠩ᠂ ᠯᠢᠦ ᠴᠦᠨ ᠭᠤᠸᠠᠩ᠂ ᠳ᠋ᠦ᠋ ᠵᠢᠢ ᠺᠤᠸᠠᠨ ᠬᠤᠷᠠᠯ ᠳᠤ ᠣᠷᠣᠯᠴᠠᠪᠠ᠃     12 ᠰᠠᠷ᠎ᠠ ᠶᠢᠨ 26 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠳ᠋ᠦᠩᠱᠧᠩ ᠲᠣᠭᠤᠷᠢᠭ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠵᠢᠴᠢ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃     12 ᠰᠠᠷ᠎ᠠ ᠶᠢᠨ 27 ᠤ ᠡᠳᠤᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠤᠷᠳᠤᠰ ᠬᠤᠳᠠ ᠶᠢᠨ ᠳ᠋ᠠ ᠰᠢᠩ ᠢᠯᠴᠢ ᠴᠠᠬᠢᠯᠭᠠᠨ ᠤ ᠬᠢᠵᠠᠭᠠᠷᠲᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠳ᠋ᠦᠩᠱᠧᠩ ᠳᠠᠬᠢ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ᠂ ᠤᠷᠳᠤᠰ ᠤᠨ ᠠᠶᠠᠨᠴᠢᠳ ᠤᠨ ᠲᠡᠭᠡᠭᠡᠪᠦᠷᠢ ᠶᠢᠨ ᠶᠡᠷᠦᠩᠬᠡᠢ ᠦᠷᠳᠡᠭᠡ ᠵᠡᠷᠭᠡ ᠭᠠᠵᠠᠷ ᠢᠶᠠᠷ ᠭᠦᠨᠵᠡᠭᠡᠶᠢᠷᠡᠨ ᠢᠯᠴᠢ ᠬᠠᠩᠭᠠᠬᠤ ᠪᠠᠲᠤᠯᠠᠭ᠎ᠠ᠂ ᠨᠡᠭᠦᠷᠡᠰᠦᠨ ᠤ ᠨᠥᠭᠡᠴᠡ᠂ ᠲᠥᠬᠦᠭᠡᠷᠦᠮᠵᠢ ᠶᠢᠨ ᠠᠵᠢᠯᠯᠠᠭᠠᠨ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠪᠠᠶᠢᠴᠠᠭᠠᠭᠰᠠᠨ ᠪᠥᠭᠡᠳ ᠲᠤᠬᠠᠢ ᠶᠢᠨ ᠲᠠᠯᠠᠪᠠᠢ ᠳᠤ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃     12 ᠰᠠᠷ᠎ᠠ ᠶᠢᠨ 28 ᠤ ᠡᠳᠦᠷ᠂ ᠳ᠋ᠦᠩᠱᠧᠩ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠪᠥᠭᠡᠳ ᠶᠠᠷᠢᠶ᠎ᠠ ᠲᠠᠯᠪᠢᠪᠠ᠃     12 ᠰᠠᠷ᠎ᠠ ᠶᠢᠨ 29 ᠤ ᠡᠳᠤᠷ᠂ ᠳ᠋ᠦᠡᠭᠱᠸᠡᠭ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠭᠢᠯᠡᠭᠴᠢ ᠵᠢᠢ ᠫᠢᠩ ᠲᠤᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠤᠷᠢᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠬᠤ ᠶᠢᠨ ᠬᠠᠮᠳᠤ ᠶᠠᠷᠢᠶ᠎ᠠ ᠲᠠᠯᠪᠢᠪᠠ᠃     12 ᠰᠠᠷ᠎ᠠ ᠶᠢᠨ 29 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 22 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃     12 ᠰᠠᠷ᠎ᠠ ᠶᠢᠨ 29 ᠤ ᠡᠳᠤᠷ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶᠠᠨ ᠤ ᠲᠡᠳ᠋ ᠱᠦᠵᠢ᠂ ᠲᠤᠭᠤᠷᠢᠭ ᠤᠨ ᠲᠠᠷᠤᠭ᠎ᠠ ᠬᠠᠨ ᠲᠤᠤ ᠲᠤᠭᠤᠷᠢᠭ ᠤᠨ ᠡᠳ᠋ ᠤᠨ ᠵᠠᠰᠠᠭ ᠤᠨ ᠲᠤᠪᠴᠢᠶ᠎ᠠ ᠪᠠ ᠭᠠᠶᠢᠯᠢ ᠶᠢᠨ ᠶᠠᠪᠤᠳᠠᠯ ᠤᠨ ᠲᠤᠪᠴᠢᠶ᠎ᠠ᠂ ᠤᠷᠳᠤᠰ ᠤᠨ ᠲᠡᠭᠡᠳᠤ ᠰᠢᠨ᠎ᠠ ᠮᠡᠷᠭᠡᠵᠢᠯ ᠤᠨ ᠲᠤᠭᠤᠷᠢᠬ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ᠂ ᠬᠤᠳᠠ ᠶᠢᠨ ᠭᠠᠶᠢᠯᠢ ᠶᠢᠨ ᠶᠠᠪᠤᠳᠠᠯ ᠤᠨ ᠲᠤᠪᠴᠢᠶ᠎ᠠ ᠶᠢᠨ ᠬᠤᠶᠠᠳᠤᠭᠠᠷ ᠬᠤᠪᠢᠶᠠᠷᠢ ᠲᠤᠪᠴᠢᠶ᠎ᠠ᠂ ᠲᠤᠮᠳᠠᠳᠤ ᠤᠯᠤᠰ ᠤᠨ ᠠᠷᠠᠳ ᠤᠨ ᠪᠠᠩᠬᠢ ᠶᠢᠨ ᠤᠷᠳᠤᠰ ᠬᠤᠳᠠ ᠶᠢᠨ ᠲᠦᠪ ᠰᠠᠯᠪᠤᠷᠢ ᠪᠠᠩᠭᠢ ᠳᠤ ᠭᠦᠨᠵᠡᠭᠡᠶᠢᠷᠡᠵᠤ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ᠂ ᠭᠠᠶᠢᠯᠢ ᠲᠠᠳᠠᠪᠤᠷᠢ ᠶᠢᠨ ᠬᠠᠮᠢᠶᠠᠷᠤᠯᠳᠠ᠂ ᠲᠤᠭᠠᠴᠠᠭ᠎ᠠ ᠬᠢᠭᠰᠡᠨ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠤᠨᠤᠰᠬᠤ ᠶᠢᠨ ᠬᠠᠮᠳᠤ ᠲᠡᠳᠡᠨ ᠳᠤ ᠪᠠᠶᠠᠷ ᠤᠨ ᠡᠳᠦᠷ ᠤᠨ ᠵᠦᠡᠭᠨᠡᠯ ᠪᠠ ᠴᠢᠩ ᠰᠡᠳᠭᠢᠯ ᠤᠨ ᠮᠠᠨᠳᠤᠴᠢᠯᠡᠯ ᠲᠡᠪᠰᠢᠬᠦᠯᠪᠡ᠃ ᠲᠣᠭᠤᠷᠢᠭ ᠤᠨ ᠤᠳᠤᠷᠢᠳᠤᠯᠭ᠎ᠠ ᠭᠤᠤ ᠮᠢᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠠᠮᠲᠤ ᠪᠠᠶᠢᠴᠠᠭᠠᠨ ᠰᠤᠳᠤᠯᠵᠤ ᠲᠣᠬᠤᠨᠢᠭᠤᠯᠪᠠ᠃     12 ᠰᠠᠷ᠎ᠠ ᠶᠢᠨ 29 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠲᠣᠭᠤᠷᠢᠭ ᠤᠨ ᠤᠳᠤᠷᠢᠳᠤᠯᠭ᠎ᠠ ᠭᠤᠤ ᠮᠢᠩ᠂ ᠸᠠᠩ ᡁᠢ᠂ ᠸᠠᠩ ᠱᠧᠩ ᠷᠦᠩ ᠬᠤᠷᠠᠯ ᠳᠤ ᠣᠷᠣᠯᠴᠠᠪᠠ᠃     12 ᠰᠠᠷ᠎ᠠ ᠶᠢᠨ 31 ᠤ ᠡᠳᠦᠷ᠂ ᠭᠤᠣ ᠢ ᠳ᠋ᠦᠩ ᠬᠠᠨ ᠲᠤᠤ 2024 ᠣᠨ ᠤ ᠰᠢᠨ᠎ᠡ ᠵᠢᠯ ᠤᠨ ᠪᠠᠶᠠᠷ ᠤᠨ ᠦᠭᠡ ᠨᠡᠶᠢᠳᠡᠯᠡᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ