ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠠᠷᠠᠳ ᠤᠨ ᠳᠡᠭᠡᠳᠦ ᠰᠢᠭᠦᠬᠦ ᠬᠤᠷᠢᠶ᠎ᠠ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠲᠥᠪ ᠤᠨ ᠱᠦᠵᠢ ᠨᠠᠷ ᠤᠨ ᠭᠠᠵᠠᠷ ᠤᠨ ᠠᠵᠢᠯ ᠤᠨ ᠮᠡᠳᠡᠭᠦᠯᠦᠯᠲᠡ ᠶᠢ ᠰᠣᠨᠣᠰᠪᠠ  ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/1/5
     ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 4 ᠤ ᠴᠠᠭᠢᠯᠭᠠᠨ ᠮᠡᠳᠡᠭᠡ   ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ 1 ᠰᠠᠷ᠎ᠠ ᠶᠢᠨ 4 ᠤ ᠡᠳᠦᠷ ᠪᠦᠬᠦᠯᠢ ᠡᠳᠦᠷ ᠢᠶᠠᠷ ᠬᠤᠷᠠᠯ ᠬᠤᠷᠠᠯᠳᠤᠭᠤᠯᠵᠤ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠪ ᠤᠨ ᠱᠦᠵᠢ ᠨᠠᠷ ᠤᠨ ᠭᠠᠵᠠᠷ ᠤᠨ ᠠᠵᠢᠯ ᠤᠨ ᠮᠡᠳᠡᠭᠦᠯᠦᠯᠲᠡ ᠶᠢ ᠰᠣᠨᠣᠰᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠵᠠᠢ᠃     ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠵᠢᠯ ᠪᠦᠷᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠪᠠ ᠲᠥᠪ ᠤᠨ ᠱᠦᠵᠢ ᠨᠠᠷ ᠤᠨ ᠭᠠᠵᠠᠷ ᠤᠨ ᠠᠵᠢᠯ ᠤᠨ ᠮᠡᠳᠡᠭᠦᠯᠦᠯᠲᠡ ᠶᠢ ᠲᠤᠰᠬᠠᠶᠢᠯᠠᠨ ᠰᠣᠨᠣᠰᠳᠠᠭ᠂ ᠡᠨᠡ ᠪᠣᠯ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠴᠢᠬᠤᠯᠠ ᠳᠦᠷᠢᠮ ᠤᠨ ᠲᠣᠬᠢᠷᠠᠭᠤᠯᠤᠯᠲᠠ ᠪᠣᠯᠣᠨ᠎ᠠ᠃ ᠡᠨᠡ ᠬᠦ ᠳᠦᠷᠢᠮ ᠤᠨ ᠲᠣᠬᠢᠷᠠᠭᠤᠯᠤᠯᠲᠠ ᠨᠢ ᠨᠠᠮ ᠤᠨ ᠪᠦᠭᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠡᠯ᠎ᠡ ᠲᠠᠯ᠎ᠠ ᠶᠢ ᠵᠣᠬᠢᠴᠠᠭᠤᠯᠬᠤ ᠳᠤ ᠠᠰᠢᠭᠲᠠᠢ᠂ ᠨᠠᠮ ᠤᠨ ᠪᠦᠯᠬᠦᠮᠳᠡᠯ ᠨᠢᠭᠡᠳᠦᠯ ᠪᠣᠯᠣᠨ ᠬᠦᠴᠦᠷᠬᠡᠭ ᠶᠡᠭᠡ ᠲᠠᠶᠢᠴᠢᠨ ᠬᠦᠴᠦᠨ ᠢ ᠪᠠᠲᠤᠯᠠᠬᠤ ᠳᠤ ᠠᠰᠢᠭᠲᠠᠢ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠬᠤ ᠳᠤ ᠠᠰᠢᠭᠲᠠᠢ ᠭᠡᠳᠡᠭ ᠢ ᠦᠢᠯᠡᠳᠦᠯᠭᠡ ᠭᠡᠷᠡᠴᠢᠯᠡᠪᠡ᠃ ᠡᠨᠡ ᠤᠳᠠᠭ᠎ᠠ ᠶᠢᠨ ᠬᠤᠷᠠᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠲᠠᠷᠠᠭ᠎ᠠ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠠᠩᠬ᠎ᠠ ᠤᠳᠠᠭ᠎ᠠ 5 ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠪᠣᠯᠣᠨ ᠲᠥᠪ ᠤᠨ ᠱᠦᠵᠢ ᠨᠠᠷ ᠤᠨ ᠭᠠᠵᠠᠷ ᠤᠨ ᠠᠵᠢᠯ ᠤᠨ ᠮᠡᠳᠡᠭᠦᠯᠦᠯᠲᠡ ᠶᠢ ᠰᠣᠨᠣᠰᠤᠭᠰᠠᠨ ᠶᠠᠪᠤᠳᠠᠯ ᠪᠠᠶᠢᠵᠤ᠂ ᠵᠣᠷᠢᠯᠭ᠎ᠠ  ᠨᠢ ᠳᠠᠷᠤᠢ ᠡᠨᠡ ᠬᠦ ᠳᠦᠷᠢᠮ ᠢ ᠰᠠᠶᠢᠲᠤᠷ ᠪᠠᠷᠢᠮᠲᠠᠯᠠᠵᠤ᠂ ᠰᠠᠶᠢᠲᠤᠷ ᠲᠡᠭᠦᠯᠳᠡᠷᠵᠢᠭᠦᠯᠬᠦ ᠶᠢᠨ ᠲᠥᠯᠥᠭᠡ ᠶᠤᠮ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠠᠭᠠᠰᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠪᠣᠯᠣᠨ ᠤᠯᠤᠰ ᠤᠨ ᠠᠵᠢᠯ ᠤᠨ ᠪᠦᠭᠦ ᠲᠠᠯ᠎ᠠ ᠶᠢᠨ ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠨᠡᠶᠢᠭᠡᠮ ᠤᠨ ᠲᠣᠭᠲᠠᠭᠤᠨ ᠢ ᠪᠠᠲᠤᠯᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠦ᠂ ᠡᠯ᠎ᠡ ᠲᠠᠯ᠎ᠠ ᠶᠢᠨ ᠠᠵᠢᠯ ᠳᠤ ᠰᠢᠨ᠎ᠡ ᠦᠷ᠎ᠡ ᠪᠦᠲᠦᠮᠵᠢ ᠣᠯᠵᠠᠢ ᠭᠡᠵᠦ ᠦᠵᠡᠪᠡ᠃     ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠰᠢᠨ᠎ᠡ ᠨᠢᠭᠡ ᠬᠤᠭᠤᠴᠠᠭᠠᠨ ᠤ ᠲᠥᠪ ᠤᠨ ᠱᠦᠵᠢ ᠨᠠᠷ ᠤᠨ ᠭᠠᠵᠠᠷ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠠᠵᠢᠯᠯᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ᠂ ᠤᠯᠠᠨ ᠲᠦᠮᠡᠨᠴᠢ ᠪᠦᠯᠭᠦᠮ ᠤᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠵᠢᠯᠤᠭᠤᠳᠬᠤ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠪᠦᠲᠦᠮᠵᠢᠲᠡᠢ ᠠᠵᠢᠯ ᠬᠢᠪᠡ ᠭᠡᠵᠦ ᠦᠵᠡᠪᠡ᠃     ᠬᠤᠷᠠᠯ ᠠᠴᠠ᠂ ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠣᠯᠣᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠭᠡᠬᠦ ᠡᠨᠡ ᠬᠦ ᠬᠠᠮᠤᠭ ᠤᠨ ᠳᠡᠭᠡᠳᠦ ᠤᠯᠤᠰ ᠲᠥᠷᠥ ᠶᠢᠨ ᠵᠠᠷᠴᠢᠮ ᠢ ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠡᠨᠡ ᠬᠦ ᠬᠠᠮᠤᠭ ᠤᠨ ᠶᠡᠭᠡ ᠤᠯᠤᠰ ᠲᠦᠷᠦ ᠲᠠᠢ ᠨᠢᠭᠲᠠ ᠤᠶᠠᠯᠳᠤᠭᠤᠯᠤᠨ᠂ ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠵᠣᠷᠢᠭᠲᠠᠢ ᠪᠠᠷ ᠤᠷᠤᠭᠰᠢᠯᠠᠨ ᠳᠠᠪᠰᠢᠵᠤ᠂ ᠵᠣᠷᠢᠭᠲᠠᠢ ᠪᠠᠷ ᠬᠢᠵᠦ ᠴᠢᠳᠠᠮᠠᠭᠠᠢ ᠠᠵᠢᠯᠯᠠᠵᠤ᠂ ᠨᠠᠮ ᠤᠨ ᠲᠥᠪ ᠬᠤᠷᠢᠶ᠎ᠠ ᠶᠢᠨ ᠨᠢᠭᠡᠳᠦᠯᠲᠡᠢ ᠵᠢᠯᠣᠭᠤᠳᠤᠯᠭ᠎ᠠ ᠳᠣᠣᠷ᠎ᠠ ᠨᠠᠶᠢᠷᠠᠯ ᠬᠥᠭᠵᠢᠮ ᠢ ᠪᠦᠷᠢᠯᠳᠦᠭᠦᠯᠵᠦ᠂ ︽ᠪᠣᠳᠠᠲᠠᠶᠢᠵᠢᠭᠤᠯᠬᠤ︾ ᠪᠠᠷ ᠭᠤᠣᠯᠳᠠᠭᠤᠯᠵᠤ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ᠂ ᠰᠢᠨ᠎ᠡ ᠨᠢᠭᠡ ᠵᠢᠯ ᠳᠤ᠂ ᠲᠥᠪ ᠤᠨ ᠱᠦᠵᠢ ᠨᠠᠷ ᠤᠨ ᠭᠠᠵᠠᠷ ᠤᠨ ᠬᠢᠨ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠲᠣᠭᠤᠷᠢᠨ ᠳᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠲᠤᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠬᠡᠵᠦ᠂ ᠬᠡᠷᠡᠭ ᠶᠠᠪᠤᠳᠠᠯ ᠵᠥᠪᠯᠡᠬᠦ ᠲᠦᠪᠰᠢᠨ ᠢᠶᠠᠨ ᠳᠡᠭᠡᠭᠰᠢᠯᠡᠭᠦᠯᠵᠦ᠂ ᠭᠤᠣᠯᠳᠠᠯᠭ᠎ᠠ ᠶᠢ ᠳᠤᠪᠤᠶᠢᠯᠭᠠᠵᠤ᠂ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠨᠠᠮ ᠤᠨ ᠲᠥᠪ ᠬᠤᠷᠢᠶ᠎ᠠ ᠠᠴᠠ ᠲᠤᠰᠢᠶᠠᠭᠰᠠᠨ ᠡᠯ᠎ᠡ ᠵᠦᠢᠯ ᠤᠨ ᠡᠭᠦᠷᠭᠡ ᠶᠢ ᠦᠷᠭᠦᠯᠵᠢᠯᠡᠨ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠡᠨ ᠰᠦᠯᠵᠢᠶ᠎ᠠ