ᠤᠯᠠᠨ ᠲᠦᠮᠡᠨᠴᠢ ᠪᠡᠶ᠎ᠡ ᠶᠢᠨ ᠳᠠᠮᠢᠷ ᠤᠨ ᠬᠦᠳᠡᠯᠬᠡᠬᠡᠨ ᠤ ᠪᠠᠶᠠᠷ ᠪᠠᠶᠠᠰᠤᠯ
ᠨᠡᠶᠢᠲᠡᠯᠡᠭᠰᠡᠨ ᠴᠠᠭ᠄
2024/1/5
     ᠦᠷᠯᠦᠬᠡ ᠡᠷᠳᠡ᠂ ᠳ᠋ᠦᠩᠱᠧᠩ ᠲᠤᠭᠤᠷᠢᠭ ᠤᠨ ᠸᠠᠨ ᠵᠢᠶᠠ ᠪᠡᠶ᠎ᠡ ᠶᠢᠨ ᠳᠠᠮᠢᠷ ᠤᠨ ᠤᠷᠳᠤᠨ ᠳᠤ ᠬᠦᠷ ᠬᠦᠭᠵᠢᠶᠠᠨ ᠢᠶᠠᠷ ᠪᠢᠯᠬᠠᠵᠤ᠂ ᠰᠠᠭᠰᠤᠨ ᠪᠦᠮᠪᠦᠭᠡ ᠶᠢᠨ ᠤᠷᠤᠯᠳᠤᠭᠠᠨ ᠶᠠᠪᠤᠭᠳᠠᠵᠤ ᠪᠠᠶᠢᠯ᠎ᠠ᠃     ︽ᠡᠳᠤᠷ ᠪᠦᠷᠢ ᠶᠢᠨ 7 ᠴᠠᠭ ᠲᠤ᠂ ᠪᠢ ᠴᠠᠭ ᠲᠠᠭᠠᠨ ᠠᠳᠡ ᠢᠷᠡᠵᠤ ᠨᠠᠶᠢᠵᠠ ᠨᠠᠷ ᠲᠠᠢ ᠪᠠᠨ ᠳᠤᠭᠤᠶᠢᠯᠠᠩ ᠪᠠᠶᠢᠭᠤᠯᠤᠨ ᠪᠦᠮᠪᠦᠭᠡ ᠨᠠᠭᠠᠳᠤᠳᠠᠭ᠂ ᠬᠦᠳᠡᠯᠬᠡᠬᠡᠨ ᠢᠶᠠᠷ ᠳᠠᠮᠵᠢᠭᠤᠯᠤᠨ ᠪᠢ ᠮᠠᠰᠢ ᠤᠯᠠᠨ ᠰᠢᠨ᠎ᠡ ᠨᠠᠶᠢᠵᠠ ᠲᠠᠢ ᠳᠠᠨᠢᠯᠴᠠᠪᠠ︾ ᠭᠡᠵᠤ ᠰᠠᠭᠰᠤᠨ ᠪᠦᠮᠪᠦᠭᠡ ᠶᠢᠨ ᠬᠦᠳᠡᠯᠬᠡᠬᠡᠨ ᠳᠤ ᠪᠠᠭ᠋ᠠᠳᠠᠢ ᠯᠢᠤ ᠵᠢᠶᠠᠨ ᠵᠢᠶᠦ᠋ᠨ ᠶᠠᠷᠢᠨ᠎ᠠ᠃     ᠳ᠋ᠦᠩᠱᠧᠩ ᠲᠤᠭᠤᠷᠢᠭ ᠤᠨ ᠸᠠᠨ ᠵᠢᠶᠠ ᠪᠡᠶ᠎ᠡ ᠶᠢᠨ ᠲᠠᠮᠢᠷ ᠤᠨ ᠤᠷᠳᠤᠨ ᠳᠤ ᠰᠠᠭᠰᠤᠨ ᠪᠦᠮᠪᠦᠭᠡ᠂ ᠦᠳᠦᠨ ᠪᠦᠮᠪᠦᠭᠡ ᠪᠤᠯᠤᠨ ᠫᠢᠩᠫᠠᠩ ᠪᠦᠮᠪᠦᠭᠡ ᠵᠡᠷᠭᠡ ᠪᠡᠶ᠎ᠡ ᠶᠢᠨ ᠲᠠᠮᠢᠷ ᠤᠨ ᠳᠠᠯᠠᠪᠠᠢ ᠶᠢᠨ ᠳᠦᠬᠦᠬᠡᠷᠦᠮᠵᠢ ᠪᠦᠷᠢᠨ ᠪᠠᠶᠢᠵᠤ᠂ ᠬᠤᠳᠠ ᠶᠢᠨ ᠠᠷᠠᠳ ᠭᠠᠷ ᠤᠳᠠᠰᠤ ᠪᠠᠷ ᠤᠷᠢᠳᠴᠢᠯᠠᠨ ᠪᠤᠯᠵᠤᠪᠠᠯ ᠳᠠᠷᠤᠢ ᠰᠤᠶᠢᠳᠬᠡᠯ ᠬᠤᠷᠢᠶᠠᠬᠤ ᠦᠭᠡᠢ ᠪᠠᠷ ᠬᠡᠷᠡᠭᠯᠡᠵᠤ ᠪᠤᠯᠤᠨ᠎ᠠ᠃
0d7e51d8e6f235fa9e27ba8030e4bdd.jpg
     ᠤᠶᠢᠷ᠎ᠠ ᠶᠢᠨ ᠵᠢᠯ ᠤᠳ ᠲᠤ᠂ ᠳ᠋ᠦᠩᠱᠧᠩ ᠲᠤᠭᠤᠷᠢᠭ ᠪᠡᠶ᠎ᠡ ᠶᠢᠨ ᠳᠠᠮᠢᠷ ᠤᠨ ᠰᠠᠭᠤᠷᠢ ᠳᠦᠬᠦᠬᠡᠷᠦᠮᠵᠢ ᠶᠢᠨ ᠳᠤᠬᠢᠷᠠᠭᠤᠯᠤᠯᠳᠠ ᠶᠢ ᠳᠠᠰᠤᠷᠠᠯᠳᠠ ᠦᠭᠡᠢ ᠴᠢᠩᠭᠠᠳᠬᠠᠵᠤ᠂ ᠵᠡᠭᠡᠯᠢ ᠭᠤᠳᠤᠮᠵᠢ ︵ᠨᠡᠶᠢᠬᠡᠮ ᠲᠤᠭᠤᠷᠢᠭ︶᠂ ᠰᠢᠶᠠᠩ ᠪᠠᠯᠭᠠᠰᠤᠨ ᠤ ᠪᠡᠶ᠎ᠡ ᠴᠢᠬᠢᠷᠠᠭᠵᠢᠭᠤᠯᠬᠤ ᠭᠠᠵᠠᠷ ᠢ ᠪᠦᠬᠦᠨ ᠢ ᠬᠠᠮᠤᠷᠬᠤ ᠶᠢ ᠪᠡᠶᠡᠯᠡᠬᠦᠯᠦᠨ᠂ ᠡᠯ᠎ᠡ ᠱᠠᠳᠤᠨ  ᠤ ᠡᠯ᠎ᠡ ᠲᠦᠷᠦᠯ ᠤᠨ ᠪᠡᠶ᠎ᠡ ᠶᠢᠨ ᠳᠠᠮᠢᠷ ᠤᠨ ᠲᠠᠯᠠᠪᠠᠢ ᠶᠢ 1570 ᠪᠠᠶᠢᠭᠤᠯᠵᠤ᠂ ᠪᠡᠶ᠎ᠡ ᠶᠢᠨ ᠳᠠᠮᠢᠷ ᠤᠨ ᠳᠠᠯᠠᠪᠠᠢ  ᠨᠢ 134 ᠲᠦᠮᠡᠨ ᠳᠡᠭᠰᠢ ᠳᠦᠷᠪᠡᠯᠵᠢᠨ ᠮᠧᠲᠷ ᠲᠤ ᠬᠦᠷᠴᠤ᠂ ᠪᠡᠶ᠎ᠡ ᠶᠢᠨ ᠳᠠᠮᠢᠷ ᠤᠨ ᠲᠦᠬᠦᠭᠡᠷᠦᠮᠵᠢ ᠶᠢᠨ ᠡᠬᠢ ᠪᠠᠶᠠᠯᠢᠭ ᠪᠦᠬᠦ ᠲᠠᠯ᠎ᠠ ᠪᠠᠷ ᠳᠡᠩᠴᠡᠬᠦᠷᠢᠳᠠᠢ ᠬᠦᠭᠵᠢᠵᠤ᠂ ᠬᠤᠳᠠ ᠶᠢᠨ ᠠᠷᠠᠳ ᠲᠤ ᠭᠡᠷ ᠤᠨ ᠢᠶᠠᠨ ᠡᠬᠦᠳᠡᠨ ᠳᠤ ᠪᠡᠶ᠎ᠡ ᠶᠢᠨ ᠳᠠᠮᠢᠷ ᠤᠨ ᠴᠡᠩᠬᠡᠯ ᠢ ᠬᠦᠢᠴᠡᠳ ᠡᠳ᠋ᠯᠡᠬᠦ ᠪᠤᠯᠭᠠᠵᠠᠢ᠃     ︽ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠶᠢ ᠪᠡᠶᠡᠯᠡᠬᠦᠯᠬᠦ ᠳᠤ ᠬᠠᠮᠢᠶ᠎ᠠ ᠪᠦᠬᠦᠢ ᠤᠷᠤᠯᠳᠤᠭᠠᠨ ᠪᠠ ᠪᠤᠯᠪᠠᠰᠤᠷᠠᠯ ᠢ ᠴᠦ ᠳᠠᠭᠠᠯᠳᠤᠭᠤᠯᠬᠤ ᠬᠡᠷᠡᠭᠳᠠᠢ᠃ ᠪᠢᠳᠠ ᠤᠷᠤᠯᠳᠤᠭᠠᠨ ᠢᠶᠠᠷ ᠪᠦᠳᠦᠬᠡᠨ ᠪᠠᠶᠢᠭᠤᠯᠤᠯᠳᠠ ᠶᠢ ᠠᠬᠢᠭᠤᠯᠬᠤ ᠶᠢ ᠢᠮᠠᠭᠳᠠ ᠪᠠᠷᠢᠮᠳᠠᠯᠠᠵᠤ᠂ ᠳ᠋ᠦᠩᠱᠧᠩ ᠲᠤᠭᠤᠷᠢᠭ ᠵᠢᠯ ᠪᠦᠷᠢ ᠡᠯ᠎ᠡ ᠲᠦᠷᠦᠯ ᠤᠨ ᠪᠠᠭ᠎ᠠ ᠬᠡᠯᠪᠡᠷᠢ  ᠶᠢᠨ ᠤᠯᠠᠨ ᠲᠦᠮᠡᠨᠴᠢ ᠪᠡᠶ᠎ᠡ ᠶᠢᠨ ᠳᠠᠮᠢᠷ ᠤᠨ ᠤᠷᠤᠯᠳᠤᠭᠠᠨ ᠤ ᠠᠵᠢᠯᠯᠠᠭ᠎ᠠ ᠶᠢ 40 ᠭᠠᠷᠤᠢ ᠤᠳᠠᠭ᠎ᠠ ᠡᠷᠬᠢᠯᠡᠵᠤ᠂ ᠡᠯ᠎ᠡ ᠲᠦᠷᠦᠯ ᠤᠨ ᠤᠷᠤᠯᠳᠤᠭᠠᠨ ᠢ ᠵᠤᠬᠢᠶᠠᠨ ᠪᠠᠶᠢᠭᠤᠯᠬᠤ ᠪᠠᠷ ᠳᠠᠮᠵᠢᠭᠤᠯᠤᠨ᠂ ᠨᠡᠩ ᠤᠯᠠᠨ ᠬᠤᠳᠠ ᠶᠢᠨ ᠠᠷᠠᠳ  ᠢ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠡᠩᠨᠡᠬᠡᠨ ᠳᠤ ᠳᠠᠳᠠᠨ ᠤᠷᠤᠭᠤᠯᠪᠠ︾ ᠭᠡᠵᠤ ᠳ᠋ᠦᠩᠱᠧᠩ ᠲᠤᠭᠤᠷᠢᠭ  ᠤᠨ ᠪᠡᠶ᠎ᠡ ᠶᠢᠨ ᠳᠠᠮᠢᠷ ᠤᠨ ᠤᠶᠢᠯᠡᠰ ᠤᠨ ᠬᠦᠭᠵᠢᠯᠳᠡ ᠶᠢᠨ ᠳᠦᠪ ᠤᠨ ᠡᠷᠬᠢᠯᠡᠭᠴᠢ ᠸᠧᠨ ᠷᠦᠢ ᠶᠠᠷᠢᠨ᠎ᠠ᠃     ᠳ᠋ᠦᠩᠱᠧᠩ ᠲᠤᠭᠤᠷᠢᠭ ᠤᠨ ᠬᠢᠨ ᠪᠡᠶ᠎ᠡ ᠶᠢᠨ ᠳᠠᠮᠢᠷ ᠤᠨ ᠴᠢᠳᠠᠪᠤᠷᠢᠳᠠᠨ ᠢ ᠬᠦᠮᠦᠵᠢᠬᠦᠯᠬᠦ ᠶᠢ ᠶᠡᠭᠡ ᠪᠠᠷ ᠴᠢᠬᠤᠯᠠᠴᠢᠯᠠᠵᠤ᠂ ᠤᠳᠤᠬᠠᠨ ᠳᠤ ᠳᠠᠩᠰᠠᠯᠠᠭᠤᠯᠤᠭᠰᠠᠨ ᠵᠠᠯᠠᠭᠤᠴᠤᠳ ᠪᠠᠭᠠᠴᠤᠳ ᠳᠠᠮᠢᠷᠴᠢᠨ 800 ᠭᠠᠷᠤᠢ ᠪᠠᠶᠢᠵᠤ᠂ ᠤᠯᠤᠰ ᠤᠨ ᠳᠡᠰ ᠤᠨ ᠬᠦᠯ ᠪᠦᠮᠪᠦᠭᠡ ᠶᠢᠨ ᠤᠨᠴᠠᠯᠢᠭᠳᠤ ᠰᠤᠷᠭᠠᠭᠤᠯᠢ 4 ᠪᠠᠶᠢᠵᠤ᠃ ᠤᠯᠤᠰ ᠤᠨ ᠳᠡᠰ ᠤᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠳᠠᠮᠢᠷ ᠤᠨ ᠺᠯᠦ᠋ᠪ 2 ᠪᠠᠶᠢᠵᠤ᠂ ᠵᠠᠯᠠᠭᠤᠴᠤᠳ ᠪᠠᠭᠠᠴᠤᠳ  ᠤᠨ ᠮᠡᠷᠭᠡᠵᠢᠯ ᠤᠨ ᠪᠤᠰᠤ ᠪᠡᠶ᠎ᠡ ᠶᠢᠨ ᠳᠠᠮᠢᠷ ᠤᠨ ᠰᠤᠷᠭᠠᠭᠤᠯᠢ 1 ᠪᠠᠶᠢᠵᠤ᠂ ᠤᠯᠠᠨ ᠡᠰᠢᠳᠤ ᠪᠡᠶ᠎ᠡ ᠶᠢᠨ ᠳᠠᠮᠢᠷ ᠤᠨ ᠴᠢᠳᠠᠪᠤᠷᠢᠳᠠᠨ ᠢ ᠬᠦᠮᠦᠵᠢᠬᠦᠯᠬᠦ ᠪᠠᠷ ᠳᠠᠮᠵᠢᠭᠤᠯᠤᠨ᠂ ᠳ᠋ᠦᠩᠱᠧᠩ ᠲᠤᠭᠤᠷᠢᠭ ᠤᠨ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠤᠶᠢᠯᠡᠰ ᠤᠨ ᠬᠦᠭᠵᠢᠯᠳᠡ ᠳᠤ ᠳᠠᠰᠤᠷᠠᠯᠳᠠ ᠦᠭᠡᠢ ᠬᠦᠳᠡᠯᠬᠡᠬᠦ ᠬᠦᠴᠦᠨ ᠬᠠᠩᠭᠠᠵᠠᠢ᠃
75c2b1a4c571f13766e15df6d6a6b1c.jpg
     ᠢᠵᠢ ᠪᠦᠷᠢᠳᠦᠬᠦᠯᠦᠭᠰᠡᠨ ᠳᠦᠬᠦᠬᠡᠷᠦᠮᠵᠢ ᠠᠴᠠ ᠭᠠᠳᠠᠨ᠎ᠠ᠂ ᠴᠢᠨᠠᠷ ᠰᠠᠶᠢᠳᠠᠢ ᠪᠡᠶ᠎ᠡ ᠶᠢᠨ ᠳᠠᠮᠢᠷ ᠤᠨ ᠤᠶᠢᠯᠡᠴᠢᠯᠡᠭᠡ ᠴᠤ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠠᠯᠠᠭᠤᠨ ᠦᠷᠨᠢᠯᠳᠡ ᠶᠢ ᠪᠤᠢ ᠪᠤᠯᠭᠠᠭᠰᠠᠨ ᠴᠢᠬᠤᠯᠠ ᠰᠢᠯᠳᠠᠭᠠᠨ ᠮᠦᠨ᠃ ᠳ᠋ᠦᠩᠱᠧᠩ ᠲᠤᠭᠤᠷᠢᠭ ᠤᠨ ᠪᠡᠶ᠎ᠡ ᠶᠢᠨ ᠳᠠᠮᠢᠷ ᠤᠨ ᠤᠶᠢᠯᠡᠰ ᠤᠨ ᠬᠦᠭᠵᠢᠯᠳᠡ ᠶᠢᠨ ᠳᠦᠪ ᠤᠨ ᠡᠷᠬᠢᠯᠡᠭᠴᠢ ᠸᠧᠨ ᠷᠦᠢ ᠳᠠᠨᠢᠯᠴᠠᠭᠤᠯᠬᠤ ᠳᠠᠭᠠᠨ᠄ ︽ᠳ᠋ᠦᠩᠱᠧᠩ ᠲᠤᠭᠤᠷᠢᠭ ᠲᠤ ᠤᠳᠤ ᠨᠡᠶᠢᠬᠡᠮ ᠤᠨ ᠪᠡᠶ᠎ᠡ ᠶᠢᠨ ᠳᠠᠮᠢᠷ ᠤᠨ ᠳᠤᠰᠬᠠᠢ ᠠᠵᠢᠯᠳᠠᠨ 570 ᠬᠦᠮᠦᠨ ᠪᠠᠶᠢᠵᠤ᠂ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠨᠡᠶᠢᠬᠡᠮ ᠤᠨ ᠪᠡᠶ᠎ᠡ ᠶᠢᠨ ᠳᠠᠮᠢᠷ ᠤᠨ ᠵᠢᠭᠠᠨ ᠵᠢᠯᠤᠭᠤᠳᠤᠭᠴᠢ 1886 ᠬᠦᠮᠦᠨ ᠵᠢᠯ ᠳᠤᠷᠰᠢ ᠠᠯᠪᠠᠨ ᠵᠢᠷᠤᠮ ᠤᠨ ᠪᠡᠶ᠎ᠡ ᠶᠢᠨ ᠳᠠᠮᠢᠷ ᠤᠨ ᠤᠷ᠎ᠠ ᠴᠢᠳᠠᠪᠤᠷᠢ ᠶᠢᠨ ᠵᠢᠯᠤᠭᠤᠳᠤᠯᠭ᠎ᠠ ᠬᠢᠵᠤ ᠪᠤᠢ᠂ ᠪᠠᠰᠠ 50 ᠪᠡᠶ᠎ᠡ ᠶᠢᠨ ᠳᠠᠮᠢᠷ ᠤᠨ ᠪᠤᠯᠪᠠᠰᠤᠷᠠᠯ ᠤᠨ ᠪᠠᠶᠢᠭᠤᠯᠤᠮᠵᠢ ᠵᠠᠯᠠᠭᠤᠴᠤᠳ ᠪᠠᠭᠠᠴᠤᠳ ᠲᠤ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠤᠶᠢᠯᠡᠴᠢᠯᠡᠭᠡ ᠬᠠᠩᠭᠠᠵᠤ ᠪᠠᠶᠢᠨ᠎ᠠ᠂ ᠡᠬᠦᠨ ᠳᠤ ᠤᠮᠪᠠᠯᠳᠠ᠂ ᠰᠠᠭᠰᠤᠨ ᠪᠦᠮᠪᠦᠭᠡ ᠪᠤᠯᠤᠨ ᠬᠦᠯ ᠪᠦᠮᠪᠦᠭᠡ ᠵᠡᠷᠭᠡ 38 ᠲᠦᠷᠦᠯ ᠵᠤᠶᠢᠯ ᠢ ᠬᠠᠮᠤᠷᠴᠤ᠂ ᠬᠤᠳᠠ ᠶᠢᠨ ᠠᠷᠠᠳ ᠤᠨ ᠡᠯ᠎ᠡ ᠲᠦᠷᠦᠯ ᠤᠨ ᠪᠡᠶ᠎ᠡ ᠶᠢᠨ ᠳᠠᠮᠢᠷ ᠤᠨ ᠪᠡᠶ᠎ᠡ ᠴᠢᠬᠢᠷᠠᠭᠵᠢᠭᠤᠯᠬᠤ ᠬᠦᠳᠡᠯᠬᠡᠬᠡᠨ ᠦᠷᠨᠢᠬᠦᠯᠬᠦ ᠳᠤ ᠳᠦᠬᠦᠮ ᠨᠦᠬᠦᠴᠡᠯ ᠬᠠᠩᠭᠠᠵᠤ ᠪᠠᠶᠢᠨ᠎ᠠ︾ ᠭᠡᠪᠡ᠃     ᠳ᠋ᠦᠩᠱᠧᠩ ᠲᠤᠭᠤᠷᠢᠭ ᠤᠨ ᠬᠢᠨ ᠪᠡᠶ᠎ᠡ ᠶᠢᠨ ᠳᠠᠮᠢᠷ ᠢ ᠴᠢᠬᠤᠯᠠᠴᠢᠯᠠᠵᠤ᠂ ᠪᠡᠶ᠎ᠡ ᠶᠢᠨ ᠳᠠᠮᠢᠷ ᠢ ᠳᠡᠮᠵᠢᠬᠦ᠂ ᠪᠡᠶ᠎ᠡ ᠶᠢᠨ ᠳᠠᠮᠢᠷ ᠲᠤ ᠤᠷᠤᠯᠴᠠᠬᠤ ᠦᠳᠬᠡᠨ ᠵᠤᠵᠠᠭᠠᠨ ᠠᠭᠤᠷ ᠠᠮᠢᠰᠬᠤᠯ ᠢ ᠶᠡᠭᠡ ᠪᠠᠷ ᠪᠤᠢ ᠪᠤᠯᠭᠠᠵᠤ᠂ ᠭᠠᠵᠠᠷ ᠤᠷᠤᠨ ᠤ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠬᠢᠷᠠᠭᠵᠢᠭᠤᠯᠬᠤ᠂ ᠪᠦᠬᠦ ᠠᠷᠠᠳ ᠤᠨ ᠡᠷᠡᠬᠦᠯ ᠮᠡᠨᠳᠤ ᠶᠢ ᠠᠬᠢᠭᠤᠯᠬᠤ ᠳᠤ ᠰᠠᠶᠢᠨ ᠰᠠᠶᠢᠬᠠᠨ ᠨᠦᠬᠦᠴᠡᠯ ᠢ ᠡᠬᠦᠳᠴᠤ᠂ ᠤᠯᠠᠨ ᠲᠦᠮᠡᠨ ᠤ ᠡᠷᠡᠬᠦᠯ ᠮᠡᠨᠳᠤ ᠶᠢᠨ ᠳᠦᠪᠰᠢᠨ ᠢ ᠦᠷᠬᠦᠯᠵᠢᠯᠡᠨ ᠳᠡᠭᠡᠭᠰᠢᠯᠡᠬᠦᠯᠵᠤ᠂ ᠠᠷᠠᠳ ᠤᠯᠠᠨ ᠤ ᠵᠤᠯ ᠵᠢᠷᠭᠠᠯᠳᠤ ᠳᠦᠷᠦᠭᠳᠡᠯ ᠢ ᠨᠡᠮᠡᠭᠳᠡᠬᠦᠯᠵᠤ ᠪᠠᠶᠢᠨ᠎ᠠ᠃
ᠢᠷᠡᠯᠲᠡ᠄ ᠤᠷᠳᠤᠰ ᠬᠤᠳᠠ ᠶᠢᠨ ᠬᠠᠮ ᠵᠠᠭᠤᠴᠢᠯᠠᠭᠤᠷ ᠤᠨ ᠲᠦᠪ