ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠵᠢᠩᠬᠢᠨᠢ ᠪᠠᠷ ᠡᠬᠢᠯᠡᠯ᠎ᠠ
ᠨᠡᠶᠢᠲᠡᠯᠡᠭᠰᠡᠨ ᠴᠠᠭ᠄
2024/1/5
    1 ᠰᠠᠷ᠎ᠠ ᠶᠢᠨ 1 ᠤ ᠡᠳᠦᠷ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠵᠢᠩᠬᠢᠨᠢ ᠪᠠᠷ ᠡᠬᠢᠯᠡᠵᠦ᠂ ᠳ᠋ᠦᠩᠱᠧᠩ ᠲᠣᠭᠤᠷᠢᠭ ᠤᠨ ᠨᠡᠶᠢᠳᠡᠮ ᠪᠠᠶᠢᠴᠠᠭᠠᠭᠴᠢ ᠬᠠᠤᠯᠢ ᠶᠢᠨ ᠡᠷᠬᠡᠲᠡᠨ᠂ ᠠᠵᠤ ᠦᠢᠯᠡᠰ ᠤᠨ ᠠᠵᠢᠯᠯᠠᠭᠠᠨ ᠤ ᠨᠢᠭᠡᠴᠡ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠭᠦᠨᠵᠡᠭᠡᠶᠢᠷᠡᠨ ᠳᠠᠩᠰᠠᠯᠠᠬᠤ ᠠᠵᠢᠯ ᠥᠷᠨᠢᠭᠦᠯᠪᠡ᠃ ᠣᠶᠢᠯᠠᠭᠠᠭᠰᠠᠨ ᠢᠶᠠᠷ᠂ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠪᠣᠯᠣᠨ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ᠂ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠨᠢ ᠮᠠᠨ ᠤ ᠤᠯᠤᠰ ᠤᠨ ᠭᠤᠷᠪᠠᠨ ᠶᠡᠭᠡ ᠦᠶᠡᠯᠡᠯ ᠤᠨ ᠴᠢᠨᠠᠷᠲᠠᠢ ᠨᠡᠶᠢᠳᠡᠮ ᠪᠠᠶᠢᠴᠠᠭᠠᠯᠲᠠ ᠪᠤᠯᠤᠨ᠎ᠠ᠃ ᠣᠲᠣ ᠪᠣᠯᠲᠠᠯ᠎ᠠ᠂ ᠳ᠋ᠦᠩᠱᠧᠩ ᠲᠣᠭᠤᠷᠢᠭ ᠨᠡᠶᠢᠲᠡ 946 ᠨᠡᠷᠡᠰ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠤᠭᠴᠢ ᠪᠠ ᠨᠡᠶᠢᠳᠡᠮ ᠪᠠᠶᠢᠴᠠᠭᠠᠭᠴᠢ ᠲᠤᠮᠢᠯᠠᠨ ᠳ᠋ᠦᠩᠱᠧᠩ ᠲᠣᠭᠤᠷᠢᠭ ᠤᠨ 3 ᠲᠦᠮᠡ ᠰᠢᠬᠠᠮ ᠬᠠᠤᠯᠢ ᠶᠢᠨ ᠡᠷᠬᠡᠲᠡᠨ ᠤ ᠨᠢᠭᠡᠴᠡ ᠪᠠ ᠠᠵᠤ ᠦᠢᠯᠡᠰ ᠤᠨ ᠠᠵᠢᠯᠯᠠᠭᠠᠨ ᠤ ᠨᠢᠭᠡᠴᠡ ᠵᠢᠴᠢ 4000 ᠰᠢᠬᠠᠮ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠬᠦᠷᠴᠦ ᠨᠡᠶᠢᠳᠡᠮ ᠪᠠᠶᠢᠴᠠᠭᠠᠯᠲᠠ ᠶᠢᠨ ᠳᠠᠩᠰᠠᠯᠠᠯᠲᠠ ᠬᠢᠬᠦ ᠪᠣᠯᠣᠨ᠎ᠠ᠃
 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ