ᠳ᠋ᠦᠩᠱᠧᠩ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠲᠤᠮᠤ ᠶᠠᠪᠤᠳᠠᠯ ᠤᠨ ᠲᠡᠮᠳᠡᠭᠯᠡᠯ — 2023 ᠤᠨ ᠤ 11 ᠳ᠋ᠤᠬᠡᠷ ᠰᠠᠷ᠎ᠠ
ᠨᠡᠶᠢᠲᠡᠯᠡᠭᠰᠡᠨ ᠴᠠᠭ᠄
2024/1/8
      11 ᠰᠠᠷ᠎ᠠ ᠶᠢᠨ 1 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠱᠧᠨᠵᠧᠨ ᠤ ᠴᠢᠩ ᠶᠠᠨ ᠡᠨᠧᠷᠭᠢ ᠨᠦᠬᠡᠴᠡᠯᠡᠬᠦ ᠮᠡᠷᠬᠡᠵᠢᠯ  ᠤᠨ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠢᠢ ᠬᠠᠢ ᠵᠢᠶᠦ᠋ᠨ᠂ ᠨᠠᠨᠵᠢᠩ ᠤᠨ ᠶᠦᠨ ᠴᠤᠸᠠᠩ ᠲᠣᠮᠣ ᠳ᠋ᠠᠶᠢᠲ᠋ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠦ ᠫᠧᠩ᠂ ᠳᠠᠬᠢᠨ ᠡᠬᠦᠰᠬᠦ ᠪᠣᠬᠢᠷᠳᠤᠯ ᠦᠭᠡᠢ ᠤᠰᠤᠲᠥ᠋ᠷᠥᠭᠴᠢ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠽᠢᠶ᠎ᠠ ᠲᠢᠪ ᠲᠠᠬᠢ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠦ ᠷᠦᠢ ᠴᠧᠨ ᠨᠠᠷ ᠲᠠᠢ ᠠᠭᠤᠯᠵᠠᠪᠠ᠃ ᠳᠡᠬᠡᠳᠤ ᠰᠢᠨ᠎ᠡ ᠮᠡᠷᠬᠡᠵᠢᠯ ᠤᠨ ᠳᠤᠭᠤᠷᠢᠭ᠂ ᠳ᠋ᠦᠩᠱᠧᠩ ᠳᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠶᠠᠷᠢᠯᠴᠠᠭᠠᠨ ᠤ ᠬᠤᠷᠠᠯ ᠳᠤ ᠤᠷᠤᠯᠴᠠᠪᠠ᠃      11 ᠰᠠᠷ᠎ᠠ ᠶᠢᠨ 2 ᠤᠨ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠪᠧᠢ ᠵᠢᠶᠠᠩ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠨᠡᠬᠡᠬᠡᠨ ᠬᠦᠭᠵᠢᠬᠦᠯᠦᠯᠳᠡ ᠶᠢᠨ ᠬᠢᠵᠠᠭᠠᠷᠲᠤ ᠺᠣᠮᠫᠠᠨᠢ ᠶᠢᠨ ᠨᠠᠮ ‍ᠤ᠊ ᠡᠬᠦᠷ ᠤᠨ ᠳᠡᠳ᠋ ᠱᠦᠵᠢ ᠴᠧᠨ ᠰᠢᠶᠤᠤ ᠳ᠋ᠦᠩ ᠨᠠᠷ ᠲᠠᠢ ᠶᠠᠷᠢᠯᠴᠠᠵᠤ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠪᠠ ᠵᠠᠮ ᠬᠠᠷᠢᠯᠴᠠᠭ᠎ᠠ ᠲᠡᠭᠡᠭᠡᠪᠦᠷᠢ ᠪᠠᠷᠠᠭᠠᠨ ᠤ ᠭᠦᠢᠯᠭᠡᠭᠡ ᠵᠡᠷᠭᠡ ᠬᠦᠷᠢᠶ᠎ᠡ ᠴᠠᠷᠠᠭᠠᠨ ᠤ ᠲᠣᠭᠤᠷᠢᠨ ᠳᠤ ᠭᠤᠣᠯᠳᠠᠯᠭ᠎ᠠ ᠲᠠᠢ ᠪᠠᠷ ᠰᠠᠨᠠᠯ ᠢᠶᠠᠨ ᠭᠦᠨᠵᠡᠭᠡᠢ ᠰᠣᠯᠢᠯᠴᠠᠪᠠ᠃ ᠳᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃       11 ᠰᠠᠷ᠎ᠠ ᠶᠢᠨ 3 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠨ ᠲᠤᠸ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2023 ᠣᠨ ᠤ 18 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃       11 ᠰᠠᠷ᠎ᠠ ᠶᠢᠨ 3 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠸᠠᠨ ᠳ᠋ᠠ ᠬᠤᠳᠠᠯᠳᠤᠭᠠᠨ ᠤ ᠲᠣᠭᠤᠷᠢᠭ ᠤᠨ ᠨᠡᠶᠢᠲᠡ ᠶᠢᠨ ᠥᠮᠴᠢᠯᠡᠯ ᠤᠨ ᠪᠤᠰᠤ ᠬᠦᠷᠢᠶ᠎ᠡ᠂ ᠱᠦ ᠭᠤᠸᠠᠩ ᠨᠡᠶᠢᠭᠡᠮ ᠲᠣᠭᠤᠷᠢᠭ᠂ ᠵᠤᠤᠬ᠎ᠠ ᠶᠢᠨ ᠬᠤᠭᠤᠯᠠᠢ ᠲᠣᠰᠬᠤᠨ ᠳᠤ ᠭᠦᠨᠵᠡᠭᠡᠶᠢᠷᠡᠨ ᠭᠤᠣᠯ ᠰᠡᠳᠦᠪᠲᠦ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠳᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠤᠷᠤᠯᠴᠠᠪᠠ᠃       11 ᠰᠠᠷ᠎ᠠ ᠶᠢᠨ 3 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠲᠣᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ 75 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠲᠣᠭᠤᠷᠢᠭ ᠤᠨ ᠨᠠᠮ ᠤᠨ ᠬᠤᠷᠢᠶ᠎ᠠ ᠶᠢᠨ ᠰᠢ ᠶᠢᠨ ᠫᠢᠩ ᠶᠢᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠲᠣᠭᠤᠷᠢᠭ ᠤᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 22 ᠳ᠋ᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃      11 ᠰᠠᠷ᠎ᠠ ᠶᠢᠨ 7 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠯᠪᠤᠭᠠᠯᠠᠨ ᠳᠠᠭᠠᠭᠠᠴᠢᠯᠠᠵᠤ ᠪᠠᠶᠢᠭ᠎ᠠ ᠪᠤᠷᠵᠠᠩᠨᠠᠭᠤᠷ ᠪᠠᠯᠭᠠᠰᠤᠨ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠢ ᠤᠬᠠᠭᠤᠯᠤᠨ ᠲᠠᠶᠢᠯᠪᠤᠷᠢᠯᠠᠬᠤ ᠠᠵᠢᠯ ᠦᠷᠨᠢᠬᠦᠯᠪᠡ᠃ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ᠂ ᠲᠣᠭᠤᠷᠢᠭ ᠪᠠᠯᠭᠠᠰᠤ ᠬᠤᠶᠠᠷ ᠱᠠᠲᠤᠨ ᠤ ᠬᠡᠰᠡᠭ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠲᠣᠰᠬᠤᠨ ᠤ ︽ᠬᠤᠶᠠᠷ ᠵᠥᠪᠯᠡᠯ︾ ᠤᠨ ᠬᠠᠷᠢᠭᠤᠴᠠᠯᠭᠠᠳᠠᠳ ᠭᠤᠣᠯ ᠰᠡᠳᠦᠪᠲᠦ ᠨᠠᠮ ᠤᠨ ᠬᠢᠴᠢᠶᠡᠯ ᠤᠨ ᠤᠬᠠᠭᠤᠯᠤᠨ ᠲᠠᠶᠢᠯᠪᠤᠷᠢᠯᠠᠬᠤ ᠳᠤ ᠣᠷᠣᠯᠴᠠᠪᠠ᠃       11 ᠰᠠᠷ᠎ᠠ ᠶᠢᠨ 8 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠨ ᠲᠤᠸ 2023 ᠣᠨ ᠤ 19 ᠳ᠋ᠤᠬᠡᠷ ᠤᠳᠠᠭᠠᠨ ᠤ ᠬᠤᠷᠠᠯ ᠵᠢᠴᠢ ᠤᠨᠤᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠶᠠᠷᠢᠶ᠎ᠠ ᠲᠠᠯᠪᠢᠪᠠ᠃       11 ᠰᠠᠷ᠎ᠠ ᠶᠢᠨ 9 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 15 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃       11 ᠰᠠᠷ᠎ᠠ ᠶᠢᠨ 9 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ ᠳ᠋ᠦᠩᠱᠧᠩ ᠲᠣᠭᠤᠷᠢᠭ ᠲᠤ ᠭᠦᠨᠵᠡᠭᠡᠶᠢᠷᠡᠨ ᠭᠤᠣᠯ ᠰᠡᠳᠦᠪᠲᠦ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠬᠤᠲᠠ ᠲᠣᠭᠤᠷᠢᠭ ᠬᠤᠶᠠᠷ ᠱᠠᠲᠤᠨ ᠤ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠤᠷᠤᠯᠴᠠᠪᠠ᠃      11 ᠰᠠᠷ᠎ᠠ ᠶᠢᠨ 10  ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠳ᠋ᠦᠩᠱᠧᠩ ᠲᠣᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠢ ᠠᠬᠢᠭᠤᠯᠬᠤ ᠬᠤᠷᠠᠯ ᠳᠤ ᠣᠷᠣᠯᠴᠠᠵᠤ ᠶᠠᠷᠢᠶ᠎ᠠ ᠳᠠᠯᠪᠢᠪᠠ᠃ ᠳᠤᠭᠤᠷᠢᠭ  ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠤᠷᠤᠯᠴᠠᠪᠠ᠃      11 ᠰᠠᠷ᠎ᠠ ᠶᠢᠨ 14 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠲᠢᠶᠠᠨ ᠵᠢᠶᠣᠣ ᠵᠡᠭᠡᠯᠢ ᠭᠤᠳᠤᠮᠵᠢ᠂ ᠵᠠᠮ ᠬᠠᠷᠢᠯᠴᠠᠭᠠᠨ ᠤ ᠵᠡᠭᠡᠯᠢ ᠭᠤᠳᠤᠮᠵᠢ ᠳᠤ ᠭᠦᠨᠵᠡᠭᠡᠶᠢᠷᠡᠨ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠭᠤᠣᠯ ᠰᠡᠳᠦᠪᠲᠦ ᠬᠥᠮᠦᠵᠢᠯ ᠢ ᠥᠷᠨᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠠᠬᠤᠢ ᠳᠠᠯᠠᠪᠡᠢ ᠳᠤ ᠠᠯᠪᠠᠯᠠᠪᠠ᠃      11 ᠰᠠᠷ᠎ᠠ ᠶᠢᠨ 16 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ  ᠬᠤᠷᠢᠶᠠᠨ ᠤ ᠱᠦᠵᠢ ᠭᠤᠸ ᠢ ᠳ᠋ᠦᠩ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠲᠣᠭᠤᠷᠢᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 17 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃       11 ᠰᠠᠷ᠎ᠠ ᠶᠢᠨ 16 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠳᠤ ᠣᠷᠣᠯᠴᠠᠪᠠ᠃       11 ᠰᠠᠷ᠎ᠠ ᠶᠢᠨ 17 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠨ ᠲᠤᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2023 ᠣᠨ ᠤ 20 ᠳ᠋ᠤᠭᠠᠷ ᠤᠳᠠᠭᠠᠨ ᠤ ᠬᠤᠷᠠᠯ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠶᠠᠷᠢᠶ᠎ᠠ ᠲᠠᠯᠪᠢᠪᠠ᠃       11 ᠰᠠᠷ᠎ᠠ ᠶᠢᠨ 17 ᠤ ᠡᠳᠦᠷ᠂ ᠣᠷᠳᠣᠰ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠡᠷᠳᠡᠨᠢᠪᠢᠯᠢᠭ ᠪᠦᠯᠬᠦᠮ ᠳᠠᠭᠠᠭᠤᠯᠤᠨ ᠳ᠋ᠦᠩᠱᠧᠩ ᠲᠣᠭᠤᠷᠢᠭ ᠲᠤ ᠢᠷᠡᠵᠤ ᠪᠥᠬᠦ ᠬᠤᠲᠠ ᠶᠢᠨ ᠲᠠᠷᠢᠶᠠᠯᠠᠩ ᠤᠨ ᠰᠢᠰᠲ᠋ᠧᠮ ᠤᠨ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠵᠢᠴᠢ ᠨᠢᠭᠡᠳᠦᠭᠡᠷ ᠠᠵᠤ ᠦᠢᠯᠡᠰ ᠤᠨ ᠳᠠᠬᠢᠨ ᠴᠣᠭᠴᠠᠯᠠᠯᠲᠠ ᠶᠢᠨ ᠠᠬᠤᠢ ᠳᠠᠯᠠᠪᠠᠢ ᠶᠢᠨ ᠲᠣᠬᠢᠷᠠᠭᠤᠯᠤᠯᠲᠠ ᠶᠢᠨ ᠬᠤᠷᠠᠯ ᠤᠨ ᠲᠤᠬᠠᠢ ᠶᠢᠨ ᠲᠠᠯᠠᠪᠤᠷ ᠲᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ  ᠶᠠᠷᠢᠯᠴᠠᠭᠠᠨ ᠤ ᠬᠤᠷᠠᠯ ᠬᠤᠷᠠᠯᠳᠤᠭᠤᠯᠪᠠ᠃ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠣᠷᠣᠯᠴᠠᠪᠠ᠃       11 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠶ ᠯᠢᠶᠠᠩ ᠳ᠋ᠦᠩᠱᠧᠩ ᠲᠣᠭᠤᠷᠢᠭ ᠲᠤ ᠭᠤᠣᠯ ᠰᠡᠳᠦᠪᠲᠦ ᠬᠥᠮᠦᠵᠢᠯ ᠤᠨ ᠠᠵᠢᠯ ᠢ ᠵᠢᠭᠠᠨ ᠵᠢᠯᠤᠭᠤᠳᠴᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠳᠤᠤᠱᠯᠠᠭᠤᠯᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠨᠡᠪᠲᠡᠷᠡᠯᠴᠡᠭᠦᠯᠬᠦ᠂ ᠮᠡᠳᠡᠬᠦ ᠢᠲᠡᠭᠡᠬᠦ ᠦᠢᠯᠡᠳᠤᠯᠬᠡᠵᠢᠬᠦᠯᠬᠦ ᠶᠢ ᠨᠢᠭᠡᠳᠬᠡᠬᠦ ᠶᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠣᠷᠳᠣᠰ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ ᠬᠤᠸᠠ ᠷᠦᠢ ᠹᠧᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠵᠢᠴᠢ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃       11 ᠰᠠᠷ᠎ᠠ ᠶᠢᠨ 21 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠤᠷᠢᠳ ᠬᠤᠵᠢᠳ ᠱᠢ ᠲᠠᠢ ᠬᠤᠸᠠ ᠹᠦ᠋ ᠲᠥᠷᠥᠯ ᠵᠦᠢᠯ᠂ ᠬᠤᠸᠠ ᠵᠢᠶᠠᠨ ᠡᠮᠨᠡᠯᠭᠡ ᠶᠢᠨ ᠬᠤᠷᠢᠶ᠎ᠠ᠂ ᠲᠢᠶᠠᠨ ᠠᠨ ᠬᠡᠢ ᠨᠡᠮᠡᠬᠦ ᠥᠷᠲᠡᠭᠡ᠂ ᠪᠠᠯᠭᠤᠨᠠᠳᠤ ᠨᠡᠭᠦᠷᠡᠰᠦᠨ ᠠᠭᠤᠷᠬᠠᠢ ᠳᠤ ᠬᠦᠷᠴᠦ᠂ ᠠᠶᠤᠯᠭᠦᠢ ᠦᠢᠯᠡᠳᠪᠦᠷᠢᠯᠡᠯ ᠪᠣᠯᠣᠨ ᠴᠠᠯᠢᠩ ᠬᠦᠯᠦᠰᠤ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠢ ᠪᠠᠶᠢᠴᠠᠭᠠᠵᠤ᠂ ᠠᠮᠤᠷ ᠲᠦᠪᠰᠢᠨ ᠤ ᠭᠡᠮ ᠰᠣᠭᠤᠭ ᠢ ᠪᠠᠶᠢᠴᠠᠭᠠᠨ ᠴᠡᠭᠴᠡᠯᠡᠬᠦ᠂ ᠠᠰᠠᠭᠤᠳᠠᠯ ᠤᠨ ᠰᠦᠪᠡᠭᠴᠢ ᠶᠢ ᠬᠢᠨᠠᠨ ᠪᠠᠶᠢᠴᠠᠭᠠᠬᠤ ᠵᠡᠷᠭᠡ ᠬᠠᠮᠢᠶ᠎ᠠ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠬᠠᠮᠲᠤᠪᠠᠷ ᠰᠢᠢᠳᠪᠦᠷᠢᠯᠡᠬᠦ ᠲᠥᠰᠥᠯ ᠢ ᠰᠤᠳᠤᠯᠵᠤ᠂ ᠠᠶᠤᠯᠭᠦᠢ ᠦᠢᠯᠡᠳᠪᠦᠷᠢᠯᠡᠯ᠂ ᠴᠠᠯᠢᠩ ᠬᠦᠯᠦᠰᠤ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠵᠡᠷᠭᠡ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠪᠠ᠃ ᠳᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠪᠣᠯᠣᠨ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ  ᠬᠠᠷᠢᠭᠤᠴᠠᠯᠭᠠᠳᠠᠳ ᠤᠷᠤᠯᠴᠠᠪᠠ᠃      11 ᠰᠠᠷ᠎ᠠ ᠶᠢᠨ 22 ᠤᠨ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠬᠡᠬᠡᠯᠳᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠣᠨ ᠯᠧᠢ ᠲᠢᠶᠠᠨ ᠸᠧᠨ᠋ᠰᠲ᠋ᠣᠨ ᠡᠨᠧᠷᠭᠢ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠣᠷᠳᠣᠰ ᠤᠨ ᠯᠧᠢ ᠲᠢᠶᠠᠨ ᠬᠠᠮᠲᠤᠪᠠᠷ ᠡᠳ᠋ᠯᠡᠬᠦ ᠡᠨᠧᠷᠭᠢ ᠨᠦᠬᠡᠴᠡᠯᠡᠬᠦ ᠴᠠᠬᠢᠯᠭᠠᠨ ᠦᠷᠲᠡᠭᠡ ᠪᠣᠯᠣᠨ ᠤᠰᠤᠨ ᠳᠤ ᠠᠭᠤᠰᠬᠤ ᠯᠢᠲ᠋ᠢ ᠬᠦᠬᠦᠷ ᠤᠨ ᠬᠥᠳᠡᠯᠭᠡᠬᠦ ᠬᠦᠴᠦᠨ ᠤ ᠳ᠋ᠢᠶᠠᠨ ᡂᠢ ᠶᠢᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠳᠤᠭᠳᠠᠬᠤ ᠶᠣᠰᠣᠯᠠᠯ ᠳᠤ ᠣᠷᠣᠯᠴᠠᠬᠤ ᠶᠢᠨ ᠬᠠᠮᠲᠤ ᠶᠠᠷᠢᠶ᠎ᠠ ᠲᠠᠯᠪᠢᠪᠠ᠃ ᠯᠧᠢ ᠲᠢᠶᠠᠨ ᠸᠧᠨ᠋ᠰᠲ᠋ᠣᠨ ᠡᠨᠧᠷᠭᠢ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠲᠣᠪᠴᠢᠶ᠎ᠠ ᠶᠢᠨ ᠲᠡᠷᠢᠭᠦᠯᠡᠭᠴᠢ ᠴᠠᠩ ᠴᠢᠩ  ᠵᠦᠪᠳᠡᠯᠴᠡᠬᠡᠷ ᠳᠤᠭᠳᠠᠬᠤ ᠶᠣᠰᠣᠯᠠᠯ ᠳᠤ ᠣᠷᠣᠯᠴᠠᠵᠤ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠳᠠᠳ ᠶᠣᠰᠣᠯᠠᠯ ᠳᠤ ᠣᠷᠣᠯᠴᠠᠪᠠ᠃       11 ᠰᠠᠷ᠎ᠠ ᠶᠢᠨ 22 ᠤᠨ ᠡᠳᠦᠷ᠂ ᠳ᠋ᠦᠩᠱᠧᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠵᠢᠢ ᠫᠢᠩ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠠᠢᠮᠠᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ ᠶᠠᠷᠢᠶ᠎ᠠ ᠳᠠᠯᠪᠢᠪᠠ᠃      11 ᠰᠠᠷ᠎ᠠ ᠶᠢᠨ 23 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠲᠣᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ 76 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠪᠡ᠃       11 ᠰᠠᠷ᠎ᠠ ᠶᠢᠨ 23 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠦᠨᠡᠯᠡᠨ ᠵᠢᠱᠢᠬᠦ ᠮᠡᠳᠡᠬᠦᠯᠦᠯᠳᠡ ᠶᠢᠨ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ᠃ ᠬᠤᠲᠠ ᠶᠢᠨ ᠠᠵᠤ ᠠᠬᠤᠢ  ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠪᠣᠯᠣᠨ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠬᠠᠮᠳᠤ ᠪᠠᠷ ᠪᠠᠶᠢᠴᠠᠭᠠᠪᠠ᠃      11 ᠰᠠᠷ᠎ᠠ ᠶᠢᠨ 23 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠬᠤ︾ ᠲᠤᠰᠬᠠᠢ ᠰᠡᠳᠦᠪᠲᠦ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠵᠦ ᠶᠠᠷᠢᠶ᠎ᠠ ᠲᠠᠯᠪᠢᠪᠠ᠃       11 ᠰᠠᠷ᠎ᠠ ᠶᠢᠨ 23 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠰᠢ ᠶᠢᠨ ᠫᠢᠩ ᠶᠢᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠩᠬᠠᠳᠤᠭᠠᠷ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ ᠢ ᠡᠷᠭᠢᠯᠡᠬᠦ ᠶᠢᠨ ᠬᠠᠮᠲᠤ ᠶᠠᠷᠢᠶ᠎ᠠ ᠲᠠᠯᠪᠢᠪᠠ᠃       11 ᠰᠠᠷ᠎ᠠ ᠶᠢᠨ 28 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠶᠢᠨ ᠳᠡᠳ᠋ ᠳᠠᠷᠤᠭ᠎ᠠ ᠵᠧᠦ ᠭᠦᠸᠧ ᠯᠦᠩ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠮᠥᠩᠭᠦᠨ ᠭᠦᠢᠯᠭᠡᠭᠡᠨ ᠤ ᠲᠦᠷᠦ ᠶᠢᠨ ᠪᠣᠳᠣᠯᠭ᠎ᠠ ᠶᠢᠨ ᠬᠤᠪᠢᠷᠠᠯᠲᠠ᠂ ᠪᠣᠳᠠᠲᠠᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠬᠠᠮᠲᠤᠷᠠᠯᠴᠠᠭᠠᠨ ᠤ ᠬᠦᠷᠢᠶ᠎ᠡ ᠶᠢ ᠥᠷᠭᠡᠳᠬᠡᠬᠦ᠂ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠬᠤ ᠵᠡᠷᠭᠡ ᠲᠣᠭᠤᠷᠢᠨ ᠳᠤ ᠰᠠᠨᠠᠯ ᠢᠶᠠᠨ ᠭᠦᠨᠵᠡᠭᠡᠢ ᠰᠤᠯᠢᠯᠴᠠᠪᠠ᠃      11 ᠰᠠᠷ᠎ᠠ ᠶᠢᠨ 27 ᠤ ᠡᠳᠦᠷ ᠠᠴᠠ 28 ᠤ ᠡᠳᠦᠷ ᠪᠣᠯᠲᠠᠯ᠎ᠠ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠪᠡ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ ᠵᠢᠴᠢ ᠲᠣᠭᠤᠷᠢᠭ ᠤᠨ ᠲᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠠᠷ ᠣᠷᠣᠯᠴᠠᠪᠠ᠃       11 ᠰᠠᠷ᠎ᠠ ᠶᠢᠨ 30 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 18 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ