ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠵᠢᠷᠭᠤᠳᠤᠭᠠᠷ ᠤᠳᠠᠭᠠᠨ ᠤ ᠪᠥᠬᠦᠳᠡ ᠬᠤᠷᠠᠯ ᠵᠢᠴᠢ ᠪᠥᠬᠦ ᠲᠤᠭᠤᠷᠢᠭ ᠤᠨ ᠠᠵᠤ ᠠᠬᠤᠶ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/9
     1 ᠰᠠᠷ᠎ᠠ ᠶᠢᠨ 9 ᠤ ᠡᠳᠤᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠳᠤᠰ ᠬᠤᠳᠠ ᠶᠢᠨ ᠳ᠋ᠦᠩᠱᠧᠩ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠵᠢᠷᠭᠤᠳᠤᠭᠠᠷ ᠪᠦᠬᠦᠳᠡ ᠬᠤᠷᠠᠯ ᠵᠢᠴᠢ ᠪᠦᠬᠦ ᠲᠤᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠬᠤᠷᠠᠯᠳᠤᠪᠠ᠃
01.jpg
     ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠠᠩᠬᠠᠳᠤᠭᠠᠷ ᠤᠳᠠᠭᠠᠨ ᠤ ᠪᠥᠬᠦᠳᠡ ᠬᠤᠷᠠᠯ ᠢ ᠡᠷᠭᠢᠯᠡᠵᠦ᠂ ᠲᠣᠭᠤᠷᠢᠭ ᠤᠨ ᠨᠠᠮ ᠤᠨ ᠬᠤᠷᠢᠶ᠎ᠠ  ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠠᠵᠢᠯ ᠤᠨ ᠮᠡᠳᠡᠭᠦᠯᠦᠯᠲᠡ ᠬᠢᠭᠰᠡᠨ ᠪᠥᠭᠡᠳ ︽ᠳ᠋ᠦᠩᠱᠧᠩ ᠲᠣᠭᠤᠷᠢᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠱᠤᠭᠤᠮ ᠢ ᠪᠥᠬᠦ ᠲᠠᠯ᠎ᠠ ᠪᠠᠷ ᠲᠤᠤᠱᠯᠠᠭᠤᠯᠬᠤ ᠬᠡᠷᠡᠭᠵᠢᠭᠦᠯᠬᠦ ᠲᠥᠰᠦᠯ︾ ᠢ ᠲᠤᠭᠤᠷᠪᠢᠭᠰᠠᠨ ᠪᠠᠶᠢᠳᠠᠯ ᠤᠨ ᠲᠤᠬᠠᠢ ᠪᠦᠭᠦᠳᠡ ᠬᠤᠷᠠᠯ ᠳᠤ ᠲᠣᠳᠣᠷᠬᠠᠶᠢᠯᠠᠯᠲᠠ ᠬᠢᠪᠡ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠶᠠᠷᠢᠶ᠎ᠠ ᠲᠠᠯᠪᠢᠪᠠ᠃
02.jpg
03.jpg
     ᠡᠨᠡ ᠤᠳᠠᠭᠠᠨ ᠤ ᠬᠤᠷᠠᠯ ᠤᠨ ᠭᠤᠣᠯ ᠡᠭᠦᠷᠭᠡ ᠪᠤᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠬᠤᠷᠢᠳᠤᠭᠠᠷ ᠬᠤᠭᠤᠴᠠᠭᠠᠨ ᠤ ᠳᠦᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠦᠭᠬᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠤᠳᠠᠭᠠᠨ ᠤ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠬᠤᠳᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠤᠳᠠᠭᠠᠨ ᠤ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠳ᠋ᠦᠩᠱᠧᠩ ᠲᠣᠭᠤᠷᠢᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠱᠤᠭᠤᠮ ᠢ ᠪᠥᠬᠦ ᠲᠠᠯ᠎ᠠ ᠪᠠᠷ ᠲᠤᠤᠱᠯᠠᠭᠤᠯᠬᠤ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ᠂ 2023 ᠣᠨ ᠤ ᠠᠵᠢᠯ ᠢ ᠳ᠋ᠦᠩᠨᠡᠨ᠂ 2024 ᠣᠨ ᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ