ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠳᠤᠭᠤᠷᠪᠢᠬᠤ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠲᠤᠰᠬᠠᠢ ᠰᠡᠳᠦᠪ ᠢᠶᠠᠷ ᠰᠤᠳᠤᠯᠪᠠ
ᠨᠡᠶᠢᠲᠡᠯᠡᠭᠰᠡᠨ ᠴᠠᠭ᠄
2024/10/12
      10 ᠰᠠᠷ᠎ᠠ ᠶᠢᠨ 11 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠱᠠᠩᠬᠠᠢ ᠶᠢᠨ ᠲᠦᠩ ᠵᠢᠢ ᠬᠤᠲᠠ ᠶᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠳ᠋ᠦᠩᠱᠧᠩ ᠲᠣᠭᠤᠷᠢᠭ ᠤᠨ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠤᠰᠬᠠᠢ ᠲᠥᠯᠦᠪᠵᠢᠭᠦᠯᠭᠡ ᠶᠢ ᠨᠠᠶᠢᠷᠠᠭᠤᠯᠤᠨ ᠳᠤᠭᠤᠷᠪᠢᠬᠤ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠷᠭ᠎ᠠ ᠪᠣᠳᠣᠯᠭ᠎ᠠ ᠶᠢᠨ ᠰᠤᠳᠤᠯᠭᠠᠨ ᠤ ᠬᠤᠯᠪᠣᠭᠳᠠᠯ ᠪᠦᠬᠦᠢ ᠪᠠᠶᠢᠳᠠᠯ ᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃       ᠬᠤᠷᠠᠯ ᠠᠴᠠ᠂ ᠦᠢᠯᠡᠴᠢᠯᠡᠭᠡᠨ ᠤ ᠦᠢᠯᠡᠰ ᠪᠣᠯ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠲᠦᠪᠰᠢᠨ ᠢ ᠬᠡᠮᠵᠢᠬᠦ ᠴᠢᠬᠤᠯᠠ ᠪᠡᠯᠭᠡ ᠲᠡᠮᠳᠡᠭ ᠪᠠ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠲᠦ ᠬᠥᠳᠡᠯᠭᠡᠭᠦᠷ ᠮᠥᠨ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠤᠰᠬᠠᠢ ᠲᠥᠯᠦᠪᠵᠢᠭᠦᠯᠭᠡ ᠶᠢ ᠨᠠᠶᠢᠷᠠᠭᠤᠯᠤᠨ ᠳᠤᠭᠤᠷᠪᠢᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠨᠠᠶᠢᠷᠠᠭᠤᠯᠤᠨ ᠳᠤᠭᠤᠷᠪᠢᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠦᠨᠡᠨᠬᠦ ᠥᠨᠳᠥᠷ ᠬᠢᠷᠢ ᠲᠦᠪᠰᠢᠨ ᠪᠦᠬᠦᠢ ᠲᠥᠯᠦᠪᠵᠢᠭᠦᠯᠭᠡ ᠪᠠᠷ ᠪᠥᠬᠦ ᠳᠤᠭᠤᠷᠢᠭ ᠤᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠬᠡᠷᠡᠭᠲᠡᠢ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠨᠳᠤᠰᠤ ᠰᠠᠭᠤᠷᠢ ᠠᠴᠠ ᠡᠬᠦᠰᠤᠨ᠂ ᠪᠤᠳᠠᠳᠤ ᠪᠠᠶᠢᠳᠠᠯ ᠢ ᠲᠣᠳᠣᠷᠬᠠᠢ ᠣᠶᠢᠯᠠᠭᠠᠵᠤ᠂ ᠳᠤᠲᠠᠭᠤᠳᠠᠯ ᠢᠶᠠᠨ ᠣᠨᠣᠪᠴᠢᠲᠠᠢ ᠡᠷᠢᠨ᠂ ᠳᠠᠪᠠᠭᠤᠯᠢᠭ ᠲᠠᠯ᠎ᠠ ᠪᠠᠨ ᠪᠠᠳᠠᠷᠠᠭᠤᠯᠤᠨ ᠳᠤᠲᠠᠭᠳᠠᠯ ᠢᠶᠠᠨ ᠲᠡᠪᠴᠢᠵᠦ᠂ ᠲᠦᠷᠦ ᠶᠢᠨ ᠪᠣᠳᠣᠯᠭ᠎ᠠ ᠶᠢ ᠨᠡᠪᠲᠡᠷᠬᠡᠢ ᠣᠶᠢᠯᠠᠭᠠᠵᠤ᠂ ᠠᠷᠭ᠎ᠠ ᠪᠣᠳᠣᠯᠭ᠎ᠠ ᠶᠢ ᠲᠣᠪᠤᠶᠢᠯᠭᠠᠨ᠂ ᠲᠥᠯᠦᠪᠵᠢᠭᠦᠯᠭᠡ ᠶᠢᠨ ᠰᠢᠨᠵᠢᠯᠡᠬᠦ ᠤᠬᠠᠭᠠᠨᠴᠢ ᠴᠢᠨᠠᠷ᠂ ᠬᠠᠨᠳᠤᠯᠭᠠᠲᠤ ᠴᠢᠨᠠᠷ ᠪᠠ ᠬᠡᠷᠡᠭᠵᠢᠬᠦᠯᠬᠦᠶᠢᠴᠡ ᠴᠢᠨᠠᠷ ᠢ ᠪᠠᠲᠤᠯᠠᠬᠤ ᠬᠡᠷᠡᠭᠲᠡᠢ᠃ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠣᠯᠵᠤ᠂ ᠲᠤᠰᠬᠠᠢ ᠲᠥᠯᠦᠪᠵᠢᠭᠦᠯᠭᠡ ᠶᠢ ᠨᠠᠶᠢᠷᠠᠭᠤᠯᠤᠨ ᠳᠤᠭᠤᠷᠪᠢᠬᠤ ᠭᠤᠣᠯᠳᠠᠯᠭ᠎ᠠ ᠲᠠᠢ ᠬᠦᠷᠢᠶ᠎ᠡ ᠶᠢ ᠰᠢᠨᠵᠢᠯᠡᠬᠦ ᠤᠬᠠᠭᠠᠨᠴᠢ ᠪᠠᠷ ᠡᠵᠡᠮᠳᠡᠨ᠂ ᠪᠠᠶᠢᠭ᠎ᠠ ᠣᠷᠣᠨ ᠪᠦᠰᠡ᠂ ᠠᠵᠤ ᠠᠬᠤᠢ ᠶᠢᠨ ᠪᠦᠰᠡ᠂ ᠬᠤᠳᠠ ᠶᠢᠨ ᠬᠡᠪᠴᠢᠶ᠎ᠡ᠂ ᠵᠠᠮ ᠬᠠᠷᠢᠯᠴᠠᠭᠠᠨ ᠤ ᠱᠤᠭᠤᠮ᠂ ᠡᠳ᠋ ᠪᠠᠷᠠᠭᠠᠨ ᠤ ᠭᠦᠢᠯᠭᠡᠭᠡᠨ ᠤ ᠰᠦᠯᠵᠢᠶ᠎ᠡ ᠶᠢᠨ ᠪᠠᠶᠢᠷᠢ ᠲᠣᠭᠲᠠᠭᠠᠯᠲᠠ ᠶᠢ ᠶᠡᠷᠦᠩᠬᠡᠶᠢᠯᠡᠨ ᠬᠢᠨᠠᠨ ᠦᠵᠡᠵᠦ᠂ ᠡᠳ᠋ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ᠂ ᠬᠡᠷᠡᠭᠯᠡᠭᠡ ᠲᠥᠪᠯᠡᠷᠡᠭᠰᠡᠨ ᠭᠠᠵᠠᠷ᠂ ᠰᠣᠶᠣᠯ ᠵᠤᠭᠠᠴᠠᠯ ᠤᠨ ᠲᠥᠪᠯᠡᠷᠡᠭᠦᠯᠦᠨ ᠲᠠᠷᠬᠠᠭᠠᠬᠤ ᠭᠠᠵᠠᠷ᠂ ᠡᠷᠡᠬᠦᠯᠵᠢᠯ ᠰᠤᠪᠢᠯᠠᠯᠳᠠ ᠶᠢᠨ ᠭᠠᠵᠠᠷ ᠢ ᠪᠦᠳᠦᠬᠡᠨ ᠪᠠᠶᠢᠭᠤᠯᠬᠤ ᠵᠡᠷᠬᠡ ᠲᠠᠯ᠎ᠠ ᠪᠠᠷ ᠨᠥᠯᠥᠭᠡᠯᠡᠬᠦ ᠬᠦᠴᠦᠨ ᠲᠠᠢ ᠬᠥᠲᠥᠯᠥᠨ ᠳᠠᠭᠠᠭᠤᠯᠬᠤ ᠬᠦᠴᠦᠨ ᠲᠠᠢ ᠣᠷᠣᠨ ᠪᠦᠰᠡ ᠶᠢᠨ ᠲᠦᠷᠦᠯ ᠲᠡᠮᠳᠡᠭ ᠢ ᠢᠳᠡᠪᠬᠢᠲᠡᠢ ᠪᠣᠶᠢᠵᠢᠭᠤᠯᠬᠤ ᠬᠡᠷᠡᠭᠲᠡᠢ᠃ ᠪᠦᠲᠦᠮᠵᠢᠲᠡᠶ ᠵᠣᠯᠭᠠᠭᠤᠯᠤᠨ ᠪᠣᠳᠠᠲᠠᠶᠢᠵᠢᠭᠤᠯᠵᠤ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠤᠰᠬᠠᠢ ᠲᠥᠯᠦᠪᠵᠢᠭᠦᠯᠭᠡ ᠶᠢ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ᠂ ᠰᠠᠭᠤᠷᠢ ᠲᠦᠬᠦᠬᠡᠷᠦᠮᠵᠢ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ᠂ ᠭᠤᠷᠪᠠᠨ ᠠᠵᠤ ᠦᠢᠯᠡᠰ ᠤᠨ ᠬᠥᠭᠵᠢᠯᠲᠡ ᠯᠦᠭᠡ ᠣᠷᠭᠠᠨᠢᠭ ᠢᠶᠠᠷ ᠵᠣᠯᠭᠠᠭᠤᠯᠬᠤ ᠶᠢ ᠰᠠᠶᠢᠲᠤᠷ ᠨᠢᠭᠡᠳᠦᠯᠲᠡᠢ ᠲᠥᠯᠥᠪᠯᠡᠨ᠂ ᠲᠤᠰᠬᠠᠢ  ᠲᠥᠯᠦᠪᠵᠢᠭᠦᠯᠭᠡ ᠶᠢᠨ ᠵᠣᠬᠢᠴᠠᠬᠤ ᠴᠢᠨᠠᠷ᠂ ᠠᠵᠢᠯᠯᠠᠭᠠᠨ ᠤ ᠴᠢᠨᠠᠷ ᠪᠠ ᠪᠠᠷᠠᠭᠠᠯᠠᠯᠳᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠣᠨᠴᠠᠯᠢᠭ ᠢᠶᠠᠨ ᠳᠤᠪᠤᠶᠢᠯᠭᠠᠨ᠂ ᠪᠠᠶᠢᠴᠠᠭᠠᠨ ᠰᠤᠳᠤᠯᠤᠯᠲᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠠᠵᠤ ᠦᠢᠯᠡᠰ ᠢ ᠪᠣᠶᠢᠵᠢᠭᠤᠯᠬᠤ᠂ ᠠᠬᠤᠢ ᠲᠠᠯᠠᠪᠠᠢ ᠶᠢ ᠪᠤᠢ ᠪᠣᠯᠭᠠᠬᠤ᠂ ᠲᠦᠷᠦᠯ ᠵᠦᠢᠯ ᠢ ᠲᠥᠯᠥᠪᠯᠡᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠯ᠎ᠠ ᠪᠠᠷ ᠭᠤᠣᠯᠳᠠᠯᠭ᠎ᠠ ᠲᠠᠢ ᠪᠠᠷ ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠭᠦᠨᠵᠡᠭᠡᠢ ᠪᠥᠭᠡᠳ ᠪᠣᠳᠠᠲᠠᠢ ᠪᠠᠷ ᠪᠣᠳᠣᠯᠬᠢᠯᠠᠵᠤ᠂ ᠢᠷᠡᠭᠡᠳᠦᠢ ᠶᠢᠨ ᠠᠵᠤ ᠦᠢᠯᠡᠰ ᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠤᠨ᠂ ᠰᠢᠨ᠎ᠡ ᠠᠵᠤ ᠦᠢᠯᠡᠰ ᠰᠢᠨ᠎ᠡ ᠦᠷᠢᠰᠦᠯᠳᠦᠬᠡᠨ ᠤ ᠵᠠᠮ ᠢ ᠬᠦᠴᠦᠯᠡᠨ ᠪᠣᠶᠢᠵᠢᠭᠤᠯᠵᠤ᠂ ᠪᠣᠳᠠᠲᠤ ᠴᠣᠭᠴᠠ ᠶᠢᠨ ᠠᠵᠤ ᠠᠬᠤᠢ ᠶᠢᠨ ᠲᠤᠯᠭᠠᠭᠤᠷᠢᠯᠠᠬᠤ ᠬᠦᠴᠦᠨ ᠢ ᠳᠡᠬᠡᠭᠰᠢᠯᠡᠬᠦᠯᠦᠨ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠪᠴᠢᠯᠡᠨ ᠬᠥᠭᠵᠢᠭᠦᠯᠬᠦ ᠬᠡᠷᠡᠭᠲᠡᠢ᠃ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠵᠦ ᠬᠤᠳᠠᠯᠳᠤᠭᠠᠴᠢᠨ ᠤᠷᠢᠬᠤ ᠶᠢ ᠴᠢᠩᠭᠠᠳᠬᠠᠨ᠂ ᠬᠤᠳᠠᠯᠳᠤᠭᠠᠴᠢᠨ ᠤᠷᠢᠬᠤ ᠠᠷᠭ᠎ᠠ ᠬᠡᠮᠵᠢᠶ᠎ᠡ ᠶᠢ  ᠴᠢᠩᠭᠠᠳᠬᠠᠵᠤ᠂ ᠠᠷᠭ᠎ᠠ ᠵᠠᠮ ᠢ ᠦᠷᠬᠡᠳᠬᠡᠨ᠂  ᠠᠷᠭ᠎ᠠ ᠬᠡᠯᠪᠡᠷᠢ ᠶᠢ ᠰᠢᠨᠡᠴᠢᠯᠡᠵᠦ᠂ ᠪᠣᠳᠠᠲᠤ ᠦᠷ᠎ᠡ ᠪᠦᠲᠦᠮᠵᠢ ᠶᠢ ᠦᠷᠬᠡᠳᠬᠡᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠢ ᠨᠠᠶᠢᠳᠠᠪᠤᠷᠢᠵᠢᠭᠤᠯᠤᠨ ᠤᠷᠤᠨᠵᠢᠭᠤᠯᠵᠤ ᠦᠷ᠎ᠡ ᠪᠦᠲᠦᠮᠵᠢ ᠣᠯᠬᠤ ᠶᠢ ᠦᠷᠭᠦᠯᠵᠢᠯᠡᠨ ᠠᠬᠢᠭᠤᠯᠵᠤ᠂ ᠴᠢᠨᠠᠷ ᠰᠠᠶᠢᠲᠠᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠᠷ ᠴᠢᠨᠠᠷ ᠰᠠᠶᠢᠲᠠᠢ ᠬᠥᠭᠵᠢᠯᠲᠡ ᠳᠤ ᠡᠨᠧᠷᠬᠢ ᠬᠦᠴᠦᠨ ᠢ ᠬᠤᠷᠠᠮᠳᠤᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠳᠤᠭᠤᠷᠢᠭ ᠤᠨ ᠤᠳᠤᠷᠢᠳᠤᠯᠭ᠎ᠠ ᠬᠠᠢ ᠰᠢᠶᠠ᠂ ᠶᠠᠩ ᠶᠦᠨ᠂ ᠰᠢᠤᠸᠠᠢ ᠶᠠᠩ᠂ ᠸᠠᠩ ᠬᠤᠶ ᠴᠦᠨ᠂ ᠸᠠᠩ ᠱᠧᠩ ᠷᠦᠩ ᠵᠢᠴᠢ ᠳᠤᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠤᠷᠤᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ