ᠬᠠᠨ ᠲᠤᠸ ᠪᠤᠷᠵᠠᠩᠨᠠᠭᠤᠷ ᠪᠠᠯᠭᠠᠰᠤ᠂ ᠲᠦᠩᠴᠤᠸᠠᠨ ᠪᠠᠯᠭᠠᠰᠤᠨ ᠳᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠬᠠᠮᠢᠶᠠᠷᠤᠯᠲᠠ ᠶᠢᠨ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2024/10/15
    10 ᠰᠠᠷ᠎ᠠ ᠶᠢᠨ 14  ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠪᠤᠷᠵᠠᠩᠨᠠᠭᠤᠷ ᠪᠠᠯᠭᠠᠰᠤ᠂ ᠲᠦᠩᠴᠤᠸᠠᠨ ᠪᠠᠯᠭᠠᠰᠤᠨ ᠳᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠬᠠᠮᠢᠶᠠᠷᠤᠯᠲᠠ ᠶᠢᠨ ᠠᠵᠢᠯ ᠢ ᠬᠢᠨᠠᠨ ᠵᠢᠯᠤᠭᠤᠳᠴᠤ ᠪᠠᠶᠢᠴᠠᠭᠠᠵᠠᠢ᠃      ᠬᠠᠨ ᠲᠤᠤ ᠤᠷᠢᠳ ᠬᠤᠵᠢᠳ ᠪᠤᠷᠵᠠᠩᠨᠠᠭᠤᠷ ᠪᠠᠯᠭᠠᠰᠤ ᠶᠢᠨ ᠴᠧᠩ ᠯᠢᠶᠠᠩ ᠲᠤᠰᠬᠤᠨ ᠳᠠᠬᠢ ᠬᠠᠭᠤᠴᠢᠨ ᠬᠤᠳᠠ ᠶᠢᠨ ᠪᠠᠭᠤᠷᠢ᠂ ᠯᠤᠸᠠᠨ ᠭᠧ ᠳ᠋ᠠᠨ ᠯᠢᠶᠠᠩ ᠰᠢᠯᠢ ᠶᠢᠨ ᠤᠩᠭᠤᠨ ᠤ ᠪᠠᠭᠤᠷᠢ᠂ ᠪᠠᠶ᠋ᠬᠠᠤᠪᠤᠭ᠎ᠠ ᠶᠢᠨ ᠬᠠᠭᠤᠴᠢᠨ ᠪᠠᠭᠤᠷᠢ᠂ ᠴᠢᠨ ᠤ ᠠᠰᠬᠠᠨ ᠵᠠᠮ ᠤᠨ ᠪᠠᠭᠤᠷᠢ ᠶᠢᠨ ᠮᠦᠽᠧᠢ ᠪᠣᠯᠣᠨ ᠲᠦᠩᠴᠤᠸᠠᠨ ᠪᠠᠯᠭᠠᠰᠤ ᠶᠢᠨ ᠠᠭᠤᠢ ᠶᠢᠨ ᠰᠢᠯᠢ ᠶᠢᠨ ᠴᠢᠯᠠᠭᠤᠨ ᠠᠭᠤᠢ᠂ ᠪᠠᠶᠢᠯᠳᠤᠭᠠᠨᠲᠤ ᠤᠯᠤᠰ ᠴᠢᠨ  ᠤ ᠦᠶ᠎ᠠ ᠶᠢᠨ ᠤᠷᠳᠤ ᠴᠠᠭᠠᠨ ᠬᠡᠷᠡᠮ ᠵᠡᠷᠭᠡ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠪᠠᠷ ᠬᠦᠷᠴᠦ ᠡᠷᠲᠡᠨ ᠤ ᠦᠯᠡᠳᠡᠭᠳᠡᠯ ᠤᠨ ᠬᠠᠮᠠᠭᠠᠯᠠᠯᠲᠠ ᠶᠢᠨ ᠣᠳᠣᠬᠢ ᠪᠠᠶᠢᠳᠠᠯ ᠢ ᠪᠠᠶᠢᠴᠠᠭᠠᠨ ᠦᠵᠡᠵᠦ᠂ ᠲᠡᠮᠳᠡᠭ ᠲᠤᠬᠢᠷᠠᠭᠤᠯᠬᠤ᠂ ᠲᠣᠭᠤᠷᠢᠨ ᠬᠠᠮᠠᠭᠠᠯᠠᠵᠤ ᠬᠢᠨᠠᠨ ᠬᠠᠮᠢᠶᠠᠷᠬᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠲᠦᠬᠦᠬᠡᠷᠦᠮᠵᠢ ᠶᠢᠨ ᠠᠵᠢᠯᠯᠠᠭᠠᠨ ᠵᠡᠷᠭᠡ ᠬᠤᠯᠪᠣᠭᠳᠠᠯ ᠪᠦᠬᠦᠢ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠪᠥᠬᠦ ᠲᠤᠭᠤᠷᠢᠭ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠬᠠᠮᠢᠶᠠᠷᠤᠯᠲᠠ ᠶᠢᠨ ᠪᠦᠬᠦᠯᠢ ᠴᠣᠭᠴᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠠᠵᠢᠯ ᠢ ᠠᠬᠤᠢ ᠲᠠᠯᠠᠪᠠᠢ ᠳᠤ ᠰᠤᠳᠤᠯᠤᠨ ᠪᠠᠶᠢᠷᠢᠯᠠᠭᠤᠯᠵᠠᠢ᠃      ᠬᠠᠨ ᠲᠤᠤ᠂ ᠰᠢ ᠶᠢᠨ ᠫᠢᠩ ᠶᠡᠷᠦᠩᠬᠡᠢ ᠱᠦᠵᠢ ᠶᠢᠨ ᠲᠡᠦᠬᠡ ᠶᠢᠨ ᠳᠤᠷᠠᠰᠬᠠᠯᠲᠤ ᠵᠤᠶᠢᠯᠡᠰ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠡᠦᠬᠡ ᠶᠢᠨ ᠳᠤᠷᠠᠰᠬᠠᠯᠲᠤ ᠵᠤᠶᠢᠯᠡᠰ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠨᠠᠭᠰᠢᠳᠠ ᠴᠢᠩᠭᠠᠳᠬᠠᠨ᠂ ᠲᠡᠦᠬᠡ ᠶᠢᠨ ᠳᠤᠷᠠᠰᠬᠠᠯᠲᠤ ᠵᠤᠶᠢᠯᠡᠰ ᠢ ᠬᠠᠮᠠᠭᠠᠯᠠᠬᠤ ︽ᠳᠥᠷᠪᠡ ᠶᠢ ᠪᠦᠷᠢᠳᠦᠭᠦᠯᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠮᠠᠭᠠᠯᠠᠯᠲᠠ ᠶᠢᠨ ᠬᠡᠪᠴᠢᠶ᠎ᠡ ᠶᠢ ᠤᠨᠢᠨ ᠳᠡᠭᠡᠷ᠎ᠡ ᠨᠢ ᠲᠣᠭᠲᠠᠭᠠᠵᠤ᠂ ᠵᠠᠭᠠᠭ ᠱᠤᠭᠤᠮ ᠪᠠᠶᠢᠷᠢᠰᠢᠯ ᠢ ᠬᠠᠤᠯᠢ ᠶᠣᠰᠣᠭᠠᠷ ᠵᠢᠷᠤᠮᠵᠢᠭᠤᠯᠤᠨ᠂ ᠲᠡᠦᠬᠡ ᠶᠢᠨ ᠳᠤᠷᠠᠰᠬᠠᠯᠲᠤ ᠵᠤᠶᠢᠯᠡᠰ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ᠬᠠᠷᠢᠶ᠎ᠠ ᠭᠠᠵᠠᠷ ᠣᠷᠣᠨ᠂ ᠰᠠᠯᠠᠭ᠎ᠠ ᠮᠥᠴᠢᠷ᠂ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠵᠤ᠂ ᠡᠳᠦᠷ ᠲᠤᠳᠤᠮ ᠤᠨ ᠬᠠᠮᠢᠶᠠᠷᠴᠤ ᠬᠠᠮᠠᠭᠠᠯᠠᠬᠤ ᠳᠦᠷᠢᠮ ᠢ ᠪᠦᠷᠢᠨᠰᠢᠬᠦᠯᠦᠨ᠂ ᠬᠥᠮᠥᠨ ᠢᠶᠠᠷ ᠰᠡᠷᠭᠡᠶᠢᠯᠡᠬᠦ ᠪᠣᠳᠠᠰ ᠢᠶᠠᠷ ᠰᠡᠷᠭᠡᠶᠢᠯᠡᠬᠦ ᠮᠡᠷᠭᠡᠵᠢᠯ ᠢᠶᠠᠷ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠡᠳᠦᠷ ᠲᠤᠳᠤᠮ ᠤᠨ ᠬᠢᠨᠠᠨ ᠬᠡᠮᠵᠢᠬᠦ᠂ ᠲᠣᠭᠤᠷᠢᠨ ᠪᠠᠶᠢᠴᠠᠭᠠᠬᠤ ᠪᠠ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠤᠨ ᠡᠷᠴᠢᠮ ᠢ ᠴᠢᠩᠭᠠᠷᠠᠭᠤᠯᠵᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠴᠢᠩᠭᠠᠳᠬᠠᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠲᠤ ᠪᠠᠬᠢ ᠪᠠᠶᠢᠭᠤᠯᠬᠤ ᠬᠡᠷᠡᠭᠲᠡᠢ᠃ ᠳᠥᠷᠪᠡᠳᠦᠭᠡᠷ ᠤᠳᠠᠭ᠎ᠠ ᠶᠢᠨ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠡᠦᠬᠡ ᠶᠢᠨ ᠳᠤᠷᠠᠰᠬᠠᠯᠲᠤ ᠵᠦᠢᠯᠡᠰ ᠲᠤ ᠠᠭᠤᠯᠤᠭᠳᠠᠵᠤ ᠪᠠᠶᠢᠭ᠎ᠠ ᠰᠣᠶᠣᠯ ᠤᠨ ᠭᠧᠨ᠂ ᠰᠣᠶᠣᠯ ᠢᠷᠭᠡᠨᠰᠢᠯ ᠤᠨ ᠤᠶᠤᠨ ᠤᠬᠠᠭᠠᠨ᠂ ᠡᠯᠪᠡᠭ ᠪᠠᠶᠠᠯᠢᠭ ᠠᠭᠤᠯᠤᠭᠳᠠᠬᠤᠨ ᠪᠠ ᠴᠠᠭ ᠦᠶ᠎ᠡ ᠶᠢᠨ ᠦᠨ᠎ᠡ ᠦᠷᠳᠡᠭ ᠢ ᠦᠷᠭᠦᠯᠵᠢᠯᠡᠨ ᠭᠦᠨᠵᠡᠭᠡᠢ ᠠᠭᠤᠳᠠᠯᠵᠤ᠂ ᠡᠯ᠎ᠡ ᠲᠦᠷᠦᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠰᠠᠶᠢᠲᠤᠷ ᠬᠠᠮᠠᠭᠠᠯᠠᠵᠤ ᠰᠠᠶᠢᠲᠤᠷ ᠬᠠᠮᠢᠶᠠᠷᠴᠤ ᠰᠠᠶᠢᠲᠤᠷ ᠠᠰᠢᠭᠯᠠᠬᠤ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠬᠠᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠪᠦᠬᠦ ᠨᠡᠶᠢᠭᠡᠮ ᠢᠶᠠᠷ ᠢᠶᠠᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠲᠤᠪᠠᠷ ᠠᠩᠬᠠᠷᠴᠦ᠂ ᠬᠠᠮᠲᠤᠪᠠᠷ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ ᠬᠡᠵᠡᠢ᠃     ᠲᠣᠭᠤᠷᠢᠭ ᠤᠨ ᠤᠳᠤᠷᠢᠳᠤᠯᠭ᠎ᠠ ᠯᠢᠦᠢ ᠨᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠣᠷᠣᠯᠴᠠᠪᠠ᠃  
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ