ᠳ᠋ᠦᠩᠱᠧᠩ ᠲᠣᠭᠤᠷᠢᠭ ᠤᠨ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ ᠶᠢᠨ ᠶᠡᠷᠦᠩᠬᠡᠢ ᠬᠡᠮᠵᠢᠶ᠎ᠡ ᠪᠠ ᠨᠡᠮᠡᠭᠳᠡᠯ ᠤᠨ ᠬᠤᠷᠳᠤᠴᠠ ᠨᠢ ᠴᠥᠮ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠪᠠ
ᠨᠡᠶᠢᠲᠡᠯᠡᠭᠰᠡᠨ ᠴᠠᠭ᠄
2024/10/21
    2024 ᠣᠨ ᠤ ᠭᠤᠷᠪᠠᠳᠤᠭᠠᠷ ᠤᠯᠠᠷᠢᠯ ᠤᠨ ᠳ᠋ᠦᠩᠱᠧᠩ ᠲᠣᠭᠤᠷᠢᠭ ᠤᠨ ᠪᠦᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 44338 ᠲᠥᠭᠦᠷᠢᠭ ᠲᠤ ᠬᠦᠷᠴᠦ᠂ ᠶᠡᠷᠦᠩᠬᠡᠢ ᠬᠡᠮᠵᠢᠶ᠎ᠡ ᠨᠢ ᠪᠦᠬᠦ ᠬᠤᠳᠠ ᠶᠢᠨ ᠳᠤᠮᠳᠠᠴᠢ ᠬᠢᠷᠢ ᠲᠦᠪᠰᠢᠨ ᠠᠴᠠ ᠲᠦᠷᠪᠡᠨ ᠮᠢᠩᠭ᠎ᠠ ᠭᠠᠷᠤᠢ ᠲᠥᠭᠦᠷᠢᠭ ᠥᠨᠳᠥᠷ ᠪᠤᠯᠵᠤ᠂ ᠶᠡᠷᠦᠩᠬᠡᠢ ᠬᠡᠮᠵᠢᠶ᠎ᠡ ᠨᠢ ᠪᠦᠬᠦ ᠬᠤᠳᠠ ᠳᠤ ᠬᠤᠶᠠᠳᠤᠭᠠᠷ ᠲᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠦᠬᠦ ᠬᠤᠳᠠ ᠳᠤ ᠬᠤᠶᠠᠳᠤᠭᠠᠷ ᠲᠤ ᠣᠷᠣᠪᠠ᠃     ᠭᠤᠷᠪᠠᠳᠤᠭᠠᠷ ᠤᠯᠠᠷᠢᠯ ᠳᠤ ᠳ᠋ᠦᠩᠱᠧᠩ ᠲᠣᠭᠤᠷᠢᠭ ᠤᠨ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 47512 ᠲᠥᠭᠦᠷᠢᠭ ᠲᠤ ᠬᠦᠷᠴᠦ᠂ ᠶᠡᠷᠦᠩᠬᠡᠶ ᠬᠡᠮᠵᠢᠶ᠎ᠡ ᠨᠢ ᠪᠥᠬᠦ ᠬᠤᠲᠠ ᠳᠤ ᠬᠤᠶᠠᠳᠤᠭᠠᠷ ᠲᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 5.7% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠨᠢᠭᠡᠳᠦᠭᠡᠷ ᠲᠤ ᠣᠷᠣᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ