ᠳ᠋ᠦᠩᠱᠧᠩ ᠲᠤᠭᠤᠷᠢᠭ ᠰᠠᠶᠢᠨ ᠳᠤᠷ᠎ᠠ ᠶᠢᠨ ᠤᠶᠢᠯᠡᠴᠢᠯᠡᠭᠡ ᠶᠢ ᠪᠦᠷᠢᠨᠰᠢᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2024/10/24
     ᠳ᠋ᠦᠩᠱᠧᠩ ᠲᠤᠭᠤᠷᠢᠭ ᠤᠨ ᠬᠤᠶᠢᠳᠤ ᠡᠬᠦᠳᠡ ᠶᠢᠨ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠤᠭᠤᠷᠢᠭ ᠤᠨ ︽ᠳᠤᠯᠠᠭᠠᠨ ᠬᠤᠳᠠ ᠶᠢᠨ ᠤᠷᠳᠤᠰ ᠦᠷᠳᠡᠬᠡᠨ︾ ᠳᠤ᠂ ᠳᠦᠷᠭᠡᠨ ᠤ ᠪᠠᠷᠠᠭ᠎ᠠ ᠬᠦᠷᠭᠡᠭᠴᠢᠳ ᠬᠠᠯᠠᠭᠤᠨ ᠤᠰᠤ ᠤᠭᠤᠴᠢᠯᠠᠵᠤ ᠬᠦᠯ ᠠᠮᠤᠰᠬᠢᠨ᠎ᠠ᠃ ᠳ᠋ᠦᠩᠱᠧᠩ ᠤᠨ ᠵᠡᠭᠡᠯᠢ ᠭᠤᠳᠤᠮᠵᠢ ᠶᠢᠨ ᠡᠯ᠎ᠡ ᠦᠨᠴᠦᠭ ᠪᠤᠯᠤᠩ ᠢᠶᠠᠷ ︽ᠲᠤᠯᠠᠭᠠᠨ ᠬᠤᠳᠠ ᠶᠢᠨ ᠤᠷᠳᠤᠰ ᠦᠷᠳᠡᠬᠡᠨ︾ ᠨᠢᠭᠡᠨᠳᠡ ᠳᠦᠭᠡᠵᠤ᠂ ᠠᠳᠡ ᠠᠴᠠ ᠲᠤᠯᠠᠭᠠᠨ ᠬᠤᠳᠠ ᠶᠢᠨ ᠬᠠᠶᠢᠷ᠎ᠠ ᠬᠠᠯᠠᠮᠵᠢ ᠬᠦᠮᠦᠨ ᠪᠦᠷᠢ ᠶᠢᠨ ᠰᠡᠳᠬᠢᠯ ᠤᠷᠤᠭᠤ ᠤᠷᠤᠰᠤᠨ ᠤᠷᠤᠨ᠎ᠠ᠃ ᠲᠤᠰ ᠦᠷᠳᠡᠭᠡ ᠪᠤᠯ ᠳ᠋ᠦᠩᠱᠧᠩ ᠲᠤᠭᠤᠷᠢᠭ ᠤᠨ ᠰᠠᠶᠢᠨ ᠳᠤᠷ᠎ᠠ ᠶᠢᠨ ᠤᠶᠢᠯᠡᠴᠢᠯᠡᠭᠡᠨ ᠤ ᠨᠢᠭᠡᠨ ᠴᠡᠭ ᠪᠤᠯᠬᠤ ᠶᠤᠮ᠃
1.jpg
     ᠳ᠋ᠦᠩᠱᠧᠩ ᠲᠤᠭᠤᠷᠢᠭ ᠤᠶᠢᠷ᠎ᠠ ᠶᠢᠨ ᠵᠢᠯ ᠤᠳ ᠲᠤ᠂ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠤᠶᠢᠯᠡᠴᠢᠯᠡᠭᠡᠨ ᠤ ᠠᠵᠢᠯ ᠢ ᠡᠷᠴᠢᠮᠳᠠᠢ ᠦᠷᠨᠢᠬᠦᠯᠦᠨ᠂ ᠰᠠᠶᠢᠨ ᠳᠤᠷ᠎ᠠ ᠶᠢᠨ ᠤᠶᠢᠯᠡᠴᠢᠯᠡᠭᠡᠨ ᠤ ᠡᠯ᠎ᠡ ᠦᠷᠳᠡᠭᠡ ᠴᠡᠭ ᠵᠢᠴᠢ ᠰᠠᠶᠢᠨ ᠳᠤᠷᠠᠴᠤᠳ ᠤᠨ ᠡᠩᠨᠡᠭᠡ ᠶᠢ ᠵᠤᠬᠢᠶᠠᠨ ᠪᠠᠶᠢᠭᠤᠯᠵᠤ᠂ ᠰᠠᠶᠢᠨ ᠳᠤᠷ᠎ᠠ ᠶᠢᠨ ᠤᠶᠢᠯᠡᠴᠢᠯᠡᠬᠡᠨ ᠤ ᠨᠡᠶᠢᠳᠡᠯᠢᠭ ᠵᠢᠱᠢᠶ᠎ᠡ ᠶᠢ ᠰᠢᠯᠭᠠᠷᠠᠭᠤᠯᠤᠨ ᠭᠠᠷᠭᠠᠪᠠ᠃ ᠤᠳᠤᠬᠠᠨ ᠪᠤᠯᠳᠠᠯ᠎ᠠ ᠳ᠋ᠦᠩᠱᠧᠩ ᠳᠤ ᠬᠡᠷᠡᠴᠢᠯᠡᠨ ᠳᠠᠩᠰᠠᠯᠠᠭᠤᠯᠤᠭᠰᠠᠨ ᠰᠠᠶᠢᠨ ᠳᠤᠷᠠᠴᠤᠳ ᠤᠨ ᠪᠦᠬᠦ ᠳᠤᠭ᠎ᠠ 104935 ᠬᠦᠮᠦᠨ ᠠᠮᠠ ᠪᠤᠯᠤᠨ ᠨᠡᠮᠡᠭᠳᠡᠪᠡ᠃ ᠳ᠋ᠦᠩᠱᠧᠩ ᠲᠤᠭᠤᠷᠢᠭ ᠲᠠᠬᠢ ᠤᠷᠳᠤᠰ ᠤᠨ ︽ᠠᠨᠳᠠ︾ ᠠᠪᠤᠷᠠᠨ ᠳᠤᠰᠠᠯᠠᠬᠤ ᠠᠩᠬᠢ ᠪᠤᠯ ᠨᠢᠭᠡᠨ ᠵᠤᠬᠢᠶᠠᠨ ᠪᠠᠶᠢᠭᠤᠯᠤᠯᠳᠠ ᠲᠠᠢ᠂ ᠨᠡᠶᠢᠬᠡᠮ ᠨᠡᠶᠢᠳᠡ ᠳᠤ ᠤᠯᠠᠨ ᠠᠴᠢ ᠳᠤᠰᠠ ᠬᠦᠷᠭᠡᠵᠤ ᠤᠯᠠᠨ ᠲᠦᠮᠡᠨ ᠤ ᠢᠳᠡᠬᠡᠯ ᠬᠦᠨᠳᠤ  ᠶᠢ ᠤᠯᠤᠭᠰᠠᠨ ᠰᠠᠶᠢᠨ ᠳᠤᠷᠠᠴᠤᠳ ᠤᠨ ᠡᠩᠨᠡᠭᠡ ᠪᠤᠯᠬᠤ ᠶᠤᠮ᠃ ᠤᠷᠳᠤᠰ ᠤᠨ ︽ᠠᠨᠳᠠ︾ ᠠᠪᠤᠷᠠᠨ ᠳᠤᠰᠠᠯᠠᠬᠤ ᠠᠩᠬᠢ ᠶᠢᠨ ᠦᠷᠳᠡᠬᠡᠨ ᠳᠤ ᠬᠦᠷᠪᠡᠯ᠂ ᠬᠡᠷᠡᠮ ᠬᠠᠨ᠎ᠠ ᠳᠠᠭᠠᠤ ᠳᠠᠪᠬᠤᠷᠯᠠᠵᠤ ᠡᠯᠬᠦᠭᠰᠡᠨ ᠳᠠᠯᠠᠷᠬᠠᠯ ᠤᠨ ᠬᠡᠮᠡᠷᠯᠢᠭ ᠲᠤᠭ ᠪᠠ ᠠᠪᠤᠷᠠᠨ ᠳᠤᠰᠠᠯᠠᠬᠤ ᠪᠡᠯᠡᠳᠬᠡᠯ ᠳᠤᠨᠤᠭ ᠳᠦᠬᠦᠭᠡᠷᠦᠮᠵᠢ ᠦᠪᠴᠢ ᠪᠦᠷᠢᠨ ᠳᠠᠯᠪᠢᠭᠳᠠᠨ᠎ᠠ᠃ ᠦᠪᠴᠢ ᠤᠯᠠᠭᠠᠨ ᠦᠩᠬᠡ ᠶᠢᠨ ᠳᠡᠪᠡᠯ ᠲᠠᠢ ᠰᠠᠶᠢᠨ ᠳᠤᠷᠠᠴᠤᠳ ᠨᠠᠰᠤᠳᠠᠨ ᠢ ᠠᠰᠠᠷᠠᠬᠤ ᠬᠦᠷᠢᠶᠡᠯᠡᠩ᠂ ᠰᠤᠷᠭᠠᠭᠤᠯᠢ ᠶᠢᠨ ᠬᠦᠷᠢᠶ᠎ᠡ᠂ ᠨᠡᠶᠢᠬᠡᠮ ᠤᠨ ᠠᠰᠠᠷᠠᠮᠵᠢ ᠶᠢᠨ ᠬᠦᠷᠢᠶᠡᠯᠡᠩ ᠢᠶᠠᠷ ᠬᠡᠵᠢᠶᠡᠳᠡ ᠬᠠᠷᠠᠭᠳᠠᠵᠤ᠂ ᠵᠡᠮᠳᠡᠭ ᠪᠠᠭᠤᠷᠠᠢ ᠬᠦᠴᠢᠷ  ᠲᠠᠢ ᠬᠦᠮᠦᠰ ᠢ ᠳᠤᠰᠠᠯᠠᠵᠤ ᠬᠠᠶᠢᠷ᠎ᠠ ᠬᠠᠯᠠᠮᠵᠢ ᠪᠠᠨ ᠢᠪᠡᠭᠡᠳᠡᠭ ᠪᠠᠶᠢᠯ᠎ᠠ᠃
2.jpg
     ᠤᠷᠳᠤᠰ ᠤᠨ ︽ᠠᠨᠳᠠ︾ ᠠᠪᠤᠷᠠᠨ ᠳᠤᠰᠠᠯᠠᠬᠤ ᠠᠩᠬᠢ ᠪᠤᠯ ᠨᠡᠶᠢᠳᠡ ᠶᠢᠨ ᠠᠰᠠᠷᠠᠮᠵᠢ ᠶᠢᠨ ᠤᠶᠢᠯᠡᠰ᠂ ᠠᠷᠠᠳ ᠤᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠳᠤᠰᠠᠯᠠᠬᠤ ᠠᠵᠢᠯ ᠳᠤ ᠭᠠᠪᠰᠢᠭᠠᠶᠢᠯᠠᠵᠤ ᠶᠠᠪᠤᠳᠠᠭ ᠰᠠᠶᠢᠨ ᠳᠤᠷᠠᠴᠤᠳ ᠤᠨ ᠡᠩᠨᠡᠭᠡ ᠪᠤᠯᠬᠤ ᠶᠤᠮ᠂ 2017 ᠤᠨ ᠳᠤ ᠪᠠᠶᠢᠭᠤᠯᠤᠭᠳᠠᠭᠰᠠᠨ ᠠᠴᠠ ᠨᠠᠭᠠᠰᠢ᠂ ᠵᠠᠰᠠᠮᠠᠯ ᠵᠠᠮ  ᠤᠨ ᠠᠪᠤᠷᠠᠨ ᠳᠤᠰᠠᠯᠠᠮᠵᠢ ᠬᠠᠩᠭᠠᠬᠤ᠂ ᠦᠶᠡᠷ ᠲᠠᠢ ᠲᠡᠮᠡᠴᠡᠨ ᠠᠶᠤᠯ ᠠᠴᠠ ᠠᠪᠤᠷᠠᠬᠤ᠂ ᠬᠦᠮᠦᠨ ᠢ ᠬᠠᠶᠢᠵᠤ ᠠᠪᠤᠷᠠᠯᠳᠠ ᠬᠢᠬᠦ᠂ ᠬᠡᠬᠡᠭᠰᠡᠨ ᠵᠤᠶᠢᠯ ᠢ ᠡᠷᠢᠵᠤ ᠦᠭᠬᠦ᠂ ᠰᠢᠯᠭᠠᠭᠤᠯᠤᠭᠰᠠᠳ ᠢ ᠬᠠᠪᠰᠤᠷᠴᠤ ᠬᠦᠷᠬᠡᠬᠦ ᠤᠶᠢᠯᠡᠴᠢᠯᠡᠭᠡ  ᠶᠢ ᠪᠠᠶᠢᠩᠭᠤ ᠶᠢᠨ ᠴᠢᠨᠠᠷᠳᠠᠢ ᠮᠦᠷᠳᠡᠭᠡᠨ ᠤᠷᠳᠤ ᠬᠤᠭᠤᠴᠠᠭ᠎ᠠ ᠪᠠᠷ ᠪᠠᠷᠢᠮᠳᠠᠯᠠᠵᠤ ᠬᠢᠳᠡᠭ᠃ ᠬᠠᠮᠤᠭ ᠠᠩᠬᠠᠨ ᠤ ᠠᠷᠪᠠᠨ ᠬᠡᠳᠤᠨ ᠬᠦᠮᠦᠨ ᠠᠴᠠ ᠪᠠᠨ ᠤᠳᠤ ᠳᠠᠪᠤᠨ ᠮᠢᠩᠭ᠎ᠠ ᠤᠷᠴᠢᠮ ᠬᠡᠰᠢᠬᠦᠨ ᠲᠠᠢ ᠪᠤᠯᠤᠨ ᠦᠷᠭᠡᠵᠢᠵᠤ᠂ ᠡᠯ᠎ᠡ ᠬᠤᠰᠢᠭᠤ ᠲᠤᠭᠤᠷᠢᠭ ᠢ ᠬᠠᠮᠤᠷᠤᠭᠰᠠᠨ ᠦᠷᠭᠡᠨ ᠳᠠᠷᠬᠠᠴᠠ ᠲᠠᠢ᠂ ᠪᠠᠷᠠᠭᠤᠨ ᠬᠤᠶᠢᠳᠤ ᠤᠷᠤᠨ ᠤ ᠠᠷᠠᠳ ᠤᠨ ᠠᠪᠤᠷᠠᠨ ᠳᠤᠰᠠᠯᠠᠬᠤ ᠬᠠᠮᠤᠭ ᠤᠨ ᠶᠡᠭᠡ ᠠᠩᠬᠢ ᠪᠤᠯᠤᠨ ᠪᠦᠷᠢᠯᠳᠤᠵᠤ᠂ ᠤᠷᠢᠳ ᠬᠤᠵᠢᠳ 10 ᠲᠦᠮᠡ ᠭᠠᠷᠤᠢ ᠬᠦᠮᠦᠨ ᠢ ᠳᠤᠰᠠᠯᠠᠨ ᠳᠡᠮᠵᠢᠵᠡᠢ᠃ ᠦᠪᠦᠷ ᠮᠤᠩᠭᠤᠯ ᠤᠨ ︽ᠠᠨᠳᠠ︾ ᠠᠪᠤᠷᠠᠨ ᠳᠤᠰᠠᠯᠠᠬᠤ ᠠᠩᠬᠢ ᠶᠢᠨ ᠶᠡᠷᠦᠩᠬᠡᠢ ᠵᠢᠯᠤᠭᠤᠳᠤᠭᠴᠢ ᠬᠠᠨ ᠸᠧᠢ᠄ ︽ᠮᠠᠨ ᠤ ᠠᠵᠢᠯ ᠤᠶᠢᠯᠡᠰ ᠪᠤᠯ ᠪᠤᠰᠤᠳ ᠲᠤ ᠤᠶᠢᠯᠡᠴᠢᠯᠡᠵᠤ ᠬᠠᠶᠢᠷ᠎ᠠ ᠬᠠᠯᠠᠮᠵᠢ ᠪᠠᠨ ᠳᠦᠭᠡᠬᠦ ᠲᠦᠭᠡᠮᠡᠯ ᠬᠠᠶᠢᠷ᠎ᠠ ᠶᠢᠨ ᠠᠵᠢᠯᠯᠠᠭ᠎ᠠ ᠪᠤᠯᠤᠨ᠎ᠠ᠂ ᠴᠢᠳᠠᠬᠤ ᠶᠢᠨ ᠬᠢᠷᠢ ᠪᠠᠷ ᠪᠤᠰᠤᠳ ᠢ ᠬᠠᠪᠰᠤᠷᠬᠤ ᠪᠤᠯ ᠪᠢᠳᠠᠨ ᠤ ᠬᠠᠷᠠᠯᠳᠠ ᠪᠠᠶᠢᠳᠠᠭ᠂ ᠪᠢᠳᠠ ᠬᠤᠵᠢᠮ ᠦᠷᠬᠦᠯᠵᠢᠯᠡᠨ ᠬᠦᠴᠢᠷᠳᠡᠯ ᠲᠠᠢ ᠤᠯᠠᠨ ᠲᠦᠮᠡᠨ  ᠳᠤ ᠤᠶᠢᠯᠡᠴᠢᠯᠡᠵᠤ᠂ ᠡᠬᠦᠷᠭᠡ ᠬᠠᠷᠢᠭᠤᠴᠠᠯᠭ᠎ᠠ ᠪᠠᠨ ᠮᠦᠷᠦᠯᠡᠨ ᠤᠶᠢᠯᠡᠳᠤᠯᠬᠡᠵᠢᠬᠦᠯᠵᠤ᠂ ᠰᠠᠶᠢᠨ ᠳᠤᠷ᠎ᠠ ᠶᠢᠨ ᠤᠶᠢᠯᠡᠴᠢᠯᠡᠨ ᠤ ᠤᠶᠢᠯᠡᠰ ᠲᠤ ᠴᠦᠬᠦᠷᠡᠰᠢ ᠦᠭᠡᠢ ᠴᠢᠷᠮᠠᠶᠢᠬᠤ ᠪᠤᠯᠤᠨ᠎ᠠ︾ ᠭᠡᠵᠤ ᠵᠤᠷᠢᠭ ᠢᠶᠠᠨ ᠢᠯᠡᠳᠬᠡᠨ᠎ᠡ᠃
3.jpg
     ᠳ᠋ᠦᠩᠱᠧᠩ ᠲᠤᠭᠤᠷᠢᠭ ᠠᠵᠤ ᠠᠬᠤᠶᠢᠯᠠᠯ᠂ ᠠᠵᠢᠯ ᠳᠦᠷᠦᠯ ᠤᠨ ᠨᠡᠶᠢᠬᠡᠮᠯᠢᠭ᠂ ᠬᠤᠳᠠᠯᠳᠤᠭᠠᠨ ᠤ ᠡᠪᠯᠡᠯ ᠵᠡᠷᠭᠡ ᠬᠦᠷᠢᠶᠡᠨ ᠳᠠᠬᠢ ᠬᠦᠮᠦᠨ ᠤ ᠬᠦᠴᠦᠨ ᠢ ᠦᠷᠭᠡᠨ ᠬᠦᠢᠴᠡᠳ ᠳᠠᠶᠢᠴᠢᠯᠠᠨ ᠰᠠᠶᠢᠨ ᠳᠤᠷ᠎ᠠ ᠶᠢᠨ ᠤᠶᠢᠯᠡᠴᠢᠯᠡᠭᠡ  ᠳᠤ ᠢᠳᠡᠪᠬᠢᠳᠠᠢ ᠤᠷᠤᠯᠴᠠᠭᠤᠯᠵᠤ᠂ ᠦᠨᠳᠦᠰᠦᠨ ᠱᠠᠳᠤᠨ ᠤ ᠨᠡᠶᠢᠬᠡᠮ ᠤᠨ ᠵᠠᠰᠠᠯᠳᠠ ᠳᠤ ᠤᠶᠢᠯᠡᠴᠢᠯᠡᠭᠡ ᠬᠠᠩᠭᠠᠳᠠᠭ᠃ ᠤᠳᠤᠬᠠᠨ ᠳᠤ᠂ ᠳ᠋ᠦᠩᠱᠧᠩ ᠲᠤᠭᠤᠷᠢᠭ ᠨᠢᠭᠡᠨᠳᠡ 420 ᠰᠠᠶᠢᠨ ᠳᠤᠷ᠎ᠠ ᠶᠢᠨ ᠤᠶᠢᠯᠡᠴᠢᠯᠡᠬᠡᠨ ᠤ ᠠᠩᠬᠢ ᠶᠢ ᠪᠠᠶᠢᠭᠤᠯᠵᠤ᠂ 104935 ᠬᠦᠮᠦᠨ ᠰᠠᠶᠢᠨ ᠳᠤᠷᠠᠴᠢᠨ ᠢᠶᠠᠷ ᠬᠡᠷᠡᠴᠢᠯᠡᠨ ᠳᠠᠩᠰᠠᠯᠠᠭᠤᠯᠤᠭᠰᠠᠨ ᠪᠠᠶᠢᠨ᠎ᠠ᠃ ︽ᠠᠨᠳᠠ︾ ᠠᠪᠤᠷᠠᠨ ᠳᠤᠰᠠᠯᠠᠬᠤ ᠠᠩᠬᠢ ᠵᠡᠷᠭᠡ ᠨᠢᠭᠡ ᠪᠦᠯᠦᠭ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠰᠠᠶᠢᠳᠠᠢ ᠠᠷᠠᠳ ᠤᠨ ᠠᠪᠤᠷᠠᠨ ᠳᠤᠰᠠᠯᠠᠬᠤ ᠰᠠᠶᠢᠨ ᠳᠤᠷᠠᠴᠤᠳ ᠤᠨ ᠡᠩᠨᠡᠭᠡ ᠨᠢ ᠨᠡᠶᠢᠳᠡ 2 ᠲᠦᠮᠡ ᠭᠠᠷᠤᠢ ᠤᠳᠠᠭ᠎ᠠ ᠶᠢᠨ ᠰᠠᠶᠢᠨ ᠳᠤᠷ᠎ᠠ ᠶᠢᠨ ᠠᠵᠢᠯᠯᠠᠭ᠎ᠠ ᠦᠷᠨᠢᠬᠦᠯᠵᠤ᠂ 37 ᠲᠦᠮᠡᠨ ᠴᠠᠭ ᠢ ᠳᠠᠪᠠᠭᠤᠯᠵᠤ ᠤᠶᠢᠯᠡᠴᠢᠯᠡᠭᠰᠡᠨ ᠪᠠᠶᠢᠨ᠎ᠠ᠃
4.jpg
5.jpg
     ᠪᠦᠳᠦᠬᠡᠨ ᠪᠠᠶᠢᠭᠤᠯᠤᠯᠳᠠ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠢ ᠯᠢ ᠶᠢᠨ ᠸᠧᠢ ᠨᠡᠶᠢᠬᠡᠮ ᠲᠤᠭᠤᠷᠢᠭ ᠲᠤ ᠰᠠᠶᠢᠨ ᠳᠤᠷᠠᠴᠤᠳ ᠰᠠᠭᠤᠭᠠᠯᠢ ᠠᠷᠠᠳ ᠸᠠᠩ ᠮᠠᠨ ᠬᠠᠢ ᠳᠤ ᠦᠰᠦ ᠵᠠᠰᠠᠨ᠎ᠠ᠃ ᠲᠡᠷᠡ᠄ ︽ᠪᠢ ᠬᠡᠵᠢᠶᠡᠳᠡ ᠰᠤᠶᠢᠳᠬᠡᠯ ᠳᠤᠰᠢᠶᠠᠬᠤ ᠦᠭᠡᠢ ᠪᠠᠷ ᠦᠰᠦ ᠪᠠᠨ ᠵᠠᠰᠠᠭᠤᠯᠴᠢᠬᠠᠳᠠᠭ᠂ ᠨᠡᠶᠢᠬᠡᠮ ᠲᠤᠭᠤᠷᠢᠭ ᠤᠨ ᠰᠠᠶᠢᠨ ᠳᠤᠷᠠᠴᠤᠳ ᠪᠠᠰᠠ ᠭᠡᠷ ᠲᠤ ᠢᠷᠡᠵᠤ ᠴᠡᠪᠡᠷᠯᠡᠭᠡ ᠬᠢᠬᠦ ᠶᠢᠨ ᠳᠠᠭᠠᠤ ᠪᠢᠳᠠᠨ ᠤ ᠪᠡᠶ᠎ᠡ ᠮᠠᠬᠠᠪᠤᠳ ᠤᠨ ᠪᠠᠶᠢᠳᠠᠯ ᠢ ᠦᠷᠬᠦᠯᠵᠢ ᠬᠠᠯᠠᠮᠵᠢᠯᠠᠨ ᠠᠰᠠᠭᠤᠳᠠᠭ᠂ ᠬᠡᠷᠡᠭᠴᠡᠭᠡ ᠲᠠᠢ ᠪᠤᠯᠤᠭᠠᠳ ᠤᠳᠠᠰᠤᠳᠠᠪᠠᠯ ᠭᠡᠷ ᠲᠤ ᠢᠷᠡᠭᠡᠳ ᠬᠠᠪᠰᠤᠷᠴᠤ ᠦᠭᠳᠡᠭ︾ ᠭᠡᠪᠡ᠃ ᠳᠤᠰ ᠨᠡᠶᠢᠬᠡᠮ ᠲᠤᠭᠤᠷᠢᠭ ᠨᠢ ᠨᠠᠰᠤᠳᠠᠶᠢᠴᠤᠳ ᠤᠨ ᠰᠤᠷᠭᠠᠭᠤᠯᠢ ᠳᠤ ᠤᠶᠢᠯᠡᠴᠢᠯᠡᠬᠦ᠂ ᠡᠷᠡᠬᠦᠯ ᠮᠡᠨᠳᠤ ᠶᠢᠨ ᠹᠢᠽᠢᠺ ᠵᠠᠰᠠᠯ ᠤᠨ ᠤᠶᠢᠯᠡᠴᠢᠯᠡᠭᠡ ᠬᠢᠬᠦ᠂ ᠬᠡᠤᠬᠡᠳ ᠲᠤ ᠰᠢᠨᠵᠢᠯᠡᠬᠦ ᠤᠬᠠᠭᠠᠨ  ᠢ ᠲᠦᠬᠡᠮᠡᠯᠵᠢᠬᠦᠯᠬᠦ ᠬᠢᠴᠢᠶᠡᠯ ᠤᠷᠤᠬᠤ᠂ ᠠᠷᠠᠳ ᠲᠤ ᠳᠦᠬᠦᠮ ᠦᠵᠡᠬᠦᠯᠬᠦ ᠤᠶᠢᠯᠡᠴᠢᠯᠡᠬᠡᠨ ᠤ ᠠᠵᠢᠯᠯᠠᠭ᠎ᠠ ᠶᠢ ᠰᠠᠷ᠎ᠠ ᠪᠦᠷᠢ ᠲᠤᠭᠳᠠᠮᠠᠯ ᠬᠤᠭᠤᠴᠠᠭ᠎ᠠ ᠲᠠᠢ ᠦᠷᠨᠢᠬᠦᠯᠳᠡᠭ᠃ ᠤᠶᠢᠯᠡᠴᠢᠯᠡᠬᠡᠨ ᠤ ᠡᠳᠤᠷ ᠤᠳ ᠲᠤ ᠦᠰᠦᠴᠢᠨ᠂ ᠳᠦᠯᠬᠢᠬᠦᠷ ᠳᠠᠭᠠᠷᠠᠭᠤᠯᠤᠭᠴᠢ᠂ ᠤᠶᠤᠳᠠᠯᠴᠢᠨ ᠨᠠᠷ ᠬᠦᠷᠦᠯᠴᠡᠨ ᠢᠷᠡᠵᠤ ᠰᠠᠭᠤᠭᠠᠯᠢ ᠠᠷᠠᠳ ᠲᠤ ᠤᠶᠢᠯᠡᠴᠢᠯᠡᠭᠡ ᠬᠠᠩᠭᠠᠨ᠎ᠠ᠃ ᠨᠡᠶᠢᠬᠡᠮ ᠲᠤᠭᠤᠷᠢᠭ ᠤᠨ ᠠᠵᠢᠯᠳᠠᠨ ᠵᠤᠤ ᠰᠢᠤᠢ ᠶᠤᠸᠠᠨ ᠤ ᠬᠡᠯᠡᠬᠦ ᠪᠠᠷ᠂ ᠮᠠᠨ ᠤ ᠠᠳᠡ ᠰᠠᠶᠢᠨ ᠳᠤᠷᠠᠴᠤᠳ ᠤᠨ ᠠᠩᠬᠢ ᠳᠤᠰᠬᠠᠶᠢᠯᠠᠨ ᠢᠷᠡᠵᠤ ᠠᠷᠠᠳ ᠤᠯᠠᠨ ᠳᠤ ᠮᠠᠰᠢ ᠳᠦᠬᠦᠮ ᠪᠦᠳᠦᠮᠵᠢᠳᠠᠢ ᠤᠶᠢᠯᠡᠴᠢᠯᠡᠭᠡ ᠬᠦᠷᠳᠡᠭᠡᠳᠡᠭ ᠭᠡᠪᠡ᠃
6.jpg
7.jpg
     ᠢ ᠯᠢ ᠶᠢᠨ ᠸᠧᠢ ᠨᠡᠶᠢᠬᠡᠮ ᠲᠤᠭᠤᠷᠢᠭ ᠪᠤᠯ ᠳ᠋ᠦᠩᠱᠧᠩ ᠲᠤᠭᠤᠷᠢᠭ ᠤᠨ ᠰᠠᠶᠢᠨ ᠳᠤᠷ᠎ᠠ ᠶᠢᠨ ᠤᠶᠢᠯᠡᠴᠢᠯᠡᠭᠡ  ᠶᠢ ᠪᠠᠶᠢᠩᠭᠤ ᠦᠷᠨᠢᠬᠦᠯᠳᠡᠭ ᠰᠠᠭᠤᠭᠠᠯᠢ ᠠᠷᠠᠳ ᠤᠨ ᠲᠤᠭᠤᠷᠢᠭ ᠪᠤᠯᠬᠤ ᠶᠤᠮ᠃ ᠳ᠋ᠦᠩᠱᠧᠩ ᠲᠤᠭᠤᠷᠢᠭ ᠡᠨᠡ ᠮᠡᠳᠤ ᠪᠠᠷ 15 ᠪᠠᠯᠭᠠᠰᠤ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ 108 ᠳᠤᠰᠬᠤᠨ ᠤ ᠨᠡᠶᠢᠬᠡᠮ ᠲᠤᠭᠤᠷᠢᠭ ᠤᠨ ᠶᠡᠷᠦᠩᠬᠡᠶᠢᠯᠡᠭᠰᠡᠨ ᠤᠶᠢᠯᠡᠴᠢᠯᠡᠬᠡᠨ ᠤ ᠦᠷᠳᠡᠭᠡ ᠴᠡᠭ ᠲᠤ᠂ ᠬᠤᠪᠢᠰᠬᠠᠯ ᠤᠨ ᠤᠬᠠᠭᠤᠯᠭ᠎ᠠ ᠬᠢᠬᠦ᠂ ᠬᠦᠴᠢᠷᠳᠠᠢ ᠤᠯᠠᠨ ᠲᠦᠮᠡᠨ ᠢ ᠳᠤᠰᠠᠯᠠᠬᠤ᠂ ᠨᠠᠰᠤᠳᠠᠳ ᠢ ᠳᠡᠳᠬᠦᠵᠤ ᠨᠢᠯᠬᠠᠰ ᠢᠶᠠᠨ ᠬᠠᠶᠢᠷᠠᠯᠠᠬᠤ᠂ ᠬᠠᠤᠯᠢ ᠴᠠᠭᠠᠵᠠ ᠶᠢ ᠲᠦᠭᠡᠮᠡᠯᠵᠢᠬᠦᠯᠬᠦ ᠤᠬᠠᠭᠤᠯᠭ᠎ᠠ ᠬᠢᠬᠦ᠂ ᠰᠡᠳᠬᠢᠴᠡ ᠶᠢᠨ ᠵᠢᠯᠤᠭᠤᠳᠤᠯᠭ᠎ᠠ ᠬᠢᠬᠦ᠂ ᠰᠤᠶᠤᠯ ᠪᠡᠶ᠎ᠡ ᠶᠢᠨ ᠳᠠᠮᠢᠷ ᠤᠨ ᠠᠵᠢᠯᠯᠠᠭ᠎ᠠ ᠶᠢ ᠰᠠᠶᠢᠳᠤᠷ ᠦᠷᠨᠢᠬᠦᠯᠵᠤ᠂ ᠰᠢᠯᠢᠨ ᠳᠡᠪᠰᠢᠬᠦᠯᠵᠤ ᠬᠡᠷᠡᠭᠯᠡᠬᠦ ᠴᠢᠬᠤᠯᠠ ᠦᠨᠳᠦᠰᠦᠯᠡᠯ ᠪᠤᠯᠭᠠᠨ᠎ᠠ᠃
10.jpg
     ᠳ᠋ᠦᠩᠱᠧᠩ ᠲᠤᠭᠤᠷᠢᠭ ︽ᠶᠡᠷᠦᠩᠬᠡᠢ ᠱᠦᠵᠢ ᠰᠢ ᠶᠢᠨ ᠫᠢᠩ ᠤᠨ ᠠᠯᠳᠠᠨ ᠪᠠᠳᠠᠭ ᠢ ᠬᠠᠮᠳᠤᠪᠠᠷ ᠰᠤᠷᠤᠯᠴᠠᠬᠤ︾ ︽ᠪᠦᠬᠦ ᠲᠤᠭᠤᠷᠢᠭ ᠢᠶᠠᠷ ᠢᠶᠠᠨ ᠨᠢᠭᠡ ᠳᠡᠪᠳᠡᠷ ᠨᠤᠮ ᠤᠩᠰᠢᠬᠤ︾ ︽ᠰᠦᠨᠢ ᠤᠬᠠᠭᠤᠯᠤᠨ ᠳᠠᠶᠢᠯᠪᠤᠷᠢᠯᠠᠬᠤ︾ ᠨᠠᠮ ᠤᠨ ᠬᠢᠴᠢᠶᠡᠯ᠂ ︽ᠰᠦᠯᠵᠢᠶᠠᠨ ᠳᠡᠭᠡᠷᠡᠬᠢ ᠪᠢᠴᠢᠯ ᠳᠠᠶᠢᠯᠤᠮᠵᠢ︾ ᠵᠡᠷᠭᠡ ᠳᠠᠪᠤᠨ ᠤᠨᠴᠠᠯᠢᠭᠳᠤ ᠳᠦᠷᠦᠯ ᠳᠡᠮᠳᠡᠭ ᠢ ᠪᠤᠢ ᠪᠤᠯᠭᠠᠵᠤ᠂ ᠪᠤᠯᠪᠠᠰᠤᠨ ᠤ ᠤᠶᠢᠯᠡᠳᠦᠯᠬᠡ ᠶᠢᠨ ︽ᠬᠤᠪᠢᠰᠬᠠᠯ ᠤᠨ ᠬᠦᠴᠦᠷᠬᠡᠭ ᠳᠠᠭᠤᠨ︾ ᠢ ᠳᠠᠭᠤᠷᠢᠰᠤᠭᠤᠯᠪᠠ᠃ 2023 ᠤᠨ ᠤ 12 ᠰᠠᠷ᠎ᠠ ᠳᠤ᠂ ︽ᠶᠡᠷᠦᠩᠬᠡᠢ ᠱᠦᠵᠢ ᠰᠢ  ᠶᠢᠨ ᠫᠢᠩ ᠤᠨ ᠠᠯᠳᠠᠨ ᠪᠠᠳᠠᠭ ᠢ ᠬᠠᠮᠳᠤᠪᠠᠷ ᠰᠤᠷᠤᠯᠴᠠᠬᠤ︾ ᠨᠢ ᠦᠪᠡᠷᠳᠡᠬᠡᠨ ᠵᠠᠰᠠᠬᠤ ᠤᠷᠤᠨ ᠤ 2023 ᠤᠨ  ᠤ ︽ᠪᠢ ᠳᠠᠨ ᠢ ᠬᠠᠪᠰᠤᠷᠤᠶ᠎ᠠ︾ ᠰᠠᠶᠢᠨ ᠳᠤᠷ᠎ᠠ ᠶᠢᠨ ᠤᠶᠢᠯᠡᠴᠢᠯᠡᠭᠡᠨ ᠤ ᠲᠦᠷᠦᠯ ᠵᠤᠶᠢᠯ ᠤᠨ ᠤᠷᠤᠯᠳᠤᠭᠠᠨ ᠳᠤ ᠲᠡᠷᠢᠬᠦᠯᠡᠪᠡ᠃ ᠳ᠋ᠦᠩᠱᠧᠩ ᠲᠤᠭᠤᠷᠢᠭ ᠭᠡᠷ ᠲᠡᠭᠡᠨ ᠬᠤᠴᠤᠷᠤᠭᠰᠠᠨ ᠨᠠᠰᠤᠳᠠᠶᠢᠴᠤᠳ᠂ ᠵᠡᠮᠳᠡᠭᠴᠤᠳ ᠵᠡᠷᠭᠡ ᠪᠦᠯᠦᠭᠯᠡᠯ ᠴᠤᠭᠴᠠ ᠶᠢ ᠬᠠᠯᠠᠮᠵᠢᠯᠠᠵᠤ᠂ ᠮᠠᠯᠵᠢᠬᠤ ᠳᠠᠷᠢᠶᠠᠯᠠᠬᠤ ᠤᠷᠤᠨ ᠤ 65 ᠨᠠᠰᠤᠨ ᠠᠴᠠ ᠳᠡᠭᠡᠭᠰᠢᠬᠢ ᠭᠡᠷ  ᠲᠡᠭᠡᠨ ᠬᠤᠴᠤᠷᠤᠭᠰᠠᠨ ᠨᠠᠰᠤᠳᠠᠶᠢᠴᠤᠳ᠂ ᠵᠡᠮᠳᠡᠭᠴᠤᠳ ᠤᠨ ᠠᠮᠢᠳᠤᠷᠠᠯ ᠢ ᠨᠢ ᠬᠠᠷᠠᠭᠠᠯᠵᠠᠵᠤ ᠰᠡᠳᠬᠢᠴᠡ ᠶᠢᠨ ᠲᠠᠯ᠎ᠠ ᠪᠠᠷ ᠬᠠᠯᠠᠮᠵᠢᠯᠠᠬᠤ ᠤᠶᠢᠯᠡᠴᠢᠯᠡᠭᠡ ᠶᠢ ᠰᠠᠷ᠎ᠠ ᠪᠦᠷᠢ ᠲᠤᠭᠳᠠᠮᠠᠯ ᠬᠤᠭᠤᠴᠠᠭ᠎ᠠ ᠲᠠᠢ ᠪᠠᠷ ᠦᠷᠨᠢᠬᠦᠯᠵᠤ᠂ ᠤᠷᠴᠢᠨ ᠲᠤᠭᠤᠷᠢᠨ ᠤ ᠠᠷᠢᠭᠤᠨ ᠴᠡᠪᠡᠷᠯᠡᠪᠡ ᠬᠢᠬᠦ᠂ ᠤᠷᠤᠯᠠᠨ ᠬᠤᠳᠠᠯᠳᠤᠨ ᠠᠪᠴᠤ ᠦᠭᠬᠦ᠂ ᠪᠠᠷᠠᠳᠠᠬᠤ᠂ ᠡᠷᠡᠬᠦᠯ ᠮᠡᠨᠳᠤ ᠶᠢᠨ ᠠᠯᠪᠠᠨ ᠵᠢᠷᠤᠮ ᠤᠨ ᠡᠮᠴᠢᠯᠡᠭᠡ ᠬᠠᠩᠭᠠᠳᠠᠭ᠃ ︽ᠨᠠᠰᠤᠨ ᠤ ᠨᠠᠮᠤᠷ ᠳᠦᠯᠦᠪᠯᠡᠭᠡ — ᠮᠠᠯᠵᠢᠬᠤ ᠳᠠᠷᠢᠶᠠᠯᠠᠬᠤ ᠤᠷᠤᠨ ᠤ ᠭᠡᠷ ᠲᠡᠭᠡᠨ ᠬᠤᠴᠤᠷᠤᠭᠰᠠᠨ ᠨᠠᠰᠤᠳᠠᠶᠢᠴᠤᠳ ᠢ ᠬᠠᠯᠠᠮᠵᠢᠯᠠᠬᠤ ᠰᠠᠶᠢᠨ ᠳᠤᠷ᠎ᠠ ᠶᠢᠨ ᠤᠶᠢᠯᠡᠴᠢᠯᠡᠬᠡᠨ ᠤ ᠳᠦᠷᠦᠯ ᠵᠤᠶᠢᠯ︾ ᠨᠢ 2022 ᠤᠨ ᠳᠤ ᠪᠦᠬᠦ ᠤᠯᠤᠰ ᠤᠨ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠤᠶᠢᠯᠡᠴᠢᠯᠡᠬᠡᠨ ᠤ ︽ᠳᠦᠷᠪᠡᠨ 100︾ ᠶᠢᠨ ᠬᠠᠮᠤᠭ ᠤᠨ ᠰᠢᠯᠢᠳᠡᠭ ᠤᠶᠢᠯᠡᠴᠢᠯᠡᠬᠡᠨ ᠤ ᠲᠦᠷᠦᠯ ᠵᠤᠶᠢᠯ ᠢ ᠬᠦᠷᠳᠡᠪᠡ᠃     ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ᠂ ᠳ᠋ᠦᠩᠱᠧᠩ ᠲᠤᠭᠤᠷᠢᠭ ᠰᠢᠨ᠎ᠡ ᠴᠠᠭ ᠦᠶ᠎ᠡ ᠶᠢᠨ ᠰᠠᠶᠢᠨ ᠳᠤᠷ᠎ᠠ ᠶᠢᠨ ᠤᠶᠢᠯᠡᠴᠢᠯᠡᠬᠡᠨ ᠤ ᠠᠵᠢᠯᠯᠠᠭ᠎ᠠ ᠶᠢᠨ ᠲᠤᠭᠳᠠᠯᠴᠠᠭ᠎ᠠ ᠶᠢ ᠴᠢᠨᠠᠭᠰᠢᠳᠠ ᠪᠦᠷᠢᠨᠰᠢᠬᠦᠯᠵᠤ᠂ ᠰᠠᠶᠢᠨ ᠳᠤᠷ᠎ᠠ  ᠶᠢᠨ ᠤᠶᠢᠯᠡᠴᠢᠯᠡᠬᠡᠨ ᠤ ᠤᠳᠤᠬᠢᠴᠢᠯᠠᠯᠳᠠ ᠶᠢᠨ ᠴᠢᠳᠠᠪᠤᠷᠢ ᠶᠢᠨ ᠬᠢᠷᠢ ᠳᠦᠪᠰᠢᠨ ᠢ ᠴᠢᠨᠠᠭᠰᠢᠳᠠ ᠳᠡᠭᠡᠭᠰᠢᠯᠡᠬᠦᠯᠵᠤ ᠪᠠᠶᠢᠨ᠎ᠠ᠃
ᠢᠷᠡᠯᠲᠡ᠄ ᠤᠷᠳᠤᠰ ᠡᠳᠦᠷ ᠤᠨ ᠰᠤᠨᠢᠨ