【 ᠪᠤᠬᠢᠷᠳᠤᠯ ᠢ ᠰᠡᠷᠬᠡᠶᠢᠯᠡᠨ ᠵᠠᠰᠠᠬᠤ ᠰᠢᠪᠳᠤᠯᠤᠯᠳᠠ ᠶᠢᠨ ᠳᠠᠶᠢᠯᠠᠯᠳᠤᠭᠠᠨ ᠢ ᠬᠦᠨᠵᠡᠭᠡᠢ ᠰᠠᠶᠢᠳᠤᠷ ᠬᠢᠶ᠎ᠡ】ᠳ᠋ᠦᠩᠱᠧᠩ ᠲᠣᠭᠤᠷᠢᠭ ᠪᠠᠷᠢᠯᠭ᠎ᠠ ᠶᠢᠨ ᠬᠠᠶᠠᠭᠳᠠᠮᠠᠯ ᠪᠣᠳᠠᠰ ᠢ ︽ᠡᠷᠳᠡᠨᠢ︾ ᠪᠤᠯᠭᠠᠪᠠ
ᠨᠡᠶᠢᠲᠡᠯᠡᠭᠰᠡᠨ ᠴᠠᠭ᠄
2024/10/25
     ᠬᠤᠲᠠᠴᠢᠯᠠᠯᠲᠠ ᠶᠢᠨ ᠠᠬᠢᠴᠠ ᠶᠢᠨ ᠲᠠᠰᠤᠷᠠᠯᠲᠠ ᠦᠭᠡᠢ ᠲᠦᠷᠭᠡᠳᠬᠦ ᠶᠢ ᠳᠠᠭᠠᠯᠳᠤᠨ᠂ ᠪᠠᠷᠢᠯᠭ᠎ᠠ ᠶᠢᠨ ᠬᠠᠶᠠᠭᠳᠠᠮᠠᠯ ᠪᠣᠳᠠᠰ ᠲᠠᠰᠤᠷᠠᠯᠲᠠ ᠦᠭᠡᠢ ᠨᠡᠮᠡᠭᠳᠡᠵᠦ᠂ ᠬᠤᠲᠠ ᠶᠢᠨ ᠦᠷᠬᠦᠯᠵᠢᠯᠡᠬᠦᠶᠢᠴᠡ ᠬᠥᠭᠵᠢᠯᠲᠡ ᠳᠤ ᠰᠢᠨ᠎ᠡ ᠥᠷᠢᠰᠥᠯᠳᠦᠭᠡᠨ ᠢ ᠠᠪᠴᠢᠷᠠᠭᠰᠠᠨ ᠪᠠᠶᠢᠨ᠎ᠠ᠃ ᠪᠠᠷᠢᠯᠭ᠎ᠠ ᠶᠢᠨ ᠬᠠᠶᠠᠭᠳᠠᠮᠠᠯ ᠪᠣᠳᠠᠰ ᠢ ᠵᠢᠷᠤᠮᠵᠢᠭᠤᠯᠤᠨ ᠰᠢᠢᠳᠪᠦᠷᠢᠯᠡᠬᠦ ᠪᠠ ᠡᠷᠭᠢᠯᠳᠦᠭᠦᠯᠦᠨ ᠠᠰᠢᠭᠯᠠᠬᠤ ᠨᠢ ᠰᠢᠨ᠎ᠡ ᠴᠠᠭ ᠦᠶ᠎ᠡ ᠶᠢᠨ ᠰᠢᠨ᠎ᠡ ᠰᠡᠳᠦᠪ ᠪᠤᠯᠵᠤ᠂ ᠮᠥᠨᠴᠦ ᠴᠢᠬᠤᠯᠠ ᠶᠡᠭᠡ ᠥᠷᠢᠰᠥᠯᠳᠦᠭᠡᠨ ᠪᠤᠯᠤᠭᠰᠠᠨ ᠪᠥᠭᠡᠳ ᠨᠡᠩ ᠴᠢᠬᠤᠯᠠ ᠶᠡᠭᠡ ᠠᠵᠠ ᠲᠣᠬᠢᠶᠠᠯ ᠢ ᠠᠪᠴᠢᠷᠠᠭᠰᠠᠨ ᠪᠠᠶᠢᠨ᠎ᠠ᠃ ᠳ᠋ᠦᠩᠱᠧᠩ ᠲᠣᠭᠤᠷᠢᠭ ᠬᠤᠰᠢᠭᠤᠴᠢ ᠶᠢᠨ ᠰᠦᠰᠦ ᠵᠤᠷᠢᠭ ᠢᠶᠠᠷ ᠪᠠᠷᠢᠯᠭ᠎ᠠ ᠶᠢᠨ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠠᠰᠢᠭᠯᠠᠯᠲᠠ ᠶᠢᠨ ᠠᠵᠢᠯ ᠢ ᠯᠠᠪᠳᠠᠭᠤᠨ ᠪᠠᠲᠤᠲᠠᠢ ᠲᠥᠯᠥᠪᠵᠢᠭᠦᠯᠵᠦ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ︽ᠬᠤᠳᠠ ᠶᠢᠨ ᠵᠢᠱᠢᠶᠡᠴᠢ︾ ᠶᠢᠨ ᠵᠠᠮ ᠢ ᠭᠠᠷᠭᠠᠬᠤ ᠪᠠᠷ ᠴᠢᠷᠮᠠᠶᠢᠵᠤ ᠪᠤᠢ᠃     ᠨᠢᠭᠡ ᠳᠤ᠂ ᠣᠷᠳᠣᠰ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠪᠠᠶᠢᠭᠤᠯᠤᠭᠰᠠᠨ ᠣᠷᠳᠣᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠰᠤᠳᠤᠯᠭᠠᠨ ᠤ ᠬᠦᠷᠢᠶᠡᠯᠡᠩ ᠤᠨ ᠰᠢᠨ᠎ᠡ ᠶᠢ ᠡᠭᠦᠳᠦᠨ ᠰᠤᠳᠤᠯᠤᠨ ᠨᠡᠭᠡᠭᠡᠬᠦ ᠲᠠᠪᠴᠠᠩ ᠳᠤ ᠲᠦᠰᠢᠭᠯᠡᠨ᠂ ᠳᠤᠮᠳᠠᠳᠤ ᠤᠯᠤᠰ ᠤᠨ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠤ ᠬᠦᠷᠢᠶᠡᠯᠡᠩ᠂ ᠪᠠᠷᠠᠭᠤᠨ ᠬᠤᠶᠢᠲᠤ ᠶᠢᠨ ᠲᠠᠷᠢᠶᠠᠯᠠᠩ ᠣᠶ ᠰᠢᠭᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ᠂ ᠪᠡᠭᠡᠵᠢᠩ ᠤᠨ ᠪᠠᠷᠢᠯᠭ᠎ᠠ ᠶᠢᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠶᠡᠭᠡ ᠰᠤᠷᠭᠠᠭᠤᠯᠢ ︵ᠦᠬᠠᠨ︶᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ 10 ᠭᠠᠷᠤᠶ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠲᠠᠢ ᠭᠦᠨᠵᠡᠭᠡᠶ ᠬᠠᠮᠲᠤᠷᠠᠯᠴᠠᠬᠤ ᠬᠠᠷᠢᠴᠠᠭ᠎ᠠ ᠪᠠᠶᠢᠭᠤᠯᠵᠤ᠂ ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠮᠡᠷᠭᠡᠵᠢᠯ ᠢ ᠰᠤᠳᠤᠯᠤᠨ ᠨᠡᠭᠡᠭᠡᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠬᠠᠮᠲᠤᠷᠠᠨ ᠥᠷᠨᠢᠭᠦᠯᠪᠡ᠃ ᠣᠳᠣᠬᠠᠨ ᠳᠤ ᠨᠢᠭᠡᠨᠲᠡ 15 ᠵᠦᠢᠯ ᠤᠨ ᠡᠭᠦᠳᠦᠯᠲᠡ ᠪᠠ ᠬᠡᠷᠡᠭᠯᠡᠭᠡᠨ ᠤ ᠰᠢᠨ᠎ᠡ ᠬᠡᠯᠪᠡᠷᠢ ᠶᠢᠨ ᠲᠤᠰᠬᠠᠶ ᠠᠰᠢᠭ ᠢ ᠣᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠪᠡ᠃     ᠬᠤᠶᠠᠷ ᠲᠤ᠂ 4 ᠪᠠᠷᠢᠯᠭ᠎ᠠ ᠶᠢᠨ ᠬᠤᠭ ᠨᠣᠪᠰᠢ ᠶᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠪᠠ ᠳ᠋ᠦᠩᠱᠧᠩ ᠲᠣᠭᠤᠷᠢᠭ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠷᠭᠢᠯᠳᠦᠭᠦᠯᠦᠨ ᠠᠰᠢᠭᠯᠠᠬᠤ ᠠᠵᠤ ᠦᠢᠯᠡᠰ ᠤᠨ ᠬᠦᠷᠢᠶᠡᠯᠡᠩ ᠢ ᠲᠥᠯᠥᠪᠵᠢᠭᠦᠯᠦᠨ ᠪᠠᠶᠢᠭᠤᠯᠤᠨ᠎ᠠ᠃ ᠣᠳᠣᠬᠠᠨ ᠳᠤ ᠨᠢᠭᠡᠨᠲᠡ ᠳ᠋ᠦᠩᠱᠧᠩ ᠲᠣᠭᠤᠷᠢᠭ ᠤᠨ ᠪᠠᠷᠢᠯᠭ᠎ᠠ ᠶᠢᠨ ᠬᠤᠭ ᠨᠣᠪᠰᠢ ᠶᠢ ᠶᠡᠷᠦᠩᠬᠡᠶᠢᠯᠡᠨ ᠰᠢᠢᠳᠪᠦᠷᠢᠯᠡᠬᠦ ᠲᠥᠪ ᠪᠠ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠲᠠᠯᠠᠪᠠᠶ ᠶᠢ ᠪᠠᠶᠢᠭᠤᠯᠪᠠ᠃ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠪᠠᠷᠢᠯᠭ᠎ᠠ ᠶᠢᠨ ᠬᠤᠭ ᠨᠤᠪᠰᠢ ᠶᠢ ᠶᠡᠷᠦᠩᠬᠡᠶᠢᠯᠡᠨ ᠰᠢᠢᠳᠪᠤᠷᠢᠯᠡᠬᠦ ᠲᠥᠪ ᠨᠢ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠲᠦᠩᠴᠤᠸᠠᠨ ᠪᠠᠯᠭᠠᠰᠤᠨ ᠤ ᠳᠡᠷᠡᠰᠤᠳᠤ ᠳᠤᠰᠬᠤᠨ ᠳᠤ ᠪᠠᠶᠢᠷᠢᠯᠠᠵᠤ᠂ ᠪᠠᠷᠢᠯᠭ᠎ᠠ ᠶᠢᠨ ᠲᠠᠯᠠᠪᠠᠢ ᠨᠢ 2.6 ᠲᠦᠮᠡᠨ ᠳᠡᠭᠰᠢ ᠳᠥᠷᠪᠡᠯᠵᠢᠨ ᠮᠧᠲᠷ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 4000 ᠲᠦᠮᠡᠨ ᠲᠥᠭᠦᠷᠢᠭ ᠪᠠᠶᠢᠵᠤ᠂ ᠪᠠᠷᠢᠯᠭ᠎ᠠ ᠶᠢᠨ ᠬᠠᠶᠠᠭᠳᠠᠮᠠᠯ ᠪᠣᠳᠠᠰ ᠢᠶᠠᠷ ᠭᠤᠣᠯ ᠲᠦᠭᠦᠬᠡᠢ ᠮᠠᠲ᠋ᠧᠷᠢᠶᠠᠯ ᠪᠣᠯᠭᠠᠵᠤ᠂ ᠲᠣᠮᠣ ᠬᠤᠭ ᠨᠤᠪᠰᠢ᠂ ᠪᠧᠲ᠋ᠣᠨ᠂ ᠬᠡᠮᠬᠡᠳᠡᠭ ᠸᠠᠭᠠᠷ ᠲᠣᠭᠤᠰᠭ᠎ᠠ ᠵᠡᠷᠭᠡ ᠶᠢ ᠬᠡᠰᠡᠭᠯᠡᠨ᠂ ᠰᠢᠭᠰᠢᠨ ᠬᠤᠪᠢᠶᠠᠵᠤ ᠳᠠᠬᠢᠨ ᠠᠰᠢᠭᠯᠠᠵᠤ᠂ ᠵᠢᠯ ᠳᠤ ᠪᠠᠷᠢᠯᠭ᠎ᠠ ᠶᠢᠨ ᠬᠠᠶᠠᠭᠳᠠᠮᠠᠯ ᠪᠣᠳᠠᠰ ᠢ ᠪᠠᠷᠤᠭ 24 ᠲᠦᠮᠡᠨ ᠲᠤᠨ ᠰᠢᠢᠳᠪᠤᠷᠢᠯᠡᠵᠤ᠂ ᠭᠤᠣᠯᠳᠠᠭᠤ ᠪᠧᠲ᠋ᠣᠨ ᠶᠠᠰᠤᠯᠢᠭ ᠡᠳ᠋᠂ ᠴᠢᠯᠠᠭᠤᠨ ᠨᠤᠨᠲᠠᠭ ᠵᠡᠷᠭᠡ ᠪᠠᠷᠢᠯᠭ᠎ᠠ ᠶᠢᠨ ᠮᠠᠲ᠋ᠧᠷᠢᠶᠠᠯ ᠢ ᠤᠶᠢᠯᠡᠳᠪᠤᠷᠢᠯᠡᠵᠤ ᠪᠠᠶᠢᠨ᠎ᠠ᠃ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠷᠭᠢᠯᠳᠦᠭᠦᠯᠦᠨ ᠠᠰᠢᠭᠯᠠᠬᠤ ᠠᠵᠤ ᠦᠢᠯᠡᠰ ᠤᠨ ᠬᠦᠷᠢᠶᠡᠯᠡᠩ ᠨᠢ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠲᠡᠮᠦᠷ ᠵᠠᠮ ᠤᠨ ᠪᠠᠷᠠᠭᠤᠨᠳᠡᠬᠢ ᠭᠤᠷᠪᠠᠳᠤᠭᠠᠷ ᠬᠤᠭᠤᠴᠠᠭᠠᠨ ᠤ ᠲᠣᠭᠤᠷᠢᠭ ᠲᠤ ᠪᠠᠶᠢᠷᠢᠯᠠᠵᠤ᠂ 200 ᠮᠦ ᠲᠠᠯᠠᠪᠠᠶ ᠶᠢ ᠡᠵᠡᠯᠡᠨ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 2 ᠳ᠋ᠦᠩᠰᠢᠭᠤᠷ ᠲᠥᠭᠦᠷᠢᠭ ᠪᠣᠯᠣᠨ᠎ᠠ᠃ ᠪᠠᠷᠢᠯᠭ᠎ᠠ ᠶᠢᠨ ᠬᠤᠭ ᠨᠣᠪᠰᠢ ᠶᠢ ᠢᠯᠭᠠᠨ ᠰᠣᠩᠭᠤᠬᠤ᠂ ᠬᠡᠮᠬᠡᠴᠢᠬᠦ ᠵᠢᠴᠢ ᠳᠠᠬᠢᠯᠲᠠ ᠶᠠᠰᠤᠨ ᠮᠠᠲ᠋ᠧᠷᠢᠶᠠᠯ ᠢᠶᠠᠷ ᠲᠣᠭᠤᠰᠬ᠎ᠠ᠂ ᠣᠨᠴᠠ ᠲᠥᠷᠥᠯ ᠤᠨ ᠡᠯᠡᠰᠦᠨ ᠡᠭᠡᠳᠡᠩ᠂ ᠠᠮᠢᠳᠤ ᠪᠣᠳᠠᠰ ᠤᠨ ᠲᠦᠯᠡᠰᠢ ᠵᠡᠷᠭᠡ ᠲᠥᠷᠥᠯ ᠵᠦᠢᠯ ᠢ ᠤᠶᠢᠯᠡᠳᠪᠤᠷᠢᠯᠡᠨ᠎ᠡ᠃ ᠡᠭᠦᠨ ᠳᠤ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠳᠤ 4200 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠤᠯᠤᠰ ᠤᠨ ᠳᠣᠲᠣᠭᠠᠳᠤ ᠶᠢᠨ ᠲᠡᠷᠢᠭᠦᠨ ᠤ ᠮᠡᠷᠭᠡᠵᠢᠯ ᠢ ᠬᠡᠷᠡᠭᠯᠡᠨ᠂ ᠪᠠᠷᠢᠯᠭ᠎ᠠ ᠶᠢᠨ ᠬᠤᠭ ᠨᠣᠪᠰᠢ ᠶᠢ ᠬᠡᠮᠬᠡᠯᠡᠬᠦ ᠪᠠ ᠬᠤᠪᠢᠶᠠᠨ ᠰᠣᠩᠭᠤᠬᠤ ᠦᠢᠯᠡᠳᠪᠦᠷᠢᠯᠡᠯ ᠤᠨ ᠱᠤᠭᠤᠮ ᠢ ᠪᠠᠶᠢᠭᠤᠯᠵᠤ᠂ ᠪᠠᠷᠢᠯᠭ᠎ᠠ ᠶᠢᠨ ᠬᠤᠭ ᠨᠣᠪᠰᠢ ᠶᠢ 3000 ᠲᠣᠨ / ᠡᠳᠦᠷ᠂ ᠭᠡᠷ ᠪᠠᠶᠢᠰᠢᠩ ᠤᠨ ᠵᠠᠰᠠᠯ ᠴᠢᠮᠡᠭᠯᠡᠯ ᠤᠨ ᠬᠤᠭ ᠨᠤᠪᠰᠢ ᠶᠢ 500 ᠲᠣᠨ / ᠡᠳᠦᠷ ᠢ ᠰᠢᠢᠳᠪᠤᠷᠢᠯᠡᠬᠦ ᠪᠠᠷ ᠲᠦᠯᠦᠪᠯᠡᠵᠤ ᠪᠣᠶ᠃ ᠡᠨᠡᠬᠦ ᠲᠦᠷᠦᠯ ᠵᠤᠶᠢᠯ ᠨᠢ ᠪᠠᠷᠢᠯᠭ᠎ᠠ ᠶᠢᠨ ᠬᠤᠭ ᠨᠣᠪᠰᠢ ᠪᠠ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠤᠯᠤᠰ ᠤᠨ ᠳᠣᠲᠣᠭᠠᠳᠤ ᠶᠢᠨ ᠲᠡᠷᠢᠭᠦᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠷᠭᠢᠯᠳᠦᠭᠦᠯᠦᠨ ᠠᠰᠢᠭᠯᠠᠬᠤ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠪᠠᠷᠢᠯᠭ᠎ᠠ ᠶᠢᠨ ᠬᠠᠶᠠᠭᠳᠠᠮᠠᠯ ᠪᠣᠳᠠᠰ ᠢ ᠴᠤᠭᠯᠠᠭᠤᠯᠬᠤ᠂ ᠳᠠᠮᠵᠢᠭᠤᠯᠤᠨ ᠲᠡᠭᠡᠭᠡᠪᠦᠷᠢᠯᠡᠬᠦ᠂ ᠰᠢᠢᠳᠪᠤᠷᠢᠯᠡᠬᠦ᠂ ᠡᠬᠢ ᠪᠠᠶᠠᠯᠢᠭᠵᠢᠭᠤᠯᠤᠨ ᠠᠰᠢᠭᠯᠠᠬᠤ ᠶᠢ ᠨᠢᠭᠡ ᠴᠣᠭᠴᠠᠵᠢᠭᠤᠯᠤᠭᠰᠠᠨ ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠪᠦᠷᠢᠨ ᠪᠦᠲᠦᠨ ᠲᠤᠭᠳᠠᠯᠴᠠᠭ᠎ᠠ ᠶᠢ ᠪᠤᠶ ᠪᠣᠯᠭᠠᠨ᠎ᠠ᠃     ᠵᠠᠯᠭᠠᠭᠠᠳ᠂ ᠳ᠋ᠦᠩᠱᠧᠩ ᠲᠣᠭᠤᠷᠢᠭ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠨ᠂ ᠣᠷᠳᠣᠰ ᠤᠨ ︽ᠬᠠᠶᠠᠭᠳᠠᠮᠠᠯ ᠪᠣᠳᠠᠰ ᠥᠬᠡᠶ ᠬᠤᠲᠠ︾ ᠶᠢᠨ ᠪᠥᠲᠥᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠪᠥᠬᠦ ᠤᠯᠤᠰ ᠤᠨ ᠪᠣᠯᠪᠠᠰᠤᠨ ᠬᠤᠲᠠ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ᠂ ᠤᠯᠤᠰ ᠤᠨ ᠠᠮᠢ ᠠᠬᠤᠶ ᠶᠢᠨ ᠪᠣᠯᠪᠠᠰᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ᠎ᠡ᠃ ᠵᠢᠱᠢᠯᠲᠡ ᠪᠠᠷ 2025 ᠤᠨ ᠪᠣᠯᠬᠤ ᠳᠤ᠂ ᠮᠠᠨ ᠤ ᠲᠤᠭᠤᠷᠢᠭ ᠪᠠᠷᠢᠯᠭ᠎ᠠ ᠶᠢᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ 85% ᠠᠴᠠ ᠳᠡᠭᠡᠭᠰᠢ ᠳᠤ ᠬᠦᠷᠦᠭᠦᠯᠵᠦ᠂ ᠪᠠᠷᠢᠯᠭ᠎ᠠ ᠶᠢᠨ ᠬᠠᠶᠠᠭᠳᠠᠮᠠᠯ ᠪᠣᠳᠠᠰ ᠤᠨ ᠬᠦᠷᠢᠶᠡᠨ ᠳᠤ ︽ᠬᠠᠶᠠᠭᠳᠠᠮᠠᠯ ᠪᠣᠳᠠᠰ ᠦᠭᠡᠢ︾ ᠬᠠᠮᠢᠶᠠᠷᠤᠯᠲᠠ ᠶᠢ ᠤᠷᠢᠳᠠᠪᠠᠷ ᠪᠡᠶᠡᠯᠡᠭᠦᠯᠵᠦ᠂ ︽ᠬᠠᠶᠠᠭᠳᠠᠮᠠᠯ ᠪᠣᠳᠠᠰ ᠦᠭᠡᠢ ᠬᠤᠳᠠ︾ ᠶᠢᠨ ᠪᠦᠳᠦᠭᠡᠨ ᠪᠠᠶᠢᠭᠤᠯᠤᠯᠲᠠ ᠶᠢ ᠳᠠᠶᠢᠴᠢᠯᠠᠨ ᠥᠪᠥᠷ ᠮᠣᠩᠭᠤᠯ ᠤᠨ ᠲᠡᠷᠢᠭᠦᠨ ᠤ ᠲᠦᠪᠰᠢᠨ ᠳᠤ ᠬᠦᠷᠭᠡᠨ᠎ᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ