ᠨᠠᠢᠮᠠᠳᠤᠭᠠᠷ ᠬᠤᠭᠤᠴᠠᠭᠠᠨ ᠤ ᠳᠡᠯᠡᠬᠡᠢ ᠶᠢᠨ ᠨᠡᠷᠡᠬᠦᠢ ᠨᠢᠳᠤᠷᠭᠠᠨ ᠤ ᠡᠷᠡᠭᠦᠯ ᠮᠡᠨᠳᠦ ᠶᠢᠨ ᠶᠡᠭᠡ ᠬᠤᠷᠠᠯ ᠵᠢᠴᠢ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠦ᠋ ᠳ᠋ᠠᠩ ᠨᠢᠳᠤᠷᠭᠠᠨ ᠡᠷᠳᠡᠮ ᠤᠨ ᠰᠣᠯᠢᠯᠴᠠᠭᠠᠨ ᠤ ᠤᠷᠤᠯᠳᠤᠭᠠᠨ ᠬᠤᠪᠧᠢ ᠮᠤᠵᠢ ᠳᠤ ᠶᠠᠪᠤᠭᠳᠠᠵᠤ ᠳ᠋ᠦᠩᠱᠧᠩ ᠲᠣᠭᠤᠷᠢᠭ ᠤᠨ ᠲᠥᠯᠥᠭᠡᠯᠡᠭᠴᠢᠳ ᠤᠨ ᠠᠩᠭᠢ ᠱᠠᠩᠨᠠᠯ ᠬᠦᠷᠲᠡᠪᠡ
ᠨᠡᠶᠢᠲᠡᠯᠡᠭᠰᠡᠨ ᠴᠠᠭ᠄
2024/10/28
    ᠨᠠᠢᠮᠠᠳᠤᠭᠠᠷ ᠬᠤᠭᠤᠴᠠᠭᠠᠨ ᠤ ᠳᠡᠯᠡᠬᠡᠢ ᠶᠢᠨ ᠨᠡᠷᠡᠬᠦᠢ ᠨᠢᠳᠤᠷᠭᠠᠨ ᠤ ᠡᠷᠡᠭᠦᠯ ᠮᠡᠨᠳᠦ ᠶᠢᠨ ᠶᠡᠭᠡ ᠬᠤᠷᠠᠯ ᠵᠢᠴᠢ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠦ᠋ ᠳ᠋ᠠᠩ ᠨᠢᠳᠤᠷᠭᠠᠨ ᠡᠷᠳᠡᠮ ᠤᠨ ᠰᠣᠯᠢᠯᠴᠠᠭᠠᠨ ᠤ ᠤᠷᠤᠯᠳᠤᠭᠠᠨ ᠬᠤᠪᠧᠢ ᠮᠤᠵᠢ ᠳᠤ ᠶᠠᠪᠤᠭᠳᠠᠪᠠ᠃ ᠳᠡᠯᠡᠬᠡᠢ ᠶᠢᠨ 45 ᠤᠯᠤᠰ ᠪᠠ ᠭᠠᠵᠡᠷ ᠤᠷᠤᠨ ᠠᠴᠠ ᠢᠷᠡᠭᠰᠡᠨ 168 ᠲᠥᠯᠥᠭᠡᠯᠡᠭᠴᠢᠳ ᠤᠨ ᠠᠩᠭᠢ ᠤᠷᠤᠯᠳᠤᠭᠠᠨ ᠳᠤ ᠣᠷᠣᠯᠴᠠᠵᠠᠢ᠃ ᠣᠷᠳᠣᠰ ᠤᠨ ᠨᠡᠷᠡᠬᠦᠢ ᠨᠢᠳᠤᠷᠭᠠᠨ ᠤ ᠨᠡᠶᠢᠭᠡᠮᠯᠢᠭ ᠤᠨ ᠳ᠋ᠦᠩᠱᠧᠩ ᠤᠨ ᠬᠤᠪᠢᠶᠠᠷᠢ ᠨᠡᠶᠢᠭᠡᠮᠯᠢᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠲᠥᠯᠥᠭᠡᠯᠡᠨ ᠤᠷᠤᠯᠳᠤᠭᠠᠨ ᠳᠤ ᠤᠷᠤᠯᠴᠠᠵᠤ ᠣᠯᠠᠨ ᠱᠠᠩᠨᠠᠯ ᠭᠥᠷᠳᠡᠪᠡ᠃ ᠳ᠋ᠦᠩᠱᠧᠩ ᠲᠣᠭᠤᠷᠢᠭ ᠤᠨ ᠲᠥᠯᠥᠭᠡᠯᠡᠭᠴᠢᠳ ᠤᠨ ᠠᠩᠭᠢ ᠬᠠᠮᠲᠤ ᠶᠢᠨ ᠲᠦᠷᠦᠯ ᠤᠨ ᠭᠤᠷᠪᠠᠳᠤᠭᠠᠷ ᠳᠡᠰ ᠤᠨ ᠱᠠᠩᠨᠠᠯ᠂ ᠬᠠᠮᠲᠤ ᠶᠢᠨ ᠵᠡᠪᠰᠡᠭ ᠤᠨ ᠡᠷᠳᠡᠮ ᠤᠨ ᠶᠤᠰᠤ ᠰᠤᠷᠳᠠᠬᠤᠨ ᠤ ᠱᠠᠩᠨᠠᠯ ᠢ ᠬᠦᠷᠳᠡᠪᠡ︔ ᠦ᠋ ᠴᠦᠨ ᠸᠧᠨ ᠵᠡᠪᠰᠡᠭ ᠤᠨ ᠡᠷᠳᠡᠮ ᠤᠨ ᠶᠤᠰᠤ ᠰᠤᠷᠳᠠᠬᠤᠨ ᠤ ᠵᠢᠭᠠᠨ ᠰᠤᠷᠭᠠᠭᠴᠢ ᠶᠢᠨ ᠱᠠᠩᠨᠠᠯ ᠢ ᠬᠦᠷᠳᠡᠪᠠ︔ ᠸᠠᠩ ᠦ᠋ ᠵᠢᠦ᠂ ᠪᠠᠢ ᠡᠯ ᠰᠥᠸᠧ ᠵᠡᠪᠰᠡᠭ ᠤᠨ ᠡᠷᠳᠡᠮ ᠤᠨ ᠶᠤᠰᠤ ᠰᠤᠷᠳᠠᠬᠤᠨ ᠲᠠᠢ ᠲᠠᠮᠢᠷᠴᠢᠨ ᠤ ᠱᠠᠩᠨᠠᠯ ᠢ ᠭᠥᠷᠳᠡᠪᠡ᠃ ᠤᠷᠤᠯᠳᠤᠭᠠᠨ ᠳᠤ ᠣᠷᠣᠯᠴᠠᠭᠰᠠᠳ ᠠᠷᠪᠠᠨ ᠬᠥᠮᠥᠨ ᠤ ᠲᠤᠳᠤᠷᠠᠬᠢ ᠲᠠᠪᠤᠨ ᠬᠥᠮᠥᠨ ᠨᠢ ᠭᠤᠷᠪᠠᠳᠤᠭᠠᠷ ᠳᠡᠰ ᠤᠨ ᠱᠠᠩᠨᠠᠯ᠂  ᠲᠠᠪᠤ ᠨᠢ ᠰᠢᠯᠢᠳᠡᠭ ᠱᠠᠩᠨᠠᠯ ᠬᠦᠷᠲᠡᠪᠡ᠃
9.2.jpg
9.3.jpg
9.4.jpg
9.5.jpg
  
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ