【 ᠲᠦᠷᠦᠯ ᠵᠦᠢᠯ ᠢ ᠲᠦᠷᠬᠡᠳᠬᠡᠨ ᠠᠬᠢᠭᠤᠯᠤᠶ᠎ᠠ 】ᠶᠡᠷᠦᠩᠬᠡᠢ ᠪᠡᠯᠡ ᠣᠷᠣᠭᠤᠯᠤᠯᠲᠠ ᠨᠢ 3.6 ᠳ᠋ᠦᠩᠰᠢᠭᠤᠷ ᠲᠥᠭᠦᠷᠢᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠳᠠᠬᠢᠨᠲᠠ ᠲᠦᠷᠭᠡᠳᠬᠡᠪᠡ
ᠨᠡᠶᠢᠲᠡᠯᠡᠭᠰᠡᠨ ᠴᠠᠭ᠄
2024/10/30
      ᠣᠶᠢᠷ᠎ᠠ ᠳᠤ᠂ ᠰᠤᠷᠪᠤᠯᠵᠢᠯᠠᠭᠴᠢ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠳᠠ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠠᠷᠢᠯᠭ᠎ᠠ ᠶᠢᠨ ᠠᠬᠤᠢ ᠳᠠᠯᠠᠪᠠᠢ ᠳᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠠᠭ ᠲᠦᠷᠭᠡᠨ ᠢᠶᠠᠷ ᠠᠬᠢᠵᠤ᠂ ᠣᠷᠣᠨ ᠪᠦᠰᠡ ᠶᠢᠨ ᠪᠦᠬᠦᠯᠢ ᠴᠣᠭᠴᠠ ᠶᠢᠨ ᠪᠣᠷᠣ ᠲᠥᠯᠥᠪ ᠢ ᠦᠨᠳᠦᠰᠦᠨ ᠳᠡᠭᠡᠨ ᠪᠠᠶᠢᠭᠤᠯᠤᠨ ᠳᠠᠭᠤᠰᠬᠠᠵᠤ᠂ ᠬᠡᠰᠡᠭ ᠠᠵᠤ ᠠᠬᠤᠶᠢᠯᠠᠯ ᠨᠢᠭᠡᠨᠲᠡ ᠤᠷᠤᠭᠰᠢᠲᠠᠢ ᠪᠠᠷ ᠣᠷᠣᠵᠤ ᠰᠠᠭᠤᠷᠢᠰᠢᠨ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠠᠬᠤᠢ ᠶᠢᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ ᠪᠠᠶᠢᠭ᠎ᠠ ᠶᠢ ᠤᠯᠵᠤ ᠬᠠᠷᠠᠯ᠎ᠠ᠃
微信图片_20241029144434.jpg
      ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠤᠨ ᠶᠡᠷᠦᠩᠬᠡᠢ ᠲᠠᠯᠠᠪᠠᠶ ᠨᠢ 137043 ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠶ ᠨᠢ 103520 ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠭᠤᠣᠯ ᠴᠣᠭᠴᠠ ᠨᠢ ᠨᠡᠶᠢᠲᠡ 23 ᠪᠠᠶᠢᠵᠤ᠂ ᠡᠭᠦᠨ ᠳᠤ 18 ᠵᠠᠪᠰᠠᠷ ᠤᠨ ᠲᠤᠷᠰᠢᠯᠲᠠ ᠶᠢᠨ ᠦᠢᠯᠡᠳᠪᠦᠷᠢ ᠶᠢᠨ ᠭᠡᠷ ᠪᠠᠶᠢᠰᠢᠩ᠂ 3 ᠪᠠᠷᠢᠮᠵᠢᠶᠠᠲᠤ ᠦᠢᠯᠡᠳᠪᠦᠷᠢ ᠶᠢᠨ ᠭᠡᠷ ᠪᠠᠶᠢᠰᠢᠩ᠂ 1 ᠠᠯᠪᠠᠨ ᠠᠰᠠᠷ ᠵᠢᠴᠢ 1 ᠦᠵᠡᠭᠦᠯᠦᠯᠭᠡ ᠶᠢᠨ ᠲᠥᠪ ᠢ ᠪᠠᠭᠲᠠᠭᠠᠵᠤ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 3.6 ᠳ᠋ᠦᠩᠰᠢᠭᠤᠷ ᠲᠥᠭᠦᠷᠢᠭ ᠪᠣᠯᠣᠨ᠎ᠠ᠃ ᠡᠭᠦᠨ ᠤ ᠵᠣᠷᠢᠯᠭ᠎ᠠ ᠨᠢ ᠰᠤᠳᠤᠯᠤᠨ ᠨᠡᠭᠡᠭᠡᠬᠦ᠂ ᠵᠠᠪᠰᠠᠷ  ᠤᠨ ᠲᠤᠷᠰᠢᠯᠲᠠ ᠬᠢᠬᠦ᠂ ᠦᠷ᠎ᠡ ᠪᠦᠲᠦᠭᠡᠯ ᠢ ᠤᠯᠠᠷᠢᠭᠤᠯᠬᠤ ᠵᠢᠴᠢ ᠠᠵᠤ ᠦᠢᠯᠡᠰᠵᠢᠭᠦᠯᠦᠨ ᠦᠢᠯᠡᠳᠪᠦᠷᠢᠯᠡᠬᠦ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠲᠠᠪᠴᠠᠩ ᠢ ᠪᠤᠶ ᠪᠣᠯᠭᠠᠬᠤ ᠶᠢᠨ ᠲᠥᠯᠥᠭᠡ ᠶᠤᠮ᠃
微信图片_20241031100154.jpg 
     ᠣᠳᠣᠬᠠᠨ ᠳᠤ᠂ ᠮᠠᠰᠢ ᠣᠯᠠᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠣᠷᠣᠵᠤ ᠰᠠᠭᠤᠬᠤ ᠬᠦᠰᠡᠯ ᠢᠶᠠᠨ ᠢᠯᠡᠳᠬᠡᠵᠡᠢ᠃ ᠣᠷᠳᠣᠰ ᠤᠨ ᠲᠤᠷᠰᠢᠯᠲᠠ ᠶᠢᠨ ᠲᠠᠰᠤᠭ᠂ ᠪᠡᠭᠡᠵᠢᠩ ᠶᠡᠭᠡ ᠰᠤᠷᠭᠠᠭᠤᠯᠢ ᠶᠢᠨ ᠣᠷᠳᠣᠰ ᠤᠨ ᠡᠨᠧᠷᠭᠢ ᠶᠢᠨ ᠰᠤᠳᠤᠯᠭᠠᠨ ᠤ ᠬᠦᠷᠢᠶᠡᠯᠡᠩ᠂ ᠤᠯᠤᠰ ᠤᠨ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠲᠥᠪ ︵ᠥᠪᠥᠷ ᠮᠣᠩᠭᠤᠯ︶ ᠤᠨ ᠣᠷᠳᠣᠰ ᠤᠨ ᠬᠤᠪᠢᠶᠠᠷᠢ ᠲᠥᠪ᠂ ᠳᠤᠮᠳᠠᠳᠤ ᠤᠯᠤᠰ ᠤᠨ ᠨᠡᠭᠦᠷᠡᠰᠦᠨ  ᠤ ᠠᠭᠤᠷᠬᠠᠢ ᠶᠢᠨ ᠳᠠᠭᠠᠷᠢᠯᠳᠠ ᠭᠠᠵᠠᠷ ᠤᠨ ᠳᠠᠷᠤᠯᠲᠠ ᠶᠢ ᠰᠡᠷᠭᠡᠶᠢᠯᠡᠨ ᠵᠠᠰᠠᠬᠤ ᠢᠨᠵᠧᠨᠧᠷᠢᠩ ᠤᠨ ᠰᠤᠳᠤᠯᠭᠠᠨ ᠤ ᠲᠥᠪ ᠵᠡᠷᠭᠡ ᠨᠢᠭᠡᠴᠡ ᠨᠢᠭᠡᠨᠲᠡ ᠤᠷᠤᠭᠰᠢᠲᠠᠢ ᠪᠠᠷ ᠣᠷᠣᠵᠤ ᠰᠠᠭᠤᠷᠢᠰᠢᠪᠠ᠃
微信图片_20241031100217.jpg
      ︽ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠳᠠ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ 23 ᠠᠰᠠᠷ ᠨᠢᠭᠡᠨᠲᠡ ᠰᠡᠭᠦᠯ ᠬᠤᠷᠢᠶᠠᠬᠤ ᠱᠠᠲᠤᠨ ᠳᠤ ᠣᠷᠣᠵᠤ᠂ ᠪᠠᠷᠢᠯᠭ᠎ᠠ  ᠳᠠᠭᠤᠰᠬᠠᠵᠤ᠂ ᠰᠢᠯᠭᠠᠨ ᠠᠪᠬᠤ ᠠᠵᠢᠯ ᠢ ᠵᠡᠷᠭᠡ ᠪᠠᠷ ᠲᠦᠯᠬᠢᠨ ᠠᠬᠢᠭᠤᠯᠵᠤ᠂ ᠵᠢᠱᠢᠯᠲᠡ ᠪᠠᠷ 12 ᠳ᠋ᠤᠭᠠᠷ ᠰᠠᠷ᠎ᠠ ᠶᠢᠨ ᠰᠡᠭᠦᠯᠴᠢ ᠪᠠᠷ ᠬᠡᠷᠡᠭᠯᠡᠬᠦ ᠨᠥᠬᠦᠴᠡᠯ ᠢ ᠪᠦᠷᠢᠯᠳᠦᠭᠦᠯᠦᠨ᠎ᠡ᠃ ᠲᠦᠷᠦᠯ ᠵᠦᠢᠯ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠭᠤᠣᠯᠳᠠᠭᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠳᠤᠮᠳᠠ ᠪᠠᠭ᠎ᠠ ᠬᠡᠯᠪᠡᠷᠢ ᠶᠢᠨ ᠠᠵᠤ ᠠᠬᠤᠶᠢᠯᠠᠯ ᠪᠣᠯᠣᠨ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠳᠤ ᠦᠢᠯᠡᠴᠢᠯᠡᠵᠦ᠂ ᠳᠡᠳᠡᠨ ᠳᠤ ᠰᠤᠳᠤᠯᠤᠨ ᠨᠡᠭᠡᠭᠡᠬᠦ ᠠᠴᠠ ᠠᠵᠤ ᠦᠢᠯᠡᠰᠵᠢᠭᠦᠯᠬᠦ ᠬᠦᠷᠲᠡᠯᠡᠬᠢ ᠪᠦᠬᠦ ᠬᠡᠯᠬᠢᠶ᠎ᠡ ᠶᠢᠨ ᠳᠡᠮᠵᠢᠯᠭᠡ ᠬᠠᠩᠭᠠᠵᠤ᠂ ᠠᠵᠤ ᠠᠬᠤᠶᠢᠯᠠᠯ ᠪᠣᠯᠣᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠲᠦᠷᠭᠡᠨ ᠦᠰᠦᠨ ᠪᠣᠶᠢᠵᠢᠬᠤ ᠳᠤ ᠬᠦᠴᠦᠨ ᠨᠡᠮᠡᠷᠢᠯᠡᠨ᠎ᠡ︾        — —  ᠥᠪᠥᠷ ᠮᠣᠩᠭᠤᠯ ᠤᠨ ᠳᠡᠭᠡᠳᠦ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠡᠵᠡᠮᠳᠡᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ  ᠯᠢᠦᠢ ᠬᠠᠢ ᠷᠦᠢ
微信图片_20241031100213.jpg
      ᠣᠶᠢᠯᠠᠭᠠᠭᠰᠠᠨ ᠢᠶᠠᠷ᠂ ᠲᠣᠰ ᠰᠠᠭᠤᠷᠢᠨ ᠭᠠᠵᠠᠷ ᠨᠢ ᠰᠢᠨᠵᠢᠯᠡᠬᠦ ᠤᠬᠠᠭᠠᠨ ᠤ ᠰᠤᠳᠤᠯᠭᠠᠨ ᠤ ᠲᠤᠷᠰᠢᠯᠲᠠ ᠶᠢᠨ ᠲᠠᠰᠤᠭ᠂ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠰᠢᠨ᠎ᠡ ᠬᠡᠯᠪᠡᠷᠢ ᠶᠢᠨ ᠮᠠᠲ᠋ᠧᠷᠢᠶᠠᠯ᠂ ᠣᠶᠤᠨᠴᠢ ᠦᠢᠯᠡᠳᠬᠦ ᠦᠢᠯᠡᠰ ᠵᠡᠷᠭᠡ ᠶᠢ ᠭᠤᠣᠯᠳᠠᠯᠭ᠎ᠠ ᠲᠠᠢ ᠪᠠᠶᠢᠷᠢᠰᠢᠭᠤᠯᠵᠤ᠂ ᠰᠢᠯᠢᠳᠡᠭ ᠰᠢᠨᠵᠢᠯᠡᠬᠦ ᠤᠬᠠᠭᠠᠨ ᠤ ᠰᠤᠳᠤᠯᠭᠠᠨ ᠤ ᠡᠬᠢ ᠪᠠᠶᠠᠯᠢᠭ ᠢ ᠬᠤᠷᠠᠮᠳᠤᠭᠤᠯᠬᠤ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠲᠡ ᠪᠠ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠠᠬᠤᠢ ᠶᠢᠨ ᠬᠥᠭᠵᠢᠯᠲᠡ ᠶᠢᠨ ᠭᠦᠨᠵᠡᠭᠡᠢ ᠠᠭᠤᠰᠤᠯᠴᠠᠯ ᠢ ᠲᠦᠷᠭᠡᠳᠬᠡᠬᠦ ᠪᠤᠯᠤᠨ᠎ᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ