ᠰᠤᠷᠭᠠᠨ ᠬᠦᠮᠦᠵᠢᠯ ᠤᠨ ᠶᠠᠮᠤᠨ᠄ ᠰᠤᠷᠤᠭᠴᠢᠳ ᠤᠨ ᠳᠠᠮᠢᠷ ᠤᠨ ᠬᠦᠳᠡᠯᠬᠡᠬᠡᠨ ᠤ ᠴᠠᠭ ᠢ 2 ᠴᠠᠭ ᠠᠴᠠ ᠤᠬᠤᠷ ᠪᠠᠶᠢᠯᠭᠠᠬᠤ ᠦᠬᠡᠢ
ᠨᠡᠶᠢᠲᠡᠯᠡᠭᠰᠡᠨ ᠴᠠᠭ᠄
2024/10/8
      ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠤᠨᠢᠨ ᠮᠡᠳᠡᠬᠡᠨ ᠤ ᠠᠯᠪᠠᠨ ᠬᠡᠷ ᠤᠨ ᠡᠨᠡ ᠡᠳᠤᠷ ᠬᠤᠷᠠᠯᠳᠤᠭᠤᠯᠤᠭᠰᠠᠨ ︽ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ︾ ᠰᠢᠷᠢᠰ ᠭᠤᠤᠯ ᠰᠡᠳᠤᠪᠳᠤ ᠰᠤᠨᠢᠨ ᠮᠡᠳᠡᠭᠡ ᠨᠡᠶᠢᠳᠡᠯᠡᠬᠦ ᠬᠤᠷᠠᠯ ᠳᠡᠬᠡᠷ᠎ᠡ᠂ ᠰᠤᠷᠭᠠᠨ ᠬᠦᠮᠦᠵᠢᠯ ᠤᠨ ᠶᠠᠮᠤᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠢᠯᠡᠷᠬᠡᠶᠢᠯᠡᠬᠦ ᠳᠡᠭᠡᠨ᠂ ᠵᠠᠩᠬᠢᠯᠠᠭ᠎ᠠ ᠶᠢᠨ ᠭᠤᠭᠴᠤᠭ᠎ᠠ ᠶᠢᠨ ᠳᠠᠯ᠎ᠠ ᠪᠠᠷ᠂  ︽ᠡᠷᠡᠬᠦᠯ ᠮᠡᠨᠳᠤ ᠳᠡᠷᠢᠬᠦᠨ ᠴᠢᠬᠤᠯᠠ︾ ᠪᠠᠶᠢᠬᠤ ᠶᠢ ᠨᠠᠷᠢᠯᠢᠭ ᠪᠤᠳᠠᠳᠠᠢ ᠨᠠᠶᠢᠳᠠᠪᠤᠷᠢᠵᠢᠭᠤᠯᠬᠤ ᠬᠡᠷᠡᠭᠳᠡᠢ ᠬᠡᠪᠡ᠃       ᠰᠤᠷᠤᠭᠴᠢᠳ ᠤᠨ ᠪᠡᠶ᠎ᠡ ᠮᠠᠬᠠᠪᠤᠳ ᠢ ᠴᠢᠬᠢᠷᠠᠭᠵᠢᠭᠤᠯᠬᠤ ᠲᠦᠯᠦᠪᠯᠡᠭᠡ᠂ ᠰᠡᠳᠬᠢᠴᠡ ᠶᠢᠨ ᠡᠷᠡᠬᠦᠯ ᠮᠡᠨᠳᠤ  ᠶᠢ ᠠᠬᠢᠭᠤᠯᠬᠤ ᠠᠵᠢᠯᠯᠠᠭ᠎ᠠ ᠵᠡᠷᠬᠡ ᠶᠢ ᠬᠡᠷᠡᠭᠵᠢᠬᠦᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠳᠤᠷ ᠪᠦᠷᠢ ᠶᠢᠨ ᠶᠡᠷᠦᠩᠬᠡᠶᠢᠯᠡᠭᠰᠡᠨ ᠪᠡᠶ᠎ᠡ ᠶᠢᠨ ᠳᠠᠮᠢᠷ ᠤᠨ ᠬᠦᠳᠡᠯᠬᠡᠬᠡᠨ ᠤ ᠴᠠᠭ ᠢ 2 ᠴᠠᠭ ᠠᠴᠠ ᠤᠬᠤᠷ ᠪᠠᠶᠢᠯᠭᠠᠬᠤ ᠦᠬᠡᠢ ᠪᠠᠶᠢᠬᠤ ᠶᠢ ᠪᠠᠳᠤᠯᠠᠵᠤ᠂ ᠰᠤᠷᠤᠭᠴᠢᠳ ᠤᠨ ᠢᠳᠡᠪᠬᠢᠳᠡᠢ ᠰᠡᠳᠬᠢᠴᠡ ᠶᠢᠨ ᠬᠡᠪ ᠴᠢᠨᠠᠷ ᠢ ᠪᠦᠬᠦ ᠳᠠᠯ᠎ᠠ ᠪᠠᠷ ᠪᠤᠶᠢᠵᠢᠭᠤᠯᠤᠨ᠎ᠠ᠃ ᠬᠡᠤᠬᠡᠳ ᠢ ᠬᠦᠳᠡᠯᠬᠡᠵᠤ᠂ ᠦᠢᠯᠡᠳᠤᠯᠴᠡᠬᠦᠯᠵᠤ᠂ ᠢᠯᠡᠬᠦᠬᠡᠨ ᠨᠠᠷᠠ ᠦᠵᠡᠬᠦᠯᠵᠤ᠂ ᠰᠢᠨ᠎ᠡ ᠰᠤᠷᠭᠤᠭ ᠠᠭᠠᠷ ᠢᠯᠡᠬᠦᠬᠡᠨ ᠠᠮᠢᠰᠬᠤᠭᠤᠯᠬᠤ ᠬᠡᠷᠡᠭᠳᠡᠢ᠃       ᠳᠤᠭᠳᠠᠴᠠ ᠶᠢᠨ ᠪᠠᠳᠤᠯᠠᠭ᠎ᠠ ᠶᠢᠨ ᠳᠠᠯ᠎ᠠ ᠪᠠᠷ᠂ ᠰᠤᠷᠭᠠᠨ ᠬᠦᠮᠦᠵᠢᠯ ᠤᠨ ᠶᠠᠮᠤᠨ ᠬᠡᠷ ᠪᠦᠯᠢ ᠰᠤᠷᠭᠠᠭᠤᠯᠢ ᠨᠡᠶᠢᠬᠡᠮ ᠬᠠᠮᠵᠢᠯᠴᠠᠨ ᠬᠦᠮᠦᠨ ᠬᠦᠮᠦᠵᠢᠬᠦᠯᠬᠦ ᠳᠤᠭᠳᠠᠴᠠ ᠶᠢ ᠴᠢᠨᠠᠭᠰᠢᠳᠠ ᠪᠦᠷᠢᠨᠰᠢᠬᠦᠯᠵᠤ᠂ ︿ᠰᠤᠷᠭᠠᠨ ᠬᠦᠮᠦᠵᠢᠯ ᠤᠨ ᠬᠤᠯᠪᠤᠭᠠᠳᠤ ᠴᠤᠭᠴᠠ﹀ ᠶᠢᠨ ᠪᠠᠶᠢᠭᠤᠯᠤᠯᠳᠠ ᠪᠠᠷ ᠭᠠᠷᠳᠠᠴᠠ ᠪᠤᠯᠭᠠᠨ᠂ ᠰᠠᠯᠠᠭ᠎ᠠ ᠮᠦᠴᠢᠷ ᠤᠨ ᠡᠬᠢ ᠪᠠᠶᠠᠯᠢᠭ ᠢ ᠳᠠᠶᠢᠴᠢᠯᠠᠵᠤ᠂ ᠨᠡᠶᠢᠬᠡᠮ ᠤᠨ ᠬᠦᠴᠦᠨ ᠲᠠᠢ ᠬᠠᠮᠵᠢᠯᠴᠠᠨ᠂ ᠡᠮ ᠡᠮᠨᠡᠯᠬᠡ ᠰᠤᠷᠭᠠᠨ ᠬᠦᠮᠦᠵᠢᠯ ᠬᠠᠷᠢᠯᠴᠠᠨ ᠠᠬᠢᠭᠤᠯᠬᠤ᠂ ᠪᠡᠶ᠎ᠡ ᠮᠠᠬᠠᠪᠤᠳ ᠰᠤᠷᠭᠠᠨ ᠬᠦᠮᠦᠵᠢᠯ ᠬᠠᠷᠢᠯᠴᠠᠨ ᠠᠭᠤᠰᠤᠯᠴᠠᠬᠤ᠂ ᠬᠡᠷ ᠪᠦᠯᠢ ᠰᠤᠷᠭᠠᠭᠤᠯᠢ ᠬᠠᠷᠢᠯᠴᠠᠨ ᠬᠦᠳᠡᠯᠦᠯᠴᠡᠬᠦ᠂ ᠨᠡᠶᠢᠬᠡᠮ ᠤᠨ ᠰᠤᠷᠭᠠᠨ ᠬᠦᠮᠦᠵᠢᠯ ᠰᠤᠷᠭᠠᠭᠤᠯᠢ ᠶᠢᠨ ᠰᠤᠷᠭᠠᠨ ᠬᠦᠮᠦᠵᠢᠯ ᠬᠡᠷ ᠪᠦᠯᠢ ᠶᠢᠨ ᠰᠤᠷᠭᠠᠨ ᠬᠦᠮᠦᠵᠢᠯ ᠬᠠᠮᠵᠢᠯᠴᠠᠬᠤ ᠵᠡᠷᠬᠡ ᠳᠠᠯ᠎ᠠ ᠪᠠᠷ ᠬᠢ ᠬᠤᠯᠪᠤᠭᠠᠯᠠᠯ ᠢᠶᠠᠨ ᠴᠢᠩᠭᠠᠳᠬᠠᠵᠤ᠂ ᠰᠤᠷᠤᠭᠴᠢᠳ ᠤᠨ ᠪᠦᠬᠦ ᠳᠠᠯ᠎ᠠ ᠪᠠᠷ ᠬᠦᠭᠵᠢᠬᠦ᠂ ᠡᠷᠡᠬᠦᠯ ᠢᠶᠠᠷ ᠦᠰᠦᠨ ᠪᠤᠶᠢᠵᠢᠬᠤ ᠴᠢᠬᠤᠯᠠ ᠬᠠᠷᠢᠭᠤᠴᠠᠯᠭ᠎ᠠ ᠶᠢ ᠬᠠᠮᠳᠤ ᠪᠠᠷ ᠡᠬᠦᠷᠬᠡᠯᠡᠬᠦ ᠪᠤᠯᠤᠨ᠎ᠠ᠃
ᠢᠷᠡᠯᠲᠡ᠄ ︽ᠦᠪᠦᠷ ᠮᠤᠩᠭᠤᠯ ᠤᠨ ᠡᠮᠡᠭᠳᠡᠶᠢᠴᠤᠳ︾ ᠰᠡᠳᠬᠦᠯ