ᠳᠤᠭᠤᠷᠢᠭ ᠤᠨ ᠨᠠᠮ ᠤᠨ ᠬᠤᠷᠢᠶ᠎ᠠ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠣᠷᠣᠨ ᠰᠠᠭᠤᠴᠠ ᠶᠢᠨ ᠬᠦᠷᠢᠶᠡᠨ ᠳᠠᠬᠢ ︽ᠦᠨᠡᠮᠯᠡᠯ ᠠᠪᠬᠤ ᠳᠤ ᠬᠦᠴᠢᠷᠲᠡᠢ ᠪᠠᠶᠢᠬᠤ︾ ᠲᠠᠯ᠎ᠠ ᠪᠠᠷ ᠬᠢ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠰᠤᠳᠤᠯᠪᠠ
ᠨᠡᠶᠢᠲᠡᠯᠡᠭᠰᠡᠨ ᠴᠠᠭ᠄
2024/10/9
      10 ᠰᠠᠷ᠎ᠠ ᠶᠢᠨ 8 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠣᠷᠣᠨ ᠰᠠᠭᠤᠴᠠ ᠶᠢᠨ ᠬᠦᠷᠢᠶᠡᠨ ᠳᠠᠬᠢ ︽ᠦᠨᠡᠮᠯᠡᠯ ᠠᠪᠬᠤ ᠳᠤ ᠬᠦᠴᠢᠷᠲᠡᠢ ᠪᠠᠶᠢᠬᠤ︾ ᠲᠠᠯ᠎ᠠ ᠪᠠᠷ ᠬᠢ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠰᠤᠳᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠳᠤ  ᠤᠷᠤᠯᠴᠠᠪᠠ᠃       ᠬᠤᠷᠠᠯ ᠠᠴᠠ᠂ ᠥᠯᠥ ᠬᠥᠳᠡᠯᠬᠦ ᠬᠥᠷᠥᠩᠭᠡ ᠶᠢ ᠳᠠᠩᠰᠠᠯᠠᠭᠤᠯᠬᠤ ᠠᠵᠢᠯ ᠨᠢ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠣᠯᠠᠨ ᠲᠦᠮᠡᠨ ᠤ ᠠᠵᠠ ᠵᠢᠷᠭᠠᠯ ᠳᠤ ᠬᠤᠯᠪᠣᠭᠳᠠᠵᠤ ᠪᠠᠶᠢᠳᠠᠭ ᠪᠣᠯᠬᠤᠷ ᠪᠥᠬᠦ ᠳᠤᠭᠤᠷᠢᠭ ᠢᠶᠠᠷ ᠢᠶᠠᠨ ︽ᠣᠯᠠᠨ ᠲᠦᠮᠡᠨ ᠳᠤ ᠣᠰᠣᠯ ᠪᠤᠷᠤᠭᠤ ᠦᠭᠡᠢ︾ ᠪᠠᠶᠢᠬᠤ ᠵᠠᠷᠴᠢᠮ ᠢ ᠪᠠᠷᠢᠮᠲᠠᠯᠠᠨ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠣᠯᠠᠨ ᠲᠦᠮᠡᠨ ᠤ ᠬᠡᠷᠡᠭᠴᠡᠭᠡ ᠶᠢ ᠣᠨᠣᠪᠴᠢᠲᠠᠶ ᠵᠤᠯᠭᠠᠭᠤᠯᠤᠨ᠂ ᠣᠷᠣᠨ ᠰᠠᠭᠤᠴᠠ ᠶᠢᠨ ᠬᠦᠷᠢᠶᠡᠨ ᠳᠠᠬᠢ ︽ᠦᠨᠡᠮᠯᠡᠯ ᠠᠪᠬᠤ ᠳᠤ ᠬᠦᠴᠢᠷᠲᠡᠢ ᠪᠠᠶᠢᠬᠤ︾ ᠬᠡᠮ ᠰᠣᠭᠤᠭ ᠢ ᠲᠥᠪᠯᠡᠷᠡᠭᠦᠯᠦᠨ ᠰᠢᠢᠳᠪᠦᠷᠢᠯᠡᠬᠦ ᠬᠡᠷᠡᠭᠲᠡᠢ᠃ ᠬᠦᠴᠢᠷ ᠠᠰᠠᠭᠤᠳᠠᠯ ᠢ ᠰᠠᠶᠢᠲᠤᠷ ᠠᠩᠬᠠᠷᠴᠤ᠂ ︽ᠦᠨᠡᠮᠯᠡᠯ ᠠᠪᠬᠤ ᠳᠤ ᠬᠦᠴᠢᠷᠳᠡᠢ ᠪᠠᠶᠢᠬᠤ︾ ᠶᠢᠨ ᠦᠨᠳᠦᠰᠦ ᠰᠤᠷᠪᠤᠯᠵᠢ ᠶᠢ ᠪᠥᠬᠦ ᠲᠠᠯ᠎ᠠ ᠪᠠᠷ ᠡᠮᠬᠢᠯᠡᠨ ᠭᠦᠨᠵᠡᠭᠡᠢ ᠵᠠᠳᠠᠯᠵᠤ᠂ ᠦᠨᠡᠮᠯᠡᠯ ᠠᠪᠬᠤ ᠶᠠᠪᠤᠴᠠ ᠶᠢᠨ ᠰᠠᠭᠠᠳ ᠦᠭᠡᠢ ᠶᠠᠪᠤᠭᠳᠠᠬᠤ ᠶᠢ ᠦᠨᠡᠨᠬᠦ ᠪᠠᠲᠤᠯᠠᠵᠤ᠂ ᠬᠠᠤᠯᠢ ᠴᠠᠭᠠᠵᠠ ᠬᠢᠭᠡᠳ ᠳᠡᠭᠡᠳᠦ ᠱᠠᠲᠤᠨ ᠤ ᠬᠠᠤᠯᠢ ᠴᠠᠭᠠᠵᠠ ᠶᠢᠨ ᠬᠦᠴᠦᠨ ᠳᠤ ᠲᠦᠰᠢᠭᠯᠡᠨ᠂ ᠭᠤᠣᠯᠳᠠᠯᠭ᠎ᠠ ᠲᠠᠢ ᠲᠥᠷᠥᠯ ᠵᠦᠢᠯ ᠵᠢᠴᠢ ᠰᠠᠭᠤᠭᠠᠯᠢ ᠲᠣᠭᠤᠷᠢᠭ ᠤᠨ ᠬᠠᠤᠯᠢ ᠴᠠᠭᠠᠵᠠ ᠳᠤ ᠬᠤᠯᠪᠣᠭᠳᠠᠬᠤ ᠵᠠᠷᠭᠤ ᠳᠤ ᠬᠤᠯᠪᠣᠭᠳᠠᠬᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠭᠠᠷᠳᠠᠮ ᠭᠦᠢᠴᠡᠳᠬᠡᠬᠦ ᠪᠥᠬᠦ ᠬᠡᠯᠬᠢᠶ᠎ᠡ ᠶᠢ ᠴᠢᠩᠭ᠎ᠠ ᠠᠩᠬᠠᠷᠴᠤ᠂ ᠭᠤᠭᠴᠤᠭ᠎ᠠ ᠨᠢᠭᠡᠪᠦᠷᠢ ᠨᠢ ᠴᠥᠮ ᠲᠣᠭᠲᠠᠭᠠᠯ ᠳᠤ ᠨᠡᠶᠢᠴᠡᠬᠦ ᠪᠠ ᠬᠠᠤᠯᠢ ᠳᠤ ᠨᠡᠶᠢᠴᠡᠬᠦ᠂ ᠤᠷᠬᠢᠭᠳᠠᠭᠤᠯᠤᠯ ᠦᠭᠡᠢ᠂ ᠬᠡᠮ ᠰᠤᠭᠤᠭ ᠦᠭᠡᠢ ᠪᠠᠶᠢᠬᠤ ᠶᠢ ᠦᠨᠡᠨᠬᠦ ᠪᠠᠲᠤᠯᠠᠵᠤ᠂ ᠡᠬᠡ ᠲᠠᠩᠰᠠ ᠶᠢᠨ ᠬᠠᠮᠢᠶᠠᠷᠤᠯᠲᠠ ᠶᠢ ᠴᠢᠩᠭᠠᠳᠬᠠᠨ᠂ ᠰᠠᠭᠤᠷᠢ ᠲᠤᠭ᠎ᠠ ᠶᠢ ᠲᠣᠳᠣᠷᠬᠠᠶᠢᠯᠠᠵᠤ᠂ ᠲᠠᠷᠠᠭᠠᠴᠢ ᠶᠢᠨ ᠰᠢᠢᠳᠪᠦᠷᠢᠲᠦ ᠪᠣᠳᠣᠯᠭ᠎ᠠ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ ᠬᠡᠷᠡᠭᠳᠡᠢ᠃ ᠠᠵᠢᠯ ᠤᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠵᠢᠯᠯᠠᠨ᠂ ᠡᠯ᠎ᠡ ᠲᠠᠯ᠎ᠠ ᠶᠢᠨ ᠡᠬᠢ ᠪᠠᠶᠠᠯᠢᠭ ᠢ ᠵᠣᠬᠢᠴᠠᠭᠤᠯᠵᠤ᠂ ᠬᠦᠯᠢᠶᠡᠬᠦ ᠦᠭᠡᠢ ᠲᠦᠰᠢᠭᠯᠡᠬᠦ ᠦᠭᠡᠢ ᠪᠠᠶᠢᠬᠤ ᠶᠢ ᠡᠷᠡᠰ ᠪᠠᠷᠢᠮᠳᠠᠯᠠᠨ᠂ ᠳᠣᠲᠣᠭᠠᠳᠤ ᠶᠢ ᠬᠠᠮᠠᠭᠠᠯᠠᠬᠤ ᠳᠤᠪᠴᠢᠶ᠎ᠠ ᠪᠠᠶᠢᠴᠠᠭᠠᠬᠤ ᠬᠤᠷᠢᠶ᠎ᠠ ᠰᠢᠭᠦᠬᠦ ᠬᠤᠷᠢᠶᠠᠨ ᠤ ᠬᠦᠴᠦᠨ ᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠵᠦ᠂ ᠡᠭᠦᠷᠭᠡ ᠶᠢ ᠣᠨᠣᠪᠴᠢᠲᠠᠢ ᠬᠤᠪᠢᠶᠠᠷᠢᠯᠠᠵᠤ᠂ ᠭᠠᠳᠠᠨᠠᠬᠢ ᠲᠤᠰᠬᠠᠢ ᠮᠡᠷᠭᠡᠵᠢᠯ ᠤᠨ ᠡᠬᠢ ᠪᠠᠶᠠᠯᠢᠭ ᠢ ᠠᠰᠢᠭᠯᠠᠨ᠂ ᠬᠠᠤᠯᠢ ᠴᠠᠭᠠᠵᠠ ᠶᠢᠨ ᠬᠦᠴᠢᠷ ᠠᠰᠠᠭᠤᠳᠠᠯ ᠢ ᠥᠨᠳᠥᠷ ᠪᠦᠲᠦᠮᠵᠢᠲᠡᠢ ᠰᠢᠢᠳᠪᠤᠷᠢᠯᠡᠨ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠬᠠᠷᠢᠶ᠎ᠠ ᠭᠠᠵᠠᠷ ᠤᠨ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠠᠬᠢᠭᠤᠯᠬᠤ ᠳᠠᠪᠠᠭᠤᠯᠢᠭ ᠢ ᠪᠠᠳᠠᠷᠠᠭᠤᠯᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠦᠷ᠎ᠡ ᠪᠦᠲᠦᠮᠵᠢ ᠪᠠᠷ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠲᠣᠬᠢᠷᠠᠭᠤᠯᠵᠤ ᠬᠤᠯᠪᠣᠭᠠᠯᠠᠬᠤ ᠶᠢ ᠳᠠᠭᠠᠭᠠᠴᠢᠯᠠᠬᠤ ᠲᠣᠭᠲᠠᠴᠠ ᠶᠢ ᠴᠢᠩᠭᠠᠳᠬᠠᠨ᠂ ᠡᠯ᠎ᠡ ᠱᠠᠲᠤᠨ ᠤ ᠲᠤᠰᠬᠠᠢ ᠠᠩᠭᠢ ᠶᠢᠨ ᠦᠢᠯᠡᠳᠦᠯ ᠴᠢᠳᠠᠪᠤᠷᠢ ᠶᠢ ᠬᠥᠭᠵᠢᠭᠡᠵᠦ᠂ ︽ᠵᠠᠰᠠᠭ ᠤᠨ ᠣᠷᠳᠣᠨ ᠠᠴᠠ ᠬᠥᠲᠥᠯᠥᠨ ᠳᠠᠭᠠᠭᠤᠯᠬᠤ᠂ ᠰᠠᠯᠠᠭ᠎ᠠ ᠮᠥᠴᠢᠷ ᠤᠳ ᠬᠤᠯᠪᠤᠭᠠᠯᠠᠨ ᠬᠥᠳᠡᠯᠦᠯᠴᠡᠬᠦ︾ ᠠᠵᠢᠯ ᠤᠨ ᠪᠠᠶᠢᠷᠢᠰᠢᠯ ᠢ ᠪᠠᠶᠢᠭᠤᠯᠵᠤ᠂ ᠠᠬᠢᠭᠤᠯᠬᠤ ᠶᠠᠪᠤᠴᠠ ᠳᠠᠬᠢ ᠥᠷᠢᠰᠦᠯᠳᠦᠭᠡᠨ ᠳᠤ᠂ ᠳᠠᠷᠤᠢ ᠲᠦᠷᠭᠡᠨ ᠬᠠᠷᠢᠭᠤ ᠮᠡᠳᠡᠭᠦᠯᠵᠦ᠂ ᠬᠠᠮᠵᠢᠯᠴᠠᠨ ᠰᠤᠳᠤᠯᠵᠤ᠂ ᠲᠦᠷᠭᠡᠨ ᠰᠢᠢᠳᠪᠦᠷᠢᠯᠡᠵᠦ᠂ ᠳᠡᠭᠡᠳᠦ ᠳᠣᠣᠷᠠᠳᠤ ᠱᠠᠲᠤ ᠪᠠᠷ ᠢᠶᠠᠨ ᠰᠡᠳᠬᠢᠯ ᠨᠢᠭᠡᠳᠴᠦ᠂ ᠬᠦᠴᠢᠷ ᠪᠡᠷᠬᠡᠰᠢᠶᠡᠯ ᠢ ᠬᠠᠮᠲᠤᠪᠠᠷ ᠲᠤᠭᠤᠯᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠵᠤ᠂ ᠤᠯᠠᠨ ᠲᠦᠮᠡᠨ ᠤ ︽ᠪᠠᠴᠢᠮ ᠬᠦᠴᠢᠷ ᠵᠣᠪᠠᠭᠤᠷᠢ ᠲᠠᠢ︾ ᠦᠯᠦ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠤᠨ ᠬᠦᠴᠢᠷ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠠᠰᠠᠭᠤᠳᠠᠯ ᠢ ᠴᠠᠭ ᠲᠤᠬᠠᠢ ᠳᠤᠨᠢ᠂ ᠪᠦᠲᠦᠮᠵᠢᠲᠡᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃       ᠲᠣᠭᠤᠷᠢᠭ ᠤᠨ ᠤᠳᠤᠷᠢᠳᠤᠯᠭ᠎ᠠ ᠭᠤᠤ ᠮᠢᠩ᠂ ᠳ᠋ᠦ᠋ ᠵᠢᠢ ᠺᠤᠸᠠᠨ᠂ ᠵᠠᠩ ᠵᠧᠨ ᠫᠢᠩ᠂ ᠵᠠᠩ ᠪᠢᠩ᠂ ᠵᠠᠩ ᠵᠢᠶᠠᠨ ᠬᠦᠩ᠂ ᠱᠢ ᠮᠣᠣ ᠯᠢᠨ᠂ ᠵᠠᠩ ᠵᠢᠶᠦ᠋ᠨ ᠬᠤᠷᠠᠯ ᠳᠤ ᠣᠷᠣᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ