ᠨᠠᠮᠤᠷ ᠤᠨ ᠤᠯᠠᠷᠢᠯ ᠳᠤ ᠬᠠᠯᠳᠠᠪᠤᠷᠢᠳᠤ ᠡᠪᠡᠳᠴᠢᠨ ᠢ ᠤᠷᠢᠳᠴᠢᠯᠠᠨ ᠰᠡᠷᠬᠡᠶᠢᠯᠡᠶ᠎ᠡ
ᠨᠡᠶᠢᠲᠡᠯᠡᠭᠰᠡᠨ ᠴᠠᠭ᠄
2024/10/9
      ᠨᠠᠮᠤᠷ ᠤᠨ ᠤᠯᠠᠷᠢᠯ ᠳᠤ ᠡᠳᠤᠷ ᠰᠦᠨᠢ ᠶᠢᠨ ᠳᠤᠯᠠᠭᠠᠨ ᠤ ᠵᠦᠷᠢᠶ᠎ᠡ ᠠᠭᠠᠵᠢᠮ ᠢᠶᠠᠷ ᠢᠯᠡᠷᠬᠡᠢ ᠪᠤᠯᠵᠤ᠂ ᠬᠦᠮᠦᠰ ᠡᠯ᠎ᠡ ᠵᠦᠢᠯ ᠤᠨ ᠬᠠᠯᠳᠠᠪᠤᠷᠢᠳᠤ ᠡᠪᠡᠳᠴᠢᠨ ᠳᠤ ᠠᠮᠠᠷᠬᠠᠨ ᠨᠡᠷᠪᠡᠭᠳᠡᠳᠡᠭ ᠠᠴᠠ ᠤᠷᠢᠳᠴᠢᠯᠠᠨ ᠰᠡᠷᠬᠡᠶᠢᠯᠡᠬᠦ  ᠨᠢ ᠮᠠᠰᠢ ᠴᠢᠬᠤᠯᠠ ᠪᠠᠶᠢᠳᠠᠭ᠃        ᠬᠤᠪᠢ ᠬᠦᠮᠦᠨ ᠤ ᠠᠷᠢᠭᠤᠨ ᠴᠡᠪᠡᠷ ᠢ ᠠᠩᠬᠠᠷᠤᠨ᠎ᠠ       ᠦᠷᠬᠦᠯᠵᠢ ᠭᠠᠷ ᠢᠶᠠᠨ ᠤᠬᠢᠶᠠᠬᠤ ᠳᠠᠳᠬᠠᠯ ᠢ ᠪᠤᠢ ᠪᠤᠯᠭᠠᠨ᠂ ᠬᠠᠨᠢᠶᠠᠵᠤ ᠨᠠᠶᠢᠳᠠᠭᠠᠬᠤ ᠦᠶᠡᠰ ᠭᠠᠷ ᠢᠶᠠᠷ  ᠢᠶᠠᠨ ᠠᠮᠠ ᠬᠠᠮᠠᠷ ᠢᠶᠠᠨ ᠬᠠᠯᠬᠠᠯᠠᠨ᠎ᠠ᠂ ᠬᠡᠷ ᠦᠷᠦᠬᠡ ᠪᠠᠨ ᠰᠠᠯᠬᠢ ᠨᠡᠪᠳᠡᠷᠡᠬᠦᠯᠦᠨ᠂ ᠬᠦᠮᠦᠨ ᠤᠯᠠᠨᠳᠠᠢ ᠭᠠᠵᠠᠷ ᠤᠴᠢᠬᠤ ᠳᠤ ᠪᠠᠨ ᠠᠮᠠᠪᠴᠢ ᠵᠡᠬᠦᠨ᠎ᠡ᠃        ᠢᠳᠡᠬᠡᠨ ᠤᠮᠳᠠᠭᠠᠨ ᠤ ᠰᠢᠮ᠎ᠡ ᠳᠡᠵᠢᠬᠡᠯ ᠢ ᠵᠤᠬᠢᠴᠠᠭᠤᠯᠤᠨ᠎ᠠ        ᠡᠳᠤᠷ ᠪᠦᠷᠢ ᠵᠢᠮ᠎ᠡ ᠶᠤᠰᠤ ᠷᠠᠢ ᠬᠤᠭᠤᠯᠠᠯᠠᠬᠤ ᠶᠢ ᠪᠠᠷᠢᠮᠳᠠᠯᠠᠨ᠂ ᠢᠳᠡᠬᠡᠨ ᠤᠮᠳᠠᠭᠠᠨ ᠤ ᠤᠯᠠᠨ ᠶᠠᠩᠵᠤᠳᠤ ᠴᠢᠨᠠᠷ ᠪᠠ ᠰᠢᠮ᠎ᠡ ᠳᠡᠵᠢᠬᠡᠯ ᠢ ᠪᠠᠳᠤᠯᠠᠵᠤ᠂ ᠸᠢᠲ᠋ᠠᠮᠢᠨ C ᠪᠤᠯᠤᠨ ᠤᠭᠤᠷᠠᠭ ᠡᠯᠪᠡᠭ ᠠᠭᠤᠯᠤᠭᠰᠠᠨ ᠢᠳᠡᠬᠡᠨ ᠢ ᠢᠯᠡᠬᠦᠬᠡᠨ ᠢᠳᠡᠪᠡᠯ ᠵᠤᠬᠢᠨ᠎ᠠ᠃       ᠳᠠᠮᠢᠷ ᠤᠨ ᠬᠦᠳᠡᠯᠬᠡᠬᠡᠨ ᠳᠤ ᠢᠯᠡᠬᠦᠬᠡᠨ ᠤᠷᠤᠯᠴᠠᠵᠤ᠂ ᠠᠵᠢᠯᠯᠠᠵᠤ ᠠᠮᠠᠷᠠᠬᠤ ᠪᠠᠨ ᠵᠤᠬᠢᠴᠠᠭᠤᠯᠤᠨ᠎ᠠ        ᠡᠳᠤᠷ ᠪᠦᠷᠢ ᠬᠡᠷ ᠤᠨ ᠭᠠᠳᠠᠨ᠎ᠠ ᠵᠤᠬᠢᠬᠤ ᠬᠡᠮᠵᠢᠶᠡᠨ ᠤ ᠳᠠᠮᠢᠷ ᠤᠨ ᠬᠦᠳᠡᠯᠬᠡᠬᠡᠨ ᠬᠢᠬᠦ ᠶᠢ ᠪᠠᠷᠢᠮᠳᠠᠯᠠᠵᠤ᠂ ᠠᠷᠤᠭ ᠶᠠᠰᠤ ᠪᠠ ᠪᠤᠯᠴᠢᠩ ᠢᠶᠠᠨ ᠴᠢᠩᠭᠠᠷᠠᠭᠤᠯᠤᠨ᠎ᠠ᠃ ᠠᠵᠢᠯᠯᠠᠵᠤ ᠠᠮᠠᠷᠠᠬᠤ ᠪᠠᠨ ᠵᠤᠬᠢᠴᠠᠭᠤᠯᠤᠨ᠂ ᠨᠤᠶᠢᠷ ᠬᠦᠢᠴᠡᠳ ᠪᠠᠶᠢᠬᠤ ᠶᠢ ᠪᠠᠳᠤᠯᠠᠵᠤ᠂ ᠬᠡᠳᠤᠷᠬᠡᠢ ᠶᠠᠳᠠᠷᠠᠬᠤ ᠠᠴᠠ ᠵᠠᠶᠢᠯᠠᠰᠬᠢᠨ᠎ᠡ᠃        ᠡᠷᠡᠬᠦᠯ ᠬᠠᠮᠠᠭᠠᠯᠠᠯ ᠤᠨ ᠳᠤᠬᠠᠢ ᠮᠡᠳᠡᠯᠬᠡ ᠪᠠᠨ ᠳᠡᠬᠡᠭᠰᠢᠯᠡᠬᠦᠯᠦᠨ᠎ᠡ       ᠨᠠᠮᠤᠷ ᠤᠨ ᠤᠯᠠᠷᠢᠯ ᠤᠨ ᠬᠠᠯᠳᠠᠪᠤᠷᠢᠳᠤ ᠡᠪᠡᠳᠴᠢᠨ ᠢ ᠰᠡᠷᠬᠡᠶᠢᠯᠡᠬᠦ ᠬᠠᠮᠢᠶ᠎ᠠ ᠪᠦᠬᠦᠢ ᠮᠡᠳᠡᠯᠬᠡ ᠶᠢ ᠡᠵᠡᠮᠰᠢᠵᠤ᠂ ᠦᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠢᠶᠠᠨ ᠳᠡᠬᠡᠭᠰᠢᠯᠡᠬᠦᠯᠬᠦ ᠶᠢᠨ ᠬᠠᠮᠳᠤ ᠬᠡᠷ ᠤᠨ ᠬᠦᠮᠦᠰ᠂ ᠨᠠᠶᠢᠵᠠ ᠨᠦᠬᠦᠳ ᠪᠤᠯᠤᠨ ᠬᠠᠮᠳᠤ ᠠᠵᠢᠯᠯᠠᠭᠰᠠᠳ ᠲᠤ ᠪᠠᠨ ᠬᠠᠮᠢᠶ᠎ᠠ ᠪᠦᠬᠦᠢ ᠮᠡᠳᠡᠯᠬᠡ ᠦᠢᠯᠠᠭᠠᠭᠤᠯᠤᠨ᠂ ᠬᠠᠯᠳᠠᠪᠤᠷᠢᠳᠤ ᠡᠪᠡᠳᠴᠢᠨ ᠢ ᠤᠷᠢᠳᠴᠢᠯᠠᠨ ᠰᠡᠷᠬᠡᠶᠢᠯᠡᠬᠦ ᠠᠵᠢᠯ ᠢ ᠬᠠᠮᠳᠤ ᠪᠠᠷ ᠰᠠᠶᠢᠳᠤᠷ ᠬᠢᠪᠡᠯ ᠵᠤᠬᠢᠨ᠎ᠠ᠃        ᠴᠠᠭ ᠠᠭᠤᠷ ᠤᠨ ᠪᠠᠶᠢᠳᠠᠯ ᠢ ᠠᠩᠬᠠᠷᠤᠨ᠎ᠠ        ᠨᠠᠮᠤᠷ ᠤᠨ ᠤᠯᠠᠷᠢᠯ ᠳᠤ ᠴᠠᠭ ᠠᠭᠤᠷ ᠤᠨ ᠬᠤᠪᠢᠷᠠᠯᠳᠠ ᠶᠡᠭᠡ ᠪᠤᠯᠬᠤᠷ ᠬᠦᠮᠦᠰ ᠭᠠᠳᠠᠭᠰᠢ ᠭᠠᠷᠬᠤ ᠳᠤ  ᠪᠠᠨ ᠬᠤᠪᠴᠠᠰᠤ ᠬᠤᠨᠠᠷ ᠢᠶᠠᠨ ᠳᠡᠩᠴᠡᠬᠦᠯᠵᠤ᠂ ᠬᠢᠮᠤᠷᠠᠭ᠎ᠠ ᠳᠠᠭᠰᠢᠭᠤᠷ ᠲᠤ ᠨᠡᠷᠪᠡᠭᠳᠡᠬᠦ ᠠᠴᠠ ᠪᠤᠯᠭᠤᠮᠵᠢᠯᠠᠨ᠎ᠠ᠃
ᠢᠷᠡᠯᠲᠡ᠄ ︽ᠦᠪᠦᠷ ᠮᠤᠩᠭᠤᠯ ᠤᠨ ᠡᠮᠡᠭᠳᠡᠶᠢᠴᠤᠳ︾ ᠰᠡᠳᠬᠦᠯ