ᠳ᠋ᠦᠩᠱᠧᠩ ᠲᠣᠭᠤᠷᠢᠭ ᠤᠨ ᠶᠤᠸᠠᠢ ᠱᠠᠨ ᠵᠠᠮ ᠤᠨ ᠵᠡᠭᠦᠨ ᠲᠠᠯ᠎ᠠ᠂ ᠣᠲᠤᠭ ᠪᠠᠷᠠᠭᠤᠨ ᠵᠡᠭᠡᠯᠢ ᠶᠢᠨ ᠬᠤᠶᠢᠲᠤ ᠲᠠᠯ᠎ᠠ᠂ ᠵᠢᠩᠱᠠᠨ ᠵᠠᠮ ᠤᠨ ᠪᠠᠷᠠᠭᠤᠨ | ᠲᠠᠯ᠎ᠠ ᠳᠤ ᠪᠠᠶᠢᠭ᠎ᠠ ᠳ᠋ᠦᠩᠱᠧᠩ ᠤᠨ ᠬᠤᠸᠠᠩ ᠭᠤᠸᠠᠨ ᠵᠢᠶᠠ ᠿᠢ ᠪᠠᠭᠤᠳᠠᠯ ᠤᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠡᠮᠬᠢ ᠵᠢᠷᠤᠮ ᠲᠠᠢ ᠶᠠᠪᠤᠭᠳᠠᠵᠤ᠂ | ᠰᠢᠨ᠎ᠡ ᠠᠬᠢᠴᠠ ᠲᠠᠢ ᠪᠤᠯᠪᠠ᠃ | | | | | | ︽ᠲᠦᠷᠦᠯ ᠵᠦᠢᠯ ᠢ ᠨᠢᠳᠤᠨᠤᠨ ᠤ 7 ᠰᠠᠷ᠎ᠠ ᠠᠴᠠ ᠡᠬᠢᠯᠡᠭᠦᠯᠵᠦ᠂ ᠤᠳᠤ ᠪᠤᠯᠬᠤ ᠳᠤ ᠭᠤᠣᠯ ᠴᠣᠭᠴᠠ ᠶᠢᠨ ᠪᠦᠲᠦᠴᠡ ᠶᠢᠨ ᠳᠡᠬᠡᠪᠤᠷ ᠢ ᠨᠢᠭᠡᠨᠲᠡ | ᠪᠢᠲᠡᠭᠦᠮᠵᠢᠯᠡᠵᠦ᠂ ᠪᠠᠷᠢᠯᠭ᠎ᠠ ᠶᠢᠨ ᠳᠤᠳᠤᠷᠠᠬᠢ ᠶᠢᠨ ᠵᠠᠰᠠᠯ ᠴᠢᠮᠡᠭᠯᠡᠯ᠂ ᠬᠥᠰᠢᠭᠡ ᠶᠢᠨ ᠬᠡᠷᠡᠮ᠂ ᠭᠡᠷ ᠤᠨ ᠭᠠᠳᠠᠨᠠᠬᠢ ᠦᠵᠡᠮᠵᠢ ᠵᠡᠷᠭᠡ ᠪᠠᠷᠢᠯᠭ᠎ᠠ ᠶᠢ ᠵᠠᠯᠭᠠᠭ᠎ᠠ ᠪᠠᠷ | ᠪᠠᠶᠢᠭᠤᠯᠵᠤ᠂ ᠵᠢᠱᠢᠯᠲᠡ ᠪᠠᠷ 2026 ᠣᠨ ᠤ ᠵᠢᠯ ᠤᠨ ᠰᠡᠭᠦᠯᠴᠢ ᠪᠠᠷ ᠪᠠᠷᠢᠯᠭ᠎ᠠ ᠳᠠᠭᠤᠰᠬᠠᠨ᠎ᠠ᠃ ᠪᠠᠭᠤᠳᠠᠯ ᠢ ᠪᠠᠶᠢᠭᠠᠯᠢ ᠪᠣᠯᠣᠨ ᠰᠣᠶᠣᠯ ᠢ ᠤᠶᠠᠯᠳᠤᠭᠤᠯᠤᠭᠰᠠᠨ | ᠮᠠᠶ᠋ᠢᠭ ᠢᠶᠠᠷ ᠲᠦᠯᠦᠪᠵᠢᠬᠦᠯᠬᠡ ᠬᠢᠵᠤ᠂ ᠤᠯᠠᠨ ᠳᠤ ᠥᠪᠡᠷᠮᠢᠴᠡ ᠣᠨᠴᠠᠯᠢᠭ ᠲᠠᠢ ᠭᠡᠷ ᠳᠣᠲᠣᠷᠠᠬᠢ ᠨᠤᠭᠤᠭᠠᠵᠢᠭᠤᠯᠤᠭᠰᠠᠨ ᠣᠷᠴᠢᠨ ᠲᠣᠭᠤᠷᠢᠨ᠂ ᠣᠶᠤᠨᠴᠢ | ᠤᠳᠤ ᠦᠶ᠎ᠡ ᠶᠢᠨ ᠪᠠᠭᠤᠳᠠᠯ ᠳᠤ ᠪᠠᠭᠤᠬᠤ ᠦᠵᠡᠭᠳᠡᠯ ᠢ ᠳᠡᠯᠭᠡᠨ ᠦᠵᠡᠭᠦᠯᠵᠦ᠂ ᠨᠡᠩ ᠥᠨᠳᠥᠷ ᠶᠠᠰᠤ ᠴᠢᠨᠠᠷ ᠲᠠᠢ ᠦᠢᠯᠡᠴᠢᠯᠡᠭᠡ ᠬᠠᠩᠭᠠᠬᠤ ᠪᠣᠯᠣᠨ᠎ᠠ︾ | — — ᠣᠷᠳᠣᠰ ᠬᠤᠲᠠ ᠶᠢᠨ ᠸᠠᠨ ᠵᠢᠢ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠶᠢᠨ ᠳᠠᠭᠠᠭᠠᠮᠠᠯ ᠵᠣᠣ ᠯᠢ | ᠵᠢᠶᠦ᠋ᠨ | | | | ᠣᠶᠢᠯᠠᠭᠠᠭᠰᠠᠨ ᠢᠶᠠᠷ᠂ ᠳ᠋ᠦᠩᠱᠧᠩ ᠤᠨ ᠬᠤᠸᠠᠩ ᠭᠤᠸᠠᠨ ᠵᠢᠶᠠ ᠿᠢ ᠪᠠᠭᠤᠳᠠᠯ ᠪᠣᠯ ᠲᠠᠪᠤᠨ ᠣᠳᠣᠨ ᠲᠠᠰ ᠤᠨ ᠪᠠᠭᠤᠳᠠᠯ ᠵᠢᠴᠢ ᠬᠤᠳᠠᠯᠳᠤᠭᠠᠨ ᠤ | ᠠᠯᠪᠠᠯᠠᠬᠤ ᠶᠢ ᠬᠠᠮᠳᠤᠷᠠᠭᠤᠯᠤᠭᠰᠠᠨ ᠶᠡᠷᠦᠩᠬᠡᠢ ᠴᠣᠭᠴᠠ ᠮᠥᠨ᠂ ᠪᠠᠷᠢᠯᠭ᠎ᠠ ᠶᠢᠨ ᠶᠡᠷᠦᠩᠬᠡᠢ ᠲᠠᠯᠠᠪᠠᠶ ᠨᠢ 54196 ᠲᠡᠭᠰᠢ ᠳᠥᠷᠪᠡᠯᠵᠢᠨ ᠮᠧᠲᠷ᠂ 211 | ᠵᠣᠴᠢᠨ ᠤ ᠥᠷᠥᠭᠡ ᠲᠠᠢ᠃ ᠲᠣᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠳ᠋ᠦᠩᠱᠧᠩ ᠲᠣᠭᠤᠷᠢᠭ ᠤᠨ ᠦᠢᠯᠡᠴᠢᠯᠡᠭᠡᠨ ᠤ ᠦᠢᠯᠡᠰ ᠤᠨ ᠲᠠᠰ | ᠳᠡᠪᠰᠢᠬᠦ ᠶᠢ ᠬᠦᠴᠦᠲᠡᠢ ᠠᠬᠢᠭᠤᠯᠬᠤ ᠪᠣᠯᠣᠨ᠎ᠠ᠃ ᠳ᠋ᠦᠩᠱᠧᠩ ᠲᠣᠭᠤᠷᠢᠭ ᠤᠨ ᠬᠢᠨ ᠲᠦᠷᠦᠯ ᠵᠦᠢᠯ ᠤᠨ ᠬᠡᠷᠡᠭᠵᠢᠭᠦᠯᠦᠯᠲᠡ ᠳᠤ ᠦᠷᠭᠦᠯᠵᠢᠯᠡᠨ ᠪᠦᠬᠦ ᠲᠠᠯ᠎ᠠ ᠶᠢᠨ | ᠰᠢᠯᠢᠳᠡᠭ ᠦᠢᠯᠡᠴᠢᠯᠡᠭᠡ ᠪᠣᠯᠣᠨ ᠪᠠᠲᠤᠯᠠᠭ᠎ᠠ ᠬᠠᠩᠭᠠᠵᠤ᠂ ᠲᠦᠷᠦᠯ ᠵᠦᠢᠯ ᠢ ᠲᠦᠷᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠪᠦᠬᠦ ᠬᠦᠴᠦᠨ ᠢᠶᠠᠷ ᠢᠶᠠᠨ | ᠠᠬᠢᠭᠤᠯᠬᠤ ᠪᠣᠯᠣᠨ᠎ᠠ᠃ | | | | | |