ᠡᠪᠦᠯ ᠤᠨ ᠤᠯᠠᠷᠢᠯ ᠳᠤ ᠤᠯᠠᠨ ᠡᠭᠦᠰᠳᠡᠭ ᠨᠣᠷᠧ ᠸᠢᠷᠦ᠋ᠰ ᠢ ᠬᠡᠷᠬᠢᠨ ᠰᠡᠷᠭᠡᠶᠢᠯᠡᠬᠦ ᠪᠣᠢ︖ | ᠨᠣᠷᠧ ᠸᠢᠷᠦ᠋ᠰ ᠪᠣᠯ ᠰᠤᠷᠭᠠᠭᠤᠯᠢ ᠪᠠ ᠬᠡᠣᠬᠡᠳ ᠰᠠᠭᠠᠲᠠᠭᠤᠯᠬᠤ ᠪᠠᠶᠢᠭᠤᠯᠤᠮᠵᠢ ᠵᠡᠷᠭᠡ ᠬᠦᠮᠤᠨ ᠤᠯᠠᠨ | ᠴᠤᠭᠯᠠᠷᠠᠳᠠᠭ ᠭᠠᠵᠠᠷ ᠲᠤ ᠡᠭᠦᠰᠳᠡᠭ ᠲᠦᠷᠭᠡᠨ ᠴᠢᠨᠠᠷᠲᠠᠢ ᠬᠤᠳᠣᠭᠤᠲᠤ ᠭᠡᠳᠡᠰᠦᠨ ᠤ ᠥᠷᠪᠢᠰᠦᠯ ᠤᠨ ᠭᠤᠣᠯ | ᠡᠪᠡᠳᠴᠢᠨ ᠡᠭᠦᠰᠭᠡᠭᠴᠢ ᠮᠥᠨ᠂ ᠲᠡᠷᠡ ᠨᠢ ᠨᠡᠯᠢᠶᠠᠳ ᠦᠨᠳᠣᠷ ᠬᠠᠯᠳᠠᠪᠤᠷᠢᠯᠯᠠᠬᠤ ᠴᠢᠨᠠᠷ ᠪᠠ ᠲᠦᠷᠭᠡᠨ | ᠬᠠᠯᠳᠠᠪᠤᠷᠢᠯᠠᠬᠤ ᠴᠢᠳᠠᠪᠤᠷᠢ ᠲᠠᠢ ᠪᠠᠶᠢᠵᠤ᠂ ᠬᠦᠮᠤᠰ ᠲᠤ ᠨᠠᠶᠢᠳᠠᠮ ᠠᠮᠠᠷᠬᠠᠭ ᠬᠠᠯᠳᠠᠪᠤᠷᠢᠯᠠᠬᠤ ᠮᠥᠷᠳᠡᠭᠡᠨ | ᠬᠠᠯᠳᠠᠪᠤᠷᠢᠯᠠᠭᠰᠡᠨ ᠤ ᠲᠠᠷᠠᠭ᠎ᠠ ᠡᠭᠡᠯᠢᠯᠡᠭᠡ ᠶᠢᠨ ᠬᠠᠮᠠᠭᠠᠯᠠᠯᠲᠠ ᠶᠢᠨ ᠴᠠᠭ ᠨᠢ ᠤᠬᠤᠷ ᠪᠠᠶᠢᠵᠤ᠂ ᠡᠪᠦᠯ ᠤᠨ | ᠤᠯᠠᠷᠢᠯ ᠳᠤ ᠨᠡᠩ ᠴᠤ ᠤᠯᠠᠨ ᠡᠭᠦᠰᠳᠡᠭ᠃ ᠲᠡᠭᠡᠪᠡᠯ ᠨᠤᠣᠷᠧ ᠷᠷᠦ᠋ᠰ ᠬᠠᠯᠳᠠᠪᠤᠷᠢᠯᠠᠬᠤ ᠶᠢ ᠬᠡᠷᠬᠢᠨ ᠰᠡᠷᠭᠡᠶᠢᠯᠡᠬᠦ | ᠪᠣᠢ︖ ᠰᠤᠷᠭᠠᠭᠤᠯᠢ ᠬᠡᠷᠬᠢᠨ ᠠᠷᠭᠠᠴᠠᠭᠠᠪᠠᠯ ᠵᠣᠬᠢᠬᠤ ᠪᠣᠢ | ᠪᠡᠭᠡᠵᠢᠩ ᠬᠤᠲᠠ ᠶᠢᠨ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠲᠥᠪ ᠤᠨ ᠲᠠᠨᠢᠯᠴᠠᠭᠤᠯᠤᠭᠰᠠᠨ ᠢᠶᠠᠷ᠂ | ᠨᠣᠷᠧ ᠸᠢᠷᠦ᠋ᠰ ᠭᠤᠤᠯᠳᠠᠭᠤ ᠪᠣᠬᠢᠷᠳᠤᠭᠰᠠᠨ ᠢᠳᠡᠭᠡᠨ᠂ ᠤᠰᠤ᠂ ᠡᠪᠡᠳᠴᠢᠳᠡᠨ ᠤ ᠢᠯᠭᠠᠳᠡᠰᠤ ᠪᠤᠶᠤ ᠪᠦᠭᠡᠯᠵᠢᠰᠤ | ᠲᠠᠢ ᠬᠦᠷᠤᠯᠴᠡᠭᠰᠡᠨ᠂ ᠡᠰᠡᠭᠦᠯ᠎ᠡ ᠪᠣᠬᠢᠷᠲᠤᠭᠰᠡᠨ ᠭᠠᠷ᠂ ᠪᠣᠳᠠᠰ ᠪᠤᠶᠤ ᠬᠡᠷᠡᠭᠰᠡᠯ ᠲᠠᠢ ᠬᠦᠷᠤᠯᠴᠡᠭᠰᠡᠨ ᠵᠢᠴᠢ | ᠪᠦᠭᠡᠯᠵᠢᠰᠤ ᠪᠤᠶᠤ ᠪᠠᠭᠠᠰᠤ ᠠᠴᠠ ᠡᠭᠦᠰᠦᠭᠰᠡᠨ ᠬᠡᠢ ᠴᠡᠪᠡᠯᠢᠭ᠋ ᠠᠭᠤᠰᠣᠮᠡᠯ ᠵᠡᠷᠭᠡ ᠠᠴᠠ ᠬᠠᠯᠳᠠᠪᠤᠷᠢᠯᠠᠳᠠᠭ᠃ | ᠣᠨᠴᠠᠭᠠᠶᠢᠯᠠᠨ ᠠᠩᠬᠠᠷᠬᠤ ᠴᠢᠬᠤᠯᠠᠲᠠᠢ ᠵᠦᠢᠯ ᠭᠡᠪᠡᠯ ᠮᠥᠯᠢ ᠬᠢᠰᠤᠭ᠎ᠠ ᠵᠡᠷᠭᠡ ᠬᠢᠰᠤᠭ᠎ᠠ ᠶᠢᠨ ᠲᠦᠷᠤᠯ ᠨᠢ | ᠳᠠᠯᠠᠢ ᠶᠢᠨ ᠤᠰᠤᠨ ᠳᠠᠬᠢ ᠨᠣᠷᠧ ᠸᠢᠷᠦ᠋ᠰ ᠢ ᠡᠯᠪᠡᠭ ᠴᠤᠭᠯᠠᠭᠤᠯᠤᠭᠰᠠᠨ ᠪᠠᠶᠢᠵᠤ᠂ ᠠᠶᠤᠯ ᠲᠦᠭᠰᠢᠭᠦᠷᠢ ᠶᠡᠬᠡᠲᠡᠢ | ᠢᠳᠡᠭᠡᠨ ᠪᠣᠯᠣᠨ᠎ᠠ ᠭᠡᠪᠡ᠃ | ᠪᠡᠭᠡᠵᠢᠩ ᠬᠤᠲᠠ ᠶᠢᠨ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠲᠥᠪ ᠤᠨ ᠬᠠᠯᠳᠠᠪᠤᠷᠢᠲᠤ ᠡᠪᠡᠳᠴᠢᠨ ᠤ | ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠡᠵᠡᠮᠳᠡᠬᠦ ᠭᠠᠵᠠᠷ ᠤᠨ ᠳᠡᠳ᠋ ᠳᠠᠷᠤᠭ᠎ᠠ ᠵᠢᠶᠠ ᠯᠧᠢ ᠬᠡᠯᠡᠬᠦ ᠳᠡᠭᠡᠨ᠂ | ᠬᠦᠮᠤᠨ ᠨᠤᠷᠧ ᠸᠢᠷᠦ᠋ᠰ ᠲᠤ ᠬᠠᠯᠳᠠᠪᠤᠷᠢᠯᠠᠭᠰᠡᠨ ᠤ ᠲᠠᠷᠠᠭ᠎ᠠ ᠲᠦᠷᠭᠡᠨ ᠴᠢᠨᠠᠷᠲᠠᠢ ᠬᠤᠳᠤᠭᠤᠲᠤ ᠭᠡᠳᠡᠰᠦᠨ ᠤ | ᠥᠷᠪᠢᠰᠦᠯ ᠳᠤ ᠨᠡᠷᠪᠡᠭᠳᠡᠵᠦ ᠮᠡᠳᠡᠨ᠎ᠡ᠂ ᠶᠡᠷᠤ ᠳᠡᠭᠡᠨ 12 — 48 ᠴᠠᠭ ᠤᠨ ᠲᠣᠲᠣᠷ᠎ᠠ ᠡᠪᠡᠳᠴᠢᠨ ᠤ ᠢᠯᠡᠷᠡᠯ | ᠭᠠᠷᠳᠠᠭ᠂ ᠬᠠᠮᠤᠭ ᠤᠨ ᠦᠷᠭᠦᠯᠵᠢ ᠳᠣᠬᠢᠶᠡᠯᠳᠤᠳᠠᠭ ᠡᠪᠡᠳᠴᠢᠨ ᠤ ᠢᠯᠡᠷᠡᠯ ᠪᠣᠯ ᠰᠠᠭᠤᠯᠭᠠᠬᠤ ᠪᠠ ᠪᠥᠭᠡᠯᠵᠢᠬᠦ | ᠪᠣᠯᠣᠨ᠎ᠠ᠂ ᠲᠠᠷᠠᠭᠠᠯᠠᠪᠡᠯ ᠲᠤᠷ᠎ᠠ ᠪᠣᠯᠬᠢᠬᠤ᠂ ᠭᠡᠳᠡᠰᠤ ᠡᠪᠡᠳᠬᠦ᠂ ᠲᠤᠯᠣᠭᠠᠢ ᠡᠪᠡᠳᠬᠦ᠂ ᠬᠠᠯᠠᠭᠤᠷᠠᠬᠤ᠂ ᠲᠠᠭᠠᠷᠠᠳᠠᠰᠤ | ᠬᠦᠷᠭᠦ ᠪᠠ ᠪᠣᠯᠴᠢᠩ ᠮᠢᠬ᠎ᠠ ᠱᠠᠷᠬᠢᠷᠠᠨ ᠡᠪᠡᠳᠬᠦ ᠵᠡᠷᠭᠡ ᠪᠣᠯᠣᠨ᠎ᠠ︔ ᠡᠭᠦᠨ ᠳᠤ ᠪᠠᠶᠢᠩᠭᠤ ᠳᠣᠬᠢᠶᠠᠯᠳᠤᠳᠠᠭ | ᠡᠪᠡᠳᠴᠢᠨ ᠤ ᠢᠯᠡᠷᠡᠯ ᠪᠣᠯ ᠰᠠᠭᠤᠯᠭᠠᠬᠤ ᠪᠠ ᠪᠥᠭᠡᠯᠵᠢᠬᠦ᠂ ᠲᠠᠷᠠᠭᠠᠯᠡᠪᠡᠯ ᠳᠤᠷ᠎ᠠ ᠪᠣᠯᠭᠢᠬᠤ᠂ ᠭᠡᠳᠡᠰᠤ ᠡᠪᠡᠳᠬᠦ᠂ | ᠲᠣᠯᠣᠭᠠᠢ ᠡᠪᠡᠳᠬᠦ᠂ ᠬᠠᠯᠠᠭᠤᠷᠠᠬᠤ᠂ ᠲᠠᠭᠠᠷᠠᠳᠠᠰᠤ ᠬᠦᠷᠬᠦ ᠪᠠ ᠪᠣᠯᠴᠢᠩ ᠮᠢᠬ᠎ᠠ ᠱᠠᠷᠬᠢᠷᠠᠨ ᠡᠪᠡᠳᠬᠦ ᠵᠡᠷᠭᠡ | ᠪᠣᠯᠣᠨ᠎ᠠ︔ ᠬᠡᠣᠬᠡᠳ ᠨᠠᠰᠤᠨ ᠳᠤ ᠬᠦᠷᠣᠭ᠍ᠰᠡᠳ ᠠᠴᠠ ᠨᠡᠩ ᠠᠮᠠᠷᠬᠠᠨ ᠪᠥᠭᠡᠯᠵᠢᠬᠦ ᠢᠯᠡᠷᠡᠯ ᠭᠠᠷᠳᠠᠭ ᠭᠡᠪᠡ᠃ | ᠵᠢᠶᠠ ᠯᠧᠢ᠄ ︽ᠨᠣᠷᠧ ᠸᠢᠷᠦ᠋ᠰ ᠤᠨ ᠲᠦᠷᠭᠡᠨ ᠴᠢᠨᠠᠷᠲᠠᠢ ᠬᠤᠳᠣᠭᠤᠲᠤ ᠭᠡᠳᠡᠰᠤᠨ ᠤ ᠥᠷᠪᠢᠰᠦᠯ ᠪᠣᠯ | ᠥᠪᠡᠷ ᠢ ᠪᠠᠨ ᠬᠢᠵᠡᠭᠠᠷᠯᠠᠬᠤ ᠴᠢᠨᠠᠷᠳᠠᠢ ᠡᠪᠡᠳᠴᠢᠨ ᠮᠥᠨ᠂ ᠡᠪᠡᠳᠴᠢᠨ ᠤ ᠪᠠᠶᠢᠳᠠᠯ ᠨᠢ ᠬᠦᠩᠭᠡᠨ᠂ ᠶᠡᠷᠦ ᠳᠡᠭᠡᠨ | 2 ᠠᠴᠠ 3 ᠡᠳᠤᠷ ᠠᠮᠠᠷᠡᠪᠡᠯ ᠳᠠᠷᠤᠢ ᠡᠳᠡᠭᠡᠷᠡᠳᠡᠭ᠂ ᠭᠡᠪᠡᠴᠦ ᠦᠨᠳᠣᠷ ᠨᠠᠰᠤᠳᠠᠨ᠂ ᠪᠠᠭ᠎ᠠ ᠨᠠᠰᠤᠨ ᠤ ᠬᠡᠬᠡᠳ | ᠪᠤᠶᠤ ᠰᠠᠭᠤᠷᠢ ᠴᠢᠨᠡᠷᠲᠡᠢ ᠡᠪᠡᠳᠴᠢᠨ ᠲᠠᠢ ᠡᠪᠡᠳᠴᠢᠳᠡᠨ ᠤ ᠡᠳᠡᠭᠡᠷᠡᠬᠦ ᠨᠢ ᠤᠳᠠᠭᠠᠨ᠂ ᠣᠨᠴᠠ ᠵᠠᠷᠢᠮ | ᠡᠪᠡᠳᠴᠢᠨ ᠤ ᠵᠢᠱᠢᠶ᠎ᠡ ᠨᠢ ᠬᠦᠨᠳᠣ ᠡᠪᠡᠳᠴᠢᠨ ᠪᠣᠯᠵᠦ ᠬᠤᠪᠢᠷᠠᠬᠤ ᠪᠣᠯᠣᠯᠴᠠᠭ᠎ᠠ ᠲᠠᠢ᠃ ᠣᠳᠤᠬᠠᠭ ᠳᠤ ᠨᠤᠷᠧ | ᠸᠢᠷᠦ᠋ᠰ ᠢ ᠰᠡᠷᠭᠡᠶᠢᠯᠡᠬᠦ ᠸᠠᠺᠼᠢᠨ ᠪᠠᠶᠢᠬᠤ ᠦᠭᠡᠢ ᠬᠠᠯᠳᠠᠪᠤᠷᠢᠯᠠᠭᠰᠡᠨ ᠤ ᠲᠠᠷᠠᠭ᠎ᠠ ᠪᠠᠰᠠ ᠬᠡᠷᠡᠭᠯᠡᠵᠤ ᠪᠣᠯᠬᠤ ᠣᠨᠴᠠ | ᠲᠤᠰᠡᠲᠡᠢ ᠡᠮ ᠪᠠᠶᠢᠬᠤ ᠦᠭᠡᠢ᠂ ᠡᠶᠢᠮᠤ ᠠᠴᠠ ᠰᠢᠩᠭᠡᠨ ᠨᠥᠬᠦᠬᠦ ᠪᠠ ᠡᠪᠡᠳᠴᠢᠨ ᠳᠤᠨᠢ ᠳᠠᠭᠠᠷᠠᠭᠤᠯᠵᠤ ᠡᠮᠨᠠᠨ | ᠵᠠᠰᠠᠬᠤ ᠪᠠᠷ ᠭᠤᠣᠯ ᠪᠣᠯᠭᠠᠵᠤ ᠪᠠᠶᠢᠨ᠎ᠠ᠂ ᠭᠡᠪᠡᠴᠤ ᠤᠰᠤ ᠠᠯᠳᠠᠬᠤ ᠨᠢ ᠬᠦᠨᠳᠤ ᠨᠣᠴᠢᠲᠠᠢ ᠪᠣᠯ ᠡᠮᠴᠢᠯᠡᠭᠡᠨ ᠤ | ᠪᠠᠶᠢᠭᠤᠯᠤᠮᠵᠢ ᠳᠤ ᠬᠦᠷᠴᠦ ᠡᠮᠨᠡᠭᠦᠯᠬᠦ ᠬᠡᠷᠡᠭᠲᠡᠢ︾ ᠭᠡᠵᠦ ᠰᠠᠨᠠᠭᠤᠯᠪᠠ᠃ | ᠳᠣᠰᠬᠠᠢ ᠮᠡᠷᠭᠡᠵᠢᠯᠲᠠᠨ ᠤ ᠬᠡᠯᠡᠬᠦ ᠪᠠᠷ᠂ ᠨᠣᠷᠧ ᠸᠢᠷᠦ᠋ᠰ ᠤᠨ ᠬᠠᠯᠳᠠᠪᠤᠷᠢᠯᠡᠯ ᠢ ᠰᠡᠷᠭᠡᠶᠢᠯᠡᠬᠦ ᠳᠤ ᠭᠡᠷ ᠤᠨ | ᠠᠬᠠᠮᠠᠳ ᠶᠠᠭᠤᠨ ᠤ ᠡᠮᠤᠨ᠎ᠠ ᠬᠡᠣᠬᠡᠳ ᠢᠶᠠᠨ ᠬᠤᠭᠤᠯᠠᠨ ᠤ ᠡᠮᠤᠨ᠎ᠠ ᠬᠤᠶᠢᠨ᠎ᠠ ᠰᠠᠪᠤᠩ ᠢᠶᠠᠷ ᠭᠠᠷ ᠢᠶᠠᠨ ᠰᠠᠶᠢᠲᠤᠷ | ᠤᠬᠢᠶᠠᠬᠤ ᠰᠠᠶᠢᠨ ᠳᠠᠳᠬᠠᠯ ᠲᠠᠢ ᠪᠣᠯᠭᠠᠬᠤ ᠬᠡᠷᠡᠭᠲᠡᠢ᠂ ᠠᠷᠢᠭᠤᠳᠬᠠᠯ ᠤᠨ ᠴᠠᠭᠠᠰᠤ ᠪᠠ ᠠᠷᠢᠭᠤᠳᠬᠠᠯ ᠤᠨ | ᠰᠢᠩᠭᠡᠨ ᠢᠶᠠᠷ ᠭᠠᠷ ᠢᠶᠠᠨ ᠤᠬᠢᠶᠠᠬᠤ ᠶᠢ ᠣᠷᠤᠯᠠᠭᠤᠯᠵᠤ ᠪᠣᠯᠬᠤ ᠦᠭᠡᠢ᠂ ᠡᠭᠦᠨ ᠤ ᠬᠠᠮᠲᠤ ᠬᠡᠤᠬᠡᠳ ᠤᠨ ᠪᠡᠶ᠎ᠡ ᠶᠢᠨ | ᠲᠠᠮᠢᠷ ᠤᠨ ᠪᠣᠯᠪᠠᠰᠤᠷᠠᠯ ᠢ ᠴᠢᠩᠭᠠᠳᠬᠠᠵᠤ᠂ ᠢᠳᠡᠭᠡᠨ ᠤᠮᠳᠠᠭᠠᠨ ᠢ ᠨᠢ ᠳᠠᠩᠴᠡᠭᠦᠯᠵᠤ᠂ ᠠᠵᠢᠯᠯᠠᠵᠤ ᠠᠮᠠᠷᠠᠬᠤ ᠶᠢ | ᠨᠢ ᠵᠣᠬᠢᠴᠠᠭᠤᠯᠵᠤ᠂ ᠪᠡᠶ᠎ᠡ ᠮᠠᠬᠠᠪᠤᠳ ᠤᠨ ᠡᠪᠡᠳᠴᠢᠨ ᠢ ᠡᠰᠡᠷᠭᠦᠴᠡᠬᠦ | ᠴᠢᠳᠡᠪᠦᠷᠢ ᠶᠢ ᠨᠢ ᠳᠡᠭᠡᠭᠰᠢᠯᠡᠭᠦᠯᠭᠦ ᠬᠡᠷᠡᠭᠲᠡᠢ ᠭᠡᠪᠡ᠃ | ᠡᠭᠦᠨ ᠠᠴᠠ ᠭᠠᠳᠠᠨ᠎ᠠ᠂ ᠬᠡᠬᠡᠳ ᠲᠤ ᠰᠠᠨᠠᠭᠤᠯᠬᠤ ᠨᠢ᠂ ᠠᠩᠬᠢ ᠶᠢᠨ ᠳᠣᠲᠤᠷᠠᠬᠢ ᠬᠠᠮᠲᠤ ᠰᠣᠷᠣᠭᠴᠢ | ᠪᠥᠭᠡᠯᠵᠢᠬᠦ ᠦᠶ᠎ᠡ ᠳᠤ ᠪᠠᠭᠰᠢ ᠶᠢᠨ ᠵᠢᠯᠤᠭᠤᠳᠤᠯᠭ᠎ᠠ ᠳᠣᠣᠷ᠎ᠠ ᠵᠠᠪᠠᠯ ᠲᠤᠬᠠᠢ ᠶᠢᠨ ᠲᠡᠯᠠᠪᠤᠷ ᠠᠴᠠ ᠲᠦᠷᠭᠡᠨ ᠪᠥᠭᠡᠳ | ᠡᠮᠬᠢ ᠵᠢᠷᠤᠮ ᠲᠠᠢ ᠪᠠᠷ ᠰᠠᠯᠵᠤ᠂ ᠲᠣᠰᠬᠠᠢ ᠬᠦᠮᠤᠨ ᠠᠮᠠᠪᠴᠢ ᠪᠡᠭᠡᠯᠠᠢ ᠵᠡᠷᠭᠡ ᠬᠠᠮᠠᠭᠠᠯᠠᠯᠲᠠ ᠶᠢᠨ ᠬᠡᠷᠡᠭᠰᠡᠯ | ᠵᠡᠭᠦᠭᠰᠡᠨ ᠤᠷᠢᠳᠠᠯ ᠲᠣᠣᠷ᠎ᠠ ᠪᠦᠭᠡᠯᠵᠢᠰᠤ ᠵᠢᠴᠢ ᠪᠣᠬᠢᠷᠳᠤᠭᠰᠠᠨ ᠭᠠᠵᠠᠷ᠂ ᠡᠳ᠋ ᠪᠣᠳᠡᠰ ᠵᠡᠷᠭᠡ ᠶᠢ ᠡᠯᠣᠷ | ᠠᠭᠤᠯᠤᠭᠰᠠᠨ ᠨᠡᠶᠢᠷᠠᠯᠭᠠ ᠪᠠᠷ ᠵᠢᠷᠤᠮᠵᠢᠭᠤᠯᠤᠨ ᠠᠷᠢᠭᠤᠳᠬᠠᠵᠤ᠂ ᠸᠷᠦ᠋ᠰ ᠬᠠᠯᠳᠠᠪᠤᠷᠢᠯᠠᠬᠤ ᠪᠣᠯᠣᠮᠵᠢ ᠶᠢ | ᠪᠠᠭᠠᠰᠬᠠᠬᠤ ᠬᠡᠷᠡᠭᠲᠡᠢ ᠭᠡᠪᠡ᠃ | ᠪᠡᠭᠡᠵᠢᠩ ᠬᠤᠲᠠ ᠶᠢᠨ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠲᠥᠪ ᠠᠴᠠ ᠰᠠᠨᠠᠭᠤᠯᠤᠭᠰᠠᠨ ᠨᠢ᠂ | ᠡᠯ᠎ᠡ ᠰᠤᠷᠭᠠᠭᠤᠯᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠲᠡᠬᠦ ᠲᠦᠰᠦᠯ ᠵᠢᠴᠢ ᠪᠠᠴᠢᠮ ᠪᠠᠶᠢᠳᠠᠯ ᠢ | ᠠᠷᠭᠠᠴᠠᠭᠠᠬᠤ ᠲᠦᠰᠤᠯ ᠲᠣᠭᠳᠠᠭᠠᠵᠤ᠂ ᠦᠷᠯᠦᠬᠡ ᠦᠳᠡ ᠶᠢᠨ ᠪᠠᠶᠢᠴᠠᠭᠠᠯᠲᠠ᠂ ᠠᠵᠢᠯ ᠠᠴᠠ ᠠᠮᠤᠷᠠᠭᠰᠡᠨ | ᠳᠠᠩᠰᠡᠯᠡᠯᠲᠡ᠂ ᠡᠪᠡᠳᠴᠢᠨ ᠤ ᠵᠢᠱᠢᠶ᠎ᠡ ᠶᠢ ᠮᠥᠷᠲᠡᠬᠦ ᠵᠢᠴᠢ ᠬᠢᠴᠢᠶᠡᠯ ᠰᠡᠷᠭᠦᠭᠡᠭᠰᠡᠨ ᠬᠡᠷᠡᠴᠢ ᠶᠢ ᠪᠠᠶᠢᠴᠠᠭᠠᠨ | ᠰᠢᠯᠭᠠᠬᠤ ᠵᠡᠷᠭᠡ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠭᠦᠢᠴᠡᠳ ᠪᠥᠭᠡᠳ ᠪᠦᠲᠣᠮᠵᠢᠲᠡᠢ | ᠠᠷᠢᠭᠤᠳᠬᠠᠬᠤ ᠡᠳ᠋ ᠪᠣᠳᠡᠰ ᠵᠢᠴᠢ ᠬᠤᠪᠢ ᠬᠦᠮᠤᠨ ᠤ ᠬᠠᠮᠠᠭᠠᠯᠠᠯᠲᠠ ᠶᠢᠨ ᠡᠳ᠋ ᠪᠤᠳᠠᠰ ᠢ ᠲᠣᠬᠢᠷᠠᠭᠤᠯᠵᠤ᠂ | ᠰᠤᠷᠭᠠᠭᠤᠯᠢ ᠶᠢᠨ ᠲᠣᠲᠣᠷᠠᠬᠢ ᠬᠢᠴᠢᠶᠡᠯ ᠤᠨ ᠭᠡᠷ᠂ ᠪᠠᠶᠢᠷᠢ᠂ ᠬᠤᠭᠤᠯᠠᠨ ᠭᠡᠷ᠂ ᠠᠷᠢᠭᠤᠨ ᠴᠡᠪᠡᠷ ᠤᠨ ᠲᠠᠰᠤᠯᠭ᠎ᠠ | ᠵᠡᠷᠭᠡ ᠭᠤᠤᠯᠳᠠᠯᠭ᠎ᠠ ᠲᠠᠢ ᠣᠯᠠᠨ ᠨᠡᠶᠢᠲᠠ ᠶᠢᠨ ᠲᠠᠯᠠᠪᠤᠷ ᠤᠨ ᠡᠭᠦᠳᠡᠨ ᠪᠠᠷᠢᠭᠤᠯ᠂ ᠠᠰᠠᠷ ᠤᠨ ᠱᠠᠲᠤᠨ ᠤ | ᠲᠦᠰᠢᠭᠦᠷ᠂ ᠤᠰᠤᠨ ᠲᠠᠲᠠᠭᠠᠯ᠂ ᠵᠣᠷᠯᠤᠩ ᠤᠨ ᠰᠡᠪᠠ᠂ ᠴᠠᠬᠢᠯᠭᠠᠨ ᠱᠠᠲᠤᠨ ᠤ ᠳᠠᠷᠤᠭᠤᠯ ᠵᠡᠷᠭᠡ ᠶᠢ ᠲᠣᠭᠳᠠᠮᠠᠯ | ᠬᠤᠭᠤᠴᠠᠭ᠎ᠠ ᠲᠠᠢ ᠪᠠᠷ ᠴᠡᠪᠡᠷᠯᠡᠨ ᠠᠷᠢᠭᠤᠳᠬᠠᠬᠤ ᠬᠡᠷᠡᠭᠲᠡᠢ ᠭᠡᠪᠡ᠃ | | |