ᠪᠤᠷᠵᠠᠩ ᠨᠠᠭᠤᠷ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ
ᠨᠡᠶᠢᠲᠡᠯᠡᠭᠰᠡᠨ ᠴᠠᠭ᠄
2024/11/13
    ᠨᠢᠭᠡ᠂ ᠭᠤᠣᠯ ᠳᠤᠰᠢᠶᠠᠯ ᠬᠠᠷᠢᠭᠤᠴᠠᠯᠭ᠎ᠠ     1. ᠨᠠᠮ ᠪᠣᠯᠤᠨ ᠤᠯᠤᠰ ᠤᠨ ᠬᠥᠳᠡᠭᠡ ᠲᠣᠰᠬᠤᠨ ᠳᠠᠬᠢ ᠡᠯ᠎ᠡ ᠵᠦᠢᠯ ᠤᠨ ᠲᠥᠷᠥ ᠶᠢᠨ ᠪᠣᠳᠣᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠳᠠᠯ ᠢ ᠬᠠᠮᠠᠭᠠᠯᠠᠨ᠂ ᠬᠠᠤᠯᠢ ᠶᠣᠰᠣᠭᠠᠷ ᠵᠠᠰᠠᠭ ᠶᠠᠪᠤᠭᠤᠯᠤᠨ᠎ᠠ᠃ ᠠᠵᠤ ᠠᠬᠤᠢ ᠶᠢᠨ ᠣᠷᠴᠢᠨ ᠨᠥᠭᠦᠴᠡᠯ ᠢ ᠰᠠᠢᠵᠢᠷᠠᠭᠤᠯᠤᠨ ᠰᠢᠯᠢᠳᠡᠭᠵᠢᠭᠦᠯᠵᠦ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠤᠨ᠂ ᠪᠦᠬᠦ ᠪᠠᠯᠭᠠᠰᠤᠨ ᠤ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢ ᠠᠬᠢᠭᠤᠯᠤᠨ᠎ᠠ᠃     2. ᠲᠠᠷᠢᠶᠠᠯᠠᠩ ᠤᠨ ᠪᠦᠲᠦᠴᠡ ᠶᠢᠨ ᠲᠣᠬᠢᠷᠠᠭᠤᠯᠤᠯᠲᠠ ᠪᠣᠯᠤᠨ ᠠᠮᠢ ᠠᠬᠤᠶ ᠶᠢᠨ ᠬᠠᠮᠠᠭᠠᠯᠠᠯᠲᠠ ᠶᠢ ᠠᠬᠢᠭᠤᠯᠵᠤ᠂ ᠨᠡᠭᠦᠷᠡᠰᠦ ᠶᠢ ᠨᠡᠭᠡᠭᠡᠨ ᠠᠰᠢᠭᠯᠠᠬᠤ᠂ ᠣᠨᠴᠠᠯᠢᠭᠲᠤ ᠠᠵᠤ ᠦᠢᠯᠡᠳᠪᠦᠷᠢ ᠪᠠᠷ ᠭᠤᠤᠯ ᠪᠣᠯᠭᠠᠭᠰᠠᠨ ᠣᠨᠴᠠᠯᠢᠭᠲᠤ ᠠᠵᠤ ᠦᠢᠯᠡᠰ ᠢ ᠬᠥᠭᠵᠢᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠴᠢᠯᠡᠬᠦ ᠠᠬᠢᠴᠠ ᠶᠢ ᠲᠦᠷᠭᠡᠳᠬᠡᠵᠦ᠂ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢᠨ ᠵᠠᠮ ᠢᠶᠠᠷ ᠵᠠᠮᠨᠠᠵᠤ᠂ ᠣᠷᠣᠨ ᠪᠦᠰᠡ ᠶᠢᠨ ᠠᠵᠤ ᠠᠬᠤᠶ ᠪᠣᠯᠤᠨ ᠨᠡᠶᠢᠭᠡᠮ ᠤᠨ ᠡᠶ᠎ᠡ ᠵᠣᠬᠢᠴᠠᠯ ᠲᠠᠢ ᠬᠥᠭᠵᠢᠬᠦ ᠶᠢ ᠠᠬᠢᠭᠤᠯᠤᠨ᠎ᠠ᠃     3. ᠲᠥᠯᠥᠪᠵᠢᠭᠦᠯᠭᠡ ᠶᠣᠰᠣᠭᠠᠷ ᠬᠥᠳᠡᠭᠡ ᠲᠣᠰᠬᠤᠨ ᠤ ᠦᠨᠳᠦᠰᠦᠨ ᠪᠦᠲᠦᠭᠡᠨ ᠪᠠᠶᠢᠭᠤᠯᠤᠯᠲᠠ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯᠤᠨ ᠣᠯᠠᠨ ᠨᠡᠶᠢᠲᠡ ᠶᠢᠨ ᠦᠢᠯᠡᠰ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠴᠢᠨ ᠠᠬᠤᠢ ᠶᠢ ᠬᠠᠮᠠᠭᠠᠯᠠᠬᠤ ᠡᠷᠴᠢᠮ ᠢᠶᠠᠨ ᠨᠡᠮᠡᠭᠳᠡᠭᠦᠯᠦᠨ᠂ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠪᠠᠯᠭᠠᠰᠤᠨ ᠤ ᠬᠥᠮᠦᠨ ᠠᠮᠠ ᠶᠢ ᠲᠥᠪᠯᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠪᠡᠯᠡ ᠣᠷᠣᠭᠤᠯᠤᠯᠲᠠ ᠶᠢᠨ ᠣᠷᠴᠢᠨ ᠠᠬᠤᠶ ᠶᠢ ᠰᠠᠶᠢᠵᠢᠷᠠᠭᠤᠯᠤᠨ᠂ ᠲᠣᠮᠣ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠳᠤ ᠦᠢᠯᠡᠴᠢᠯᠡᠨ᠎ᠡ᠃     4. ᠬᠥᠳᠡᠯᠮᠦᠷᠢ ᠬᠦᠴᠦᠨ ᠤ ᠪᠤᠯᠪᠠᠰᠤᠷᠠᠯ ᠰᠢᠯᠵᠢᠯᠲᠡ ᠶᠢ ᠨᠡᠮᠡᠭᠳᠡᠭᠦᠯᠦᠨ᠎ᠡ᠃ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠬᠥᠳᠡᠭᠡ ᠲᠣᠰᠬᠤᠨ ᠤ ᠬᠡᠷᠡᠭᠯᠡᠭᠡᠨ ᠤ ᠮᠡᠷᠭᠡᠵᠢᠯ ᠵᠡᠷᠭᠡ ᠠᠵᠤ ᠦᠢᠯᠡᠰ ᠤᠨ ᠬᠥᠭᠵᠢᠯᠲᠡ ᠳᠤ ᠬᠡᠷᠡᠭᠰᠡᠬᠦ ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ ᠳᠤ ᠴᠢᠭᠯᠡᠭᠦᠯᠦᠭᠰᠡᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠯ ᠢ ᠴᠢᠩᠭᠠᠳᠬᠠᠵᠤ᠂ ᠠᠵᠢᠯ ᠣᠯᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃     5. ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠪᠠ ᠬᠠᠤᠯᠢ ᠴᠠᠭᠠᠵᠠ ᠶᠢᠨ ᠦᠢᠯᠡᠴᠢᠯᠡᠭᠡ ᠶᠢ ᠥᠷᠨᠢᠭᠦᠯᠵᠦ᠂ ᠨᠡᠶᠢᠭᠡᠮ ᠤᠨ ᠵᠥᠷᠢᠴᠡᠯ ᠪᠠ ᠵᠢᠭᠤᠷᠠᠯᠳᠤᠭᠠᠨ ᠢ ᠠᠷᠢᠯᠭᠠᠨ᠂ ᠨᠡᠶᠢᠭᠡᠮ ᠤᠨ ᠡᠮᠬᠢ ᠳᠢᠭᠯᠢᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠪᠠᠯᠭᠠᠰᠤᠨ ᠤ ᠳᠣᠲᠣᠷᠠᠬᠢ ᠡᠯ᠎ᠡ ᠲᠥᠷᠥᠯ ᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠨ᠎ᠠ᠃     6. ᠪᠠᠯᠭᠠᠰᠤᠨ ᠤ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠠ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠡᠯ᠎ᠡ ᠲᠥᠷᠥᠯ ᠤᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠠ ᠬᠤᠪᠢ ᠶᠢᠨ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠠᠤᠯᠢ ᠶᠤᠰᠤᠭᠠᠷ ᠡᠵᠡᠩᠨᠡᠬᠦ᠂ ᠬᠠᠤᠯᠢ ᠶᠣᠰᠣᠭᠠᠷ ᠭᠠᠶᠢᠯᠢ ᠲᠤᠰᠢᠶᠠᠬᠤ ᠳᠤ ᠬᠢᠨᠠᠯᠲᠠ ᠲᠠᠯᠪᠢᠨ᠎ᠠ᠃     7. ᠰᠣᠶᠣᠯ᠂ ᠡᠮ ᠡᠮᠨᠡᠯᠭᠡ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠢ ᠥᠷᠨᠢᠭᠦᠯᠵᠦ᠂ ᠨᠠᠭᠠᠳᠤ ᠵᠠᠬ᠎ᠠ ᠶᠢᠨ ᠪᠠᠲᠤᠯᠠᠭ᠎ᠠ᠂ ᠡᠮᠨᠡᠯᠭᠡ ᠶᠢᠨ ᠳᠠᠭᠠᠳᠬᠠᠯ᠂ ᠨᠠᠰᠤᠵᠢᠯ ᠤᠨ ᠳᠠᠭᠠᠳᠬᠠᠯ ᠵᠡᠷᠭᠡ ᠦᠢᠯᠡᠴᠢᠯᠡᠭᠡᠨ ᠤ ᠠᠵᠢᠯ ᠢ ᠬᠠᠷᠢᠭᠤᠴᠠᠨ᠂ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠢᠳᠡᠪᠬᠢᠲᠡᠶ ᠥᠷᠨᠢᠭᠦᠯᠦᠨ᠎ᠡ᠃     8. ︽ᠲᠣᠰᠬᠤᠨ ᠤ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠬᠤ ᠬᠠᠤᠯᠢ︾ ᠶᠣᠰᠣᠭᠠᠷ᠂ ᠲᠣᠰᠬᠤᠨ ᠤ ᠠᠷᠠᠳ ᠤᠨ ᠵᠥᠪᠯᠡᠯ ᠤᠨ ᠠᠵᠢᠯ ᠢ ᠵᠢᠯᠤᠭᠤᠳᠬᠤ ᠪᠠᠨ ᠴᠢᠩᠭᠠᠳᠬᠠᠨ᠎ᠠ᠃     9. ᠪᠥᠬᠦ ᠪᠠᠯᠭᠠᠰᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠯᠲᠡ᠂ ᠠᠵᠤ ᠦᠢᠯᠡᠳᠪᠦᠷᠢᠵᠢᠯᠲᠡ᠂ ᠬᠤᠲᠠ ᠪᠠᠯᠭᠠᠰᠤᠴᠢᠯᠠᠯᠲᠠ ᠳᠤ ᠪᠥᠬᠦ ᠲᠠᠯ᠎ᠠ ᠶᠢᠨ ᠦᠢᠯᠡᠴᠢᠯᠡᠭᠡ ᠬᠠᠩᠭᠠᠵᠤ᠂ ᠲᠠᠷᠢᠶᠠᠴᠢᠳ ᠲᠤ ᠮᠡᠳᠡᠭᠡ ᠵᠠᠩᠭᠢ ᠶᠢᠨ ᠦᠢᠯᠡᠴᠢᠯᠡᠭᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠪᠤᠯᠪᠠᠰᠤᠷᠠᠯ ᠤᠨ ᠦᠢᠯᠡᠴᠢᠯᠡᠭᠡ ᠬᠠᠩᠭᠠᠵᠤ᠂ ᠬᠥᠳᠡᠯᠮᠦᠷᠢᠴᠢᠳ ᠤᠨ ᠬᠡᠪ ᠴᠢᠨᠠᠷ ᠢ ᠳᠡᠭᠡᠭᠰᠢᠯᠡᠭᠦᠯᠦᠨ᠎ᠡ᠃     10. ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ ᠪᠡᠶᠡᠯᠡᠭᠦᠯᠦᠨ᠎ᠡ᠃     ᠬᠤᠶᠠᠷ᠂ ᠨᠠᠮ ᠵᠠᠰᠠᠭ ᠤᠨ ᠪᠠᠶᠢᠭᠤᠯᠤᠮᠵᠢ     5 ᠨᠠᠮ ᠵᠠᠰᠠᠭ ᠤᠨ ᠪᠠᠶᠢᠭᠤᠯᠤᠮᠵᠢ ᠶᠢ ᠲᠣᠬᠢᠷᠠᠭᠤᠯᠪᠠ᠂ ᠪᠣᠳᠠᠲᠠᠶ ᠡᠭᠦᠷᠭᠡ ᠴᠢᠳᠠᠪᠬᠢ ᠳᠤᠰᠢᠶᠠᠯ ᠬᠠᠷᠢᠭᠤᠴᠠᠯᠭ᠎ᠠ ᠨᠢ ᠳᠣᠤᠷᠠᠬᠢ ᠮᠡᠲᠦ᠄     1. ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠃ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ ᠤᠨ ᠠᠵᠢᠯ ᠢ ᠡᠬᠦᠷᠭᠡᠯᠡᠨ᠎ᠡ︔ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ︔ ᠠᠵᠢᠯᠲᠠᠨ ᠤ ᠶᠠᠪᠤᠳᠠᠯ ᠪᠠ ᠡᠳ᠋ ᠤᠨ ᠵᠠᠰᠠᠭ ᠵᠡᠷᠭᠡ ᠠᠵᠢᠯ ᠢ ᠬᠠᠷᠢᠭᠤᠴᠠᠨ᠎ᠠ᠃     2. ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠣᠯᠤᠨ ᠣᠯᠠᠨ ᠲᠦᠮᠡᠨ ᠤ ᠪᠦᠯᠬᠦᠮ ᠤᠨ ᠠᠵᠢᠯ ᠢ ᠬᠠᠷᠢᠭᠤᠴᠠᠨ᠎ᠠ︔ ᠰᠤᠳᠠᠯ ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ᠂ ᠰᠣᠶᠣᠯ ᠪᠡᠶ᠎ᠡ ᠶᠢᠨ ᠲᠠᠮᠢᠷ ᠤᠨ ᠠᠵᠢᠯ ᠢ ᠬᠠᠷᠢᠭᠤᠴᠠᠨ᠎ᠠ︔ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠨᠢᠭᠡᠳᠦᠮᠡᠯ ᠹᠷᠣᠨᠲ᠂ ᠦᠨᠳᠦᠰᠦᠲᠡᠨ ᠱᠠᠰᠢᠨ ᠰᠤᠷᠲᠠᠬᠤᠨ ᠵᠡᠷᠭᠡ ᠠᠵᠢᠯ ᠢ ᠬᠠᠷᠢᠭᠤᠴᠠᠨ᠎ᠠ᠃     3. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠬᠠᠷᠢᠭᠤᠴᠠᠨ᠎ᠠ︔ ᠠᠵᠤ ᠦᠢᠯᠡᠰ ᠤᠨ ᠲᠥᠯᠥᠪᠵᠢᠭᠦᠯᠭᠡ ᠬᠥᠭᠵᠢᠯᠲᠡ ᠶᠢᠨ ᠠᠵᠢᠯ ᠢ ᠬᠠᠷᠢᠭᠤᠴᠠᠨ᠎ᠠ︔ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠠᠮᠢ ᠠᠬᠤᠶ ᠣᠷᠴᠢᠨ ᠲᠣᠭᠤᠷᠢᠨ ᠵᠡᠷᠭᠡ ᠠᠵᠢᠯ ᠢ ᠬᠠᠷᠢᠭᠤᠴᠠᠨ᠎ᠠ᠃     4. ᠨᠡᠶᠢᠭᠡᠮ ᠤᠨ ᠶᠠᠪᠤᠳᠠᠯ ᠤᠨ ᠠᠯᠪᠠᠨ ᠭᠡᠷ᠃ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠵᠡᠮᠳᠡᠭᠴᠦᠳ ᠤᠨ ᠬᠤᠯᠪᠣᠭ᠎ᠠ᠂ ᠲᠤᠭ᠎ᠠ ᠪᠦᠷᠢᠳᠬᠡᠯ᠂ ᠬᠥᠳᠡᠯᠮᠦᠷᠢ ᠬᠦᠴᠦ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠲᠥᠯᠥᠪᠯᠡᠭᠡᠲᠦ ᠦᠷᠡᠵᠢᠯ᠂ ᠨᠡᠶᠢᠭᠡᠮ ᠤᠨ ᠪᠦᠯᠬᠦᠮ ᠵᠡᠷᠭᠡ ᠨᠡᠶᠢᠭᠡᠮ ᠤᠨ ᠤᠴᠢᠷ ᠶᠠᠪᠤᠳᠠᠯ ᠤᠨ ᠴᠢᠨᠠᠷᠲᠠᠶ ᠠᠵᠢᠯ ᠢ ᠬᠠᠷᠢᠭᠤᠴᠠᠨ᠎ᠠ᠃     5. ᠠᠮᠤᠭᠤᠯᠠᠩ ᠤᠨ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠪᠠ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ︔ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠠᠵᠢᠯ ᠢ ᠬᠠᠷᠢᠭᠤᠴᠠᠨ᠎ᠠ︔ ᠲᠣᠣᠷᠵᠢᠯ ᠤᠨ ᠠᠵᠢᠯ ᠢ ᠬᠠᠷᠢᠭᠤᠴᠠᠨ᠎ᠠ᠃     ᠭᠤᠷᠪᠠ᠂ ᠠᠵᠢᠯ ᠦᠢᠯᠡᠰ ᠤᠨ ᠨᠢᠭᠡᠴᠡ     ᠳᠡᠳ᠋ ᠰᠠᠯᠠᠭᠠᠨ ᠤ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠶᠢ 3 ᠲᠣᠬᠢᠷᠠᠭᠤᠯᠪᠠ᠂ ᠪᠣᠳᠠᠲᠠᠶ ᠡᠭᠦᠷᠭᠡ ᠴᠢᠳᠠᠪᠬᠢ ᠳᠤᠰᠢᠶᠠᠯ ᠬᠠᠷᠢᠭᠤᠴᠠᠯᠭ᠎ᠠ ᠨᠢ ᠳᠣᠤᠷᠠᠬᠢ ᠮᠡᠲᠦ᠄     1. ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ︵ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠫᠠᠶᠢᠰᠠ ᠶᠢ ᠡᠯᠬᠦᠨ᠎ᠡ︶᠃ ᠨᠠᠮ ᠤᠨ ᠭᠡᠰᠢᠭᠦᠨ ᠤᠯᠠᠨ ᠲᠦᠮᠡᠨ ᠤ ᠦᠢᠯᠡᠴᠢᠯᠡᠭᠡᠨ ᠤ ᠲᠦᠷᠦᠯ ᠵᠦᠢᠯ ᠢ ᠪᠠᠶᠢᠷᠢᠯᠠᠭᠤᠯᠬᠤ᠂ ᠲᠤᠬᠢᠷᠠᠭᠤᠯᠬᠤ ᠠᠵᠢᠯ ᠢ ᠡᠭᠦᠷᠭᠡᠯᠡᠵᠦ᠂ ᠨᠠᠮ ᠤᠨ ᠭᠡᠰᠢᠭᠦᠨ ᠪᠣᠯᠤᠨ ᠤᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠢ ᠦᠢᠯᠡᠴᠢᠯᠡᠭᠡ ᠬᠠᠩᠭᠠᠨ᠎ᠠ︔ ᠬᠠᠷᠢᠶ᠎ᠠ ᠣᠷᠣᠨ ᠤ ᠨᠠᠮ ᠤᠨ ᠭᠡᠰᠢᠭᠦᠨ ᠲᠠᠢ ᠬᠠᠷᠢᠯᠴᠠᠬᠤ᠂ ᠲᠡᠳᠡᠠ ᠳᠤ ᠦᠢᠯᠡᠴᠢᠯᠡᠬᠦ ᠠᠵᠢᠯ ᠢ ᠡᠭᠦᠷᠭᠡᠯᠡᠨ᠎ᠡ︔ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠡᠯ᠎ᠡ ᠲᠦᠷᠦᠯ ᠤᠨ ᠠᠵᠢᠯᠯᠠᠭᠠᠨ ᠤ ᠲᠠᠯᠠᠪᠤᠷ ᠤᠨ ᠴᠢᠳᠠᠮᠵᠢ ᠶᠢᠨ ᠲᠥᠯᠥᠪᠵᠢᠭᠦᠯᠭᠡ᠂ ᠬᠠᠮᠢᠶᠠᠷᠤᠯᠲᠠ ᠪᠣᠯᠤᠨ ᠬᠠᠮᠠᠭᠠᠯᠠᠯᠲᠠ ᠶᠢᠨ ᠠᠵᠢᠯ ᠢ ᠡᠭᠦᠷᠭᠡᠯᠡᠨ᠎ᠡ︔ ᠠᠷᠠᠳ ᠲᠤ ᠲᠦᠬᠦᠮ ᠦᠵᠡᠭᠦᠯᠬᠦ ᠬᠢᠨᠠᠨ ᠵᠥᠪᠰᠢᠶᠡᠷᠡᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ︔ ᠴᠡᠷᠢᠭ ᠠᠴᠠ ᠬᠠᠯᠠᠭᠳᠠᠭᠰᠠᠳ ᠤᠨ ᠠᠵᠢᠯ ᠣᠯᠵᠤ ᠦᠢᠯᠡᠰ ᠪᠤᠰᠬᠠᠬᠤ ᠶᠢ ᠲᠡᠳᠬᠦᠬᠦ᠂ ᠬᠠᠷᠠᠭᠠᠯᠵᠠᠨ ᠲᠡᠳᠬᠦᠬᠦ᠂ ᠲᠣᠬᠤᠨᠢᠭᠤᠯᠬᠤ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠡᠷᠬᠡ ᠠᠰᠢᠭ ᠢ ᠪᠠᠲᠤᠯᠠᠬᠤ ᠵᠡᠷᠭᠡ ᠠᠵᠢᠯ ᠢ ᠡᠭᠦᠷᠭᠡᠯᠡᠨ᠎ᠡ︔ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ︔ ᠰᠢᠶᠠᠩ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠣᠯᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃     2. ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠃ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠠ ᠳ᠋ᠦᠩᠱᠧᠩ ᠲᠣᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠠᠶᠢᠳᠠᠯᠭ᠎ᠠ ᠪᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠤᠯᠭᠤᠭᠰᠠᠨ ᠪᠠᠯᠭᠠᠰᠤᠨ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠪᠠ ᠳ᠋ᠦᠩᠱᠧᠩ ᠲᠣᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠠᠶᠢᠳᠠᠭᠰᠠᠨ ᠪᠠᠯᠭᠠᠰᠤᠨ ᠤ ᠬᠡᠷᠡᠭᠵᠢᠬᠦᠯᠬᠦ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠬᠡᠷᠡᠭᠵᠢᠭᠦᠯᠦᠨ᠎ᠡ᠃     3. ᠶᠡᠷᠦᠩᠬᠡᠶᠢᠯᠡᠭᠰᠡᠨ ᠪᠠᠲᠤᠯᠠᠭ᠎ᠠ ᠪᠣᠯᠤᠨ ᠮᠡᠷᠭᠡᠵᠢᠯ ᠳᠡᠯᠭᠡᠷᠡᠭᠦᠯᠬᠦ ᠲᠥᠪ᠃ ᠲᠠᠷᠢᠶᠠᠯᠠᠩ᠂ ᠣᠶ ᠰᠢᠭᠤᠶ᠂ ᠮᠠᠯ ᠠᠵᠤ ᠠᠬᠤᠶ᠂ ᠤᠰᠤ ᠵᠡᠷᠭᠡ ᠬᠦᠷᠢᠶᠡᠨ ᠳᠠᠬᠢ ᠮᠡᠷᠭᠡᠵᠢᠯ ᠢ ᠣᠷᠣᠭᠤᠯᠤᠨ ᠠᠪᠴᠢᠷᠠᠬᠤ ᠪᠠ ᠳᠡᠯᠭᠡᠷᠡᠭᠦᠯᠬᠦ ᠠᠵᠢᠯ ᠢ ᠡᠭᠦᠷᠭᠡᠯᠡᠨ᠎ᠡ︔ ᠬᠠᠮᠢᠶ᠎ᠠ ᠪᠥᠬᠦᠶ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠠᠵᠢᠯ ᠢ ᠡᠭᠦᠷᠭᠡᠯᠡᠨ᠎ᠡ︔ ᠮᠠᠯᠴᠢᠨ ᠲᠠᠷᠢᠶᠠᠴᠢᠨ ᠳᠤ ᠠᠵᠤ ᠦᠢᠯᠡᠰ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ︔ ᠲᠤᠰᠬᠠᠶ ᠮᠡᠷᠭᠡᠵᠢᠯ ᠤᠨ ᠪᠤᠯᠪᠠᠰᠤᠷᠠᠯ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠠᠮᠢᠲᠠᠨ ᠤ ᠬᠢᠵᠢᠭ ᠢ ᠰᠡᠷᠭᠡᠶᠢᠯᠡᠬᠦ ᠵᠡᠷᠭᠡ ᠠᠵᠢᠯ ᠢ ᠡᠭᠦᠷᠭᠡᠯᠡᠨ᠎ᠡ᠃     ᠠᠯᠪᠠᠯᠠᠬᠤ ᠭᠠᠵᠠᠷ᠄ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠪᠤᠷᠵᠠᠩ ᠨᠠᠭᠤᠷ ᠪᠠᠯᠭᠠᠰᠤᠨ ᠤ ᠬᠠᠶ ᠫᠠᠨ ᠲᠣᠰᠬᠤᠨ     ᠠᠵᠢᠯᠯᠠᠬᠤ ᠴᠠᠭ᠄                ᠵᠤᠨ ᠤ ᠤᠯᠠᠷᠢᠯ᠄ ᠦᠳᠡ ᠶᠢᠨ ᠡᠮᠦᠨ᠎ᠡ 8᠄ 30 — 12᠄ 00︔ ᠦᠳᠡ ᠶᠢᠨ ᠬᠤᠶᠢᠨ᠎ᠠ 15᠄ 00 — 18᠄ 00                ᠡᠪᠤᠯ ᠤᠨ ᠤᠯᠠᠷᠢᠯ᠄ ᠦᠳᠡ ᠶᠢᠨ ᠡᠮᠦᠨ᠎ᠡ 8᠄ 30 — 12᠄ 00︔ ᠦᠳᠡ ᠶᠢᠨ ᠬᠤᠶᠢᠨ᠎ᠠ 14᠄ 30 — 17᠄ 30     ᠬᠠᠷᠢᠯᠴᠠᠬᠤ ᠤᠲᠠᠰᠤ᠄ 0477 - 8180038
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ