| 2024 ᠣᠨ ᠳᠤ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ | ᠠᠴᠠ ︽ᠦᠪᠦᠷ ᠮᠤᠩᠭᠤᠯ ᠨᠡᠷᠡᠮᠵᠢᠳᠤ︾ ᠲᠦᠷᠦᠯ ᠳᠡᠮᠳᠡᠭᠳᠤ ᠶᠢᠨ ᠭᠡᠷᠡᠴᠢᠯᠡᠯ ᠢ ᠪᠥᠬᠦ ᠤᠯᠤᠰ ᠤᠨ ᠶᠠᠰᠤ | ᠴᠢᠨᠠᠷ ᠤᠨ ᠭᠡᠷᠡᠴᠢᠯᠡᠯ ᠤᠨ ᠦᠢᠯᠡᠴᠢᠯᠡᠭᠡᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ 12 | ᠵᠦᠢᠯ ᠤᠨ ᠰᠢᠯᠢᠳᠡᠭ ᠬᠡᠷᠡᠭ ᠤᠨ ᠵᠢᠱᠢᠶ᠎ᠡ ᠶᠢᠨ ᠨᠢᠭᠡ ᠪᠠᠷ ᠦᠨᠡᠯᠡᠵᠡᠢ᠃ ᠳ᠋ᠦᠩᠱᠧᠩ ᠲᠣᠭᠤᠷᠢᠭ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠮᠠᠨ ᠤ ᠳᠤᠭᠤᠷᠢᠭ ᠤᠨ ᠠᠵᠤ ᠦᠢᠯᠡᠰ ᠤᠨ | ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ᠂ ᠨᠠᠷᠠᠲᠤ ᠲᠥᠷᠥᠯ ᠲᠡᠮᠳᠡᠭᠲᠦ ᠳᠤ ᠰᠠᠭᠤᠷᠢᠯᠠᠨ᠂ ᠪᠥᠬᠦ ᠳᠤᠭᠤᠷᠢᠭ | ᠤᠨ ᠲᠠᠷᠢᠶᠠᠯᠠᠩ ᠤᠨ ᠪᠦᠳᠦᠬᠡᠭᠳᠡᠬᠦᠨ ᠮᠠᠯ ᠤᠨ ᠠᠰᠢᠭ ᠰᠢᠮ᠎ᠡ ᠶᠢᠨ ᠭᠠᠷᠤᠯᠳᠠ ᠶᠢᠨ ᠬᠦᠷᠢᠶᠡᠨ ᠳᠠᠬᠢ ︽ᠦᠪᠦᠷ | ᠮᠤᠩᠭᠤᠯ︾ ᠲᠦᠷᠦᠯ ᠳᠡᠮᠳᠡᠭᠳᠤ ᠶᠢᠨ ᠬᠡᠷᠡᠴᠢᠯᠡᠯ ᠤᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ | ᠥᠷᠢᠰᠦᠯᠳᠦᠬᠦ ᠬᠦᠴᠦᠨ ᠢᠶᠠᠷ ᠴᠢᠩᠭ᠎ᠠ ᠨᠢᠭᠡ ᠪᠦᠯᠦᠭ ᠲᠠᠷᠢᠶᠠᠯᠠᠩ ᠤᠨ ᠪᠦᠳᠦᠬᠡᠭᠳᠡᠬᠦᠨ ᠮᠠᠯ ᠤᠨ ᠠᠰᠢᠭ | ᠰᠢᠮ᠎ᠡ ᠶᠢᠨ ᠭᠠᠷᠤᠯᠳᠠ ᠶᠢᠨ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠪᠠ᠃ ︽ᠦᠪᠦᠷ ᠮᠤᠩᠭᠤᠯ︾ ᠲᠦᠷᠦᠯ | ᠳᠡᠮᠳᠡᠭᠳᠤ ᠶᠢᠨ ᠭᠡᠷᠡᠴᠢᠯᠡᠯ ᠢ ᠣᠯᠣᠭᠰᠠᠨ ᠨᠢ ᠠᠵᠤ ᠠᠬᠤᠶᠢᠯᠠᠯ ᠤᠨ ᠥᠨᠳᠥᠷ ᠪᠠᠷᠢᠮᠵᠢᠶ᠎ᠠ ᠪᠠ ᠴᠢᠩᠭ᠎ᠠ | ᠭᠡᠷᠡᠴᠢᠯᠡᠯ ᠤᠨ ᠳᠠᠪᠬᠤᠷ ᠳᠠᠪᠬᠤᠷ ᠰᠢᠯᠭᠠᠯᠲᠠ ᠶᠢ ᠥᠩᠭᠡᠷᠡᠭᠦᠯᠦᠭᠰᠡᠨ ᠢ ᠬᠠᠷᠠᠭᠤᠯᠵᠤ ᠪᠠᠶᠢᠬᠤ ᠪᠠᠷ ᠪᠠᠷᠠᠬᠤ ᠦᠭᠡᠢ | ᠪᠠᠰᠠ ᠬᠡᠷᠡᠭᠯᠡᠭᠴᠢᠳ ᠤᠨ ᠥᠪᠥᠷ ᠮᠣᠩᠭᠤᠯ ᠤᠨ ᠵᠢᠩᠬᠢᠨᠢ ᠰᠠᠶᠢᠨ ᠦᠢᠯᠡᠳᠬᠦᠨ ᠢ ᠰᠣᠩᠭᠤᠬᠤ ᠳᠤ ᠰᠢᠨᠵᠢᠯᠡᠬᠦ | ᠤᠬᠠᠭᠠᠨᠴᠢ᠂ ᠴᠢᠩᠭ᠎ᠠ ᠨᠢᠮᠪᠠᠢ ᠦᠨᠳᠦᠰᠦᠯᠡᠯ ᠬᠠᠩᠭᠠᠭᠰᠠᠨ ᠪᠠᠶᠢᠨ᠎ᠠ᠃ | ᠳ᠋ᠦᠩᠱᠧᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠤᠷᠢᠳᠴᠢᠯᠠᠨ | ᠦᠢᠯᠡᠴᠢᠯᠡᠬᠦ ᠶᠢ ᠪᠠᠷᠢᠮᠲᠠᠯᠠᠨ᠂ ᠠᠵᠤ ᠠᠬᠤᠶᠢᠯᠠᠯ ᠤᠨ ᠬᠦᠴᠢᠷᠳᠡᠯ ᠢ ᠲᠦᠷᠭᠡᠨ ᠰᠢᠢᠳᠪᠦᠷᠢᠯᠡᠵᠦ᠂ ᠣᠷᠣᠨ | ᠨᠤᠲᠤᠭ ᠤᠨ ᠪᠦᠲᠦᠭᠡᠭᠳᠡᠬᠦᠨ ᠢ ︽ᠦᠪᠦᠷ ᠮᠤᠩᠭᠤᠯ︾ ᠲᠦᠷᠦᠯ ᠳᠡᠮᠳᠡᠭᠳᠤ ᠶᠢᠨ ᠭᠡᠷᠡᠴᠢᠯᠡᠯ ᠤᠨ ᠲᠠᠯ᠎ᠠ | ᠨᠤᠲᠤᠭ ᠤᠨ ᠰᠢᠯᠢᠳᠡᠭ ᠪᠦᠲᠦᠭᠡᠭᠳᠡᠬᠦᠨ ᠤ ᠡᠩᠨᠡᠭᠡ ᠳᠤ ᠣᠷᠣᠭᠤᠯᠬᠤ ᠳᠤ ᠦᠷᠭᠦᠯᠵᠢᠯᠡᠨ ᠬᠦᠴᠦ ᠣᠷᠣᠭᠤᠯᠵᠤ᠂ | ᠳ᠋ᠦᠩᠱᠧᠩ ᠲᠣᠭᠤᠷᠢᠭ ᠤᠨ ︽ᠦᠪᠦᠷ ᠮᠤᠩᠭᠤᠯ︾ ᠲᠦᠷᠦᠯ ᠳᠡᠮᠳᠡᠭᠳᠤ ᠶᠢᠨ ᠭᠡᠷᠡᠴᠢᠯᠡᠯ ᠤᠨ ᠠᠵᠢᠯ ᠨᠢᠭᠡᠨᠲᠡ | ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ᠃ ᠣᠳᠣᠬᠠᠨ ᠳᠤ᠂ ᠣᠷᠳᠣᠰ ᠬᠤᠲᠠ ᠶᠢᠨ ᠬᠤᠷᠢᠨ ᠨᠢᠭᠡᠨ | ᠭᠷᠡᠳᠦ᠋ᠰ ᠤᠨ ᠮᠠᠯᠵᠢᠯ ᠤᠨ ᠲᠠᠯᠠᠪᠠᠶ ᠶᠢᠨ ᠪᠣᠬᠢᠷᠲᠤᠯ ᠦᠭᠡᠢ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ | ᠺᠣᠮᠫᠠᠨᠢ ᠪᠣᠯᠣᠨ ᠥᠪᠥᠷ ᠮᠣᠩᠭᠤᠯ ᠤᠨ ᠶᠠᠨ ᠯᠢᠦ ᠰᠢᠶᠠᠩ ᠢᠳᠡᠭᠡᠨ ᠤ ᠬᠢᠵᠠᠭᠠᠷᠲᠤ ᠺᠣᠮᠫᠠᠨᠢ ︽ᠦᠪᠦᠷ ᠮᠤᠩᠭᠤᠯ︾ | ᠲᠦᠷᠦᠯ ᠳᠡᠮᠳᠡᠭᠳᠤ ᠶᠢᠨ ᠠᠬᠤᠢ ᠳᠠᠯᠠᠪᠠᠢ ᠳᠤ ᠭᠡᠷᠡᠴᠢᠯᠡᠭᠡ ᠬᠢᠯᠭᠡᠬᠦ ᠭᠤᠶᠤᠴᠢᠯᠠᠯ ᠨᠢ ᠲᠠᠰ ᠳᠠᠷᠠᠭᠠᠯᠠᠯ ᠢ | ᠤᠷᠤᠭᠰᠢᠲᠠᠢ ᠥᠩᠭᠡᠷᠡᠭᠡᠭᠰᠡᠨ ᠪᠥᠭᠡᠳ ᠭᠡᠷᠡᠴᠢᠯᠡᠯ ᠤᠨ ᠦᠨᠡᠮᠯᠡᠯ ᠣᠯᠣᠭᠰᠠᠨ ᠪᠠᠶᠢᠨ᠎ᠠ᠃ | ᠳ᠋ᠦᠩᠱᠧᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠲᠥᠷᠥ ᠶᠢᠨ | ᠪᠣᠳᠣᠯᠭ᠎ᠠ ᠶᠢ ᠤᠯᠠᠮᠵᠢᠯᠠᠨ ᠲᠠᠶᠢᠯᠪᠤᠷᠢᠯᠠᠬᠤ ᠶᠢ ᠢᠳᠡᠪᠬᠢᠲᠡᠢ ᠰᠠᠶᠢᠲᠤᠷ ᠬᠢᠵᠦ᠂ ᠭᠡᠷᠡᠴᠢᠯᠡᠯ ᠤᠨ ᠪᠦᠯᠬᠦᠮ ᠤᠨ | ᠪᠠᠷᠢᠮᠵᠢᠶ᠎ᠠ ᠪᠠᠷ ᠰᠤᠳᠤᠯᠤᠨ ᠦᠢᠯᠡᠳᠬᠦ ᠲᠥᠷᠥᠯ ᠵᠦᠢᠯ ᠢ ᠴᠠᠭ ᠲᠤᠬᠠᠢ ᠳᠤᠨᠢ ᠡᠯᠰᠡᠨ ᠴᠤᠭᠯᠠᠭᠤᠯᠬᠤ ᠶᠢ | ᠪᠡᠶᠡᠯᠡᠭᠦᠯᠵᠦ᠂ ᠬᠠᠮᠢᠶ᠎ᠠ ᠪᠦᠬᠦᠢ ᠪᠠᠷᠢᠮᠵᠢᠶ᠎ᠠ ᠪᠠᠷ ᠰᠤᠳᠤᠯᠤᠨ ᠦᠢᠯᠡᠳᠬᠦ ᠶᠢ ᠠᠬᠢᠭᠤᠯᠤᠨ᠂ ᠨᠠᠩ ᠣᠯᠠᠨ ᠠᠵᠤ | ᠠᠬᠤᠶᠢᠯᠠᠯ ᠤᠨ ︽ᠦᠪᠦᠷ ᠮᠤᠩᠭᠤᠯ︾ ᠲᠦᠷᠦᠯ ᠳᠡᠮᠳᠡᠭᠳᠤ ᠶᠢᠨ ᠭᠡᠷᠡᠴᠢᠯᠡᠯ ᠢ ᠭᠤᠶᠤᠴᠢᠯᠠᠨ ᠮᠡᠳᠡᠭᠦᠯᠬᠦ ᠳᠤ | ᠪᠠᠷᠢᠮᠵᠢᠶ᠎ᠠ ᠶᠢᠨ ᠰᠠᠭᠤᠷᠢ ᠶᠢ ᠰᠠᠶᠢᠲᠤᠷ ᠳᠠᠯᠪᠢᠵᠤ᠂ ᠡᠭᠦᠨ ᠤ ᠬᠠᠮᠲᠤ᠂ ︽3 · 15︾ ᠤ ᠣᠯᠠᠨ ᠤᠯᠤᠰ ᠤᠨ | ᠬᠡᠷᠡᠭᠯᠡᠭᠴᠢᠳ ᠤᠨ ᠡᠷᠬᠡ ᠠᠰᠢᠭ ᠤᠨ ᠡᠳᠦᠷ᠂ ᠶᠠᠰᠤ ᠴᠢᠨᠠᠷ ᠤᠨ ᠰᠠᠷ᠎ᠠ ᠵᠡᠷᠭᠡ ᠠᠵᠢᠯᠯᠠᠭ᠎ᠠ ᠪᠠᠷ ᠠᠵᠠ ᠲᠣᠬᠢᠶᠠᠯ | ᠪᠣᠯᠭᠠᠵᠤ᠂ ᠤᠬᠠᠭᠤᠯᠭ᠎ᠠ ᠶᠢᠨ ᠹᠢᠯᠢᠮ ᠨᠡᠪᠲᠡᠷᠡᠭᠦᠯᠬᠦ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠠᠬᠤᠢ ᠳᠠᠯᠠᠪᠠᠢ | ᠶᠢᠨ ᠲᠠᠶᠢᠯᠤᠮᠵᠢ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠦᠪᠦᠷ ᠮᠤᠩᠭᠤᠯ︾ ᠲᠦᠷᠦᠯ ᠳᠡᠮᠳᠡᠭᠳᠤ | ᠶᠢᠨ ᠤᠬᠠᠭᠤᠯᠭ᠎ᠠ ᠶᠢ ᠢᠳᠡᠪᠬᠢᠲᠡᠢ ᠬᠢᠪᠡ᠃ ᠡᠬᠦᠨ ᠤ ᠵᠡᠷᠬᠡᠪᠡᠷ᠂ 6 ᠢᠳᠡᠭᠡᠨ ᠤ ᠵᠦᠢᠯ ᠤᠨ ᠦᠢᠯᠡᠳᠪᠦᠷᠢᠯᠡᠯ ᠤᠨ | ᠠᠵᠤ ᠠᠬᠤᠶᠢᠯᠠᠯ᠂ 2 ᠲᠠᠷᠢᠶᠠᠯᠠᠩ ᠤᠨ ᠲᠠᠷᠢᠮᠠᠯ᠂ 10 ᠨᠤᠤᠯᠤᠭᠤᠷ ᠤᠨ ᠪᠦᠲᠦᠭᠡᠭᠳᠡᠬᠦᠨ ᠦᠢᠯᠡᠳᠪᠦᠷᠢᠯᠡᠬᠦ ᠠᠵᠤ | ᠠᠬᠤᠶᠢᠯᠠᠯ ᠢ ᠰᠤᠷᠪᠤᠯᠵᠢᠯᠠᠵᠤ᠂ ᠡᠳᠦᠷ ᠲᠤᠲᠤᠮ ᠤᠨ ︽ᠦᠪᠦᠷ ᠮᠤᠩᠭᠤᠯ︾ ᠲᠦᠷᠦᠯ ᠳᠡᠮᠳᠡᠭᠳᠤ ᠶᠢᠨ ᠬᠠᠮᠢᠶ᠎ᠠ | ᠪᠦᠬᠦᠢ ᠮᠡᠳᠡᠯᠭᠡ ᠶᠢ ᠲᠦᠭᠡᠮᠡᠯᠵᠢᠭᠦᠯᠬᠦ ᠶᠢᠨ ᠬᠠᠮᠲᠤ᠂ ᠠᠵᠤ ᠠᠬᠤᠶᠢᠯᠠᠯ ᠢ ᠬᠠᠪᠰᠤᠷᠤᠨ ︽ᠦᠪᠦᠷ ᠮᠤᠩᠭᠤᠯ︾ | ᠲᠦᠷᠦᠯ ᠳᠡᠮᠳᠡᠭᠳᠤ ᠶᠢᠨ ᠭᠡᠷᠡᠴᠢᠯᠡᠯ ᠤᠨ ᠴᠤᠪᠤᠷᠠᠯ ᠢ ᠣᠶᠢᠯᠠᠭᠠᠭᠤᠯᠵᠤ᠂ ᠭᠤᠶᠤᠴᠢᠯᠠᠬᠤ ᠰᠠᠨᠠᠭ᠎ᠠ ᠲᠠᠢ ᠠᠵᠤ | ᠠᠬᠤᠶᠢᠯᠠᠯ ᠳᠤ ᠳᠤᠰ ᠳᠤᠰ ᠲᠤᠨᠢ ᠬᠠᠷᠠᠭᠠᠯᠵᠠᠭᠰᠡᠨ ᠪᠥᠬᠦ ᠶᠠᠪᠤᠴᠠ ᠶᠢᠨ ᠦᠢᠯᠡᠴᠢᠯᠡᠭᠡᠨ ᠤ ᠵᠢᠯᠣᠭᠤᠳᠤᠯᠭ᠎ᠠ | ᠦᠷᠨᠢᠬᠦᠯᠪᠡ᠃ | ᠵᠠᠯᠭᠠᠭᠠᠳ᠂ ᠳ᠋ᠦᠩᠱᠧᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠲᠣᠰ ᠪᠡᠶ᠎ᠡ ᠶᠢᠨ ᠡᠭᠦᠷᠭᠡ ᠴᠢᠳᠠᠪᠤᠷᠢ ᠶᠢᠨ ᠳᠠᠪᠠᠭᠤᠯᠢᠭ ᠲᠠᠭᠠᠨ ᠰᠠᠭᠤᠷᠢᠯᠠᠨ᠂ ᠭᠤᠶᠤᠴᠢᠯᠠᠨ ᠮᠡᠳᠡᠭᠦᠯᠦᠭᠰᠡᠨ ᠠᠵᠤ | ᠠᠬᠤᠶᠢᠯᠠᠯ ᠢ ᠬᠠᠪᠰᠤᠷᠤᠨ ᠲᠡᠳᠬᠦᠵᠦ ᠵᠢᠯᠤᠭᠤᠳᠬᠤ ᠪᠠᠨ ᠴᠢᠩᠭᠠᠳᠬᠠᠵᠤ᠂ ᠨᠠᠩ ᠣᠯᠠᠨ ᠲᠣᠰ ᠭᠠᠵᠠᠷ ᠣᠷᠣᠨ ᠤ | ᠳᠠᠪᠠᠭᠤᠯᠢᠭ ᠣᠨᠴᠠᠯᠢᠭᠲᠤ ᠲᠠᠷᠢᠶᠠᠯᠠᠩ ᠤᠨ ᠪᠦᠳᠦᠬᠡᠭᠳᠡᠬᠦᠨ ᠮᠠᠯ ᠤᠨ ᠠᠰᠢᠭ ᠰᠢᠮ᠎ᠡ ᠶᠢᠨ ᠭᠠᠷᠤᠯᠳᠠ ᠶᠢ | ᠪᠦᠲᠦᠭᠡᠭᠳᠡᠬᠦᠨ ᠢ ︽ᠦᠪᠦᠷ ᠮᠤᠩᠭᠤᠯ︾ ᠲᠦᠷᠦᠯ ᠳᠡᠮᠳᠡᠭᠳᠤ ᠶᠢᠨ ᠭᠡᠷᠡᠴᠢᠯᠡᠯ ᠤᠨ ᠥᠨᠳᠥᠷ ᠪᠠᠷᠢᠮᠵᠢᠶᠠᠲᠤ | ᠳᠤᠭᠳᠠᠯᠴᠠᠭ᠎ᠠ ᠶᠢᠨ ᠪᠠᠶᠢᠭᠤᠯᠤᠯᠲᠠ ᠳᠤ ᠣᠷᠣᠭᠤᠯᠬᠤ ᠪᠠᠷ ᠴᠢᠷᠮᠠᠶᠢᠵᠤ᠂ ︽ᠦᠪᠦᠷ ᠮᠤᠩᠭᠤᠯ︾ ᠲᠦᠷᠦᠯ | ᠳᠡᠮᠳᠡᠭᠳᠤ ᠶᠢᠨ ᠭᠡᠷᠡᠴᠢᠯᠡᠯ ᠤᠨ ᠪᠠᠭᠲᠠᠭᠠᠮᠵᠢ ᠶᠢ ᠥᠷᠭᠡᠳᠬᠡᠨ ᠬᠤᠷᠳᠤᠴᠠ ᠶᠢ ᠲᠦᠷᠭᠡᠳᠬᠡᠬᠦ ᠶᠢ ᠪᠡᠶᠡᠯᠡᠭᠦᠯᠦᠨ᠎ᠡ᠃ | ᠡᠭᠦᠨ ᠤ ᠬᠠᠮᠲᠤ᠂ ︽ᠦᠪᠦᠷ ᠮᠤᠩᠭᠤᠯ︾ ᠲᠦᠷᠦᠯ ᠳᠡᠮᠳᠡᠭᠳᠤ ᠶᠢᠨ ᠭᠡᠷᠡᠴᠢᠯᠡᠯ ᠢ ᠬᠥᠲᠥᠯᠥᠨ ᠵᠢᠯᠤᠭᠤᠳᠬᠤ ᠪᠠ | ᠪᠣᠶᠢᠵᠢᠭᠤᠯᠬᠤ ᠶᠢ ᠦᠷᠭᠦᠯᠵᠢᠯᠡᠨ ᠴᠢᠩᠭᠠᠳᠬᠠᠵᠤ᠂ ᠪᠥᠬᠦ ᠳᠤᠭᠤᠷᠢᠭ ᠤᠨ ᠠᠵᠤ ᠦᠢᠯᠡᠰ ᠢ ᠤᠯᠠᠮ ᠨᠢᠭᠡ | ᠠᠯᠬᠤᠮ ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ᠂ ᠨᠠᠷᠠᠲᠤ ᠲᠥᠷᠥᠯ ᠲᠡᠮᠳᠡᠭᠵᠢᠭᠦᠯᠬᠦ ᠳᠠᠰᠢ ᠬᠥᠭᠵᠢᠭᠦᠯᠬᠦ ᠳᠤ | ᠬᠦᠴᠦ ᠨᠡᠮᠡᠷᠢᠯᠡᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠵᠠᠷ ᠣᠷᠣᠨ ᠤ | ᠦᠢᠯᠡᠳᠬᠦᠨ ᠤ ᠶᠠᠰᠤ ᠴᠢᠨᠠᠷ ᠪᠠ ᠨᠠᠷᠠᠲᠤ ᠲᠥᠷᠥᠯ ᠲᠡᠮᠳᠡᠭᠲᠦ ᠶᠢᠨ ᠦᠢᠯᠡᠳᠦᠯ ᠢ ᠳᠡᠭᠡᠭᠰᠢᠯᠡᠭᠦᠯᠵᠦ᠂ ᠪᠥᠬᠦ | ᠳᠤᠭᠤᠷᠢᠭ ᠤᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦ ᠨᠡᠮᠡᠷᠢᠯᠡᠨ᠎ᠡ᠃ | | | | | | |