ᠳ᠋ᠦᠩᠱᠧᠩ ᠲᠣᠭᠤᠷᠢᠭ ᠤᠨ ᠨᠣᠮ ᠤᠨ ᠰᠠᠩ ᠤᠨ ᠲᠣᠭᠤᠷᠢᠨ ᠰᠡᠷᠭᠡᠶᠢᠯᠡᠬᠦ ᠰᠠᠭᠤᠷᠢᠨ ᠭᠠᠵᠠᠷ ᠤᠨ ᠬᠤᠪᠢᠶᠠᠷᠢ ᠨᠤᠮ ᠤᠨ ᠰᠠᠩ ᠡᠭᠦᠳᠡ ᠪᠠᠨ ᠨᠡᠭᠡᠭᠡᠵᠦ᠂ 6 ᠲᠦᠮᠡ ᠰᠢᠬᠠᠮ ᠬᠥᠮᠥᠨ ᠳᠤ ᠠᠰᠢᠭ ᠬᠦᠷᠲᠡᠭᠡᠪᠡ︕
ᠨᠡᠶᠢᠲᠡᠯᠡᠭᠰᠡᠨ ᠴᠠᠭ᠄
2024/11/20
      ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠤᠯᠠᠮ ᠨᠢᠬᠡ ᠠᠯᠬᠤᠮ ᠠᠳᠠᠯᠢ ᠲᠡᠭᠰᠢ ᠪᠣᠯᠭᠠᠬᠤ ᠶᠢ ᠠᠬᠢᠭᠤᠯᠤᠨ᠂ ᠨᠣᠮ ᠤᠨ ᠰᠠᠩ ᠤᠨ ᠬᠦᠮᠦᠰ ᠤᠨ ᠣᠶᠤᠨ ᠰᠠᠨᠠᠭ᠎ᠠ ᠶᠢ ᠪᠠᠶᠠᠯᠢᠭᠵᠢᠭᠤᠯᠬᠤ ᠦᠢᠯᠡᠳᠤᠯ ᠢ ᠤᠯᠠᠮ ᠨᠢᠬᠡ ᠠᠯᠬᠤᠮ ᠳᠡᠬᠡᠭᠰᠢᠯᠡᠬᠦᠯᠵᠤ᠂ ᠨᠠᠩ ᠣᠯᠠᠨ ᠬᠤᠲᠠ ᠶᠢᠨ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠢᠯᠡᠭᠦᠬᠡᠨ ᠨᠣᠮ ᠪᠢᠴᠢᠭ ᠤᠩᠰᠢᠭᠤᠯᠵᠤ᠂ ᠨᠣᠮ ᠤᠨ  ᠪᠤᠶᠠᠨ ᠢ ᠳ᠋ᠦᠩᠱᠧᠩ ᠲᠣᠭᠤᠷᠢᠭ ᠤᠨ ᠦᠨᠴᠦᠭ ᠪᠤᠯᠤᠩ ᠬᠦᠷᠳᠡᠯ᠎ᠡ ᠳᠡᠯᠬᠡᠷᠡᠬᠦᠯᠬᠦ ᠶᠢᠨ ᠳᠤᠰᠠᠳᠠ ᠳ᠋ᠦᠩᠱᠧᠩ ᠳᠤᠭᠤᠷᠢᠭ ᠤᠨ ᠨᠣᠮ ᠤᠨ ᠰᠠᠩ ᠤᠨ ᠲᠣᠭᠤᠷᠢᠨ ᠰᠡᠷᠭᠡᠶᠢᠯᠡᠬᠦ ᠰᠠᠭᠤᠷᠢᠨ ᠭᠠᠵᠠᠷ ᠤᠨ ᠬᠤᠪᠢᠶᠠᠷᠢ ᠨᠤᠮ ᠤᠨ ᠰᠠᠩ ᠢ ᠪᠠᠶᠢᠭᠤᠯᠵᠤ᠂ 11 ᠰᠠᠷ᠎ᠠ ᠶᠢᠨ 15 ᠤ ᠡᠳᠦᠷ ᠡᠭᠦᠳᠡ ᠪᠠᠨ ᠨᠡᠭᠡᠭᠡᠪᠡ᠃       ᠣᠯᠠᠨ ᠨᠡᠶᠢᠲᠡ ᠶᠢᠨ ᠰᠣᠶᠣᠯ ᠤᠨ ᠡᠬᠢ ᠪᠠᠶᠠᠯᠢᠭ ᠢ ᠪᠦᠲᠦᠮᠵᠢᠲᠡᠶ ᠨᠢᠬᠡᠳᠬᠡᠨ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠴᠢᠳᠠᠪᠬᠢ ᠶᠢ ᠳᠡᠭᠡᠭᠰᠢᠯᠡᠭᠦᠯᠵᠦ᠂ ᠴᠢᠨᠠᠷ ᠰᠠᠶᠢᠲᠠᠢ ᠡᠬᠢ ᠪᠠᠶᠠᠯᠢᠭ ᠢ ᠦᠨᠳᠦᠰᠦᠨ ᠱᠠᠲᠤ ᠲᠡᠶᠢᠰᠢ ᠥᠷᠭᠡᠳᠬᠡᠬᠦ ᠶᠢ ᠠᠬᠢᠭᠤᠯᠬᠤ ᠶᠢᠨ ᠲᠦᠯᠦᠬᠡ᠂ ᠳ᠋ᠦᠩᠱᠧᠩ ᠲᠣᠭᠤᠷᠢᠭ ᠤᠨ ᠬᠢᠨ ᠪᠠᠶᠢᠷᠢᠯᠠᠭᠤᠯᠤᠯᠳᠠ ᠪᠠᠷ ᠰᠢᠨᠵᠢᠯᠡᠬᠦ ᠤᠬᠠᠭᠠᠨᠴᠢ᠂ ᠡᠵᠡᠩᠨᠡᠯᠲᠡ ᠶᠢᠨ ᠬᠡᠯᠪᠡᠷᠢ ᠪᠠᠶᠢᠳᠠᠯ ᠨᠢ ᠤᠯᠠᠨ ᠡᠰᠢᠴᠢᠯᠡᠭᠰᠡᠨ᠂ ᠣᠨᠴᠠᠯᠢᠭ ᠢᠶᠠᠷ ᠢᠯᠡ ᠲᠣᠳᠣ᠂ ᠠᠷᠠᠳ ᠲᠤ ᠲᠦᠭᠦᠮ ᠦᠵᠡᠭᠦᠯᠵᠦ ᠠᠰᠢᠭ ᠬᠦᠷᠲᠡᠭᠡᠬᠦ ᠵᠠᠷᠴᠢᠮ ᠢᠶᠠᠷ ᠨᠣᠮ ᠤᠨ ᠰᠠᠩ ᠤᠨ ᠲᠣᠭᠤᠷᠢᠨ ᠰᠡᠷᠭᠡᠶᠢᠯᠡᠬᠦ ᠰᠠᠭᠤᠷᠢᠨ ᠭᠠᠵᠠᠷ ᠤᠨ ᠬᠤᠪᠢᠶᠠᠷᠢ ᠨᠤᠮ ᠤᠨ ᠰᠠᠩ ᠢ ᠪᠠᠶᠢᠭᠤᠯᠵᠠᠢ᠃ ᠬᠤᠪᠢᠶᠠᠷᠢ ᠨᠤᠮ ᠤᠨ ᠰᠠᠩ ᠤᠨ ᠲᠠᠯᠠᠪᠠᠶ ᠨᠢ 1000 ᠲᠡᠭᠰᠢ ᠳᠥᠷᠪᠡᠯᠵᠢᠨ ᠮᠧᠲᠷ᠂ 1 ᠲᠦᠮᠡ ᠭᠠᠷᠤᠢ ᠳᠡᠪᠲᠡᠷ ᠨᠤᠮ ᠢ ᠬᠠᠳᠠᠭᠠᠯᠠᠵᠤ᠂ ᠳᠡᠯᠭᠡᠨ ᠦᠵᠡᠭᠦᠯᠵᠦ᠂ ᠵᠢᠷᠤᠭᠲᠤ ᠳᠡᠪᠲᠡᠷ ᠤᠩᠰᠢᠬᠤ ᠲᠣᠭᠤᠷᠢᠭ᠂ ︽ᠴᠢ ᠤᠩᠰᠢᠪᠠᠯ ᠪᠢ ᠲᠣᠭᠠᠴᠠᠭ᠎ᠠ ᠬᠢᠬᠦ︾ ᠲᠤᠷᠰᠢᠯᠲᠠ ᠶᠢᠨ ᠲᠣᠭᠤᠷᠢᠭ ᠵᠡᠷᠭᠡ 10 ᠴᠢᠳᠠᠮᠵᠢᠲᠤ ᠳᠤᠭᠤᠷᠢᠭ ᠲᠤ ᠨᠡᠶᠢᠲᠡ 150 ᠤᠩᠰᠢᠯᠭ᠎ᠠ ᠶᠢᠨ ᠰᠠᠭᠤᠳᠠᠯ ᠲᠣᠬᠢᠷᠠᠭᠤᠯᠵᠤ᠂ ᠪᠥᠬᠦ ᠵᠢᠯ ᠳᠤ ᠬᠤᠲᠠ ᠶᠢᠨ ᠠᠷᠠᠳ ᠲᠤ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠵᠦ᠂ ᠡᠷᠬᠢᠨ ᠲᠣᠭᠤᠷᠢᠨ ᠤ ᠪᠠᠭᠰᠢ ᠰᠣᠷᠣᠭᠴᠢ᠂ ᠦᠢᠯᠡᠳᠪᠦᠷᠢ ᠠᠭᠤᠷᠬᠠᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠵᠢᠴᠢ ᠰᠠᠭᠤᠭᠠᠯᠢ ᠠᠷᠠᠳ ᠤᠨ 6 ᠲᠦᠮᠡ ᠰᠢᠬᠠᠮ ᠬᠥᠮᠥᠨ ᠳᠤ ᠠᠰᠢᠭ ᠬᠦᠷᠲᠡᠭᠡᠬᠦ ᠪᠣᠯᠣᠨ᠎ᠠ᠃       ᠣᠶᠢᠷ᠎ᠠ ᠶᠢᠨ ᠵᠢᠯ ᠠᠴᠠ᠂ ᠳ᠋ᠦᠩᠱᠧᠩ ᠲᠣᠭᠤᠷᠢᠭ ᠤᠨ ᠬᠢᠨ ᠰᠣᠶᠣᠯ ᠤᠨ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ  ᠳᠡᠮᠵᠢᠨ᠂ ᠨᠤᠮ ᠤᠨ ᠪᠤᠶᠠᠨᠳᠤ ᠳ᠋ᠦᠩᠱᠧᠩ᠂ ᠰᠣᠶᠣᠯ ᠤᠨ ᠬᠦᠴᠦᠷᠬᠡᠭ ᠳᠤᠭᠤᠷᠢᠭ ᠢ ᠪᠦᠬᠦ ᠬᠦᠴᠦᠨ ᠢᠶᠠᠷ ᠢᠶᠠᠨ ᠴᠤᠭᠴᠠᠯᠠᠵᠤ ᠪᠠᠶᠢᠨ᠎ᠠ᠃ ᠣᠲᠣ ᠪᠣᠯᠲᠠᠯ᠎ᠠ᠂ ᠨᠡᠶᠢᠲᠡ 4000 ᠭᠠᠷᠤᠢ ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠣᠯᠠᠨ ᠨᠡᠶᠢᠲᠡ ᠶᠢᠨ ᠨᠣᠮ ᠤᠨ ᠰᠠᠩ 1᠂ ᠨᠣᠮ ᠤᠨ ᠰᠠᠩ ᠤᠨ ᠬᠤᠪᠢᠶᠠᠷᠢ ᠰᠠᠩ 151᠂ ᠨᠣᠮ ᠤᠨ ᠰᠠᠩ ᠤᠨ ᠬᠠᠳᠠᠭᠠᠯᠠᠮᠵᠢ 115 ᠲᠦᠮᠡᠨ ᠳᠡᠪᠲᠡᠷ ᠲᠤ ᠬᠦᠷᠴᠤ᠂ ᠬᠤᠲᠠ ᠶᠢᠨ ᠲᠣᠭᠤᠷᠢᠭ᠂ ᠲᠣᠰᠬᠤᠨ ︵ᠨᠡᠶᠢᠭᠡᠮ ᠲᠣᠭᠤᠷᠢᠭ︶᠂ ᠰᠤᠷᠭᠠᠭᠤᠯᠢ ᠵᠡᠷᠭᠡ ᠳᠤ ᠨᠣᠮ ᠤᠨ ᠥᠷᠥᠭᠡ ᠶᠢ ᠪᠦᠬᠦᠨ ᠢ ᠪᠦᠷᠬᠦᠬᠦᠯᠬᠦ ᠶᠢ ᠪᠡᠶᠡᠯᠡᠭᠦᠯᠵᠦ᠂ ᠰᠣᠶᠣᠯ ᠢᠶᠠᠷ ᠤᠯᠠᠨ ᠲᠦᠮᠡᠨ ᠳᠤ ᠦᠢᠯᠡᠴᠢᠯᠡᠬᠦ ︽ᠬᠠᠮᠤᠭ ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃ ᠬᠤᠶᠢᠰᠢᠳᠠ ᠳ᠋ᠦᠩᠱᠧᠩ ᠲᠣᠭᠤᠷᠢᠭ ᠤᠨ ᠬᠢᠨ ᠡᠯ᠎ᠡ ᠵᠦᠢᠯ ᠤᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠨᠢᠭᠡᠳᠦᠯᠲᠡᠢ ᠲᠥᠯᠥᠪᠯᠡᠨ ᠠᠬᠢᠭᠤᠯᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠢ ᠪᠠᠷᠢᠮᠵᠢᠶᠠᠵᠢᠭᠤᠯᠬᠤ᠂ ᠳᠡᠩᠴᠡᠬᠦᠷᠢᠰᠢᠬᠦᠯᠬᠦ᠂ ᠴᠢᠨᠠᠷ ᠰᠠᠶᠢᠲᠠᠢ ᠬᠥᠭᠵᠢᠭᠦᠯᠬᠦ ᠶᠢ ᠲᠦᠷᠭᠡᠳᠬᠡᠵᠦ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠳᠤᠭᠳᠠᠯᠴᠠᠭ᠎ᠠ ᠶᠢᠨ ᠬᠠᠩᠭᠠᠯᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠣᠯᠠᠨ ᠨᠡᠶᠢᠲᠡ ᠶᠢᠨ ᠨᠣᠮ ᠤᠨ ᠰᠠᠩ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠣᠮ ᠤᠨ ᠰᠠᠩ ᠢ ᠳ᠋ᠦᠩᠱᠧᠩ ᠲᠣᠭᠤᠷᠢᠭ ᠤᠨ ᠰᠤᠷᠪᠤᠯᠵᠢ ᠪᠢᠴᠢᠭ ᠤᠨ ᠡᠬᠢ ᠪᠠᠶᠠᠯᠢᠭ ᠤᠨ ᠲᠥᠪ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠲᠥᠪ᠂ ᠨᠡᠶᠢᠭᠡᠮ ᠤᠨ ᠰᠤᠷᠭᠠᠨ ᠬᠥᠮᠦᠵᠢᠯ ᠤᠨ ᠲᠥᠪ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ